︽ᠤᠮᠠᠷᠠᠲᠤ ᠬᠢᠵᠠᠭᠠᠷ  ᠤᠨ ᠰᠣᠶᠣᠯ ᠬᠤᠪᠢᠯᠭᠠᠨ ᠣᠷᠣᠨ  ᠢᠶᠠᠷ ᠠᠶᠠᠯᠠᠬᠤ ᠨᠢ — 2025 ᠣᠷᠳᠣᠰ ᠤᠨ ᠤᠯᠠᠭᠠᠨᠮᠥ᠋ᠴᠢᠷ ᠤᠨ ᠰᠢᠯᠢᠳᠡᠭ ᠲᠣᠭᠯᠠᠯᠲᠠ ᠶᠢᠨ ᠪᠥᠬᠦ ᠤᠯᠤᠰ ᠤᠨ ᠲᠣᠭᠤᠷᠢᠨ ᠲᠣᠭᠯᠠᠯᠲᠠ︾ ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2025/5/16
   5 ᠳ᠋ᠤᠭᠠᠷ ᠰᠠᠷ᠎ᠠ ᠶᠢᠨ 13 ᠤ ᠡᠳᠦᠷ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠭᠤᠤᠯᠯᠠᠨ ᠡᠷᠭᠢᠯᠡᠵᠦ᠂ ᠣᠷᠳᠣᠰ ᠬᠤᠲᠠ ᠶᠢᠨ ᠨᠠᠮ ᠤᠨ  ᠬᠤᠷᠢᠶᠠᠨ  ᠤ ᠤᠬᠠᠭᠤᠯᠬᠤ ᠬᠡᠯᠲᠡᠰ᠂ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠵᠢᠴᠢ ᠪᠡᠭᠡᠵᠢᠩ ᠤᠨ ᠪᠦᠦ ᠯᠢ ᠵᠦᠴᠦᠭᠡ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠡᠷᠭᠢᠯᠡᠭᠰᠡᠨ ︽ᠤᠮᠠᠷᠠᠲᠤ  ᠬᠢᠵᠠᠭᠠᠷ  ᠤᠨ ᠰᠣᠶᠣᠯ ᠬᠤᠪᠢᠯᠭᠠᠨ ᠣᠷᠣᠨ  ᠢᠶᠠᠷ ᠠᠶᠠᠯᠠᠬᠤ  ᠨᠢ — 2025 ᠣᠷᠳᠣᠰ ᠤᠨ ᠤᠯᠠᠭᠠᠨᠮᠥ᠋ᠴᠢᠷ ᠤᠨ ᠰᠢᠯᠢᠳᠡᠭ ᠲᠣᠭᠯᠠᠯᠲᠠ ᠶᠢᠨ ᠪᠥᠬᠦ ᠤᠯᠤᠰ ᠤᠨ ᠲᠣᠭᠤᠷᠢᠨ ᠲᠣᠭᠯᠠᠯᠲᠠ︾ ᠪᠡᠭᠡᠵᠢᠩ ᠤᠨ ᠪᠦᠦ ᠯᠢ ᠵᠦᠴᠦᠭᠡ ᠶᠢᠨ ᠬᠦᠷᠢᠶᠡᠯᠡᠩ ᠳᠤ ᠵᠢᠩᠬᠢᠨᠢ ᠪᠠᠷ ᠡᠬᠢᠯᠡᠪᠡ᠃ ᠲᠤᠰ  ᠤᠳᠠᠭᠠᠨ ᠤ ᠲᠣᠭᠤᠷᠢᠨ ᠲᠣᠭᠯᠠᠯᠲᠠ ᠨᠢ ᠤᠷᠳᠤᠰ ᠬᠤᠳᠠ ᠶᠢᠨ 6 ᠤᠯᠠᠭᠠᠨᠮᠥ᠋ᠴᠢᠷ ᠤᠨ 12 ᠰᠢᠯᠢᠳᠡᠭ ᠲᠣᠭᠯᠠᠯᠲᠠ ᠶᠢ ᠨᠠᠷᠢᠨ ᠰᠣᠩᠭᠤᠵᠤ᠂ ︽ᠦᠨᠳᠦᠰᠦᠲᠡᠨ ᠨᠦᠭᠦᠳ ᠤᠨ ᠬᠥᠪᠡᠭᠦᠳ ᠥᠬᠢᠳ ᠰᠡᠳᠬᠢᠯ ᠵᠢᠷᠦᠬᠡ ᠪᠠᠨ ᠬᠤᠯᠪᠣᠬᠤ︾ ᠪᠠᠷ ᠭᠤᠣᠯ ᠰᠢᠵᠢᠮ ᠪᠣᠯᠭᠠᠵᠤ᠂ ᠳᠠᠭᠤᠤ ᠪᠥᠵᠢᠭ ᠢᠶᠠᠷ ᠦᠨᠳᠦᠰᠦᠲᠡᠨ ᠤ ᠪᠦᠯᠬᠦᠮᠳᠡᠯ ᠤᠨ ᠵᠣᠯ ᠵᠢᠷᠭᠠᠯᠲᠤ ᠵᠢᠷᠤᠭ ᠢ ᠵᠢᠷᠤᠭᠯᠠᠵᠠᠢ᠃    ︽ᠤᠮᠠᠷᠠᠲᠤ ᠬᠢᠵᠠᠭᠠᠷ ᠤᠨ ᠰᠣᠶᠣᠯ︾ ᠤᠨ ᠪᠠᠶᠢᠭᠤᠯᠤᠯᠲᠠ ᠶᠢᠨ ᠴᠢᠬᠤᠯᠠ ᠦᠢᠯᠡᠳᠦᠯᠭᠡ ᠪᠣᠯᠤᠭᠰᠠᠨ ᠤ ᠬᠤᠪᠢ ᠳᠤ᠂ ᠲᠤᠰ  ᠤᠳᠠᠭᠠᠨ ᠤ ᠲᠣᠭᠤᠷᠢᠨ ᠲᠣᠭᠯᠠᠯᠲᠠ ᠨᠢ ᠤᠯᠠᠭᠠᠨᠮᠥ᠋ᠴᠢᠷ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾ ᠢᠶᠠᠷ ᠠᠴᠢᠶᠠᠯᠠᠪᠤᠷᠢ ᠪᠣᠯᠭᠠᠵᠤ᠂ ᠤᠷᠳᠤᠰ ᠤᠨ ᠥᠪᠡᠷᠮᠢᠴᠡ ᠰᠣᠶᠣᠯ ᠤᠨ ᠭᠧᠨ ᠢ ᠰᠢᠨ᠎ᠡ ᠪᠠᠷ ᠡᠭᠦᠳᠴᠦ ᠳᠡᠯᠭᠡᠷᠡᠭᠦᠯᠵᠡᠢ᠃ ᠲᠤᠭᠯᠠᠭᠴᠢ ᠶᠢᠨ ᠡᠩᠨᠡᠭᠡ ᠨᠢ ᠤᠷᠳᠤᠰ ᠬᠤᠳᠠ ᠵᠢᠴᠢ ᠲᠠᠪᠤᠨ ᠬᠤᠰᠢᠭᠤ ᠰᠢᠶᠠᠨ ᠤ ᠲᠡᠰ ᠤᠨ ᠤᠯᠠᠭᠠᠨᠮᠥ᠋ᠴᠢᠷ ᠤᠨ ᠵᠠᠭᠤ ᠭᠠᠷᠤᠢ  ᠲᠤᠭᠯᠠᠭᠴᠢ ᠪᠠᠷ ᠪᠦᠷᠢᠯᠳᠦᠵᠦ᠂ ᠳᠠᠭᠤᠤ ᠪᠥᠵᠢᠭ᠂ ᠬᠥᠭᠵᠢᠮ ᠤᠨ ᠲᠣᠭᠯᠠᠯᠲᠠ ᠵᠡᠷᠭᠡ ᠤᠯᠠᠨ ᠡᠰᠢᠲᠦ ᠬᠡᠯᠪᠡᠷᠢ ᠪᠠᠷ ᠲᠠᠯ᠎ᠠ ᠨᠤᠲᠤᠭ ᠤᠨ ᠬᠥᠪᠡᠭᠦᠳ ᠥᠬᠢᠳ ᠤᠨ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠰᠤᠳᠠᠰᠤ ᠲᠠᠢ ᠭᠦᠨᠵᠡᠭᠡᠢ ᠠᠭᠤᠰᠤᠯᠴᠠᠭᠤᠯᠵᠠᠢ᠃    ᠤᠷᠳᠤᠰ ᠤᠨ ᠤᠯᠠᠭᠠᠨᠮᠥ᠋ᠴᠢᠷ ᠵᠠᠯᠭᠠᠭᠠᠳ  ᠪᠠᠰᠠ ᠱᠠᠩᠬᠠᠢ᠂ ᠵᠧᠩᠵᠧᠦ᠂ ᠵᠢᠨᠠᠨ ᠵᠡᠷᠭᠡ ᠬᠤᠳᠠ ᠳᠤ ᠬᠦᠷᠴᠦ ᠰᠣᠶᠣᠯ ᠤᠨ ᠰᠣᠯᠢᠯᠴᠠᠭᠠᠨ ᠤ ᠠᠶᠠᠯᠠᠯ ᠢᠶᠠᠨ ᠡᠬᠢᠯᠡᠭᠦᠯᠬᠦ ᠪᠣᠯᠤᠨ᠎ᠠ᠃ ᠬᠠᠲᠤᠨ ᠭᠤᠣᠯ ᠤᠨ几 ᠦᠰᠦᠭ ᠠᠴᠠ ᠬᠤᠸᠠᠩ ᠫᠦ᠋ ᠵᠢᠶᠠᠩ ᠮᠥᠷᠡᠨ ᠤ ᠬᠥᠪᠡᠭᠡᠨ ᠳᠤ ᠬᠦᠷᠴᠦ᠂ ᠨᠡᠶᠢᠰᠯᠡᠯ ᠪᠡᠭᠡᠵᠢᠩ ᠠᠴᠠ ᠴᠢ ᠯᠦ ᠡᠬᠡ ᠭᠠᠵᠠᠷ ᠲᠤ ᠬᠦᠷᠴᠦ᠂ ᠲᠣᠭᠤᠷᠢᠨ ᠲᠣᠭᠯᠠᠬᠤ ᠵᠠᠮ ᠨᠢ ᠤᠮᠠᠷᠠᠲᠤ ᠣᠷᠣᠨ᠂ ᠳᠣᠷᠣᠨᠠᠲᠤ ᠣᠷᠣᠨ᠂ ᠳᠤᠮᠳᠠᠳᠤ ᠣᠷᠣᠨ᠂ ᠪᠠᠷᠠᠭᠤᠨ ᠡᠮᠦᠨᠡᠲᠦ ᠣᠷᠣᠨ ᠵᠡᠷᠭᠡ ᠳᠥᠷᠪᠡᠨ ᠶᠡᠭᠡ ᠣᠷᠣᠨ ᠢ ᠬᠠᠮᠤᠷᠴᠠᠶ᠃ ᠲᠠᠪᠤᠨ ᠮᠢᠩᠭᠠᠨ ᠭᠠᠵᠠᠷ ᠢ ᠰᠤᠨᠳᠠᠯᠠᠭᠰᠠᠨ  ᠡᠨᠡ ᠬᠦ ᠰᠣᠶᠣᠯ ᠤᠨ ᠠᠶᠠᠨ ᠳᠤ᠂ ᠤᠯᠠᠭᠠᠨᠮᠥ᠋ᠴᠢᠷ ᠤᠨ ᠲᠩᠷᠢ ᠪᠠᠷ ᠬᠥᠰᠢᠭᠡ ᠪᠠᠨ ᠪᠣᠯᠭᠠᠵᠤ᠂ ᠭᠠᠵᠠᠷ ᠢᠶᠠᠷ ᠲᠠᠶᠢᠰᠠ ᠪᠠᠨ ᠪᠣᠯᠭᠠᠵᠤ᠂ ᠤᠳᠬ᠎ᠠ ᠤᠷᠠᠯᠢᠭ ᠤᠨ ᠭᠡᠷᠡᠯ ᠢᠶᠠᠷ ᠤᠮᠠᠷᠠᠲᠤ  ᠬᠢᠵᠠᠭᠠᠷ  ᠤᠨ ᠡᠬᠡ ᠭᠠᠵᠠᠷ ᠢ ᠬᠡᠷᠡᠯᠳᠦᠬᠦᠯᠬᠦ ᠬᠤᠪᠢᠰᠬᠠᠯᠲᠤ ᠭᠧᠨ ᠰᠢᠩᠬᠡᠵᠦ ᠪᠠᠶᠢᠨ᠎ᠠ᠃ ᠲᠩᠷᠢ ᠶᠢᠨ ᠬᠠᠶᠠᠭᠠᠨ ᠤ ᠲᠠᠯ᠎ᠠ ᠨᠤᠲᠤᠭ ᠠᠴᠠ ᠴᠤᠭᠯᠠᠭᠤᠯᠤᠭᠰᠠᠨ ᠤᠷᠠᠯᠢᠭ ᠤᠨ ᠠᠪᠢᠶᠠᠰ ᠪᠢᠯᠢᠭ᠂ ᠳᠣᠯᠭᠢᠶᠠᠯᠠᠨ ᠤᠷᠤᠰᠬᠤ ᠬᠠᠲᠤᠨ ᠭᠤᠣᠯ ᠳᠤ ᠳᠠᠪᠲᠠᠭᠳᠠᠨ ᠪᠣᠯᠪᠠᠰᠤᠷᠠᠭᠳᠠᠭᠰᠠᠨ ᠰᠣᠶᠣᠯ ᠤᠨ ᠤᠬᠢ ᠰᠣᠳᠣ ᠨᠢ ᠡᠬᠡ ᠤᠯᠤᠰ ᠤᠨ ᠬᠠᠮᠤᠭ ᠤᠨ ᠬᠠᠯᠠᠭᠤᠨ ᠳᠤᠯᠠᠭᠠᠨ ᠰᠡᠳᠬᠢᠯ ᠬᠥᠳᠡᠯᠭᠡᠮ᠎ᠡ ︽ᠳᠤᠮᠳᠠᠳᠤ ᠤᠯᠤᠰ ᠤᠨ ᠦᠯᠢᠭᠡᠷ︾ ᠢ ᠢᠮᠠᠭᠲᠠ ᠶᠠᠷᠢᠭᠰᠠᠭᠠᠷ ᠢᠷᠡᠵᠠᠢ᠃
 
ᠢᠷᠡᠯᠲᠡ᠄ ᠣᠷᠳᠣᠰ ᠤᠨ ᠰᠣᠶᠣᠯ ᠵᠢᠭᠤᠯᠴᠢᠯᠠᠯ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号