《ᠠᠷᠪᠠᠳᠤᠭᠠᠷ ᠪᠦᠯᠦᠭ ᠤ᠋ᠨ ᠪᠦᠭᠦ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠶ᠋ᠢᠨ ᠵᠢᠱ᠌ᠢᠶ᠎ᠡ ᠦᠵᠡᠭᠦᠯᠭᠦ ᠬᠣᠲᠠ》 ᠪᠣᠯᠣᠨ 《ᠳᠣᠯᠣᠳᠤᠭᠠᠷ ᠬᠤᠭᠤᠴᠠᠭᠠᠨ ᠤ᠋ ᠪᠦᠭᠦ ᠤᠯᠤᠰ ᠤ᠋ᠨ ᠪᠣᠯᠪᠠᠰᠤᠨ ᠬᠣᠲᠠ》 ᠪᠣᠯᠤᠭᠰᠠᠨ ᠤ᠋ ᠬᠤᠪᠢ ᠳ᠋ᠤ᠌᠂ ᠭᠦᠭᠡᠬᠣᠲᠠ ᠣᠷᠣᠨ ᠵᠠᠢ᠂ ᠰᠣᠶᠣᠯ᠂ ᠠᠵᠤ ᠠᠬᠤᠢ᠂ ᠨᠡᠢᠭᠡᠮ᠂ ᠰᠡᠳᠬᠢᠴᠡ ᠵᠡᠷᠭᠡ ᠣᠯᠠᠨ ᠲᠠᠯ᠎ᠠ ᠪᠠᠷ ᠬᠠᠷᠢᠯᠴᠠᠨ ᠰᠢᠭᠢᠳᠭᠡᠯᠳᠦᠭᠦ ᠪᠡᠷ ᠴᠢᠬᠤᠯᠠ ᠭᠠᠷᠳᠠᠴᠠ ᠪᠤᠯᠭᠠᠵᠤ᠂ ᠨᠡᠢᠭᠡᠮ ᠲᠣᠭᠣᠷᠢᠭ᠋ ᠢ᠋ ᠦᠨᠳᠦᠰᠦᠲᠡᠨᠨᠦᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭᠠᠶᠢᠨ ᠲᠠᠪᠠᠲᠠᠢ ᠭᠠᠵᠠᠷ ᠪᠣᠯᠭᠠᠨ ᠴᠣᠭᠴᠠᠯᠠᠪᠠ᠃
ᠣᠷᠣᠨ ᠵᠠᠢ ᠶ᠋ᠢᠨ ᠲᠠᠯ᠎ᠠ ᠪᠠᠷ ᠬᠠᠷᠢᠯᠴᠠᠨ ᠰᠢᠭᠢᠳᠭᠡᠯᠳᠦᠵᠦ ᠡᠶ᠎ᠡ ᠨᠠᠢᠷᠲᠠᠢ ᠬᠠᠮᠲᠤᠷᠠᠨ ᠣᠷᠣᠰᠢᠬᠤ ᠪᠠᠢᠳᠠᠯᠢ ᠪᠤᠢ ᠪᠣᠯᠭᠠᠪᠠ
ᠣᠷᠣᠨ ᠵᠠᠢ ᠪᠣᠯ ᠦᠨᠳᠦᠰᠦᠲᠡᠨ ᠤ᠋ ᠪᠦᠯᠬᠦᠮᠳᠡᠯ ᠤ᠋ᠨ ᠹᠢᠽᠢᠺ ᠤ᠋ᠨ ᠰᠠᠭᠤᠷᠢ ᠮᠥᠨ᠃ ᠭᠦᠭᠡᠬᠣᠲᠠ ᠨᠡᠢᠭᠡᠮ ᠲᠣᠭᠣᠷᠢᠭ᠋ ᠤ᠋ᠨ ᠪᠠᠢᠷᠢᠰᠢᠯ ᠢ᠋ ᠰᠢᠯᠢᠳᠡᠭᠵᠢᠭᠦᠯᠬᠦ ᠪᠡᠷ ᠳᠠᠮᠵᠢᠭᠤᠯᠤᠨ᠂ ᠭᠣᠣᠯ ᠰᠡᠳᠦᠪᠲᠦ ᠵᠢᠭ᠍ᠰᠠᠭᠠᠯ ᠤ᠋ᠨ ᠭᠠᠵᠠᠷ ᠢ᠋ ᠪᠠᠢᠭᠤᠯᠵᠤ᠂ ᠦᠨᠳᠦᠰᠦᠲᠡᠨᠨᠦᠭᠦᠳ ᠤ᠋ᠨ ᠣᠯᠠᠨ ᠲᠦᠮᠡᠨ ᠢ᠋ ᠣᠷᠣᠨ ᠵᠠᠢ ᠶ᠋ᠢ ᠬᠠᠮᠲᠤ ᠪᠠᠷ ᠡᠳ᠋ᠯᠡᠬᠦ ᠳᠤᠮᠳᠠ ᠠᠶᠠᠨᠳᠠᠭᠠᠨ ᠠᠭᠤᠰᠤᠯᠴᠠᠭᠤᠯᠪᠠ᠃
ᠣᠢᠷ᠎ᠠ ᠶ᠋ᠢᠨ ᠵᠢᠯ ᠡᠴᠡ ᠨᠠᠭᠠᠰᠢ᠂ ᠭᠦᠭᠡᠬᠣᠲᠠ ᠦᠨᠳᠦᠰᠦᠲᠡᠨᠨᠦᠭᠦᠳ ᠤ᠋ᠨ ᠬᠥᠮᠥᠨ ᠠᠮᠠ ᠶ᠋ᠢᠨ ᠶᠡᠬᠡ ᠨᠡᠭᠦᠳᠡᠯ᠂ ᠶᠡᠬᠡ ᠠᠭᠤᠰᠤᠯᠴᠠᠯ ᠤ᠋ᠨ ᠬᠠᠨᠳᠤᠰᠢ ᠳ᠋ᠤ᠌ ᠵᠣᠬᠢᠴᠠᠭᠤᠯᠤᠨ᠂ 《ᠠᠨᠠᠷ ᠤ᠋ᠨ ᠦᠷ᠎ᠡ》 ᠭᠣᠣᠯ ᠰᠡᠳᠦᠪᠲᠦ ᠵᠢᠭ᠍ᠰᠠᠭᠠᠯ ᠤ᠋ᠨ ᠭᠠᠵᠠᠷ ᠢ᠋ ᠪᠦᠭᠦ ᠣᠷᠣᠨ ᠪᠦᠰᠡ ᠳ᠋ᠤ᠌ ᠪᠦᠷᠬᠦᠭᠦᠯᠬᠦ ᠪᠡᠷ ᠬᠠᠷᠠᠯᠲᠠ ᠪᠤᠯᠭᠠᠵᠤ᠂ ᠣᠷᠣᠨ ᠵᠠᠢ ᠶ᠋ᠢᠨ ᠪᠠᠢᠷᠢᠰᠢᠭᠤᠯᠤᠯᠲᠠᠶᠢ ᠦᠷᠭᠦᠯᠵᠢᠯᠡᠨ ᠰᠢᠯᠢᠳᠡᠭᠵᠢᠭᠦᠯᠪᠡ᠃ ᠵᠠᠰᠠᠭ ᠵᠠᠬᠢᠷᠭᠠᠨ ᠤ᠋ ᠣᠷᠣᠨ ᠤ᠋ ᠬᠤᠪᠢᠶᠠᠷᠢᠯᠠᠯ ᠤ᠋ᠨ ᠲᠣᠬᠢᠷᠠᠭᠤᠯᠤᠯᠲᠠ ᠶ᠋ᠢᠨ ᠲᠠᠯ᠎ᠠ ᠪᠡᠷ᠂ 8 ᠵᠡᠭᠡᠯᠢ ᠭᠤᠳᠤᠮᠵᠢ᠂ 94 ᠨᠡᠢᠭᠡᠮ ᠲᠣᠭᠣᠷᠢᠭ᠋ ᠢ᠋ ᠰᠢᠨ᠎ᠡ ᠪᠡᠷ ᠨᠡᠮᠡᠭᠳᠡᠭᠦᠯᠵᠦ᠂ ᠦᠨᠳᠦᠰᠦᠨ ᠱᠠᠲᠤᠨ ᠤ᠋ ᠵᠠᠰᠠᠯᠲᠠ ᠶ᠋ᠢᠨ ᠨᠢᠭᠡᠴᠢᠶᠢ ᠤᠯᠠᠮ ᠴᠢᠨᠠᠭᠰᠢᠳᠠ ᠲᠡᠭᠦᠯᠳᠡᠷᠵᠢᠭᠦᠯᠪᠡ; 