ᠳᠠᠭᠤᠤ ᠬᠥᠭᠵᠢᠮ᠎ᠦᠨ ᠬᠢᠴᠢᠶᠡᠯ ᠳᠡᠭᠡᠷ᠎ᠡ ᠰᠤᠷᠤᠬ᠍ᠴᠢᠳ ᠬᠠᠮᠲᠤ ᠪᠡᠷ ᠠᠶᠠᠯᠠᠭᠤᠯᠤᠨ ᠪᠥᠵᠢᠭᠯᠡᠵᠦ᠂ ᠬᠡᠦᠬᠡᠳ᠎ᠤᠨ ᠲᠣᠷᠭᠠᠨ ᠬᠣᠭᠣᠯᠠᠢ ᠪᠠᠷ ᠵᠣᠯ ᠵᠢᠷᠭᠠᠯᠲᠤ ᠠᠮᠢᠳᠤᠷᠠᠯ᠎ᠢ ᠮᠠᠭᠲᠠᠨ ᠳᠠᠭᠤᠯᠠᠨ᠎ᠠ; ᠨᠡᠢᠭᠡᠮ ᠲᠣᠭᠣᠷᠢᠭ᠋᠎ᠤᠨ《ᠰᠠᠨᠳᠠᠯᠢᠲᠤ ᠬᠤᠷᠠᠯ》 ᠨᠡᠭᠦᠳᠡᠯ ᠬᠢᠴᠢᠶᠡᠯ᠎ᠦᠨ ᠲᠠᠩᠬᠢᠮ᠎ᠳᠤ ᠠᠵᠢᠯᠲᠠᠳ ᠠᠮᠢᠳᠤ ᠴᠣᠪᠣᠭᠣᠯᠢᠭ᠋ ᠭᠡᠯᠪᠡᠷᠢ᠎ᠪᠡᠷ ᠤᠯᠠᠨ ᠲᠦᠮᠡᠨ᠎ᠳᠦ ᠦᠨᠳᠦᠰᠦᠲᠡᠨ᠎ᠦ ᠲᠦᠷᠦ᠎ᠶᠢᠨ ᠪᠣᠳᠣᠯᠭ᠎ᠠ᠎ᠶᠢ ᠲᠠᠢᠯᠪᠤᠷᠢᠯᠠᠨ ᠥᠭᠴᠦ᠂《ᠠᠬᠠᠮᠠᠳ ᠺᠠᠳ᠋ᠷ᠂ ᠠᠬᠠᠮᠠᠳ ᠪᠠᠢᠯᠳᠤᠭ᠍ᠴᠢ᠂ ᠠᠬᠠᠮᠠᠳ ᠲᠤᠰᠬᠠᠢ ᠮᠡᠷᠭᠡᠵᠢᠯᠲᠡᠨ᠂ ᠠᠬᠠᠮᠠᠳ ᠪᠠᠭ᠍ᠰᠢ᠂ ᠠᠬᠠᠮᠠᠳ ᠵᠢᠱ᠌ᠢᠶᠡᠴᠢ ᠬᠥᠮᠥᠰ》ᠤᠯᠤᠰ᠎ᠢᠶᠠᠨ ᠬᠠᠢᠷᠠᠯᠠᠬᠤ ᠬᠤᠪᠢᠰᠬᠠᠯᠲᠤ ᠦᠯᠢᠭᠡᠷ᠎ᠢ ᠳᠦᠷᠰᠦᠯᠢᠭ᠎ᠢᠶᠡᠷ ᠶᠠᠷᠢᠨ᠎ᠠ; ᠨᠡᠢᠭᠡᠮ ᠲᠣᠭᠣᠷᠢᠭ᠋᠎ᠤᠨ ᠰᠣᠶᠣᠯ᠎ᠤᠨ ᠠᠵᠢᠯᠯᠠᠭᠠᠨ᠎ᠤ ᠲᠠᠰᠤᠭ᠎ᠲᠤ ᠤᠷᠠᠨ ᠪᠢᠴᠢᠯᠭᠡ ᠵᠢᠨ ᠪᠠᠬᠠᠲᠠᠳ 《ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠦᠨ ᠬᠥᠮᠥᠨ ᠮᠡᠲᠦ ᠳᠣᠲᠣᠨᠣ᠌᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠦᠨ᠎ᠡ》 ᠭᠡᠵᠦ ᠪᠢᠴᠢᠭᠰᠡᠨ ᠪᠠᠢᠳᠠᠭ ᠁ ᠡᠢᠮᠦᠷᠬᠦᠦ ᠦᠵᠡᠭᠳᠡᠯ ᠭᠦᠭᠡᠬᠣᠲᠠ᠎ᠶᠢᠨ ᠬᠣᠲᠣᠩ ᠠᠷᠠᠳ᠎ᠤᠨ ᠲᠣᠭᠣᠷᠢᠭ᠋᠎ᠲᠤ ᠭᠠᠵᠠᠷ ᠰᠠᠢ ᠦᠭᠡᠢ ᠬᠠᠷᠠᠭᠳᠠᠨ᠎ᠠ᠃
ᠣᠢᠷ᠎ᠠ᠎ᠶᠢᠨ ᠵᠢᠯ᠎ᠡᠴᠡ ᠨᠠᠭᠠᠰᠢ᠂ ᠬᠣᠲᠣᠩ ᠠᠷᠠᠳ᠎ᠤᠨ ᠲᠣᠭᠣᠷᠢᠭ᠋ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠤᠯᠭᠠᠵᠤ᠂ 《ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠦᠨ ᠬᠥᠮᠥᠨ ᠮᠡᠲᠦ ᠳᠣᠲᠣᠨᠣ᠌ ᠪᠠᠢᠵᠤ᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠬᠦ》 ᠶᠡᠷᠦᠩᠬᠡᠢ ᠬᠠᠷᠠᠯᠲᠠ᠎ᠶᠢᠨ ᠲᠣᠭᠣᠷᠢᠨ᠎ᠳᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠮᠥᠵᠢᠭᠦᠯᠦᠨ ᠵᠢᠯᠤᠭᠣᠳᠴᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠤᠷᠤᠭᠰᠢᠯᠠᠬᠤ》 ᠶ᠋ᠢ ᠬᠥᠮᠥᠰ᠎ᠤᠨ ᠰᠡᠳᠬᠢᠯ ᠳ᠋ᠤ᠌ ᠬᠠᠳᠠᠩᠰᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠂ ᠤᠯᠤᠰ ᠲᠥᠷᠥ᠎ᠶᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠪᠣᠯᠣᠨ ᠨᠠᠮ᠎ᠤᠨ ᠪᠠᠢᠭᠤᠯᠤᠯᠲᠠ ᠵᠡᠷᠭᠡ ᠡᠯ᠎ᠡ ᠲᠠᠯ᠎ᠠ᠎ᠶᠢᠨ ᠪᠦᠭᠦ ᠶᠠᠪᠤᠴᠠ᠎ᠳᠤ ᠲᠤᠭᠤᠰᠢᠯᠠᠭᠤᠯᠵᠤ᠂ ᠬᠣᠲᠣᠩ ᠠᠷᠠᠳ᠎ᠤᠨ ᠲᠣᠭᠣᠷᠢᠭ᠋᠎ᠤᠨ ᠣᠨᠴᠠᠯᠢᠭ᠋ ᠪᠦᠬᠦᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠦᠢᠯᠡᠳᠦᠯᠭᠡ᠎ᠶᠢᠨ ᠠᠷᠭ᠎ᠠ ᠵᠠᠮ᠎ᠢ ᠰᠦᠪᠡᠭᠴᠢᠯᠡᠨ ᠪᠦᠷᠢᠯᠳᠦᠭᠦᠯᠪᠡ᠃
《ᠮᠢ ᠮᠢ ᠰᠤᠤ ᠯᠠ ᠳ᠋ᠣᠣ ᠳ᠋ᠣᠣ ᠯᠠ ᠰᠤᠤ ᠰᠤᠤ ᠯᠠ ᠰᠤᠤ ᠁》10 ᠰᠠᠷ᠎ᠠ᠎ᠶᠢᠨ 18᠎ᠤ ᠦᠳᠡ᠎ᠶᠢᠨ ᠬᠣᠢᠨ᠎ᠠ᠂ ᠬᠣᠲᠣᠩ ᠠᠷᠠᠳ᠎ᠤᠨ ᠲᠣᠭᠣᠷᠢᠭ᠋᠎ᠤᠨ ᠬᠤᠸᠠᠨ ᠾᠧ ᠵᠡᠭᠡᠯᠢ ᠭᠤᠳᠤᠮᠵᠢ᠎ᠶᠢᠨ ᠠᠵᠢᠯᠴᠢᠨ ᠨᠡᠢᠭᠡᠮ ᠲᠣᠭᠣᠷᠢᠭ᠋᠎ᠤᠨ ᠰᠣᠶᠣᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠲᠥᠪ᠎ᠲᠦ 65 ᠨᠠᠰᠤᠲᠠᠢ ᠸᠠᠩ ᠠᠨᠢᠶ᠎ᠠ ᠳᠠᠭᠤᠤ ᠵᠢᠨ ᠠᠶᠠᠰ ᠪᠣᠯᠪᠠᠰᠤᠷᠠᠵᠤ ᠪᠠᠢᠯ᠎ᠠ᠃
《ᠮᠠᠨ᠎ᠤ ᠨᠡᠢᠭᠡᠮ ᠲᠣᠭᠣᠷᠢᠭ᠋᠎ᠤᠨ ᠨᠠᠢᠷᠠᠯ ᠳᠠᠭᠤᠤ᠎ᠶᠢᠨ ᠪᠦᠯᠭᠦᠮ ᠠᠩᠬ᠎ᠠ ᠡᠬᠢᠨ᠎ᠤ ᠬᠡᠳᠦᠬᠡᠨ ᠬᠥᠮᠥᠨ᠎ᠡᠴᠡ ᠣᠲᠣ᠌ ᠬᠡᠳᠦᠨ ᠠᠷᠪᠠᠨ ᠬᠥᠮᠥᠨ᠎ᠲᠠᠢ ᠪᠣᠯᠵᠤ᠂ ᠤᠯᠠᠨ᠎ᠢᠶᠡᠷ ᠵᠢᠡᠨ ᠬᠠᠮᠲᠤ ᠪᠠᠷ ᠳᠠᠭᠤᠯᠠᠵᠤ ᠤᠷ᠎ᠠ ᠮᠡᠷᠭᠡᠵᠢᠯ ᠵᠢᠡᠨ ᠰᠣᠯᠢᠯᠴᠠᠬᠤ᠎ᠶᠢᠨ ᠬᠠᠮᠲᠤ ᠭᠦᠨ ᠵᠤᠵᠠᠭᠠᠨ ᠨᠥᠬᠥᠷᠯᠡᠯ᠎ᠢ ᠪᠠᠢᠭᠤᠯᠵᠠᠢ》 ᠭᠡᠵᠦ ᠸᠠᠩ ᠠᠨᠢᠶ᠎ᠠ ᠬᠡᠯᠡᠭᠰᠡᠨ᠎ᠢᠶᠡᠨ ᠵᠠᠯᠭᠠᠭᠠᠳ᠂ ᠳᠠᠭᠤᠤ ᠬᠥᠭᠵᠢᠮ᠎ᠤᠨ ᠳᠤᠷ᠎ᠠ ᠪᠠᠬ᠎ᠠ ᠳ᠋ᠤ᠌ ᠬᠥᠲᠥᠯᠥᠭᠳᠡᠨ ᠠᠳᠠᠯᠢ ᠪᠤᠰᠤ ᠦᠨᠳᠦᠰᠦᠲᠡᠨ᠎ᠤ ᠨᠠᠰᠤᠲᠠᠢᠴᠤᠳ ᠨᠢᠭᠡ ᠳᠣᠣᠷ᠎ᠠ ᠴᠤᠭᠯᠠᠷᠠᠨ᠂ ᠲᠠᠢᠰᠠᠨ ᠳᠡᠭᠡᠷ᠎ᠡ ᠢᠲᠡᠭᠡᠯ ᠲᠡᠭᠦᠯᠳᠡᠷ ᠠᠶᠠᠯᠠᠭᠤᠯᠤᠨ ᠳᠠᠭᠤᠯᠠᠬᠤ ᠵᠢᠨ ᠬᠠᠮᠲᠤ ᠠᠮᠢᠳᠤᠷᠠᠯ ᠤ᠋ᠨ ᠳᠤᠮᠳᠠ ᠪᠠᠰᠠ ᠨᠢᠭᠡ ᠭᠡᠷ᠎ᠦᠨ ᠬᠥᠮᠥᠨ ᠰᠢᠭ ᠳᠣᠲᠣᠨᠣ᠌ ᠶᠠᠪᠤᠯᠴᠠᠳᠠᠭ ᠭᠡᠪᠡ᠃
ᠬᠢᠲᠠᠳ᠂ ᠬᠣᠲᠣᠩ᠂ ᠮᠣᠩᠭᠣᠯ ᠵᠡᠷᠭᠡ ᠤᠯᠠᠨ ᠦᠨᠳᠦᠰᠦᠲᠡᠨ᠎ᠲᠠᠢ 7000 ᠭᠠᠷᠤᠢ ᠰᠠᠭᠤᠭᠠᠯᠢ ᠠᠷᠠᠳ᠎ᠲᠠᠢ ᠠᠵᠢᠯᠴᠢᠨ ᠨᠡᠢᠭᠡᠮ ᠲᠣᠭᠣᠷᠢᠭ᠋᠎ᠲᠤ ᠭᠦᠷᠪᠠᠯ᠂ ᠨᠠᠮ᠎ᠤᠨ ᠪᠠᠢᠭᠤᠯᠤᠯᠲᠠ᠎ᠪᠠᠷ ᠰᠠᠭᠤᠷᠢ ᠪᠤᠯᠭᠠᠵᠤ᠂ ᠦᠢᠯᠡᠴᠢᠯᠡᠭᠡ᠎ᠪᠡᠷ ᠵᠠᠭᠤᠴᠢ ᠪᠣᠯᠭᠠᠨ᠂ ᠰᠠᠢᠨ ᠳᠤᠷ᠎ᠠ᠎ᠶᠢᠨ ᠦᠢᠯᠡᠴᠢᠯᠡᠭᠡ᠎ᠪᠡᠷ ᠬᠠᠢᠷ᠎ᠠ ᠰᠡᠳᠬᠢᠯᠭᠡ ᠪᠡᠨ ᠬᠣᠯᠪᠣᠵᠤ᠂ ᠰᠤᠷᠭᠠᠨ ᠬᠥᠮᠦᠵᠢᠯ᠎ᠢᠶᠡᠷ ᠦᠵᠡᠯᠲᠡ ᠲᠠᠨᠢᠯᠲᠠ ᠪᠠᠨ ᠨᠢᠭᠡᠳᠬᠡᠨ᠂ ᠰᠣᠶᠣᠯ᠎ᠢᠶᠠᠷ ᠦᠨᠳᠦᠰᠦ ᠪᠤᠯᠭᠠᠵᠤ᠂ ᠦᠯᠢᠭᠡᠷ ᠵᠢᠱ᠌ᠢᠶ᠎ᠡ ᠪᠡᠷ ᠳᠠᠭᠤᠷᠢᠶᠠᠯ ᠪᠤᠯᠭᠠᠬ᠍ᠰᠠᠨ ᠦᠨᠳᠦᠰᠦᠲᠡᠨ᠎ᠦ ᠪᠦᠯᠬᠦᠮᠳᠡᠯ᠎ᠦᠨ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠪᠠ᠃ ᠤᠬᠠᠭᠤᠯᠭ᠎ᠠ᠎ᠶᠢᠨ ᠵᠢᠭ᠍ᠰᠠᠭᠠᠯ᠎ᠤᠨ ᠭᠠᠵᠠᠷ᠎ᠲᠤ᠂ 《ᠤᠯᠠᠭᠠᠨ ᠠᠨᠠᠷ᠎ᠤᠨ ᠦᠷ᠎ᠡ ᠰᠢᠭ ᠨᠢᠭ᠍ᠲᠠᠷᠠᠨ ᠪᠦᠯᠬᠦᠮᠳᠡᠬᠦ》 ᠤᠷᠠᠨ ᠪᠢᠴᠢᠯᠭᠡ᠎ᠶᠢᠨ ᠪᠣᠯᠪᠠᠰᠤᠷᠠᠯ᠂ 《ᠠᠬᠠᠮᠠᠳ ᠺᠠᠳ᠋ᠷ᠂ ᠠᠬᠠᠮᠠᠳ ᠪᠠᠢᠯᠳᠤᠭ᠍ᠴᠢ᠂ ᠠᠬᠠᠮᠠᠳ ᠲᠤᠰᠬᠠᠢ ᠮᠡᠷᠭᠡᠵᠢᠯᠲᠡᠨ᠂ ᠠᠬᠠᠮᠠᠳ ᠪᠠᠭ᠍ᠰᠢ᠂ ᠠᠬᠠᠮᠠᠳ ᠵᠢᠱ᠌ᠢᠶᠡᠴᠢ ᠬᠥᠮᠥᠰ》 ᠬᠤᠪᠢᠰᠬᠠᠯᠲᠤ ᠤᠯᠤᠰ᠎ᠤᠨ ᠬᠠᠢᠷᠠᠯᠠᠬᠤ ᠥᠯᠢᠭᠡᠷ᠎ᠢ ᠶᠠᠷᠢᠬᠤ᠂ 《ᠱᠣᠭ ᠶᠠᠷᠢᠶ᠎ᠠ ᠴᠠᠷᠭᠢᠯ ᠬᠣᠯᠪᠤᠭ᠎ᠠ》 ᠪᠠᠷ ᠲᠥᠷᠥ᠎ᠶᠢᠨ ᠪᠣᠳᠣᠯᠭ᠎ᠠ᠎ᠶᠢ ᠤᠬᠠᠭᠤᠯᠬᠤ ᠵᠡᠷᠭᠡ ᠣᠯᠠᠨ ᠭᠡᠯᠪᠡᠷᠢ᠎ᠶᠢᠨ ᠠᠵᠢᠯᠯᠠᠭ᠎ᠠ ᠨᠢ ᠨᠠᠮ᠎ᠤᠨ ᠦᠨᠳᠦᠰᠦᠲᠡᠨ᠎ᠦ ᠣᠨᠣᠯ ᠲᠥᠷᠥ᠎ᠶᠢᠨ ᠪᠣᠳᠣᠯᠭ᠎ᠠ᠎ᠶᠢ ᠡᠭᠡᠯ ᠠᠷᠠᠳ᠎ᠤᠨ ᠭᠡᠷ᠎ᠲᠦ ᠣᠷᠣᠭᠤᠯᠤᠭᠰᠠᠨ ᠪᠠᠢᠨ᠎ᠠ᠃ ᠬᠥᠳᠡᠯᠭᠡᠭᠡᠨ᠎ᠦ ᠵᠢᠭ᠍ᠰᠠᠭᠠᠯ᠎ᠤᠨ ᠭᠠᠵᠠᠷ᠂ ᠨᠣᠮ᠎ᠤᠨ ᠥᠷᠥᠭᠡ᠂ ᠰᠣᠶᠣᠯ ᠲᠠᠮᠢᠷ᠎ᠤᠨ ᠬᠥᠳᠡᠯᠭᠡᠭᠡᠨ᠎ᠦ ᠲᠥᠪ᠎ᠢ ᠵᠢᠯ ᠲᠤᠷᠰᠢ ᠰᠦᠢᠳᠬᠡᠯ ᠬᠤᠷᠢᠶᠠᠬᠤ ᠦᠭᠡᠢ᠎ᠪᠡᠷ ᠨᠡᠭᠡᠭᠡᠵᠦ᠂ ᠦᠨᠳᠦᠰᠦᠲᠡᠨ᠎ᠦ ᠪᠦᠯᠬᠦᠮᠳᠡᠯ᠎ᠦᠨ ᠭᠣᠣᠯ ᠰᠡᠳᠦᠪᠲᠦ ᠰᠣᠶᠣᠯ᠎ᠤᠨ ᠨᠠᠢᠷ ᠨᠢ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠲᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠥᠷᠭᠡᠨ ᠠᠭᠤᠳᠠᠮ ᠲᠠᠪᠴᠠᠩ ᠪᠠᠢᠭᠤᠯᠵᠤ ᠥᠭᠴᠡᠢ ᠁ 《 ᠪᠦᠯᠬᠦᠮᠳᠡᠯ᠎ᠦᠨ ᠴᠡᠴᠡᠭᠡᠰ ᠭᠠᠵᠠᠷ ᠰᠠᠢ ᠦᠭᠡᠢ ᠳᠡᠯᠭᠡᠷᠡᠨ᠎ᠡ》 ᠭᠡᠬᠦ ᠨᠢ ᠵᠦᠪᠭᠡᠨ ᠬᠡᠷᠡᠮ ᠳᠡᠭᠡᠷᠡᠬᠢ ᠤᠷᠢᠶ᠎ᠠ ᠯᠣᠽᠦ᠋ᠩ ᠪᠢᠰᠢ᠂ ᠨᠡᠩ ᠴᠸ᠋ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠤᠨ ᠡᠳᠦᠷ ᠲᠤᠳᠤᠮ᠎ᠤᠨ ᠠᠮᠢᠳᠤᠷᠠᠯ᠎ᠤᠨ ᠦᠨᠡᠨ ᠪᠣᠳᠠᠲᠤ ᠵᠢᠷᠤᠭᠯᠠᠯ ᠪᠣᠯᠵᠤ᠂ ᠬᠣᠲᠣᠩ ᠠᠷᠠᠳ᠎ᠤᠨ ᠲᠣᠭᠣᠷᠢᠭ᠋᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠶᠢᠨ ᠬᠤᠷᠢᠶᠠᠩᠭᠤᠢ ᠳᠦᠷᠰᠦ ᠪᠣᠯᠵᠠᠢ᠃ ᠬᠣᠲᠣᠩ ᠠᠷᠠᠳ᠎ᠤᠨ ᠲᠣᠭᠣᠷᠢᠭ᠋ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠤᠯᠭᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠵᠢᠯ᠎ᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠬᠥᠲᠥᠯᠥᠨ ᠵᠢᠯᠤᠭᠣᠳᠴᠤ 《ᠳᠥᠷᠪᠡ ᠶ᠋ᠢ ᠬᠠᠮᠲᠤᠳᠬᠠᠬᠤ》 ᠬᠠᠮᠲᠤ᠎ᠶᠢᠨ ᠴᠣᠭᠴᠠ᠎ᠶᠢᠨ ᠣᠢᠯᠠᠭᠠᠭᠳᠠᠬᠤᠨ᠎ᠢ ᠪᠠᠲᠤ ᠴᠣᠭᠴᠠᠯᠠᠵᠤ᠂ 《ᠲᠠᠪᠤᠨ ᠬᠠᠮᠲᠤ᠎ᠶᠢᠨ ᠲᠠᠨᠢᠯᠲᠠ》 ᠶ᠋ᠢ ᠨᠡᠮᠡᠭᠳᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠪᠦᠭᠦ ᠬᠦᠴᠦᠨ᠎ᠢᠶᠡᠷ᠎ᠢᠶᠡᠨ ᠨᠠᠨᠳᠢᠩᠨᠠᠨ ᠬᠠᠢᠷᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ 《8 + N ᠲᠠᠪᠰᠢᠯᠲᠠ》 ᠶ᠋ᠢ ᠯᠠᠪᠳᠠᠭᠤᠨ ᠪᠠᠲᠤᠲᠠᠢ ᠠᠬᠢᠭᠤᠯᠵᠤ᠂ 《ᠨᠢᠭᠡ ᠭᠣᠣᠯ ᠱᠤᠭᠤᠮ᠎ᠳᠤ ᠠᠩᠬᠠᠷᠤᠯ᠎ᠢᠶᠠᠨ ᠲᠥᠪᠯᠡᠷᠡᠭᠦᠯᠬᠦ᠂ ᠨᠢᠭᠡ ᠵᠦᠢᠯ᠎ᠦᠨ ᠠᠵᠢᠯᠯᠠᠭ᠎ᠠ᠎ᠶᠢ ᠥᠷᠨᠢᠭᠦᠯᠬᠦ᠂ ᠭᠤᠷᠪᠠᠨ ᠵᠦᠢᠯ᠎ᠦᠨ ᠲᠣᠭᠲᠠᠴᠠ᠎ᠶᠢ ᠪᠦᠷᠢᠨᠰᠢᠭᠦᠯᠬᠦ᠂ ᠲᠠᠪᠤᠨ ᠶᠡᠬᠡ ᠢᠨᠵᠧᠨᠧᠷᠢᠩ᠎ᠢ ᠬᠡᠷᠡᠭᠵᠢᠭᠦᠯᠬᠦ》᠂ 《1135》 ᠠᠵᠢᠯ᠎ᠤᠨ ᠰᠡᠳᠬᠢᠴᠡ᠎ᠶᠢ ᠪᠦᠷᠢᠨᠰᠢᠭᠦᠯᠵᠦ᠂ ᠪᠦᠭᠦ ᠲᠣᠭᠣᠷᠢᠭ᠋᠎ᠢ ᠳᠠᠢᠴᠢᠯᠠᠬᠤ᠂ ᠪᠦᠭᠦ ᠠᠷᠠᠳ᠎ᠢ ᠳᠠᠢᠴᠢᠯᠠᠬᠤ᠂ ᠪᠦᠭᠦ ᠨᠡᠢᠭᠡᠮ᠎ᠢᠶᠡᠷ ᠣᠷᠤᠯᠴᠠᠬᠤ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠪᠠ᠃
ᠡᠭᠦᠨ᠎ᠦ ᠬᠠᠮᠲᠤ᠂ ᠭᠣᠣᠯ ᠰᠢᠵᠢᠮ᠎ᠢ ᠲᠤᠭᠤᠰᠢᠯᠠᠭᠤᠯᠬᠤ᠎ᠶᠢ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ᠂ ᠵᠠᠰᠠᠭ᠎ᠤᠨ ᠣᠷᠳᠣᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠂ ᠤᠯᠤᠰ ᠲᠥᠷᠥ᠎ᠶᠢᠨ ᠵᠥᠪᠯᠡᠯᠭᠡᠨ ᠬᠢᠬᠦ ᠡᠯ᠎ᠡ ᠭᠣᠭᠴᠣᠭ᠎ᠠ᠎ᠳᠤ ᠠᠭᠤᠰᠬᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠶ᠋ᠢ ᠲᠤᠰᠬᠠᠢ ᠲᠦᠷᠦᠯ ᠵᠢᠡᠷ ᠱᠠᠯᠠᠪᠳᠠᠭᠤᠯᠤᠨ ᠪᠠᠢᠴᠠᠭᠠᠬᠤ᠎ᠶᠢ ᠣᠨ᠎ᠤ ᠱᠠᠯᠠᠪᠳᠠᠭᠤᠯᠤᠨ ᠪᠠᠢᠴᠠᠭᠠᠵᠤ ᠬᠢᠨᠠᠨ ᠰᠢᠯᠭᠠᠬᠤ ᠲᠥᠯᠥᠪᠯᠡᠭᠡ᠎ᠳᠦ ᠣᠷᠣᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠥᠪᠯᠡᠷᠡᠩᠭᠦᠢ ᠬᠦᠴᠦᠨ᠎ᠢ ᠨᠡᠮᠡᠭᠳᠡᠭᠦᠯᠵᠡᠢ᠃
ᠬᠣᠲᠣᠩ ᠠᠷᠠᠳ᠎ᠤᠨ ᠲᠣᠭᠣᠷᠢᠭ᠋ ᠬᠠᠷᠢᠯᠴᠠᠨ ᠰᠢᠭᠢᠳᠬᠡᠵᠦ ᠬᠠᠮᠲᠤ᠎ᠪᠠᠷ ᠠᠭᠤᠰᠤᠯᠴᠠᠬᠤ᠎ᠶᠢ ᠪᠠᠷᠢᠮᠲᠠᠯᠠᠨ᠂ 《ᠠᠨᠠᠷ᠎ᠤᠨ ᠴᠡᠴᠡᠭᠡᠰ ᠪᠠᠲᠠᠷᠠᠨ ᠳᠡᠯᠭᠡᠷᠡᠵᠦ᠂ ᠦᠵᠡᠰᠬᠦᠯᠡᠩᠲᠦ ᠰᠠᠢᠬᠠᠨ ᠬᠣᠲᠠ ᠶ᠋ᠢ ᠡᠭᠦᠳᠦᠨ ᠪᠠᠢᠭᠤᠯᠬᠤ》 ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠡᠭᠦᠳᠦᠨ ᠪᠠᠶ᠋ᠢᠭᠤᠯᠬᠤ ᠠᠵᠢᠯ᠎ᠤᠨ ᠲᠦᠷᠦᠯ ᠲᠡᠮᠳᠡᠭ᠎ᠢ ᠡᠭᠦᠳᠴᠦ᠂ ᠵᠢᠱ᠌ᠢᠶ᠎ᠡ ᠦᠵᠡᠭᠦᠯᠦᠨ《ᠳᠦᠷᠢ ᠲᠥᠷᠬᠦ ᠶ᠋ᠢ ᠱᠤᠭᠤᠬᠤ》᠂ ᠶᠠᠰᠤ ᠴᠢᠨᠠᠷ᠎ᠢ ᠲᠡᠰ ᠳᠡᠪᠰᠢᠭᠦᠯᠦᠨ 《ᠨᠡᠷ᠎ᠡ ᠵᠢᠨ ᠬᠠᠭᠤᠳᠠᠰᠤ ᠶ᠋ᠢ ᠠᠯᠳᠠᠷᠰᠢᠭᠤᠯᠬᠤ》᠂ ᠪᠦᠬᠦᠯᠢ ᠴᠣᠭᠴᠠ ᠪᠡᠷ ᠨᠢ ᠳᠡᠭᠡᠭᠰᠢᠯᠡᠭᠦᠯᠦᠨ《ᠬᠦᠴᠦᠷᠬᠡᠭᠵᠢᠭᠦᠯᠬᠦ》 ᠠᠵᠢᠯ᠎ᠤᠨ ᠰᠡᠳᠬᠢᠴᠡ ᠶᠣᠰᠣᠭᠠᠷ 《ᠡᠭᠦᠳᠦᠨ ᠪᠠᠶ᠋ᠢᠭᠤᠯᠬᠤ + ᠬᠤᠪᠢᠰᠬᠠᠯᠲᠤ ᠰᠣᠶᠣᠯ᠎ᠢ ᠤᠯᠠᠮᠵᠢᠯᠠᠬᠤ》᠂ 《ᠡᠭᠦᠳᠦᠨ ᠪᠠᠶ᠋ᠢᠭᠤᠯᠬᠤ + ᠲᠡᠦᠬᠡ ᠰᠣᠶᠣᠯ᠎ᠢ ᠤᠯᠠᠮᠵᠢᠯᠠᠬᠤ》᠂ 《ᠡᠭᠦᠳᠦᠨ ᠪᠠᠶ᠋ᠢᠭᠤᠯᠬᠤ + ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠬᠤ》᠂ 《ᠭᠤᠷᠪᠠᠨ ᠦᠯᠢᠭᠡᠷ ᠵᠢᠱ᠌ᠢᠶ᠎ᠡ ᠪᠡᠷ ᠲᠦᠷᠦᠯ ᠲᠡᠮᠳᠡᠭ᠎ᠢ ᠳᠠᠢᠴᠢᠯᠠᠬᠤ》 ᠵᠢᠴᠢ 《ᠲᠦᠭ ᠲᠦᠮᠡᠨ ᠬᠥᠮᠥᠰ᠎ᠢ ᠨᠢᠭ᠍ᠲᠠᠷᠠᠭᠤᠯᠤᠨ᠂ ᠢᠵᠢᠯᠢ ᠲᠥᠪ᠎ᠲᠦ ᠲᠣᠭᠣᠷᠢᠭ᠋᠎ᠢ ᠬᠠᠮᠲᠤ᠎ᠪᠠᠷ ᠵᠢᠷᠤᠭᠯᠠᠬᠤ》 ᠭᠡᠬᠦ ᠣᠨᠴᠠᠯᠢᠭ᠍ᠲᠤ ᠨᠠᠮ᠎ᠤᠨ ᠪᠠᠢᠭᠤᠯᠤᠯᠲᠠ᠎ᠶᠢᠨ ᠲᠦᠷᠦᠯ ᠲᠡᠮᠳᠡᠭ᠎ᠢ ᠬᠦᠴᠦᠯᠡᠨ ᠱᠤᠭᠤᠵᠤ ᠲᠠᠰ ᠳᠡᠪᠰᠢᠭᠦᠯᠪᠡ᠃ ᠨᠡᠢᠭᠡᠮ ᠲᠣᠭᠣᠷᠢᠭ᠋᠎ᠲᠤ 《ᠨᠠᠮ᠎ᠤᠨ ᠶᠡᠷᠦᠩᠬᠡᠢ ᠡᠭᠦᠷ - ᠲᠣᠣᠷᠵᠢᠯ ᠤ᠋ᠨ ᠨᠠᠮ᠎ᠤᠨ ᠡᠭᠦᠷ - ᠠᠰᠠᠷ ᠤ᠋ᠨ ᠨᠠᠮ᠎ᠤᠨ ᠳᠤᠭᠤᠢᠯᠠᠩ》 ᠭᠤᠷᠪᠠᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠢ ᠪᠠᠢᠭᠤᠯᠵᠤ᠂ 《ᠵᠢᠵᠢᠭ ᠰᠠᠨᠳᠠᠯᠢᠲᠤ ᠵᠥᠪᠯᠡᠬᠦ ᠬᠤᠷᠠᠯ》᠂ 《ᠰᠠᠭᠤᠭᠠᠯᠢ ᠠᠷᠠᠳ᠎ᠤᠨ ᠵᠥᠪᠯᠡᠯ》 ᠵᠡᠷᠭᠡ ᠦᠨᠳᠦᠰᠦᠨ ᠱᠠᠲᠤᠨ᠎ᠤ ᠵᠠᠰᠠᠯᠲᠠ᠎ᠶᠢᠨ ᠵᠠᠭᠪᠤᠷ᠎ᠢ ᠳᠡᠯᠭᠡᠷᠡᠭᠦᠯᠦᠨ᠂ ᠦᠨᠳᠦᠰᠦᠲᠡᠨ᠎ᠦ ᠬᠡᠷᠡᠭ ᠶᠠᠪᠤᠳᠠᠯ᠎ᠢ ᠵᠠᠰᠠᠬᠤ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠪᠠ᠃ ᠪᠦᠭᠦ ᠲᠣᠭᠣᠷᠢᠭ᠋ ᠨᠢᠭᠡ ᠪᠠᠯᠭᠠᠰᠤᠨ᠎ᠤ ᠨᠠᠢ᠍ᠮᠠᠨ ᠠᠯᠪᠠᠨ ᠭᠡᠷ᠎ᠦᠨ 75 ᠨᠡᠢᠭᠡᠮ ᠲᠣᠭᠣᠷᠢᠭ᠋ (ᠲᠣᠰᠬᠣᠨ) ᠤ᠋ᠨ ᠤᠬᠠᠭᠤᠯᠭ᠎ᠠ᠎ᠶᠢᠨ ᠡᠬᠢ ᠪᠠᠶᠠᠯᠢᠭ᠋᠎ᠢ ᠨᠡᠢᠳᠬᠡᠨ᠂ ᠣᠯᠠᠨ ᠲᠦᠮᠡᠨ᠎ᠦ ᠡᠳᠦᠷ ᠲᠤᠲᠤᠮ᠎ᠤᠨ ᠠᠮᠢᠳᠤᠷᠠᠯ᠎ᠳᠤ ᠭᠣᠣᠯᠳᠠᠯᠭ᠎ᠠ᠎ᠲᠠᠢ ᠠᠩᠬᠠᠷᠤᠯ᠎ᠢᠶᠠᠨ ᠲᠥᠪᠯᠡᠷᠡᠭᠦᠯᠵᠦ᠂《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ ᠪᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠦᠯᠢᠭᠡᠷ ᠪᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠯᠢᠭᠡᠷ᠎ᠢ ᠰᠠᠢᠲᠤᠷ ᠶᠠᠷᠢᠬᠤ᠂ ᠪᠠᠶᠠᠯᠢᠭ᠋ ᠰᠠᠢᠬᠠᠨ ᠭᠣᠣᠯ ᠰᠡᠳᠦᠪᠲᠦ ᠦᠢᠯᠡᠳᠦᠯᠭᠡ᠎ᠶᠢᠨ ᠠᠵᠢᠯᠯᠠᠭ᠎ᠠ ᠥᠷᠨᠢᠭᠦᠯᠬᠦ᠂ 《ᠶᠢᠰᠦᠨ ᠨᠡᠢᠭᠡᠮ ᠲᠣᠭᠣᠷᠢᠭ᠋ ᠬᠣᠯᠪᠤᠭᠠᠯᠠᠨ ᠬᠥᠳᠡᠯᠦᠯᠴᠡᠬᠦ》 ᠬᠠᠷᠢᠯᠴᠠᠨ ᠰᠤᠷᠤᠯᠴᠠᠵᠤ ᠬᠠᠷᠢᠯᠴᠠᠨ ᠠᠬᠢᠭᠤᠯᠬᠤ ᠠᠵᠢᠯᠯᠠᠭ᠎ᠠ ᠥᠷᠨᠢᠭᠦᠯᠬᠦ᠎ᠶᠢ ᠯᠠᠪᠳᠠᠭᠤᠨ ᠪᠠᠲᠤᠲᠠᠢ ᠠᠬᠢᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠤᠷᠢᠶᠠᠯᠠᠬᠤ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠬᠠᠭᠤᠯᠭ᠎ᠠ᠎ᠶᠢᠨ ᠬᠠᠷᠠᠭ᠎ᠠ ᠶ᠋ᠢ 《ᠡᠴᠦᠰ᠎ᠦᠨ ᠨᠢᠭᠡ 》 ᠭᠦᠷᠲᠡᠯ᠎ᠡ ᠤᠷᠲᠤᠳᠬᠠᠬᠤ᠎ᠶᠢ ᠠᠬᠢᠭᠤᠯᠵᠠᠢ᠃ ᠵᠡᠭᠡᠯᠢ ᠭᠤᠳᠤᠮᠵᠢ᠎ᠠᠴᠠ ᠨᠡᠢᠭᠡᠮ ᠲᠣᠭᠣᠷᠢᠭ᠋᠎ᠤᠨ ᠠᠮᠢᠳᠤᠷᠠᠯ ᠭᠦᠷᠲᠡᠯ᠎ᠡ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠡᠯᠧᠮᠧᠨ᠋ᠲ ᠬᠣᠲᠣᠩ ᠠᠷᠠᠳ᠎ᠤᠨ ᠲᠣᠭᠣᠷᠢᠭ᠋ ᠲᠸ᠋ ᠪᠦᠭᠦ ᠲᠠᠯ᠎ᠠ ᠪᠡᠷ ᠢᠯᠡᠷᠡᠵᠦ ᠪᠤᠢ᠃ ᠰᠢᠭᠢᠳᠭᠡᠯᠳᠦ ᠮᠠᠶᠢᠭ᠋᠎ᠤᠨ ᠨᠡᠢᠭᠡᠮ ᠵᠢᠴᠢ ᠨᠡᠢᠭᠡᠮ ᠲᠣᠭᠣᠷᠢᠭ᠋᠎ᠢ ᠪᠠᠶ᠋ᠢᠭᠤᠯᠬᠤ᠎ᠪᠠᠷ ᠦᠨᠳᠦᠰᠦᠲᠡᠨ᠎ᠨᠦᠭᠦᠳ᠎ᠦᠨ ᠣᠯᠠᠨ ᠲᠦᠮᠡᠨ 《ᠵᠢᠵᠢᠭ ᠭᠡᠷ᠎ᠡᠴᠡ᠎ᠪᠡᠨ ᠭᠠᠷᠴᠤ᠂ ᠨᠡᠢᠭᠡᠮ ᠨᠡᠢᠳᠡ ᠳ᠋ᠤ᠌ ᠠᠭᠤᠰᠤᠯᠴᠠᠬᠤ》 ᠳᠤᠮᠳᠠ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠵᠡᠯ ᠰᠠᠨᠠᠭᠠᠨ᠎ᠤ ᠰᠠᠭᠤᠷᠢ᠎ᠶᠢ ᠲᠠᠰᠤᠷᠠᠯᠲᠠ ᠦᠭᠡᠢ ᠪᠡᠬᠢᠵᠢᠭᠦᠯᠪᠡ᠃ ᠬᠣᠲᠣᠩ ᠠᠷᠠᠳ᠎ᠤᠨ ᠲᠣᠭᠣᠷᠢᠭ᠋᠎ᠤᠨ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠦᠨ ᠡᠷᠭᠢᠯᠡᠭᠴᠢ ᠺᠠᠩ ᠵᠢᠩ᠂ ᠲᠠᠷᠠᠭᠠᠴᠢ᠎ᠶᠢᠨ ᠠᠯᠬᠤᠮ᠎ᠳᠤ᠂ ᠬᠣᠲᠣᠩ ᠠᠷᠠᠳ᠎ᠤᠨ ᠲᠣᠭᠣᠷᠢᠭ᠋ ᠠᠵᠢᠯ᠎ᠤᠨ ᠬᠠᠷᠠᠯᠲᠠ ᠪᠠ ᠡᠭᠦᠷᠭᠡ ᠲᠠᠶ᠎ᠪᠠᠨ ᠬᠠᠷᠢᠴᠠᠭᠤᠯᠤᠨ᠂ ᠠᠵᠢᠯ᠎ᠤᠨ ᠠᠷᠭ᠎ᠠ ᠬᠡᠮᠵᠢᠶ᠎ᠡ᠎ᠪᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢᠵᠢᠭᠤᠯᠤᠨ᠂ ᠨᠡᠢᠭᠡᠮ ᠲᠣᠭᠣᠷᠢᠭ᠋᠎ᠤᠨ ᠦᠨᠳᠦᠰᠦᠲᠡᠨ᠎ᠨᠦᠭᠦᠳ᠎ᠤᠨ ᠰᠠᠭᠤᠭᠠᠯᠢ ᠠᠷᠠᠳ ᠨᠢᠭᠡ ᠭᠡᠷ᠎ᠦᠨ ᠬᠥᠮᠥᠨ ᠮᠡᠲᠦ ᠳᠣᠲᠣᠨᠣ᠌ ᠪᠠᠢᠬᠤ ᠰᠢᠨ᠎ᠡ ᠬᠠᠭᠤᠳᠠᠰᠤ᠎ᠶᠢ ᠬᠠᠮᠲᠤ᠎ᠪᠠᠷ ᠪᠢᠴᠢᠭᠯᠡᠨ᠎ᠡ ᠭᠡᠵᠡᠢ᠃