10 ᠰᠠᠷ᠎ᠠ ᠵᠢᠨ 24 ᠤ᠋ ᠡᠳᠦᠷ᠂ ᠤᠯᠠᠭᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ ᠤ᠋ ᠰᠢᠨ ᠮᠢᠨ ᠰᠢᠶᠠᠩ ᠤ᠋ᠨ ᠠᠤᠬᠠᠨ ᠶᠢᠩᠽᠢ ᠲᠣᠰᠬᠣᠨ ᠤ᠋ 《ᠠᠨᠠᠷ ᠤ᠋ᠨ ᠵᠢᠵᠢᠭ ᠬᠦᠷᠢᠶ᠎ᠡ》 ᠳ᠋ᠤ᠌᠂ ᠲᠣᠰᠬᠣᠨ ᠤ᠋ ᠠᠷᠠᠳ ᠤ᠋ᠳ ᠬᠦᠷᠢᠶᠡᠯᠡᠨ ᠰᠠᠭᠤᠵᠤ᠂ ᠠᠬᠠᠮᠠᠳ ᠨᠠᠮ ᠤ᠋ᠨ ᠭᠡᠰᠢᠭᠦᠨ ᠯᠢ ᠰᠢ ᠸᠸᠨ ᠤ᠋ ᠵᠠᠯᠠᠭᠤᠳᠠᠭᠠᠨ ᠦᠢᠯᠡᠳᠪᠦᠷᠢᠯᠡᠯ ᠤ᠋ᠨ ᠪᠠᠷᠢᠭᠠᠳᠠ ᠵᠢᠨ ᠳᠠᠷᠤᠭ᠎ᠠ ᠵᠢᠨ ᠬᠤᠪᠢ ᠪᠡᠷ ᠪᠦᠭᠦ ᠲᠣᠰᠬᠣᠨ ᠤ᠋ ᠦᠨᠳᠦᠰᠦᠲᠡᠨᠨᠦᠭᠦᠳ ᠤ᠋ᠨ ᠣᠯᠠᠨ ᠲᠦᠮᠡᠨ ᠢ᠋ ᠳᠠᠭᠠᠭᠤᠯᠤᠨ ᠰᠡᠳᠬᠢᠯ ᠨᠢᠭᠡᠳᠦᠨ ᠬᠦᠴᠦ ᠪᠡᠨ ᠬᠠᠮᠲᠤᠳᠬᠠᠵᠤ ᠦᠢᠯᠡᠳᠪᠦᠷᠢᠯᠡᠯ ᠢ᠋ ᠠᠳᠬᠤᠭᠰᠠᠨ ᠥᠯᠢᠭᠡᠷ ᠢ᠋ ᠴᠢᠬᠢ ᠲᠠᠯᠪᠢᠨ ᠰᠣᠨᠣᠰᠴᠠᠭᠠᠨᠠ᠃
《ᠪᠦᠯᠬᠦᠮᠳᠡᠯ ᠪᠣᠯ ᠬᠦᠴᠦᠨ ᠮᠥᠨ᠂ ᠮᠠᠨ ᠤ᠋ ᠲᠣᠰᠬᠣᠨ ᠤ᠋ ᠬᠥᠮᠥᠰ ᠴᠥᠮ ᠬᠠᠷᠢᠯᠴᠠᠨ ᠬᠠᠪᠰᠤᠷᠤᠯᠴᠠᠵᠤ᠂ ᠪᠠᠰᠠ ᠦᠷᠭᠦᠯᠵᠢ ᠵᠢᠵᠢᠭ ᠬᠦᠷᠢᠶ᠎ᠡ ᠳ᠋ᠤ᠌ ᠨᠠᠮ ᠤ᠋ᠨ ᠲᠥᠷᠥ ᠵᠢᠨ ᠪᠣᠳᠣᠯᠭ᠎ᠠ ᠶ᠋ᠢ ᠰᠤᠷᠤᠯᠴᠠᠳᠠᠭ᠂ ᠬᠤᠪᠢᠰᠬᠠᠯ ᠤ᠋ᠨ ᠥᠩᠭᠡ ᠪᠣᠯ ᠮᠠᠨ ᠤ᠋ ᠪᠦᠭᠦ ᠲᠣᠰᠬᠣᠨ ᠤ᠋ ᠥᠩᠭᠡ ᠪᠣᠯᠣᠨ᠎ᠠ》 ᠭᠡᠵᠦ ᠲᠣᠰᠬᠣᠨ ᠤ᠋ ᠠᠷᠠᠳ ᠫᠠᠨ ᠢᠦᠢ ᠰᠢᠨ ᠬᠡᠯᠡᠪᠡ᠃
ᠡᠨᠡ ᠬᠦ᠌ ᠦᠵᠡᠭᠳᠡᠯ ᠪᠣᠯ ᠤᠯᠠᠭᠠᠨᠬᠠᠳᠠ ᠬᠤᠳᠠ ᠵᠢᠨ ᠬᠠᠷᠢᠯᠴᠠᠨ ᠨᠢᠭᠡᠳᠴᠦ ᠬᠠᠮᠲᠤ ᠪᠡᠷ ᠠᠭᠤᠰᠤᠯᠴᠠᠬᠤ ᠶ᠋ᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠤ᠋ᠨ ᠨᠢᠭ᠍ᠲᠠᠷᠠᠯ ᠤ᠋ᠨ ᠬᠦᠴᠦᠨ ᠢ᠋ ᠪᠠᠲᠤ ᠴᠣᠭᠴᠠᠯᠠᠵᠤ ᠪᠠᠢᠭ᠎ᠠ ᠬᠤᠷᠢᠶᠠᠩᠭᠤᠢ ᠳᠦᠷᠰᠦ ᠪᠣᠯᠣᠨ᠎ᠠ᠃ 2023 ᠣᠨᠳᠤ᠂ ᠠᠷᠤ ᠬᠣᠷᠴᠢᠨ ᠬᠣᠰᠢᠭᠤ 《ᠠᠷᠤ ᠬᠣᠷᠴᠢᠨ ᠬᠣᠰᠢᠭᠤᠨ ᠤ᠋ ᠵᠢᠵᠢᠭ ᠬᠦᠷᠢᠶ᠎ᠡ》 ᠶ᠋ᠢᠨ ᠪᠦᠲᠦᠭᠡᠨ ᠪᠠᠢᠭᠤᠯᠤᠯᠲᠠ ᠵᠢᠨ ᠠᠵᠢᠯᠯᠠᠭ᠎ᠠ ᠶ᠋ᠢ ᠰᠢᠨ᠎ᠡ ᠶ᠋ᠢ ᠡᠭᠦᠳᠦᠨ ᠥᠷᠨᠢᠭᠦᠯᠵᠦ᠂ ᠭᠡᠷ ᠪᠦᠯᠢ ᠵᠢᠨ ᠵᠢᠵᠢᠭ ᠬᠦᠷᠢᠶ᠎ᠡ᠂ ᠨᠡᠢᠭᠡᠮ ᠲᠣᠭᠣᠷᠢᠭ᠋ ᠤ᠋ᠨ ᠵᠢᠵᠢᠭ ᠲᠣᠭᠣᠷᠢᠭ᠋ ᠵᠢᠡᠷ ᠦᠨᠳᠦᠰᠦᠨ ᠨᠢᠭᠡᠴᠢ ᠪᠣᠯᠭᠠᠨ᠂ ᠭᠠᠵᠠᠷ ᠣᠷᠣᠨ ᠤ᠋ ᠪᠠᠢᠳᠠᠯᠳᠠᠭᠠᠨ ᠲᠣᠬᠢᠷᠠᠭᠤᠯᠤᠨ 《ᠬᠤᠪᠢᠰᠬᠠᠯᠲᠤ᠂ ᠡᠶ᠎ᠡ ᠵᠣᠬᠢᠴᠠᠩᠭᠤᠢ᠂ ᠬᠥᠭᠵᠢᠨ ᠮᠠᠨᠳᠤᠬᠤ᠂ ᠠᠨᠠᠷ》 ᠳᠥᠷᠪᠡᠨ ᠲᠥᠷᠥᠯ ᠤ᠋ᠨ ᠣᠨᠴᠠᠯᠢᠭ᠍ᠲᠤ 《ᠠᠷᠤ ᠬᠣᠷᠴᠢᠨ ᠬᠣᠰᠢᠭᠤᠨ ᠤ᠋ ᠵᠢᠵᠢᠭ ᠬᠦᠷᠢᠶ᠎ᠡ》 ᠶ᠋ᠢ ᠪᠠᠢᠭᠤᠯᠤᠭᠰᠠᠨᠢᠶᠡᠷ᠂ ᠨᠠᠮ ᠤ᠋ᠨ ᠲᠥᠷᠥ ᠵᠢᠨ ᠪᠣᠳᠣᠯᠭ᠎ᠠ ᠶ᠋ᠢ ᠤᠬᠠᠭᠤᠯᠬᠤ᠂ ᠠᠵᠤ ᠦᠢᠯᠡᠰ ᠢ᠋ ᠬᠥᠭᠵᠢᠭᠦᠯᠬᠦ᠂ ᠵᠥᠷᠢᠴᠡᠯ ᠢ᠋ ᠡᠶᠡᠳᠡᠭᠦᠯᠬᠦ᠂ ᠪᠦᠯᠬᠦᠮᠳᠡᠯ ᠳᠠᠪᠰᠢᠯᠲᠠ ᠶ᠋ᠢ ᠠᠬᠢᠭᠤᠯᠬᠤ 《ᠪᠢᠴᠢᠯ ᠪᠡᠬᠢᠯᠡᠯᠲᠡ》 ᠪᠣᠯᠪᠠ᠃
ᠣᠢᠷ᠎ᠠ ᠵᠢᠨ ᠵᠢᠯ ᠡᠴᠡ ᠨᠠᠭᠠᠰᠢ᠂ ᠤᠯᠠᠭᠠᠨᠬᠠᠳᠠ ᠬᠣᠲᠠ ᠶᠡᠷᠦᠩᠬᠡᠢ ᠱᠦᠵᠢ ᠰᠢᠵᠢᠨᠫᠢᠩ ᠤ᠋ᠨ ᠦᠨᠳᠦᠰᠦᠲᠡᠨ ᠤ᠋ ᠠᠵᠢᠯ ᠢ᠋ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ ᠤ᠋ ᠠᠵᠢᠯ ᠤ᠋ᠨ ᠲᠤᠬᠠᠢ ᠨᠠᠮ ᠤ᠋ᠨ ᠲᠥᠪ ᠬᠣᠷᠢᠶ᠎ᠠ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠤ᠋ ᠠᠵᠢᠯ ᠤ᠋ᠨ ᠱᠠᠭᠠᠷᠳᠠᠯᠭ᠎ᠠ ᠶ᠋ᠢ ᠪᠦᠭᠦ ᠲᠠᠯ᠎ᠠ ᠪᠡᠷ ᠨᠠᠢᠳᠠᠪᠤᠷᠢᠵᠢᠭᠤᠯᠤᠨ᠂ 《ᠤᠯᠤᠰ ᠲᠥᠷᠥᠪᠡᠷ ᠬᠥᠲᠥᠯᠥᠨ ᠳᠠᠭᠠᠭᠤᠯᠬᠤ᠂ ᠦᠵᠡᠯ ᠰᠠᠨᠠᠭ᠎ᠠ ᠶ᠋ᠢ ᠨᠢᠭ᠍ᠲᠠᠷᠠᠭᠤᠯᠬᠤ᠂ ᠬᠥᠭᠵᠢᠯᠲᠡ ᠳ᠋ᠤ᠌ ᠬᠦᠴᠦᠨ ᠣᠯᠭᠣᠬᠤ᠂ ᠬᠠᠷᠢᠯᠴᠠᠨ ᠨᠢᠭᠡᠳᠴᠦ ᠬᠠᠮᠲᠤ ᠪᠡᠷ ᠠᠭᠤᠰᠤᠯᠴᠠᠬᠤ》 ᠳᠥᠷᠪᠡᠨ ᠲᠠᠯ᠎ᠠ ᠪᠡᠷ ᠬᠦᠴᠦᠯᠡᠬᠦ ᠴᠡᠭ ᠪᠤᠯᠭᠠᠵᠤ᠂ ᠲᠥᠪ ᠶᠣᠰᠣ᠌ ᠶ᠋ᠢ ᠪᠠᠷᠢᠮᠲᠠᠯᠠᠨ ᠰᠢᠨ᠎ᠡ ᠶ᠋ᠢ ᠡᠭᠦᠳᠴᠦ᠂ ᠳᠠᠪᠠᠭᠤᠯᠢᠭ᠋ ᠵᠢᠡᠨ ᠪᠠᠳᠠᠷᠠᠭᠤᠯᠤᠨ ᠬᠦᠴᠦᠨ ᠵᠢᠡᠨ ᠨᠢᠭ᠍ᠲᠠᠷᠠᠭᠤᠯᠵᠤ᠂ ᠤᠯᠠᠭᠠᠨᠬᠠᠳᠠ ᠵᠢᠨ ᠣᠨᠴᠠᠯᠢᠭ᠋ ᠪᠦᠬᠦᠢ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠣᠭᠴᠠᠯᠠᠬᠤ ᠦᠢᠯᠡᠳᠦᠯᠭᠡ ᠵᠢᠨ ᠠᠷᠭ᠎ᠠ ᠵᠠᠮ ᠢ᠋ ᠰᠦᠪᠡᠭᠴᠢᠯᠡᠨ ᠪᠦᠷᠢᠯᠳᠦᠭᠦᠯᠪᠡ᠃
ᠤᠯᠠᠭᠠᠨᠬᠠᠳᠠ ᠬᠣᠲᠠ ᠬᠠᠷᠢᠯᠴᠠᠨ ᠨᠢᠭᠡᠳᠴᠦ ᠬᠠᠮᠲᠤ ᠪᠡᠷ ᠠᠭᠤᠰᠤᠯᠴᠠᠬᠤ ᠶ᠋ᠢ ᠪᠠᠷᠢᠮᠲᠠᠯᠠᠵᠤ᠂ 《ᠬᠠᠤᠯᠢᠵᠢᠯ ᠤ᠋ᠨ ᠤᠯᠠᠭᠠᠨᠮᠥ᠋ᠴᠢᠷ》᠂ 《ᠬᠠᠤᠯᠢ ᠵᠢᠨ ᠠᠢᠵᠠᠮ ᠮᠣᠷᠠᠯ ᠤ᠋ᠨ ᠠᠶᠠᠰ ᠤ᠋ᠨ ᠬᠣᠯᠪᠤᠭ᠎ᠠ》 ᠬᠠᠤᠯᠢ ᠲᠦᠭᠡᠮᠡᠯᠵᠢᠭᠦᠯᠬᠦ ᠲᠦᠷᠦᠯ ᠲᠡᠮᠳᠡᠭᠲᠦ ᠶ᠋ᠢ ᠪᠤᠶ ᠪᠤᠯᠭᠠᠵᠤ᠂ 《ᠠᠷᠤ ᠬᠣᠷᠴᠢᠨ ᠬᠣᠰᠢᠭᠤᠨ ᠤ᠋ ᠵᠢᠵᠢᠭ ᠬᠦᠷᠢᠶ᠎ᠡ》᠂ 《ᠰᠦ ᠲᠠᠢ ᠴᠠᠢ ᠬᠡᠷᠡᠭ ᠵᠥᠪᠯᠡᠬᠦ ᠬᠤᠷᠠᠯ》 ᠵᠡᠷᠭᠡ 16 ᠵᠦᠢᠯ ᠤ᠋ᠨ ᠦᠨᠳᠦᠰᠦᠨ ᠱᠠᠲᠤᠨ ᠤ᠋ ᠵᠠᠰᠠᠯᠲᠠ ᠵᠢᠨ ᠵᠠᠭᠪᠤᠷ ᠢ᠋ ᠳᠡᠯᠭᠡᠷᠡᠭᠦᠯᠦᠨ᠂ ᠦᠨᠳᠦᠰᠦᠲᠡᠨ ᠤ᠋ ᠬᠡᠷᠡᠭ ᠶᠠᠪᠤᠳᠠᠯ ᠢ᠋ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠶ᠋ᠢ ᠠᠬᠢᠭᠤᠯᠪᠠ᠃ ᠡᠭᠦᠨ ᠤ᠋ ᠬᠠᠮᠲᠤ᠂ ᠡᠯ᠎ᠡ ᠬᠣᠰᠢᠭᠤ ᠰᠢᠶᠠᠨ ᠲᠣᠭᠣᠷᠢᠭ᠋ ᠤ᠋ᠨ ᠨᠠᠷᠠᠲᠤ ᠲᠡᠮᠳᠡᠭ ᠢ᠋ 55 ᠡᠭᠦᠳᠦᠨ ᠪᠠᠢᠭᠤᠯᠬᠤ ᠶ᠋ᠢ ᠠᠬᠢᠭᠤᠯᠵᠤ᠂ 《ᠪᠠᠢᠭᠤᠯᠭᠠᠠᠴᠠ ᠭᠠᠷᠴᠤ ᠤᠯᠠᠭᠠᠨᠬᠠᠳᠠ ᠶ᠋ᠢ ᠬᠠᠷᠠᠬᠤ - ᠤᠮᠠᠷᠠᠲᠤ ᠬᠢᠯᠢ ᠵᠢᠨ ᠠᠨᠠᠷᠤᠨ ᠤᠯᠠᠭᠠᠨ》 ᠦᠵᠡᠭᠦᠯᠭᠡ ᠵᠢᠨ ᠱᠤᠭᠤᠮ 23 ᠵᠤᠷᠪᠤᠰ ᠭᠠᠷᠭᠠᠵᠤ᠂ ᠵᠢᠱ᠌ᠢᠶ᠎ᠡ ᠦᠵᠡᠭᠦᠯᠭᠦ ᠬᠡᠪ ᠳᠠᠭᠤᠷᠢᠶᠠᠯ ᠢ᠋ ᠪᠤᠶ ᠪᠣᠯᠭᠠᠪᠠ᠃ ᠣᠳᠣᠬᠠᠨᠳᠤ᠂ ᠤᠯᠠᠭᠠᠨᠬᠠᠳᠠ ᠬᠣᠲᠠ᠂ ᠠᠤᠬᠠᠨ ᠬᠣᠰᠢᠭᠤ ᠪᠦᠭᠦ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠭᠦ ᠣᠷᠣᠨ ᠢ᠋ ᠠᠮᠵᠢᠯᠲᠠᠲᠠᠢ ᠡᠭᠦᠳᠦᠨ ᠪᠠᠢᠭᠤᠯᠪᠠ᠃
ᠤᠯᠠᠭᠠᠨᠬᠠᠳᠠ ᠬᠣᠲᠠ ᠤᠯᠤᠰ ᠲᠥᠷᠥᠪᠡᠷ ᠬᠥᠲᠥᠯᠥᠨ ᠳᠠᠭᠠᠭᠤᠯᠬᠤ ᠶ᠋ᠢ ᠪᠠᠷᠢᠮᠲᠠᠯᠠᠵᠤ᠂ 《ᠤᠯᠠᠭᠠᠨᠬᠠᠳᠠ ᠬᠣᠲᠠ ᠵᠢᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠣᠭᠴᠠᠯᠠᠬᠤ ᠭᠣᠣᠯ ᠰᠢᠵᠢᠮ ᠢ᠋ ᠲᠤᠭᠤᠰᠢᠯᠠᠭᠤᠯᠬᠤ ᠠᠵᠢᠯ ᠤ᠋ᠨ ᠡᠭᠦᠷᠭᠡ ᠵᠢᠨ ᠨᠠᠷᠢᠨ ᠲᠠᠩᠰᠠ》 ᠶ᠋ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠭᠦᠷᠭᠡ ᠲᠣᠬᠢᠷᠠᠭᠤᠯᠬᠤ ᠲᠣᠭᠲᠠᠴᠠ ᠶ᠋ᠢ ᠪᠠᠢᠭᠤᠯᠬᠤ ᠵᠢᠨ ᠬᠠᠮᠲᠤ ᠭᠣᠣᠯ ᠰᠢᠵᠢᠮ ᠢ᠋ ᠲᠤᠭᠤᠰᠢᠯᠠᠭᠤᠯᠬᠤ ᠶ᠋ᠢ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠬᠢᠨᠠᠯᠲᠠ ᠲᠠᠯᠪᠢᠬᠤ᠂ ᠵᠠᠰᠠᠭ ᠤ᠋ᠨ ᠣᠷᠳᠣᠨ ᠤ᠋ ᠡᠭᠦᠷᠭᠡ ᠬᠠᠷᠢᠭᠤᠴᠠᠯᠭ᠎ᠠ ᠪᠡᠨ ᠭᠦᠢᠴᠡᠳᠬᠡᠬᠦ᠂ ᠤᠯᠤᠰ ᠲᠥᠷᠥ ᠵᠢᠨ ᠵᠥᠪᠯᠡᠯᠭᠡ ᠬᠢᠬᠦ ᠡᠯ᠎ᠡ ᠭᠣᠭᠴᠣᠭᠠᠳᠤ ᠠᠭᠤᠰᠬᠠᠨ ᠣᠷᠣᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠣᠭᠴᠠᠯᠠᠬᠤ ᠲᠤᠰᠬᠠᠢ ᠱᠠᠯᠠᠪᠳᠠᠭᠤᠯᠤᠨ ᠪᠠᠢᠴᠠᠭᠠᠯᠲᠠ ᠶ᠋ᠢ ᠣᠨ ᠤ᠋ ᠱᠠᠯᠠᠪᠳᠠᠭᠤᠯᠤᠨ ᠪᠠᠢᠴᠠᠭᠠᠵᠤ ᠰᠢᠯᠭᠠᠨ ᠬᠢᠨᠠᠬᠤ ᠲᠥᠯᠥᠪᠯᠡᠭᠡ ᠳ᠋ᠤ᠌ ᠣᠷᠣᠭᠤᠯᠤᠨ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠣᠭᠴᠠᠯᠠᠬᠤ ᠲᠥᠪᠯᠡᠷᠡᠩᠭᠦᠢ ᠬᠦᠴᠦᠨ ᠢ᠋ ᠴᠢᠩᠭᠠᠳᠬᠠᠪᠠ᠃
ᠤᠯᠠᠭᠠᠨᠬᠠᠳᠠ ᠬᠣᠲᠠ ᠦᠵᠡᠯ ᠰᠠᠨᠠᠭ᠎ᠠ ᠪᠡᠨ ᠨᠢᠭ᠍ᠲᠠᠷᠠᠭᠤᠯᠬᠤ ᠶ᠋ᠢ ᠪᠠᠷᠢᠮᠲᠠᠯᠠᠨ᠂ ᠣᠨᠣᠯ ᠵᠢᠡᠷ ᠵᠡᠪᠰᠡᠭᠯᠡᠬᠦ ᠶ᠋ᠢ ᠴᠢᠩᠭᠠᠳᠬᠠᠵᠤ᠂ ᠬᠣᠲᠠ᠂ ᠲᠣᠭᠣᠷᠢᠭ᠋᠂ ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠬᠣᠨ (ᠨᠡᠢᠭᠡᠮ ᠲᠣᠭᠣᠷᠢᠭ᠋) ᠳᠥᠷᠪᠡᠨ ᠱᠠᠲᠤᠨ ᠤ᠋ ᠬᠣᠯᠪᠤᠭᠠᠯᠠᠨ ᠤᠬᠠᠭᠤᠯᠬᠤ ᠲᠣᠭᠲᠠᠴᠠ ᠶ᠋ᠢ ᠪᠠᠢᠭᠤᠯᠵᠤ᠂ ᠠᠷᠤ ᠬᠣᠷᠴᠢᠨ ᠬᠣᠰᠢᠭᠤᠨ ᠤ᠋ 《ᠣᠲᠣᠷ ᠤᠬᠠᠭᠤᠯᠤᠨ ᠲᠠᠢᠯᠪᠤᠷᠢᠯᠠᠬᠤ ᠠᠩᠭᠢ》 ᠵᠡᠷᠭᠡ ᠨᠠᠷᠠᠲᠤ ᠲᠥᠷᠥᠯ ᠲᠡᠮᠳᠡᠭᠲᠦ ᠠᠵᠢᠯᠯᠠᠭ᠎ᠠ ᠶ᠋ᠢ ᠡᠭᠦᠳᠦᠨ ᠡᠷᠭᠢᠯᠡᠪᠡ᠃ ᠡᠭᠦᠨ ᠤ᠋ ᠬᠠᠮᠲᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠣᠭᠴᠠᠯᠠᠬᠤ ᠦᠢᠯᠡᠳᠦᠯᠭᠡ ᠵᠢᠨ ᠰᠤᠳᠤᠯᠭᠠᠨ ᠤ᠋ ᠲᠥᠪ ᠢ᠋ ᠪᠠᠢᠭᠤᠯᠵᠤ᠂ ᠤᠨᠤᠯ ᠤ᠋ᠨ ᠦᠷ᠎ᠡ ᠪᠦᠲᠦᠭᠡᠯ ᠢ᠋ ᠬᠤᠪᠢᠷᠠᠭᠤᠯᠬᠤ ᠶ᠋ᠢ ᠦᠷᠭᠦᠯᠵᠢᠯᠡᠨ ᠠᠬᠢᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠣᠭᠴᠠᠯᠠᠬᠤ ᠤᠷᠢᠶᠠᠯᠠᠬᠤ ᠬᠦᠴᠦᠨ ᠢ᠋ ᠲᠠᠰᠤᠷᠠᠯᠳᠠ ᠦᠭᠡᠢ ᠳᠡᠭᠡᠭᠰᠢᠯᠡᠭᠦᠯᠪᠡ᠃
《ᠤᠯᠠᠭᠠᠨᠬᠠᠳᠠ ᠬᠤᠳᠠ ᠵᠢᠨ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠨᠡᠢᠳᠡ 1.1 ᠲᠦᠮᠡᠨ ᠤᠳᠠᠭ᠎ᠠ ᠵᠢᠨ ᠰᠤᠷᠤᠯᠴᠠᠯᠭ᠎ᠠ ᠰᠣᠯᠢᠯᠴᠠᠭ᠎ᠠ᠂ 9767 ᠤᠳᠠᠭ᠎ᠠ ᠵᠢᠨ ᠨᠠᠮ ᠤ᠋ᠨ ᠬᠢᠴᠢᠶᠡᠯ᠂ 4179 ᠤᠳᠠᠭ᠎ᠠ ᠵᠢᠨ ᠭᠣᠣᠯ ᠰᠡᠳᠦᠪᠲᠦ ᠨᠠᠮ ᠤ᠋ᠨ ᠡᠳᠦᠷ ᠤ᠋ᠨ ᠠᠵᠢᠯᠯᠠᠭ᠎ᠠ ᠥᠷᠨᠢᠭᠦᠯᠦᠨ᠂ 1.1 ᠲᠦᠮᠡ ᠭᠠᠷᠤᠢ ᠨᠠᠮ ᠤ᠋ᠨ ᠤᠳᠤᠷᠢᠳᠬᠤ ᠳᠤᠭᠤᠢᠯᠠᠩᠤᠨ ᠱᠦᠵᠢ ᠶ᠋ᠢ ᠳᠠᠢᠴᠢᠯᠠᠨ ᠨᠠᠮ ᠤ᠋ᠨ ᠦᠨᠳᠦᠰᠦᠲᠡᠨ ᠤ᠋ ᠤᠨᠤᠯ ᠲᠦᠷᠦ ᠵᠢᠨ ᠪᠣᠳᠣᠯᠭ᠎ᠠ ᠶ᠋ᠢ ᠤᠬᠠᠭᠤᠯᠤᠨ ᠲᠠᠢᠯᠪᠤᠷᠢᠯᠠᠵᠤ᠂ 10.1 ᠲᠦᠮᠡᠨ ᠬᠥᠮᠥᠨ ᠤᠳᠠᠭ᠎ᠠ ᠨᠠᠮ ᠤ᠋ᠨ ᠭᠡᠰᠢᠭᠦᠨ ᠺᠠᠳ᠋ᠷ ᠤᠯᠠᠨ ᠲᠦᠮᠡᠨ ᠭᠥᠯᠢᠶᠡᠨ ᠠᠪᠴᠤ ᠰᠣᠨᠣᠰᠪᠠ》 ᠭᠡᠵᠦ ᠤᠯᠠᠭᠠᠨᠬᠠᠳᠠ ᠬᠣᠲᠠ ᠵᠢᠨ ᠦᠨᠳᠦᠰᠦᠲᠡᠨ ᠤ᠋ ᠬᠡᠷᠡᠭ ᠡᠷᠭᠢᠯᠡᠭᠦ ᠵᠥᠪᠯᠡᠯ ᠤ᠋ᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ᠂ ᠡᠷᠭᠢᠯᠡᠭᠴᠢ ᠰᠶ᠋ᠸᠸ ᠶᠠᠨ ᠯᠢ ᠬᠡᠯᠡᠪᠡ᠃
ᠤᠯᠠᠭᠠᠨᠬᠠᠳᠠ ᠬᠣᠲᠠ ᠬᠥᠭᠵᠢᠯᠲᠡᠪᠡᠷ ᠬᠦᠴᠦᠨ ᠣᠯᠭᠣᠬᠤ ᠶ᠋ᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠣᠭᠴᠠᠯᠠᠬᠤ ᠲᠤᠯᠭᠠᠭᠤᠷᠢᠯᠠᠬᠤ ᠬᠦᠴᠦᠨ ᠢ᠋ ᠲᠠᠰᠤᠷᠠᠯᠲᠠ ᠦᠭᠡᠢ ᠪᠡᠬᠢᠵᠢᠭᠦᠯᠪᠡ᠃ ᠲᠥᠯᠦᠪᠵᠢᠭᠦᠯᠭᠡᠪᠡᠷ ᠬᠥᠲᠥᠯᠥᠨ ᠳᠠᠭᠠᠭᠤᠯᠬᠤ ᠲᠠᠯ᠎ᠠ ᠪᠡᠷ᠂ ᠴᠢᠬᠤᠯᠠ ᠶᠡᠬᠡ ᠪᠡᠯᠡ ᠮᠥᠩᠭᠥ ᠵᠢᠨ ᠲᠣᠬᠢᠷᠠᠭᠤᠯᠤᠯᠲᠠ ᠶ᠋ᠢ ᠲᠤᠭᠤᠰᠢᠯᠠᠭᠤᠯᠬᠤ ᠭᠣᠣᠯ ᠰᠢᠵᠢᠮ ᠢ᠋ ᠬᠢᠨᠠᠨ ᠬᠠᠷᠭᠤᠭᠤᠯᠬᠤ ᠲᠣᠭᠲᠠᠴᠠ ᠶ᠋ᠢ ᠪᠠᠢᠭᠤᠯᠪᠠ; ᠲᠥᠷᠥᠯ ᠵᠦᠢᠯ ᠵᠢᠡᠷ ᠬᠥᠳᠡᠯᠭᠡᠭᠦᠷ ᠪᠤᠯᠭᠠᠬᠤ ᠲᠠᠯ᠎ᠠ ᠪᠡᠷ᠂ ᠦᠨᠳᠦᠰᠦᠲᠡᠨ ᠤ᠋ ᠭᠠᠵᠠᠷ ᠣᠷᠣᠨ ᠤ᠋ ᠮᠠᠯ ᠠᠵᠤ ᠠᠬᠤᠢ ᠲᠠᠷᠢᠶᠠᠯᠠᠩ᠂ ᠤᠰᠤᠨ ᠠᠰᠢᠭ᠍ᠯᠠᠯᠲᠠ ᠵᠡᠷᠭᠡ ᠲᠥᠷᠥᠯ ᠵᠦᠢᠯ ᠢ᠋ 135 ᠶ᠋ᠢ ᠴᠢᠷᠮᠠᠢᠨ ᠣᠯᠵᠤ᠂ ᠦᠨᠳᠦᠰᠦᠲᠡᠨ ᠤ᠋ ᠠᠷᠠᠯᠵᠢᠶ᠎ᠠ ᠠᠷᠠᠳ ᠤ᠋ᠨ ᠦᠢᠯᠡᠳᠬᠦᠨ ᠤ᠋ ᠵᠢᠭᠡᠯᠡᠯᠭᠡ ᠵᠢᠨ ᠳᠠᠮ ᠬᠦᠦ ᠶ᠋ᠢ 2.48 ᠳ᠋ᠦᠩᠰᠢᠭᠤᠷ ᠲᠥᠭᠥᠷᠢᠭᠲᠦ ᠭᠦᠷᠭᠡᠪᠡ; ᠣᠷᠣᠨ ᠪᠦᠰᠡ ᠵᠢᠨ ᠬᠠᠮᠵᠢᠯᠴᠠᠭ᠎ᠠ ᠵᠢᠨ ᠲᠠᠯ᠎ᠠ ᠪᠡᠷ᠂ ᠤᠯᠠᠭᠠᠨᠬᠠᠳᠠ - ᠪᠡᠭᠡᠵᠢᠩ ᠤ᠋ᠨ ᠠᠵᠤ ᠦᠢᠯᠡᠰ ᠤ᠋ᠨ ᠬᠠᠮᠵᠢᠯᠴᠠᠭ᠎ᠠ ᠶ᠋ᠢ ᠵᠣᠯᠭᠠᠭᠤᠯᠬᠤ ᠬᠤᠷᠠᠯ ᠵᠡᠷᠭᠡ ᠠᠵᠢᠯᠯᠠᠭ᠎ᠠ ᠡᠷᠭᠢᠯᠡᠵᠦ᠂ 《ᠮᠣᠷᠢᠨ ᠨᠢᠷᠤᠭᠤᠨ ᠳᠡᠭᠡᠷᠡᠬᠢ ᠨᠡᠢᠭᠡᠮ ᠤ᠋ᠨ ᠪᠠᠲᠤᠯᠠᠭ᠎ᠠ》᠂ ᠣᠲᠣᠷ ᠶᠡᠷᠦᠩᠬᠡᠢᠯᠡᠭᠰᠡᠨ ᠦᠢᠯᠡᠴᠢᠯᠡᠭᠡᠨ ᠤ᠋ ᠲᠠᠪᠴᠠᠩ ᠵᠡᠷᠭᠡ ᠠᠴᠢᠶᠠᠯᠠᠪᠤᠷᠢ ᠵᠢᠨ ᠰᠢᠨ᠎ᠡ ᠶ᠋ᠢ ᠡᠭᠦᠳᠴᠦ᠂ ᠦᠨᠳᠦᠰᠦᠲᠡᠨᠨᠦᠭᠦᠳ ᠤ᠋ᠨ ᠣᠯᠠᠨ ᠲᠦᠮᠡᠨ ᠤ᠋ ᠠᠵᠢᠯ ᠣᠯᠵᠤ ᠦᠢᠯᠡᠰ ᠪᠣᠰᠬᠠᠬᠤ ᠶ᠋ᠢ ᠠᠬᠢᠭᠤᠯᠤᠨ᠂ ᠬᠥᠭᠵᠢᠯᠲᠡ ᠵᠢᠨ ᠣᠷᠣᠨ ᠵᠠᠢ ᠶ᠋ᠢ ᠲᠠᠰᠤᠷᠠᠯᠲᠠ ᠦᠭᠡᠢ ᠥᠷᠭᠡᠳᠬᠡᠪᠡ᠃
ᠡᠳᠦᠭᠡ᠂ ᠤᠯᠠᠭᠠᠨᠬᠠᠳᠠ ᠬᠤᠳᠠ ᠶᠠᠭ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠣᠭᠴᠠᠯᠠᠬᠤ ᠪᠡᠷ ᠠᠵᠢᠯ ᠤ᠋ᠨ ᠭᠣᠣᠯ ᠰᠢᠵᠢᠮ ᠪᠤᠯᠭᠠᠵᠤ᠂ ᠪᠦᠯᠬᠦᠮᠳᠡᠯ ᠵᠢᠡᠷ ᠬᠣᠯᠪᠣᠭᠠᠰᠤ ᠪᠣᠯᠭᠠᠨ᠂ ᠲᠡᠮᠡᠴᠡᠯ ᠵᠢᠡᠷ ᠬᠥᠳᠡᠯᠭᠡᠭᠦᠷ ᠪᠤᠯᠭᠠᠵᠤ᠂ ᠴᠠᠭ ᠦᠶ᠎ᠡ ᠵᠢᠨ ᠣᠨᠴᠠᠯᠢᠭ᠋ᠲᠠᠢ᠂ ᠤᠯᠠᠭᠠᠨᠬᠠᠳᠠ ᠵᠢᠨ ᠡᠭᠦᠷᠭᠡ ᠬᠠᠷᠢᠭᠤᠴᠠᠯᠭ᠎ᠠ ᠶ᠋ᠢ ᠬᠠᠷᠠᠭᠤᠯᠤᠭᠰᠠᠨ ᠦᠨᠳᠦᠰᠦᠲᠡᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠵᠢᠨ ᠵᠠᠮ ᠵᠢᠡᠷ ᠬᠦᠴᠦᠯᠡᠨ ᠵᠠᠮᠨᠠᠵᠤ᠂ ᠪᠦᠯᠬᠦᠮᠳᠡᠨ ᠬᠠᠮᠲᠤ ᠣᠷᠣᠰᠢᠬᠤ᠂ ᠴᠡᠴᠡᠭᠯᠡᠨ ᠬᠥᠭᠵᠢᠵᠦ ᠬᠠᠮᠲᠤ ᠪᠡᠷ ᠤᠷᠤᠭᠰᠢᠯᠠᠬᠤ ᠦᠵᠡᠰᠬᠦᠯᠡᠩᠲᠦ ᠰᠠᠢᠬᠠᠨ ᠬᠠᠭᠤᠳᠠᠰᠤ ᠶ᠋ᠢ ᠬᠠᠮᠲᠤ ᠪᠡᠷ ᠵᠢᠷᠤᠭᠯᠠᠵᠤ ᠪᠠᠢᠨ᠎ᠠ᠃