4 ᠳ᠋ᠤᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠪᠠ | ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠤᠨ ᠠᠵᠢᠯ ᠤᠨ ᠸᠢᠳᠢᠣ᠋ ᠬᠤᠷᠠᠯ ᠢ ᠵᠣᠬᠢᠶᠠᠨ ᠪᠠᠶᠢᠭᠤᠯᠵᠤ | ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠶᠤᠯ ᠦᠭᠡᠢ ᠦᠢᠯᠡᠳᠪᠦᠷᠢᠯᠡᠯ ᠤᠨ ᠲᠤᠬᠠᠶ ᠴᠢᠬᠤᠯᠠ | ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ | ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠠᠶᠤᠯ ᠥᠬᠡᠶ ᠦᠢᠯᠡᠳᠪᠦᠷᠢᠯᠡᠯ ᠪᠠ ᠠᠮᠠᠷᠠᠯᠲᠠ ᠶᠢᠨ ᠡᠳᠦᠷ ᠤᠨ | ᠵᠠᠬ᠎ᠠ ᠳᠡᠯᠭᠡᠭᠦᠷ ᠤᠨ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽5.1︾ ᠤ | ᠠᠮᠠᠷᠠᠯᠲᠠ ᠵᠡᠷᠭᠡ ᠭᠤᠤᠯᠳᠠᠯᠭ᠎ᠠ ᠲᠠᠢ ᠴᠠᠭ ᠬᠤᠭᠤᠴᠠᠭᠠᠨ ᠳᠤ ᠬᠢ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ | ᠠᠵᠢᠯ ᠲᠥᠷᠥᠯ ᠤᠨ ᠠᠶᠤᠯ ᠥᠬᠡᠶ ᠦᠢᠯᠡᠳᠪᠦᠷᠢᠯᠡᠯ᠂ ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠵᠡᠷᠭᠡ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠷᠦᠢ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠳᠠᠯᠪᠢᠪᠠ᠃ | | ᠬᠡᠷ ᠲᠤ ᠪᠠᠨ ᠪᠠᠶᠢᠬᠤ ᠲᠢᠩᠬᠢᠮ ᠤᠨ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠭᠡᠳ ᠬᠤᠯᠪᠣᠭᠳᠠᠯ | ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ | ᠵᠦᠢᠯᠡᠰ ᠤᠨ ᠲᠤᠪᠴᠢᠶᠠᠨ ᠤ ᠳᠡᠳ᠋ ᠳᠠᠷᠤᠭ᠎ᠠ ᠪᠣᠯᠤᠨ ᠲᠢᠩᠬᠢᠮ ᠤᠨ ᠪᠠᠶᠢᠭᠤᠯᠭ᠎ᠠ᠂ ᠲᠡᠤᠬᠡ ᠶᠢᠨ ᠳᠤᠷᠠᠰᠬᠠᠯᠲᠤ | ᠵᠦᠢᠯᠡᠰ ᠤᠨ ᠲᠤᠪᠴᠢᠶᠠᠨ ᠤ ᠡᠯ᠎ᠡ ᠭᠠᠵᠠᠷ ᠬᠡᠷ᠂ ᠡᠯ᠎ᠡ ᠰᠢᠭᠤᠳ ᠬᠠᠷᠢᠶ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ | ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠪᠣᠯᠤᠨ ᠮᠠᠨᠵᠦᠦᠷ | ᠬᠤᠲᠠ᠂ ᠡᠷᠢᠶᠡᠨ ᠬᠤᠲᠠ ᠶᠢᠨ ᠰᠣᠶᠣᠯ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ |