2025 ᠣᠨ ᠤ 5 ᠳ᠋ᠤᠭᠠᠷ ᠰᠠᠷ᠎ᠠ ᠶᠢᠨ 18 ᠤ ᠡᠳᠦᠷ᠂ 49 ᠳ᠋ᠤᠭᠡᠷ ︽5 · 18 ᠤ ᠤᠯᠠᠨ ᠤᠯᠤᠰ ᠤᠨ | ᠮᠦᠽᠧᠢ ᠶᠢᠨ ᠡᠳᠦᠷ︾ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠢ | ᠠᠯᠠᠱᠠ ᠶᠢᠨ ᠮᠦᠽᠧᠢ ᠳᠤ ᠡᠬᠢᠯᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ᠪᠦᠬᠦ | ᠣᠷᠣᠨ ᠤ ᠡᠯ᠎ᠡ ᠱᠠᠲᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ᠂ ᠮᠦᠽᠧᠢ ︽ᠲᠦᠷᠭᠡᠨ ᠬᠤᠪᠢᠷᠠᠵᠤ ᠪᠤᠢ | ᠨᠡᠶᠢᠭᠡᠮ ᠳᠤ ᠬᠢ ᠮᠦᠽᠧᠢ ᠶᠢᠨ ᠢᠷᠡᠭᠡᠳᠦᠢ︾ ᠭᠡᠬᠦ ᠭᠤᠣᠯ ᠰᠡᠳᠦᠪ ᠤᠨ ᠲᠣᠭᠤᠷᠢᠨ ᠳᠤ ᠰᠣᠳᠣᠨ ᠪᠦᠲᠦᠭᠡᠯ ᠤᠨ | ᠭᠤᠣᠯ ᠰᠡᠳᠦᠪᠲᠦ ᠦᠵᠡᠰᠬᠦᠯᠡᠩ᠂ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ᠂ ᠨᠡᠶᠢᠲᠡ ᠶᠢᠨ | ᠠᠰᠠᠷᠠᠮᠵᠢ ᠶᠢᠨ ᠬᠢᠨᠠᠨ ᠲᠣᠭᠲᠠᠭᠠᠯᠲᠠ᠂ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠭ᠎ᠠ᠂ ᠮᠦᠽᠧᠢ ᠶᠢᠨ ᠰᠥᠨᠢ᠂ | ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ | ᠪᠠᠶᠢᠭᠤᠯᠵᠤ ᠲᠥᠰᠥᠪᠯᠡᠨ᠂ ᠰᠢᠯᠢᠳᠡᠭ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠵᠦ᠂ ᠥᠷᠭᠡᠨ | ᠤᠯᠠᠨ ᠠᠷᠠᠳ ᠲᠦᠮᠡᠨ ᠳᠤ ᠨᠡᠩ ᠤᠯᠠᠨ ᠠᠰᠢᠭ ᠬᠦᠷᠲᠡᠭᠡᠬᠦ ᠪᠠᠷ ᠴᠢᠷᠮᠠᠶᠢᠪᠠ᠃ | ︽5 · 18︾ ᠤ ᠬᠤᠭᠤᠴᠠᠭᠠᠨ ᠳᠤ᠂ ᠪᠦᠬᠦ ᠣᠷᠣᠨ ᠤ ᠮᠦᠽᠧᠢ ᠳᠤ ᠬᠠᠳᠠᠭᠠᠯᠠᠭᠳᠠᠵᠤ ᠪᠠᠶᠢᠭ᠎ᠠ ᠲᠡᠦᠬᠡ ᠶᠢᠨ | ᠳᠤᠷᠠᠰᠬᠠᠯᠲᠤ ᠵᠦᠢᠯᠡᠰ ᠤᠨ ᠭᠦᠨ ᠵᠤᠵᠠᠭᠠᠨ ᠰᠣᠶᠣᠯ ᠤᠨ ᠠᠭᠤᠯᠬᠤᠨ ᠢ ᠭᠦᠨ ᠠᠭᠤᠳᠠᠯᠵᠤ᠂ ᠮᠦᠽᠧᠢ ᠶᠢᠨ | ᠡᠯᠪᠡᠭ ᠪᠠᠶᠠᠯᠢᠭ ᠡᠬᠢ ᠪᠠᠶᠠᠯᠢᠭ ᠢ ᠡᠷᠬᠢᠮ ᠨᠠᠨᠳᠢᠨ ᠰᠤᠷᠭᠠᠨ ᠬᠥᠮᠦᠵᠢᠯ ᠤᠨ ᠡᠬᠢ ᠪᠠᠶᠠᠯᠢᠭ ᠪᠣᠯᠭᠠᠨ ᠬᠤᠪᠢᠷᠠᠭᠤᠯᠵᠤ | ᠂ 20 ᠭᠠᠷᠤᠢ ᠤᠨᠴᠠᠯᠢᠬᠳᠤ ᠦᠵᠡᠰᠬᠦᠯᠡᠩ ᠢ ᠦᠵᠡᠭᠴᠢᠳ ᠲᠤ ᠰᠤᠨᠢᠷᠬᠠᠭᠤᠯᠤᠨ᠎ᠠ᠃ | ︽5 · 18︾ ᠤ ᠬᠤᠭᠤᠴᠠᠭᠠᠨ ᠳᠤ᠂ ᠪᠦᠬᠦ ᠣᠷᠣᠨ ᠤ ᠮᠦᠽᠧᠢ ᠭᠤᠣᠯ ᠰᠡᠳᠦᠪ ᠤᠨ ᠢᠶᠠᠨ ᠲᠣᠭᠤᠷᠢᠨ ᠳᠤ | ᠰᠤᠷᠭᠠᠨ ᠬᠥᠮᠦᠵᠢᠯ᠂ ᠲᠠᠶᠢᠯᠤᠮᠵᠢ᠂ ᠤᠬᠠᠭᠤᠯᠭ᠎ᠠ ᠶᠢᠨ ᠦᠵᠡᠭᠦᠯᠭᠡ ᠲᠣᠭᠯᠠᠯᠲᠠ ᠵᠡᠷᠭᠡ ᠤᠯᠠᠨ ᠲᠦᠷᠦᠯ ᠢ | ᠬᠠᠮᠤᠷᠤᠭᠰᠠᠨ 400 ᠭᠠᠷᠤᠢ ᠲᠠᠯᠠᠪᠠᠢ ᠠᠵᠢᠯᠯᠠᠭ᠎ᠠ ᠥᠷᠨᠢᠬᠦᠯᠦᠨ᠎ᠡ᠃ | ︽5 · 18︾ ᠤ ᠬᠤᠭᠤᠴᠠᠭᠠᠨ ᠳᠤ᠂ ᠪᠦᠬᠦ ᠣᠷᠣᠨ ᠤ ᠮᠦᠽᠧᠢ ᠰᠢᠯᠢᠳᠡᠭ ᠰᠣᠶᠣᠯ ᠤᠨ ᠦᠢᠯᠡᠴᠢᠯᠡᠭᠡᠨ ᠤ | ᠪᠦᠲᠦᠮᠵᠢᠲᠡᠢ ᠬᠠᠩᠭᠠᠯᠭ᠎ᠠ ᠶᠢ ᠴᠢᠩᠭᠠᠳᠬᠠᠵᠤ᠂ ᠰᠣᠶᠣᠯ ᠤᠨ ᠦᠨᠳᠦᠰᠦᠨ ᠱᠠᠲᠤᠨ ᠳᠤ ᠰᠢᠭᠤᠳ ᠬᠦᠷᠬᠦ ᠶᠢ | ᠢᠳᠡᠪᠬᠢᠲᠡᠢ ᠠᠬᠢᠭᠤᠯᠵᠤ᠂ ᠲᠡᠦᠬᠡ ᠰᠣᠶᠣᠯ ᠢ ᠰᠡᠷᠡᠵᠦ ᠤᠯᠬᠤᠶᠢᠴᠠ᠂ ᠮᠡᠳᠡᠷᠡᠬᠦᠶᠢᠴᠠ᠂ ᠤᠷᠤᠯᠴᠠᠬᠤᠶᠢᠴᠠ ᠡᠳᠦᠷ | ᠳᠤᠳᠤᠮ ᠤᠨ ᠠᠮᠢᠳᠤᠷᠠᠯ ᠳᠤ ᠠᠭᠤᠰᠤᠭᠤᠯᠤᠨᠠ᠃ | ᠳᠠᠷᠠᠭᠠᠴᠢ ᠶᠢᠨ ᠠᠯᠬᠤᠮ ᠳᠤ᠂ ᠪᠦᠬᠦ ᠣᠷᠣᠨ ᠤ ᠮᠦᠽᠧᠢ ᠨᠠᠮ ᠤᠨ ᠬᠤᠷᠢᠳᠤᠭᠠᠷ ᠶᠡᠭᠡ ᠬᠤᠷᠠᠯ᠂ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠯᠭᠡᠨ ᠦᠵᠡᠭᠦᠯᠭᠡ᠂ ᠨᠡᠶᠢᠭᠡᠮ ᠤᠨ ᠰᠤᠷᠭᠠᠨ | ᠬᠥᠮᠦᠵᠢᠯ᠂ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠵᠡᠷᠭᠡ ᠲᠠᠯ᠎ᠠ ᠪᠠᠷ ᠬᠦᠴᠦ ᠲᠠᠯᠪᠢᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠦᠴᠦᠯᠡᠨ᠂ ᠰᠢᠨ᠎ᠡ ᠠᠷᠭ᠎ᠠ ᠪᠣᠳᠣᠯᠭ᠎ᠠ ᠪᠠ ᠰᠢᠨ᠎ᠡ ᠦᠢᠯᠡᠳᠦᠯᠭᠡ | ᠶᠢ ᠬᠠᠶᠢᠨ ᠰᠦᠪᠡᠭᠴᠢᠯᠡᠵᠦ᠂ ᠰᠢᠨ᠎ᠡ ᠮᠡᠷᠭᠡᠵᠢᠯ ᠢ ᠬᠡᠷᠡᠭᠯᠡᠨ ᠲᠠᠰᠤᠷᠠᠯᠲᠠ ᠥᠬᠡᠶ ᠬᠤᠪᠢᠷᠠᠵᠤ ᠪᠠᠶᠢᠭ᠎ᠠ ᠨᠡᠶᠢᠭᠡᠮ ᠤᠨ | ᠬᠡᠷᠡᠭᠴᠡᠭᠡ ᠶᠢ ᠬᠠᠩᠭᠠᠵᠤ᠂ ︽ᠨᠢᠭᠡ ᠭᠤᠤᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢ ᠨᠡᠭᠡᠭᠡᠵᠦ᠂ ᠳᠤᠮᠳᠠ | ᠤᠷᠤᠰᠬᠠᠯ ᠳᠤ ᠣᠷᠣᠬᠤ︾ ᠲᠠᠯ᠎ᠠ ᠪᠠᠷ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃ | |