ᠠᠯᠲᠠᠨ ᠨᠠᠮᠤᠷ᠎ᠤᠨ ᠬᠠᠭᠤᠴᠢᠨ ᠪᠠᠷᠭᠤ᠎ᠶᠢᠨ ᠲᠠᠯ᠎ᠠ ᠨᠤᠲᠤᠭ᠎ᠲᠤ ᠂ ᠲᠡᠭᠷᠢ ᠭᠠᠵᠠᠷ ᠠᠭᠤᠳᠠᠮ ᠂ ᠮᠠᠯᠴᠢᠳ᠎ᠤᠨ ᠳᠠᠭᠤᠤ ᠬᠠᠩᠭᠢᠨᠠᠨ᠎ᠠ᠃ 10 ᠰᠠᠷ᠎ᠠ᠎ᠶᠢᠨ 11 ᠦ ᠡᠳᠦᠷ ᠂ ᠬᠠᠭᠤᠴᠢᠨ ᠪᠠᠷᠭᠤ ᠬᠣᠰᠢᠭᠤᠨ᠎ᠤ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ ᠂ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠦᠢᠯᠡᠴᠢᠯᠡᠭᠡᠨ᠎ᠦ ᠲᠥᠪ᠎ᠡᠴᠡ ᠬᠠᠮᠲᠤᠷᠠᠨ ᠵᠣᠬᠢᠶᠠᠨ ᠪᠠᠢᠭᠤᠯᠤᠭᠰᠠᠨ ᠤᠯᠤᠰ᠎ᠤᠨ ᠬᠡᠷᠡᠭᠯᠡᠬᠦ ᠬᠡᠯᠡ ᠤᠬᠠᠭᠤᠯᠤᠨ ᠲᠠᠢᠯᠪᠤᠷᠢᠯᠠᠬᠤ ᠦᠢᠯᠡᠴᠢᠯᠡᠭᠡᠨ᠎ᠦ ᠠᠩᠭᠢ ᠭᠠᠴᠠᠭ᠎ᠠ ᠲᠣᠰᠬᠣᠨ᠎ᠤ ᠮᠠᠯᠵᠢᠬᠤ ᠡᠷᠦᠬᠡ᠎ᠳᠦ ᠭᠦᠨᠵᠡᠭᠡᠢᠷᠡᠵᠦ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ 《 ᠬᠢᠴᠢᠶᠡᠯ᠎ᠦᠨ 》 ᠢ ᠮᠣᠩᠭᠣᠯ ᠭᠡᠷ᠎ᠲᠦ ᠨᠡᠭᠦᠯᠭᠡᠨ ᠣᠷᠣᠭᠤᠯᠵᠤ ᠂ ᠦᠨᠳᠦᠰᠦᠲᠡᠨ᠎ᠦ ᠪᠦᠯᠬᠦᠮᠳᠡᠯ᠎ᠦᠨ ᠲᠠᠭᠤᠨ᠎ᠢ ᠥᠷᠭᠡᠨ ᠠᠭᠤᠳᠠᠮ ᠲᠠᠯ᠎ᠠ ᠨᠤᠲᠤᠭ᠎ᠲᠤ ᠳᠠᠮᠵᠢᠭᠤᠯᠪᠠ᠃
ᠮᠠᠯᠵᠢᠬᠤ ᠣᠷᠣᠨ᠎ᠤ ᠭᠠᠵᠠᠷ ᠨᠤᠲᠤᠭ ᠥᠷᠭᠡᠨ ᠠᠭᠤᠳᠠᠮ ᠂ ᠮᠠᠯᠴᠢᠳ ᠲᠠᠷᠠᠬᠠᠢ ᠪᠤᠲᠠᠷᠬᠠᠢ ᠰᠠᠭᠤᠷᠢᠰᠢᠵᠤ ᠪᠠᠢᠭ᠎ᠠ ᠣᠨᠴᠠᠯᠢᠭ᠋᠎ᠲᠤ ᠴᠢᠭᠯᠡᠭᠦᠯᠦᠨ ᠂ ᠤᠬᠠᠭᠤᠯᠤᠨ ᠲᠠᠢᠯᠪᠤᠷᠢᠯᠠᠬᠤ ᠦᠢᠯᠡᠴᠢᠯᠡᠭᠡᠨ᠎ᠦ ᠠᠩᠭᠢ 《ᠨᠡᠭᠦᠳᠡᠯ ᠬᠢᠴᠢᠶᠡᠯ᠎ᠦᠨ + ᠡᠷᠦᠬᠡ᠎ᠳᠦ ᠬᠦᠷᠴᠦ ᠤᠬᠠᠭᠤᠯᠤᠨ ᠲᠠᠢᠯᠪᠤᠷᠢᠯᠠᠬᠤ 》 ᠵᠠᠭᠪᠤᠷ ᠰᠢᠨ᠎ᠡ᠎ᠪᠡᠷ ᠡᠭᠦᠳᠴᠦ ᠂ ᠮᠠᠯᠴᠢᠳ᠎ᠤᠨ ᠮᠠᠯᠵᠢᠬᠤ ᠂ ᠡᠪᠡᠰᠦ ᠬᠠᠳᠤᠬᠤ ᠵᠡᠷᠭᠡ ᠶᠠᠭᠠᠷᠠᠯᠲᠠᠢ ᠴᠠᠭ᠎ᠠᠴᠠ ᠤᠷᠠᠨ᠎ᠢᠶᠠᠷ ᠵᠠᠢᠯᠠᠰᠬᠢᠵᠦ ᠂ ᠤᠬᠠᠭᠤᠯᠤᠨ ᠲᠠᠢᠯᠪᠤᠷᠢᠯᠠᠭ᠍ᠴᠢᠳ ᠦᠰᠦᠭ ᠪᠢᠴᠢᠭ᠎ᠢᠶᠡᠷ ᠤᠩᠰᠢᠬᠤ ᠦᠭᠡᠢ ᠂ ᠬᠠᠷᠢᠨ 《 ᠵᠣᠭᠣᠭ ᠳᠡᠯᠭᠡᠬᠦ 》 ᠳᠣᠲᠣᠨᠣ᠌ ᠠᠷᠭ᠎ᠠ ᠬᠡᠯᠪᠡᠷᠢ᠎ᠪᠡᠷ ᠂ ᠨᠢᠭᠡ ᠲᠠᠯ᠎ᠠ᠎ᠪᠠᠷ ᠤᠯᠤᠰ᠎ᠠᠴᠠ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠲᠥᠷᠦ᠎ᠶᠢᠨ ᠪᠣᠳᠣᠯᠭ᠎ᠠ᠎ᠶᠢ ᠤᠩᠰᠢᠨ ᠲᠠᠢᠯᠪᠤᠷᠢᠯᠠᠵᠤ ᠂ ᠨᠥᠬᠥᠭᠡ ᠲᠠᠯ᠎ᠠ᠎ᠪᠠᠷ ᠦᠨᠳᠦᠰᠦᠲᠡᠨ᠎ᠦ ᠪᠦᠯᠬᠦᠮᠳᠡᠯ ᠂ ᠨᠠᠮᠤᠷ᠎ᠤᠨ ᠤᠯᠠᠷᠢᠯ᠎ᠤᠨ ᠭᠠᠯ᠎ᠢ ᠰᠡᠷᠭᠡᠢᠯᠡᠬᠦ ᠵᠡᠷᠭᠡ ᠮᠠᠯᠴᠢᠳ᠎ᠤᠨ ᠰᠡᠳᠬᠢᠯ ᠲᠠᠯᠪᠢᠵᠤ ᠪᠠᠢᠭ᠎ᠠ ᠰᠡᠳᠦᠪ᠎ᠲᠠᠢ ᠤᠶᠠᠯᠳᠤᠭᠤᠯᠤᠨ ᠂ 《 ᠦᠭᠡ ᠨᠢᠭᠡᠲᠡᠢ ᠪᠣᠯ ᠰᠡᠳᠬᠢᠯ ᠨᠢᠭᠡᠲᠡᠢ 》 ᠪᠠᠢᠬᠤ᠎ᠶᠢᠨ ᠭᠦᠨ ᠳᠠᠪᠬᠤᠷᠭ᠎ᠠ᠎ᠶᠢᠨ ᠠᠴᠢ ᠬᠣᠯᠪᠣᠭᠳᠠᠯ᠎ᠢ ᠲᠣᠳᠣᠷᠬᠠᠢᠯᠠᠨ ᠲᠠᠢᠯᠪᠤᠷᠢᠯᠠᠪᠠ᠃
《 ᠨᠠᠮᠤᠷ᠎ᠤᠨ ᠤᠯᠠᠷᠢᠯ᠎ᠳᠤ ᠮᠠᠯ ᠤᠨᠤᠭ᠎ᠠ ᠪᠣᠷᠣᠯᠠᠭᠤᠯᠬᠤ ᠦᠶ᠎ᠡ᠎ᠳᠦ ᠂ ᠭᠠᠳᠠᠷ ᠣᠷᠣᠨ᠎ᠤ ᠬᠤᠳᠠᠯᠳᠤᠭᠠᠴᠢᠨ᠎ᠲᠠᠢ ᠨᠡᠪᠲᠡᠷᠡᠯᠴᠡᠬᠦ ᠳᠦ ᠰᠠᠭᠠᠳ᠎ᠲᠠᠢ ᠦᠦ 《ᠵᠢᠭᠤᠯᠴᠢᠯᠠᠬ᠍ᠰᠠᠳ᠎ᠢ ᠭᠥᠯᠢᠶᠡᠨ ᠠᠪᠬᠤ ᠦᠶ᠎ᠡ᠎ᠳᠤ᠂ ᠤᠯᠤᠰ᠎ᠤᠨ ᠬᠡᠷᠡᠭᠯᠡᠬᠦ ᠦᠭᠡ ᠭᠡᠯᠡ᠎ᠪᠠᠷ ᠲᠠᠯ᠎ᠠ ᠨᠤᠲᠤᠭ᠎ᠤᠨ ᠥᠩᠭᠡ ᠦᠵᠡᠮᠵᠢ ᠶ᠋ᠢ ᠲᠠᠨᠢᠯᠴᠠᠭᠤᠯᠬᠤ ᠨᠢ ᠨᠡᠩ ᠲᠦᠭᠦᠮ ᠤᠤ?》 ᠬᠠᠷᠢᠯᠴᠠᠨ ᠰᠣᠯᠢᠯᠴᠠᠬᠤ ᠭᠣᠭᠴᠣᠭᠠᠨ᠎ᠳᠤ ᠂ ᠤᠬᠠᠭᠤᠯᠤᠨ ᠲᠠᠢᠯᠪᠤᠷᠢᠯᠠᠭ᠍ᠴᠢ ᠮᠠᠯ᠎ᠤᠨ ᠠᠷᠠᠯᠵᠢᠶ᠎ᠠ ᠂ ᠵᠢᠭᠤᠯᠴᠢᠯᠠᠯ᠎ᠤᠨ ᠵᠣᠴᠢᠯᠠᠭ᠎ᠠ ᠂ ᠵᠠᠰᠠᠭ᠎ᠤᠨ ᠶᠠᠪᠤᠳᠠᠯ᠎ᠤᠨ ᠭᠦᠢᠴᠡᠳᠬᠡᠯ ᠵᠡᠷᠭᠡ ᠥᠨᠳᠥᠷ ᠳᠠᠪᠲᠠᠮᠵᠢᠲᠤ ᠠᠬᠤᠢ ᠲᠠᠯᠠᠪᠠᠶ᠎ᠶᠢᠨ ᠲᠣᠭᠣᠷᠢᠨ᠎ᠳᠤ ᠂ ᠮᠠᠯᠴᠢᠳ᠎ᠲᠤ ᠪᠣᠳᠠᠲᠤ ᠬᠡᠷᠡᠭᠯᠡᠭᠡᠨ᠎ᠦ ᠤᠯᠤᠰ᠎ᠤᠨ ᠬᠡᠯᠡ ᠵᠢᠭᠠᠵᠤ ᠂ ᠪᠠᠰᠠ ᠲᠤᠬᠠᠢ᠎ᠶᠢᠨ ᠲᠠᠯᠠᠪᠠᠶ᠎ᠳᠤ ᠤᠬᠠᠭᠤᠯᠭ᠎ᠠ᠎ᠶᠢᠨ ᠭᠠᠷ ᠳᠡᠪᠲᠡᠷ ᠪᠠ ᠵᠠᠷᠯᠠᠯ ᠪᠠᠭᠤᠯᠭᠠᠵᠤ ᠂ ᠮᠠᠯᠴᠢᠳ᠎ᠲᠤ ᠪᠣᠳᠠᠲᠤ ᠠᠵᠢᠯᠯᠠᠭ᠎ᠠ ᠳᠤᠮᠳᠠ ᠦᠭᠡ ᠬᠡᠯᠡᠨ᠎ᠦ ᠤᠷ᠎ᠠ ᠮᠡᠷᠭᠡᠰᠢᠯ ᠡᠵᠡᠮᠰᠢᠭᠦᠯᠪᠡ᠃ ᠪᠠᠷᠠᠭᠤᠨ ᠦᠵᠦᠭᠦᠷ ᠰᠤᠮᠤᠨ᠎ᠤ ᠰᠠᠷᠠᠭᠤᠯ ᠲᠠᠯ᠎ᠠ ᠭᠠᠴᠠᠭᠠᠨ᠎ᠤ ᠮᠠᠯᠴᠢᠨ ᠳᠡᠯᠭᠡᠷ ᠬᠠᠷᠠᠬᠠᠨ ᠪᠠᠭ᠎ᠠ᠎ᠠᠴᠠ᠎ᠪᠠᠨ ᠤᠯᠤᠰ᠎ᠤᠨ ᠬᠡᠷᠡᠭᠯᠡᠬᠦ ᠦᠭᠡ ᠭᠡᠯᠡ ᠰᠤᠷᠴᠤ ᠂ ᠲᠡᠷᠡ ᠰᠠᠨᠠᠭᠠᠴᠢᠯᠠᠭ᠎ᠠ᠎ᠠᠴᠠ᠎ᠪᠠᠨ ᠲᠤᠷᠰᠢᠯᠭ᠎ᠠ᠎ᠪᠠᠨ ᠬᠤᠪᠢᠶᠠᠯᠴᠠᠵᠤ ᠄ 《ᠤᠯᠤᠰ᠎ᠤᠨ ᠬᠡᠷᠡᠭᠯᠡᠬᠦ ᠦᠭᠡ ᠭᠡᠯᠡ᠎ᠪᠠᠨ ᠠᠷᠠᠯᠵᠢᠶ᠎ᠠ ᠬᠢᠬᠦ ᠦᠶ᠎ᠡ᠎ᠳᠤ ᠠᠷᠠᠯᠵᠢᠶᠠᠴᠢᠨ᠎ᠲᠠᠢ ᠬᠠᠷᠢᠯᠴᠠᠬᠤ᠎ᠳᠤ ᠲᠦᠭᠦᠮ ᠪᠠᠢᠳᠠᠭ ᠶᠤᠮ ᠂ ᠨᠠᠩ ᠣᠯᠠᠨ ᠨᠤᠲᠤᠭ᠎ᠤᠨ ᠠᠬ᠎ᠠ ᠳᠡᠭᠦᠦ ᠨᠠᠷ ᠤᠯᠤᠰ᠎ᠤᠨ ᠬᠡᠷᠡᠭᠯᠡᠬᠦ ᠦᠭᠡ ᠭᠡᠯᠡ ᠰᠠᠢᠲᠤᠷ ᠰᠤᠷᠴᠤ ᠂ ᠰᠠᠢᠲᠤᠷ ᠬᠡᠷᠡᠭᠯᠡᠬᠦ᠎ᠶᠢ ᠬᠦᠰᠡᠵᠦ ᠪᠠᠢᠨ᠎ᠠ 》 ᠃
《 ᠪᠢᠳᠡ ᠮᠠᠯᠴᠢᠳ᠎ᠲᠤ ᠤᠯᠤᠰ᠎ᠤᠨ ᠬᠡᠷᠡᠭᠯᠡᠬᠦ ᠦᠭᠡ ᠭᠡᠯᠡ ᠵᠢᠭᠠᠬᠤ᠎ᠪᠠᠷ ᠪᠠᠷᠠᠬᠤ ᠦᠭᠡᠢ ᠂ ᠨᠠᠩ ᠴᠤ᠌ ᠣᠯᠠᠨ᠎ᠳᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠪᠣᠯ ᠦᠨᠳᠦᠰᠦᠲᠡᠨ᠎ᠨᠦᠭᠦᠳ᠎ᠦᠨ ᠰᠣᠯᠢᠯᠴᠠᠭᠠᠨ᠎ᠤ 〈ᠰᠡᠳᠬᠢᠯ᠎ᠦᠨ ᠬᠥᠭᠥᠷᠭᠡ 〉 ᠪᠣᠯᠬᠤ᠎ᠶᠢ ᠮᠡᠳᠡᠭᠦᠯᠬᠦ ᠬᠡᠷᠡᠭᠲᠡᠢ᠃ ᠬᠠᠭᠤᠴᠢᠨ ᠪᠠᠷᠭᠤ ᠬᠣᠰᠢᠭᠤᠨ᠎ᠤ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶᠢᠨ ᠪᠠᠭ᠍ᠰᠢ ᠵᠢᠩ ᠵᠢᠩ ᠂ ᠡᠷᠦᠬᠡ᠎ᠳᠦ ᠣᠷᠣᠵᠤ ᠤᠬᠠᠭᠤᠯᠤᠨ ᠲᠠᠢᠯᠪᠤᠷᠢᠯᠠᠬᠤ᠎ᠶᠢᠨ ᠭᠣᠣᠯᠳᠠᠯᠭ᠎ᠠ ᠨᠢ ᠮᠠᠯᠴᠢᠳ᠎ᠲᠤ ᠦᠭᠡ ᠬᠡᠯᠡᠨ᠎ᠦ ᠳᠥᠭᠥᠮ ᠳᠥᠲᠡ᠎ᠶᠢ ᠦᠨᠡᠨ ᠬᠦ᠌ ᠮᠡᠳᠡᠷᠡᠭᠦᠯᠵᠦ ᠂ ᠡᠭᠦᠨ᠎ᠦ ᠤᠯᠠᠮ᠎ᠠᠴᠠ ᠦᠨᠳᠦᠰᠦᠲᠡᠨ᠎ᠨᠦᠭᠦᠳ᠎ᠦᠨ ᠬᠠᠢᠷ᠎ᠠ ᠰᠡᠳᠬᠢᠯᠭᠡ᠎ᠶᠢᠨ ᠠᠭᠤᠰᠤᠯᠴᠠᠯ᠎ᠢ ᠠᠬᠢᠭᠤᠯᠬᠤ ᠶᠠᠪᠤᠳᠠᠯ ᠪᠣᠯᠣᠨ᠎ᠠ᠃
ᠲᠣᠰ ᠤᠳᠠᠭᠠᠨ᠎ᠤ ᠡᠷᠦᠬᠡ᠎ᠳᠦ ᠣᠷᠣᠵᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠨᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ 《ᠡᠴᠦᠰ᠎ᠦᠨ ᠨᠢᠭᠡ ᠺᠢᠯᠣᠮᠧᠲᠷ 》 ᠢ ᠨᠡᠪᠲᠡᠷᠡᠭᠦᠯᠦᠭᠰᠡᠨ᠎ᠢᠶᠡᠷ ᠪᠠᠷᠠᠬᠤ ᠦᠭᠡᠢ ᠨᠠᠩ ᠴᠤ᠌ ᠦᠭᠡ ᠬᠡᠯᠡ᠎ᠪᠡᠷ ᠬᠣᠯᠪᠣᠭᠠᠰᠤ ᠪᠣᠯᠭᠠᠵᠤ ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠬᠢᠯ᠎ᠦᠨ ᠵᠠᠢ᠎ᠶᠢ ᠣᠢᠷᠠᠲᠤᠭᠤᠯᠪᠠ᠃ ᠡᠳᠦᠭᠡ ᠂ ᠬᠠᠭᠤᠴᠢᠨ ᠪᠠᠷᠭᠤ᠎ᠶᠢᠨ ᠲᠠᠯ᠎ᠠ ᠨᠤᠲᠤᠭ᠎ᠲᠤ ᠂ ᠦᠨᠳᠦᠰᠦᠲᠡᠨ᠎ᠦ ᠪᠦᠯᠬᠦᠮᠳᠡᠯ᠎ᠦᠨ ᠳᠠᠭᠤᠨ ᠨᠢᠭᠡᠨᠲᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠂ ᠬᠥᠭᠵᠢᠯᠲᠡ᠎ᠶᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠠᠮᠢᠳᠤᠯᠢᠭ᠋ ᠵᠡᠭᠦᠯᠲᠡ ᠲᠠᠢᠯᠪᠤᠷᠢ ᠪᠣᠯᠵᠠᠢ᠃