ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠵᠠᠯᠠᠭᠤ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠨ ᠪᠣᠳᠠᠲᠠᠢ | ᠠᠳᠬᠤᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠤᠨ ᠪᠠᠶᠢᠭᠤᠯᠭ᠎ᠠ ᠶᠢᠨ ᠵᠠᠯᠠᠭᠤᠴᠤᠳ ᠤᠨ ᠤᠨᠤᠯ ᠤᠨ ᠰᠤᠷᠤᠯᠴᠠᠯᠭ᠎ᠠ ᠶᠢᠨ | ᠳᠤᠭᠤᠶᠢᠯᠠᠩ ᠤᠨ ᠬᠢᠨ 2025 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠬᠠᠮᠲᠤ ᠶᠢᠨ ᠰᠤᠷᠤᠯᠴᠠᠯᠭ᠎ᠠ ᠰᠤᠳᠤᠯᠤᠨ | ᠶᠠᠷᠢᠯᠴᠠᠭ᠎ᠠ ᠶᠢ ᠥᠷᠨᠢᠭᠦᠯᠵᠡᠢ᠃ | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠳᠤᠮᠳᠠ ᠵᠠᠯᠠᠭᠤ ᠺᠠᠳ᠋ᠷᠴᠤᠳ ᠤᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠤᠯᠠᠮ ᠴᠢᠨᠠᠭᠰᠢᠳᠠ | ᠰᠠᠶᠢᠲᠤᠷ ᠠᠳᠬᠤᠵᠤ᠂ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠬᠦᠨᠵᠡᠬᠡᠶᠢᠷᠡᠬᠦᠯᠦᠨ᠂ ᠵᠠᠯᠠᠭᠤ | ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠵᠠᠯᠠᠭᠤ | ᠺᠠᠳ᠋ᠷᠴᠤᠳ ᠤᠨ ᠪᠣᠳᠠᠲᠠᠢ ᠶᠢ ᠡᠷᠬᠢᠮᠯᠡᠬᠦ ᠰᠤᠷᠲᠠᠯ ᠢ ᠪᠠᠳᠠᠷᠠᠭᠤᠯᠬᠤ᠂ ᠠᠷᠢᠭᠤᠨ ᠴᠢᠬᠡᠴᠢ ᠰᠤᠷᠲᠠᠯ ᠢ | ᠰᠤᠷᠲᠠᠯᠴᠢᠯᠠᠬᠤ᠂ ᠠᠷᠪᠢᠴᠢ ᠪᠣᠷᠣᠭᠵᠢᠭᠤᠨ ᠰᠤᠷᠲᠠᠯ ᠢ ᠪᠤᠢ ᠪᠤᠯᠭᠠᠬᠤ ᠶᠢ ᠬᠦᠲᠦᠯᠦᠨ ᠵᠢᠯᠤᠭᠤᠳᠴᠤ᠂ ᠵᠠᠯᠠᠭᠤ | ᠺᠠᠳ᠋ᠷᠴᠤᠳ ᠤᠨ ᠨᠡᠩ ᠰᠢᠯᠢᠳᠡᠭ ᠰᠠᠶᠢᠨ ᠰᠤᠷᠲᠠᠯ ᠢᠶᠠᠷ ᠣᠳᠣᠬᠢᠴᠢᠯᠠᠭᠰᠠᠨ ᠥᠪᠥᠷ ᠮᠣᠩᠭᠤᠯ ᠢ ᠪᠦᠳᠦᠭᠡᠨ | ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠠᠬᠢᠭᠤᠯᠤᠨ᠎ᠠ᠃ |