ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠬᠠᠮᠲᠣ᠎ᠶᠢᠨ ᠴᠣᠭᠴᠠ᠎ᠶᠢᠨ ᠣᠬᠠᠮᠰᠠᠷ
ᠣᠯᠠᠨ ᠡᠰᠢᠲᠦ ᠬᠥᠭᠵᠢᠯᠲᠡ᠎ᠪᠡᠷ ᠪᠦᠯᠬᠦᠮᠳᠡᠯ᠎ᠦᠨ ᠰᠠᠭᠤᠷᠢ᠎ᠶᠢ ᠪᠡᠬᠢᠵᠢᠭᠦᠯᠦᠨ᠎ᠡ
ᠨᠡᠶ᠋ᠢᠲᠡᠯᠡᠭᠰᠡᠨ ᠴᠠᠭ᠄ 2025-11-20

《ᠬᠠᠩᠭᠢᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ ᠡᠳ᠋᠎ᠦᠨ ᠵᠠᠰᠠᠭ᠎ᠢᠶᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠨᠥᠬᠥᠪᠦᠷᠢ (ᠴᠥᠭᠡᠨ ᠲᠣᠭᠠᠲᠤ ᠦᠨᠳᠦᠰᠦᠲᠡᠨ᠎ᠦ ᠬᠥᠭᠵᠢᠭᠦᠯᠦᠯᠲᠡ᠎ᠶᠢᠨ ᠡᠭᠦᠷᠭᠡ) ᠶ᠋ᠢ 584.18 ᠲᠦᠮᠡᠨ ᠲᠥᠭᠥᠷᠢᠭ ᠵᠣᠯᠭᠠᠭᠤᠯᠵᠤ᠂ ᠤᠯᠠᠨ ᠤᠰᠤ ᠭᠠᠴᠠᠭ᠎ᠠ᠎ᠳᠤ 32 ᠲᠠᠰᠤᠯᠭ᠎ᠠ ᠣᠨᠴᠠᠯᠢᠭ᠍ᠲᠤ ᠠᠷᠠᠳ᠎ᠤᠨ ᠰᠠᠭᠤᠴᠠ ᠪᠠ 10 ᠲᠠᠰᠤᠯᠭ᠎ᠠ ᠵᠣᠴᠢᠳ᠎ᠤᠨ ᠥᠷᠥᠭᠡ ᠪᠠᠢᠭᠤᠯᠤᠨ ᠥᠭᠴᠡᠢ᠂ ᠡᠨᠡ ᠨᠢ ᠦᠨᠳᠦᠰᠦᠲᠡᠨ᠎ᠦ ᠰᠣᠯᠢᠯᠴᠠᠭ᠎ᠠ᠂ ᠰᠣᠶᠣᠯ᠎ᠤᠨ ᠠᠭᠤᠰᠤᠯᠴᠠᠯ᠎ᠤᠨ ᠬᠠᠯᠠᠭᠤᠨ ᠳᠤᠯᠠᠭᠠᠨ ᠭᠠᠷᠠᠮ ᠪᠣᠯᠵᠠᠢ᠃》ᠴᠥᠭᠡᠨ ᠲᠣᠭᠠᠲᠤ ᠦᠨᠳᠦᠰᠦᠲᠡᠨ᠎ᠦ ᠬᠥᠭᠵᠢᠭᠦᠯᠦᠯᠲᠡ᠎ᠶᠢᠨ ᠡᠭᠦᠷᠭᠡ᠎ᠶᠢᠨ ᠪᠡᠯᠡ ᠮᠥᠩᠭᠥ᠎ᠪᠡᠷ ᠭᠠᠵᠠᠷ ᠣᠷᠣᠨ᠎ᠤ ᠬᠥᠭᠵᠢᠯᠲᠡ ᠪᠠ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠬᠡᠷᠬᠢᠨ ᠳᠡᠮᠵᠢᠬᠦ ᠲᠤᠬᠠᠢ ᠣᠷᠳᠣᠰ ᠬᠣᠲᠠ᠎ᠶᠢᠨ ᠬᠠᠩᠭᠢᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠡᠷᠭᠢᠯᠡᠭᠴᠢ ᠰᠡᠴᠡᠨᠴᠣᠭᠲᠤ ᠲᠠᠨᠢᠯᠴᠠᠭᠤᠯᠪᠠ᠃

