ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ 2025 ᠣᠨ ᠤ ᠰᠢ ᠠᠨ ᠤ ᠲᠣᠷᠭᠠᠨ  ᠤ ᠵᠠᠮ ᠣᠯᠠᠨ ᠤᠯᠤᠰ ᠤᠨ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠳᠤ ᠤᠷᠤᠯᠴᠠᠪᠠ
ᠨᠡᠶᠢᠲᠡᠯᠡᠭᠰᠡᠨ ᠴᠠᠭ᠄
2025/5/6
      ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠱᠠᠨᠰᠢ ᠮᠤᠵᠢ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ ᠭᠠᠵᠠᠷ ᠣᠷᠣᠨ ᠯᠤᠭ᠎ᠠ ᠶᠢᠨ ᠰᠣᠶᠣᠯ ᠵᠢᠭᠤᠯᠴᠢᠯᠠᠯ ᠤᠨ ᠰᠣᠯᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠪᠡᠭᠡᠵᠢᠩ ᠬᠤᠲᠠ ᠶᠢᠨ ᠰᠣᠶᠣᠯ ᠵᠢᠭᠤᠯᠴᠢᠯᠠᠯ ᠤᠨ ᠲᠤᠪᠴᠢᠶᠠᠨ  ᠤ ᠤᠷᠢᠯᠭ᠎ᠠ ᠪᠠᠷ᠂ 4 ᠳ᠋ᠤᠭᠡᠷ ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ᠂  2025 ᠰᠢ ᠠᠨ ᠤ ᠲᠣᠷᠭᠠᠨ ᠤ ᠵᠠᠮ ᠣᠯᠠᠨ ᠤᠯᠤᠰ ᠤᠨ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠪᠠᠷ ᠵᠣᠬᠢᠶᠠᠨ ᠪᠠᠶᠢᠭᠤᠯᠪᠠ᠃    ᠲᠤᠰ ᠤᠳᠠᠭᠠᠨ ᠤ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠨᠢ ︽ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠵᠤ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠥᠭᠵᠢᠭᠡᠬᠦ︾ ᠪᠠᠷ ᠭᠤᠣᠯ ᠰᠡᠳᠦᠪ ᠪᠣᠯᠭᠠᠵᠤ᠂ ᠪᠦᠬᠦ ᠪᠥᠮᠪᠥᠷᠴᠡᠭ ᠤᠨ 25 ᠤᠯᠤᠰ᠂ ᠤᠯᠤᠰ ᠤᠨ ᠳᠣᠲᠣᠭᠠᠳᠤ ᠶᠢᠨ 18 ᠮᠤᠵᠢ ︵ᠣᠷᠣᠨ᠂ ᠬᠤᠳᠠ︶ ᠶᠢᠨ 187 ᠲᠥᠯᠥᠭᠡᠯᠡᠭᠴᠢᠳ ᠤᠨ ᠪᠦᠯᠬᠦᠮ᠂ 803 ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠠᠢ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠵᠡᠪᠰᠡᠭᠯᠡᠬᠦ᠂ ᠤᠯᠠᠨ ᠤᠯᠤᠰ ᠤᠨ ᠬᠠᠮᠲᠤᠷᠠᠯᠴᠠᠭ᠎ᠠ ᠪᠠ ᠠᠬᠤᠢ ᠲᠠᠯᠠᠪᠠᠢ ᠶᠢ ᠰᠢᠨᠡᠴᠢᠯᠡᠬᠦ ᠪᠠᠷ ᠳᠠᠮᠵᠢᠨ᠂ ︽ᠳᠡᠯᠭᠡᠨ ᠦᠵᠡᠭᠦᠯᠬᠦ᠂ ᠪᠡᠶᠡᠴᠢᠯᠡᠨ ᠣᠶᠢᠯᠠᠭᠠᠬᠤ᠂ ᠬᠡᠷᠡᠭᠯᠡᠬᠦ︾ ᠪᠦᠬᠦ ᠬᠡᠯᠬᠢᠶᠡᠨ ᠤ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠵᠢᠷᠤᠭ ᠲᠥᠰᠦᠪ ᠢ ᠢᠯᠡᠷᠡᠭᠦᠯᠵᠦ᠂ ᠴᠢᠨᠠᠷ ᠰᠠᠶᠢᠲᠠᠢ ︽ᠨᠢᠭᠡ ᠪᠦᠰᠡ ᠨᠢᠭᠡ ᠵᠠᠮ︾ ᠢ  ᠬᠠᠮᠲᠤ ᠪᠠᠷ ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃    ᠪᠡᠭᠡᠵᠢᠩ ᠬᠤᠳᠠ ᠶᠢᠨ ᠰᠣᠶᠣᠯ ᠪᠠ ᠵᠢᠭᠤᠯᠴᠢᠯᠠᠯ ᠤᠨ ᠲᠤᠪᠴᠢᠶᠠᠨ ᠤ ︽ᠪᠡᠭᠡᠵᠢᠩ ᠤᠨ ᠵᠢᠪᠬᠤᠭᠠᠲᠤ ᠰᠢᠨ᠎ᠡ ᠬᠡᠷᠡᠭᠯᠡᠭᠡ᠂ ᠰᠣᠶᠣᠯ ᠵᠢᠭᠤᠯᠴᠢᠯᠠᠯ ᠬᠠᠪᠰᠤᠷᠤᠨ ᠲᠡᠳᠬᠦᠬᠦ  ᠳᠤ ᠲᠤᠰᠠᠠᠯᠬᠤ︾ ᠲᠠᠨᠢᠯᠴᠠᠭᠤᠯᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨᠴᠠᠪ ᠬᠤᠳᠠ ᠶᠢᠨ ᠰᠣᠶᠣᠯ ᠵᠢᠭᠤᠯᠴᠢᠯᠠᠯ‌‍ᠤᠨ ᠦᠢᠯᠡᠰ ᠤᠨ ᠲᠠᠨᠢᠯᠴᠠᠭᠤᠯᠤᠭᠴᠢ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ ︾  ᠢᠶᠠᠷ ᠭᠤᠣᠯ ᠰᠢᠵᠢᠮ ᠪᠣᠯᠭᠠᠵᠤ᠂ ᠤᠯᠠᠭᠠᠨᠴᠠᠪ ᠤᠨ ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠤᠨ ᠦᠢᠯᠡᠰ ᠤᠨ ᠡᠬᠢ ᠪᠠᠶᠠᠯᠢᠭ ᠢ ᠪᠦᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠵᠤ᠂ ︽ᠪᠡᠭᠡᠵᠢᠩ  ᠠᠴᠠ ᠪᠠᠷᠠᠭᠤᠨᠰᠢ ᠪᠠᠨ ᠨᠢᠭᠡ  ᠠᠯᠬᠤᠪᠠᠯ ᠤᠯᠠᠭᠠᠨᠴᠠᠪ᠂ ᠲᠦᠷᠪᠡᠨ ᠤᠯᠠᠷᠢᠯ ᠤᠨ ᠵᠢᠭᠤᠯᠴᠢᠯᠠᠯ ᠤᠨ ᠰᠠᠶᠢᠨ ᠭᠠᠵᠠᠷ︾ ᠭᠡᠬᠦ ᠨᠡᠷᠡᠲᠦ ᠲᠡᠮᠳᠡᠭ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠶᠡᠭᠡ ᠪᠠᠷ ᠳᠡᠭᠡᠭᠰᠢᠯᠡᠭᠦᠯᠵᠡᠢ︔ ᠵᠢᠨᠢᠩ ᠲᠣᠭᠤᠷᠢᠭ ᠤᠨ ᠤᠯᠠᠭᠠᠨᠮᠥ᠋ᠴᠢᠷ ᠤᠨ ᠮᠤᠷᠢᠨ ᠬᠤᠭᠤᠷ  ᠤᠨ ᠬᠥᠭᠵᠢᠮ ︽ᠲᠦᠮᠡᠨ ᠠᠭᠲᠠ ᠶᠢᠨ ᠲᠥᠪᠡᠷᠭᠡᠨ︾᠂ ᠪᠥᠵᠢᠭ ︽ᠤᠯᠠᠭᠠᠨᠴᠠᠪ ᠤᠨ ᠮᠠᠭᠲᠠᠭᠠᠯ︾ ᠵᠡᠷᠭᠡ ᠲᠣᠭᠯᠠᠯᠲᠠ ᠨᠢ ᠪᠠᠶᠠᠷ ᠪᠠᠶᠠᠰᠬᠤᠯᠠᠩᠲᠤ ᠠᠶᠢᠵᠠᠮ ᠴᠤᠬᠢᠯᠭ᠎ᠠ ᠪᠣᠯᠤᠨ ᠭᠤᠶᠢᠳᠠ ᠰᠠᠶᠢᠬᠠᠨ ᠬᠤᠪᠴᠠᠰᠤ ᠵᠠᠰᠠᠯ ᠢᠶᠠᠷ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠥᠭᠵᠢᠭᠡᠵᠦ᠂ ︽ᠤᠮᠠᠷᠠᠲᠤ ᠬᠢᠵᠠᠭᠠᠷ ᠤᠨ ᠰᠣᠶᠣᠯ ᠬᠤᠪᠢᠯᠭᠠᠨ ᠣᠷᠣᠨ  ᠢᠶᠠᠷ ᠠᠶᠠᠯᠠᠬᠤ ᠨᠢ︾ ᠢ ᠤᠯᠠᠮ ᠴᠢᠨᠠᠭᠰᠢᠳᠠ ᠠᠬᠢᠭᠤᠯᠵᠠᠢ᠃
 
ᠢᠷᠡᠯᠲᠡ᠄ ᠤᠯᠠᠭᠠᠨᠴᠠᠪ ᠤᠨ ᠰᠤᠶᠤᠯ ᠵᠢᠭᠤᠯᠴᠢᠯᠠᠯ ᠲᠠᠮᠢᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号