5 ᠳ᠋ᠤᠭᠠᠷ ᠰᠠᠷ᠎ᠠ ᠶᠢᠨ 4 ᠤ ᠤᠷᠤᠢ᠂ ᠲᠥᠪ ᠤᠨ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ | ᠶᠠᠮᠤᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠵᠢᠯᠣᠭᠤᠳᠴᠤ᠂ ᠲᠥᠪ ᠤᠨ ᠷᠠᠳᠢᠣ᠋ | ᠲᠧᠯᠸᠢᠰ ᠤᠨ ᠶᠡᠷᠦᠩᠬᠡᠢ ᠬᠤᠷᠢᠶᠠᠨ ᠤ ᠭᠤᠣᠯᠯᠠᠨ ᠡᠷᠬᠢᠯᠡᠭᠰᠡᠨ ︽ᠵᠠᠯᠠᠭᠤ ᠨᠠᠰᠤᠨ ᠤ ᠮᠠᠭᠲᠠᠭᠠᠯ ᠳᠠᠭᠤᠤ — | 2025 ᠤᠨ ᠤ 5 · 4 ᠤ ᠵᠠᠯᠠᠭᠤᠴᠤᠳ ᠤᠨ ᠪᠠᠶᠠᠷ ᠤᠨ ᠣᠨᠴᠠᠭᠠᠢ ᠫᠷᠤᠭ᠍ᠷᠠᠮ︾ ᠨᠢ ᠲᠥᠪ ᠲᠧᠯᠸᠢᠰ ᠤᠨ | ᠶᠡᠷᠦᠩᠬᠡᠶᠢᠯᠡᠭᠰᠡᠨ ᠰᠤᠪᠠᠭ ︵CCTV-1︶᠂ ᠤᠷᠠᠯᠢᠭ ᠤᠨ ᠰᠤᠪᠠᠭ ︵CCTV-3︶᠂ ᠳᠠᠭᠤᠤ | ᠬᠥᠭᠵᠢᠮ ᠤᠨ ᠰᠤᠪᠠᠭ ︵CCTV-15︶ ᠪᠣᠯᠤᠨ ᠲᠥᠪ ᠲᠧᠯᠸᠢᠰ ᠤᠨ ᠰᠣᠨᠢᠨ ᠮᠡᠳᠡᠭᠡ᠂ ᠲᠥᠪ ᠤᠨ ᠸᠢᠳᠢᠣ᠋᠂ | ᠲᠥᠪ ᠲᠧᠯᠸᠢᠰ ᠤᠨ ᠰᠦᠯᠵᠢᠶ᠎ᠡ᠂ ᠶᠦᠨ ᠲᠢᠩ ᠰᠢᠯᠵᠢᠮᠡᠯ ᠰᠤᠪᠠᠭ ᠵᠡᠷᠭᠡ ᠲᠠᠪᠴᠠᠩ ᠳᠤ ᠬᠦᠯᠢᠶᠡᠨ | ᠠᠪᠤᠭᠴᠢᠳ ᠲᠠᠢ ᠠᠭᠤᠯᠵᠠᠪᠠ᠃ ᠦᠳᠡᠰᠢᠯᠡᠭᠡ ᠳᠡᠭᠡᠷ᠎ᠡ᠂ ᠥᠪᠥᠷ ᠮᠣᠩᠭᠤᠯ ᠤᠨ ᠤᠷᠠᠯᠢᠭ ᠤᠨ ᠳᠡᠭᠡᠳᠦ | ᠰᠤᠷᠭᠠᠭᠤᠯᠢ ᠶᠢᠨ ᠵᠠᠯᠠᠭᠤ ᠰᠤᠷᠤᠭᠴᠢᠳ ᠤᠨ ᠲᠤᠭᠯᠠᠭᠰᠠᠨ ᠭᠤᠶᠢᠳᠠ ᠰᠠᠶᠢᠬᠠᠨ ᠲᠣᠭᠯᠠᠯᠲᠠ ︽ ᠨᠠᠷᠬᠢᠮ᠎ᠠ | ᠵᠠᠯᠠᠭᠤᠴᠤᠳ︾ ᠪᠦᠬᠦ ᠲᠠᠯᠠᠪᠠᠢ ᠳᠤ ᠭᠠᠶᠢᠬᠠᠭᠳᠠᠵᠤ᠂ ᠮᠤᠷᠢᠨ ᠬᠤᠭᠤᠷ᠂ ᠬᠥᠭᠡᠮᠡᠢ ᠵᠡᠷᠭᠡ ᠪᠣᠳᠠᠰ ᠤᠨ ᠪᠤᠰᠤ | ᠰᠣᠶᠣᠯ ᠤᠨ ᠥᠪ ᠤᠨ ᠦᠨᠡᠲᠦ ᠡᠷᠳᠡᠨᠢ ᠤᠯᠠᠨ ᠤ ᠠᠩᠬᠠᠷᠤᠯ ᠢ ᠲᠠᠲᠠᠪᠠ᠃ | ᠲᠤᠰ ᠤᠳᠠᠭᠠᠨ ᠤ ᠲᠠᠪᠤᠨ ᠰᠠᠷ᠎ᠠ ᠶᠢᠨ ᠳᠥᠷᠪᠡᠨ ᠤ ᠦᠳᠡᠰᠢᠯᠡᠭᠡ ᠨᠢ ᠵᠠᠯᠠᠭᠤ ᠨᠠᠰᠤᠨ ᠤ ᠬᠦᠷ ᠨᠠᠷᠭᠢᠶᠠᠨ | ᠪᠣᠯᠬᠤ ᠪᠠᠷ ᠪᠠᠷᠠᠬᠤ ᠦᠭᠡᠶ᠂ ᠨᠡᠩ ᠴᠤ ᠨᠢᠭᠡᠨ ᠤᠳᠠᠭᠠᠨ ᠤ ᠰᠣᠶᠣᠯ ᠤᠨ ᠠᠭᠤᠰᠤᠯᠴᠠᠯ ᠤᠨ ᠦᠪᠡᠳᠡᠭᠰᠢ ᠶᠡᠭᠡ | ᠳᠠᠶᠢᠯᠠᠯᠭ᠎ᠠ ᠪᠣᠯᠬᠤ ᠶᠤᠮ᠃ ᠥᠪᠥᠷ ᠮᠣᠩᠭᠤᠯ ᠠᠴᠠ ᠢᠷᠡᠭᠰᠡᠨ ᠵᠠᠯᠠᠭᠤᠴᠤᠳ ᠵᠠᠯᠠᠭᠤ ᠨᠠᠰᠤᠨ ᠤ ᠬᠦᠴᠦᠨ | ᠴᠢᠳᠠᠯ ᠢᠶᠠᠷ ᠢᠶᠠᠨ ᠤᠮᠠᠷᠠᠲᠤ ᠬᠢᠵᠠᠭᠠᠷ ᠤᠨ ᠰᠣᠶᠣᠯ ᠢ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ | ᠬᠠᠮᠤᠭ ᠤᠨ ᠬᠦᠴᠦᠷᠬᠡᠭ ᠳᠠᠭᠤᠨ ᠢ ᠴᠢᠪᠬᠠᠳᠠᠵᠤ᠂ ᠦᠨᠳᠦᠰᠦᠲᠡᠨ ᠤ ᠪᠦᠯᠬᠦᠮᠳᠡᠯ ᠤᠨ ᠬᠠᠮᠤᠭ ᠤᠨ ᠭᠤᠶᠤ | ᠵᠢᠷᠤᠭ ᠢ ᠬᠠᠮᠲᠤ ᠪᠠᠷ ᠵᠢᠷᠤᠭᠯᠠᠵᠠᠭᠠᠪᠠ︕ |