ᠬᠠᠩᠭᠢᠨ ᠬᠣᠰᠢᠭᠤᠨ᠎ᠤ ᠳᠤᠭᠤᠢ ᠲᠠᠯ᠎ᠠ ᠪᠠᠯᠭᠠᠰᠤ ᠵᠢᠨ ᠤᠯᠠᠨ ᠤᠰᠤ ᠭᠠᠴᠠᠭ᠎ᠠ ᠪᠣᠯ ᠬᠠᠩᠭᠢᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠦᠨ ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠵᠦ ᠪᠦᠬᠦᠢ ᠲᠣᠰᠬᠣᠨ ᠪᠣᠯᠣᠨ᠎ᠠ᠂ ᠲᠣᠰ ᠭᠠᠴᠠᠭ᠎ᠠ ᠥᠪᠡᠷᠮᠢᠴᠡ ᠭᠠᠵᠠᠷ ᠵᠦᠢ᠎ᠶᠢᠨ ᠳᠠᠪᠠᠭᠤᠯᠢᠭ᠋ ᠪᠠ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋ ᠪᠣᠯᠣᠨ ᠠᠵᠤ ᠠᠬᠤᠢᠯᠠᠯ᠎ᠤᠨ ᠲᠥᠭᠦᠮ ᠨᠥᠬᠥᠴᠡᠯ᠎ᠳᠦ ᠲᠦᠰᠢᠭᠯᠡᠨ᠂ ᠠᠵᠤ ᠦᠢᠯᠡᠰ᠎ᠦᠨ ᠬᠥᠭᠵᠢᠯᠲᠡ ᠪᠣᠯᠣᠨ ᠦᠨᠳᠦᠰᠦᠲᠡᠨ᠎ᠦ ᠠᠵᠢᠯ ᠬᠠᠷᠢᠯᠴᠠᠨ ᠠᠬᠢᠭᠤᠯᠬᠤ᠎ᠶᠢ ᠪᠡᠶᠡᠯᠡᠭᠦᠯᠵᠡᠢ᠃

ᠡᠨᠡ ᠵᠢᠯ ᠬᠦᠷᠢᠶᠡᠯᠡᠩ ᠲᠣᠭᠣᠷᠢᠭ᠋᠎ᠤᠨ ᠦᠢᠯᠡᠳᠪᠦᠷᠢ᠎ᠶᠢᠨ ᠰᠢᠨᠵᠢᠶᠠᠩ᠎ᠠᠴᠠ ᠡᠯᠰᠡᠭᠰᠡᠨ 111 ᠣᠶᠤᠲᠠᠨ ᠡᠨᠳᠡ ᠦᠢᠯᠡᠳᠪᠦᠷᠢᠯᠡᠯ᠎ᠦᠨ ᠲᠣᠭᠣᠷᠢᠭ᠋᠎ᠤᠨ ᠨᠠᠢᠳᠠᠨ ᠬᠥᠮᠥᠵᠢᠭᠦᠯᠬᠦ ᠳᠠᠳᠤᠯᠭ᠎ᠠ᠎ᠶᠢᠨ ᠠᠶᠠᠯᠠᠯ᠎ᠢᠶᠠᠨ ᠡᠬᠢᠯᠡᠭᠦᠯᠪᠡ᠃ ᠲᠠᠳᠠ ᠬᠠᠩᠭᠢᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠦᠨ ᠡᠭᠦᠳᠦᠨ ᠪᠠᠢᠭᠤᠯᠤᠭᠰᠠᠨ ᠠᠷᠠᠳ᠎ᠤᠨ ᠰᠠᠭᠤᠴᠠ᠎ᠳᠤ ᠬᠦᠷᠴᠦ᠂ ᠲᠤᠬᠠᠢ᠎ᠶᠢᠨ ᠭᠠᠵᠠᠷ᠎ᠤᠨ ᠠᠵᠢᠯᠴᠢᠳ᠎ᠲᠠᠢ ᠬᠠᠮᠲᠤ ᠰᠠᠭᠤᠷᠢᠰᠢᠨ ᠬᠠᠮᠲᠤ ᠠᠵᠢᠯᠯᠠᠵᠤ᠂ ᠭᠦᠨ ᠵᠤᠵᠠᠭᠠᠨ ᠨᠥᠬᠥᠷᠯᠡᠯ᠎ᠢ ᠪᠠᠢᠭᠤᠯᠵᠠᠢ᠃

ᠬᠠᠩᠭᠢᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠦᠨ ᠬᠠᠪᠰᠤᠷᠤᠯᠭ᠎ᠠ ᠳᠣᠣᠷ᠎ᠠ ᠤᠯᠠᠨ ᠤᠰᠤ ᠭᠠᠴᠠᠭᠠᠨ᠎ᠤ ᠬᠠᠮᠲᠤ᠎ᠶᠢᠨ ᠠᠵᠤ ᠠᠬᠤᠢ ᠲᠠᠰᠤᠷᠠᠯᠲᠠ ᠦᠭᠡᠢ ᠪᠤᠵᠠᠭᠠᠢᠷᠠᠪᠠ᠃ 《ᠬᠣᠭ ᠨᠣᠪᠰᠢ᠎ᠶᠢ ᠴᠡᠪᠡᠷᠯᠡᠨ ᠲᠡᠭᠡᠭᠡᠪᠦᠷᠢᠯᠡᠬᠦ ᠲᠠᠯ᠎ᠠ᠎ᠪᠠᠷ  ᠵᠢᠯ ᠪᠦᠷᠢ 25.6 ᠲᠦᠮᠡᠨ ᠲᠥᠭᠥᠷᠢᠭ᠎ᠦᠨ ᠲᠣᠭᠲᠠᠭᠤᠨ ᠣᠷᠣᠯᠭ᠎ᠠ ᠣᠯᠵᠤ᠂ ᠮᠠᠰᠢᠨ ᠲᠦᠷᠢᠶᠡᠰᠦᠯᠡᠭᠦᠯᠬᠦ ᠠᠵᠢᠯ ᠨᠢ ᠵᠠᠬ᠎ᠠ ᠳᠡᠯᠭᠡᠭᠦᠷ᠎ᠦᠨ ᠪᠠᠢᠷᠢ ᠲᠣᠭᠲᠠᠭᠠᠯᠲᠠ ᠬᠢᠭᠡᠳ ᠴᠢᠨᠠᠷ ᠰᠠᠢᠲᠠᠢ ᠦᠢᠯᠡᠴᠢᠯᠡᠭᠡ᠎ᠪᠡᠷ ᠵᠢᠡᠨ 20.5 ᠲᠦᠮᠡᠨ ᠲᠥᠭᠥᠷᠢᠭ᠎ᠦᠨ ᠠᠰᠢᠭ᠋ ᠣᠯᠵᠠᠪᠤᠷᠢ᠎ᠶᠢ ᠪᠡᠶᠡᠯᠡᠭᠦᠯᠵᠦ ᠪᠤᠢ᠃ ᠡᠬᠡ ᠲᠠᠯᠪᠢᠵᠤ ᠲᠥᠯ ᠬᠤᠷᠢᠶᠠᠬᠤ ᠪᠠ ᠣᠯᠠᠨ ᠴᠢᠳᠠᠪᠬᠢᠲᠤ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠲᠦᠷᠢᠶᠡᠰᠦᠯᠡᠭᠦᠯᠬᠦ ᠲᠥᠷᠥᠯ ᠵᠦᠢᠯ ᠴᠦ᠍ 8.1 ᠲᠦᠮᠡᠨ ᠲᠥᠭᠥᠷᠢᠭ᠎ᠦᠨ ᠣᠷᠣᠯᠭ᠎ᠠ ᠶ᠋ᠢ ᠡᠭᠦᠳᠦᠨ᠂ 2024 ᠣᠨ᠎ᠳᠤ ᠭᠠᠴᠠᠭᠠᠨ᠎ᠤ ᠬᠠᠮᠲᠤ᠎ᠶᠢᠨ ᠠᠵᠤ ᠠᠬᠤᠢ᠎ᠶᠢᠨ ᠣᠷᠣᠯᠭ᠎ᠠ 54.2 ᠲᠦᠮᠡᠨ ᠲᠥᠭᠥᠷᠢᠭ᠎ᠲᠦ ᠬᠦᠷᠴᠡᠢ》 ᠭᠡᠵᠦ ᠬᠠᠩᠭᠢᠨ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠤᠨ ᠤᠯᠠᠨ ᠤᠰᠤ ᠭᠠᠴᠠᠭ᠎ᠠ ᠳ᠋ᠤ᠌ ᠲᠣᠮᠢᠯᠠᠭᠰᠠᠨ ᠨᠢᠭᠡᠳᠦᠭᠡᠷ ᠱᠦᠵᠢ ᠲᠠᠨᠢᠯᠴᠠᠭᠤᠯᠵᠤ ᠪᠠᠢᠯ᠎ᠠ᠃ ᠲᠡᠭᠦᠨ᠎ᠤ ᠲᠠᠨᠢᠯᠴᠠᠭᠤᠯᠤᠭᠰᠠᠨ ᠵᠢᠡᠷ᠂ ᠠᠷᠠᠳ᠎ᠤᠨ ᠰᠠᠭᠤᠴᠠ᠎ᠶᠢᠨ ᠲᠥᠷᠥᠯ ᠵᠦᠢᠯ᠎ᠢ ᠪᠦᠭᠦ ᠲᠠᠯ᠎ᠠ᠎ᠪᠠᠷ ᠡᠵᠡᠩᠨᠡᠬᠦ᠎ᠶᠢ ᠳᠠᠭᠠᠯᠳᠤᠨ᠂ ᠵᠢᠱ᠌ᠢᠯᠲᠡ᠎ᠪᠡᠷ 2025 ᠣᠨ᠎ᠳᠤ ᠲᠣᠰ ᠭᠠᠴᠠᠭ᠎ᠠ᠎ᠳᠤ 50 ᠲᠦᠮᠡᠨ ᠲᠥᠭᠥᠷᠢᠭ᠎ᠦᠨ ᠣᠷᠣᠯᠭ᠎ᠠ ᠡᠭᠦᠳᠴᠦ᠂ ᠭᠠᠴᠠᠭᠠᠨ᠎ᠤ ᠦᠷᠭᠦᠯᠵᠢᠯᠡᠨ ᠬᠥᠭᠵᠢᠬᠦ᠎ᠳᠦ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃

ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠬᠦ ᠪᠠ ᠠᠵᠤ ᠦᠢᠯᠡᠰ᠎ᠢᠶᠡᠷ ᠲᠡᠳᠬᠦᠬᠦ᠎ᠪᠡᠷ ᠳᠡᠮᠵᠢᠨ ᠬᠠᠩᠭᠢᠨ ᠬᠣᠰᠢᠭᠤ ᠲᠤᠬᠠᠢ᠎ᠶᠢᠨ ᠭᠠᠵᠠᠷ᠎ᠤᠨ ᠠᠵᠤ ᠠᠬᠤᠢ᠎ᠶᠢᠨ ᠪᠣᠳᠠᠲᠤ ᠬᠦᠴᠦᠨ᠎ᠢ ᠳᠡᠭᠡᠭᠰᠢᠯᠡᠭᠦᠯᠦᠭᠰᠡᠨ᠎ᠢᠶᠡᠷ ᠪᠠᠷᠠᠬᠤ ᠦᠭᠡᠢ᠂ ᠠᠷᠠᠳ᠎ᠤᠨ ᠰᠠᠭᠤᠴᠠ᠎ᠶᠢᠨ ᠠᠵᠤ ᠦᠢᠯᠡᠰ᠂ ᠠᠵᠤ ᠠᠬᠤᠢᠯᠠᠯ᠎ᠤᠨ ᠪᠣᠯᠪᠠᠰᠤᠷᠠᠯ ᠵᠡᠷᠭᠡ ᠣᠯᠠᠨ ᠡᠰᠢᠲᠦ ᠠᠷᠭ᠎ᠠ ᠬᠡᠮᠵᠢᠶ᠎ᠡ᠎ᠪᠡᠷ ᠡᠯ᠎ᠡ ᠦᠨᠳᠦᠰᠦᠲᠡᠨ᠎ᠦ ᠰᠣᠯᠢᠯᠴᠠᠭ᠎ᠠ ᠠᠭᠤᠰᠤᠯᠴᠠᠯ᠎ᠤᠨ ᠪᠠᠲᠤ ᠬᠥᠭᠥᠷᠭᠡ᠎ᠶᠢ ᠪᠠᠢᠭᠤᠯᠵᠠᠢ᠃ ᠡᠨᠡ ᠬᠦ᠌ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ ᠬᠠᠮᠵᠢᠯᠴᠠᠨ ᠬᠣᠯᠪᠤᠭᠠᠯᠠᠨ ᠬᠥᠳᠡᠯᠦᠯᠴᠡᠬᠦ ᠬᠥᠭᠵᠢᠯᠲᠡ᠎ᠶᠢᠨ ᠵᠠᠭᠪᠤᠷ ᠨᠢ ᠥᠪᠡᠷᠲᠡᠭᠡᠨ ᠵᠠᠰᠠᠬᠤ ᠣᠷᠣᠨ᠎ᠤ 《ᠭᠤᠷᠪᠠᠨ ᠵᠦᠢᠯ ᠤ᠋ᠨ ᠲᠥᠯᠥᠪᠯᠡᠭᠡ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠲᠠᠢ ᠨᠠᠷᠢᠯᠢᠭ᠋ ᠣᠨᠣᠴᠠᠲᠠᠢ ᠨᠡᠢᠴᠡᠵᠦ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠬᠠᠷᠠᠯᠲᠠ᠎ᠶᠢ ᠪᠡᠶᠡᠯᠡᠭᠦᠯᠬᠦ᠎ᠳᠦ ᠪᠠᠲᠤ ᠪᠡᠬᠢ ᠦᠢᠯᠡᠳᠦᠯᠭᠡ᠎ᠶᠢᠨ ᠲᠤᠯᠭᠠᠭᠤᠷᠢᠯᠠᠯ ᠬᠠᠩᠭᠠᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠬᠥᠭᠵᠢᠬᠦ ᠠᠶᠠᠨ᠎ᠳᠠᠭᠠᠨ ᠭᠠᠷ ᠬᠣᠯᠪᠣᠨ ᠬᠠᠮᠲᠤ᠎ᠪᠠᠷ ᠤᠷᠤᠭᠰᠢᠯᠠᠬᠤ᠎ᠶᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ᠎ᠶᠢ ᠬᠠᠮᠲᠤ᠎ᠪᠠᠷ ᠵᠢᠷᠤᠭᠯᠠᠨ᠎ᠠ᠃

ᠢᠷᠡᠯᠲᠡ᠄ ᠲᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ᠎ᠶᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            