《〈ᠤᠯᠠᠭᠠᠨ ᠠᠨᠠᠷ ᠤ᠋ᠨ ᠥᠷᠲᠡᠭᠡ〉 ᠶ᠋ᠢ ᠪᠦᠲᠦᠭᠡᠨ ᠪᠠᠢᠭᠤᠯᠬᠤ ᠵᠢᠯᠤᠭᠣᠳᠬᠤ ᠰᠠᠨᠠᠯ》 ᠢ᠋ ᠲᠣᠭᠲᠠᠭᠠᠵᠤ᠂ 459 《ᠤᠯᠠᠭᠠᠨ ᠠᠨᠠᠷ ᠤ᠋ᠨ ᠥᠷᠲᠡᠭᠡ》ᠶᠢ ᠪᠦᠲᠦᠭᠡᠨ ᠪᠠᠢᠭᠤᠯᠬᠤ ᠶ᠋ᠢᠨ ᠬᠠᠮᠲᠤ ᠬᠠᠮᠲᠤ ᠪᠠᠷ ᠡᠳ᠋ᠯᠡᠬᠦ ᠠᠵᠢᠯᠯᠠᠭᠠᠨ ᠤ᠋ ᠲᠠᠰᠤᠭ᠂ ᠦᠨᠳᠦᠰᠦᠲᠡᠨ ᠤ᠋ ᠪᠦᠯᠬᠦᠮᠳᠡᠯ ᠤ᠋ᠨ ᠭᠣᠣᠯ ᠰᠡᠳᠦᠪᠲᠦ ᠤᠷᠲᠤ ᠬᠣᠩᠭᠢᠯ ᠢ᠋ ᠢᠵᠢ ᠪᠦᠷᠢᠳᠦᠭᠦᠯᠦᠨ ᠪᠦᠲᠦᠭᠡᠨ ᠪᠠᠢᠭᠤᠯᠪᠠ᠃ ᠡᠲᠡᠭᠡᠷ ᠠᠷᠭ᠎ᠠ ᠬᠡᠮᠵᠢᠶ᠎ᠡ ᠨᠢ ᠦᠨᠳᠦᠰᠦᠲᠡᠨᠨᠦᠭᠦᠳ ᠤ᠋ᠨ ᠣᠯᠠᠨ ᠲᠦᠮᠡᠨ ᠤ᠋ ᠪᠣᠳᠠᠲᠠᠢ ᠣᠷᠣᠨ ᠵᠠᠢᠶᠢ ᠣᠢᠷᠠᠲᠤᠭᠤᠯᠵᠤ᠂ ᠭᠦᠨᠵᠡᠭᠡᠢ ᠠᠭᠤᠰᠤᠯᠴᠠᠬᠤ ᠳ᠋ᠤ᠌ ᠪᠠᠲᠤ ᠪᠡᠬᠢ ᠰᠠᠭᠤᠷᠢ ᠲᠠᠯᠪᠢᠵᠤ ᠥᠭᠴᠡᠢ᠃
ᠰᠣᠶᠣᠯ ᠤ᠋ᠨ ᠲᠠᠯ᠎ᠠ ᠪᠠᠷ ᠬᠠᠷᠢᠯᠴᠠᠨ ᠰᠢᠭᠢᠳᠭᠡᠯᠳᠦᠵᠦ ᠪᠦᠯᠬᠦᠮᠳᠡᠯ ᠨᠠᠢᠷᠠᠮᠳᠠᠯᠤᠨ ᠡᠶ᠎ᠡ ᠵᠣᠬᠢᠴᠠᠩᠭᠤᠢ ᠠᠶᠠᠰᠢ ᠴᠢᠪᠬᠠᠳᠠᠪᠠ
ᠰᠣᠶᠣᠯ ᠪᠣᠯ ᠦᠨᠳᠦᠰᠦᠲᠡᠨ ᠤ᠋ ᠪᠦᠯᠬᠦᠮᠳᠡᠯ ᠤ᠋ᠨ ᠦᠨᠳᠦᠰᠦ ᠰᠤᠷᠪᠤᠯᠵᠢ ᠮᠥᠨ᠃ ᠭᠦᠭᠡᠬᠣᠲᠠ ᠰᠣᠶᠣᠯ ᠢ᠋ᠶ᠋ᠡᠷ ᠬᠥᠭᠥᠷᠭᠡ ᠪᠤᠯᠭᠠᠵᠤ᠂ ᠲᠦᠷᠦ ᠶ᠋ᠢᠨ ᠪᠣᠳᠣᠯᠭ᠎ᠠ ᠶ᠋ᠢᠨ ᠤᠬᠠᠭᠤᠯᠭ᠎ᠠ᠂ ᠣᠨᠴᠠᠯᠢᠭ᠍ᠲᠤ ᠠᠵᠢᠯᠯᠠᠭ᠎ᠠ᠂ ᠰᠣᠶᠣᠯ ᠤ᠋ᠨ ᠰᠢᠨ᠎ᠡ ᠡᠭᠦᠳᠦᠯᠲᠡ ᠪᠡᠷ ᠳᠠᠮᠵᠢᠭᠤᠯᠵᠤ᠂ ᠠᠳᠠᠯᠢ ᠪᠤᠰᠤ ᠦᠨᠳᠦᠰᠦᠲᠡᠨ ᠤ᠋ ᠰᠣᠶᠣᠯᠤᠨ ᠰᠣᠯᠢᠯᠴᠠᠭᠠᠨ ᠤ᠋ ᠳᠤᠮᠳᠠ ᠬᠠᠷᠢᠯᠴᠠᠨ ᠲᠣᠯᠢ ᠪᠤᠯᠭᠠᠵᠤ ᠬᠠᠮᠲᠤ ᠪᠠᠷ ᠣᠷᠣᠰᠢᠵᠤ᠂ ᠤᠶᠤᠨ ᠰᠠᠨᠠᠭᠠᠨ ᠤ᠋ ᠬᠠᠮᠲᠤ ᠶ᠋ᠢᠨ ᠲᠠᠨᠢᠯᠲᠠ ᠶ᠋ᠢ ᠨᠢᠭ᠍ᠲᠠᠷᠠᠭᠤᠯᠪᠠ᠃
ᠢᠦᠢᠴᠢᠤᠸᠠᠨ ᠲᠣᠭᠣᠷᠢᠭ᠋ ᠤ᠋ᠨ ᠴᠢᠩ ᠴᠢᠤᠸᠠᠨ ᠵᠡᠭᠡᠯᠢ ᠶ᠋ᠢᠨ ᠨᠡᠢᠭᠡᠮ ᠲᠣᠭᠣᠷᠢᠭ᠋ ᠤ᠋ᠨ ᠡᠵᠢ ᠪᠥᠵᠢᠭ ᠤ᠋ᠨ ᠠᠩᠭᠢ ᠨᠢ ᠬᠢᠲᠠᠳ ᠦᠨᠳᠦᠰᠦᠲᠡᠨ᠂ ᠮᠣᠩᠭᠣᠯ ᠦᠨᠳᠦᠰᠦᠲᠡᠨ᠂ ᠬᠣᠲᠣᠩ ᠦᠨᠳᠦᠰᠦᠲᠡᠨ ᠤ᠋ ᠰᠠᠭᠤᠭᠠᠯᠢ ᠠᠷᠠᠳ ᠢ᠋ᠶ᠋ᠡᠷ ᠪᠦᠷᠢᠯᠳᠦᠵᠦ᠂ ᠮᠣᠩᠭᠣᠯ ᠦᠨᠳᠦᠰᠦᠲᠡᠨ ᠤ᠋ ᠠᠨᠳᠠᠢ ᠪᠥᠵᠢᠭ ᠪᠣᠯᠣᠨ ᠬᠢᠲᠠᠳ ᠦᠨᠳᠦᠰᠦᠲᠡᠨ ᠤ᠋ ᠶᠠᠩᠭᠠᠷ ᠪᠥᠵᠢᠭ ᠢ᠋ ᠠᠭᠤᠰᠤᠯᠴᠠᠭᠤᠯᠵᠤ᠂ ᠡᠭᠦᠳᠦᠨ ᠵᠣᠬᠢᠶᠠᠭᠰᠠᠨ 《ᠦᠨᠳᠦᠰᠦᠲᠡᠨᠨᠦᠭᠦᠳ ᠪᠦᠯᠬᠦᠮᠳᠡᠨ ᠨᠢᠭᠡ ᠭᠡᠷ ᠮᠡᠲᠦ ᠳᠣᠲᠣᠨᠣ᠌》 ᠭᠡᠬᠦ ᠪᠥᠵᠢᠭ ᠨᠢ ᠨᠡᠢᠭᠡᠮ ᠲᠣᠭᠣᠷᠢᠭ᠋ ᠤ᠋ᠨ ᠨᠢᠭᠡᠨ ᠰᠣᠶᠣᠯ ᠤ᠋ᠨ ᠲᠦᠷᠦᠯ ᠲᠡᠮᠳᠡᠭ ᠪᠣᠯᠵᠠᠢ᠃ ᠬᠣᠲᠣᠩ ᠠᠷᠠᠳ ᠤ᠋ᠨ ᠲᠣᠭᠣᠷᠢᠭ᠋ ᠤ᠋ᠨ ᠨᠡᠢᠭᠡᠮ ᠲᠣᠭᠣᠷᠢᠭ᠋ ᠤ᠋ᠨ ᠠᠵᠢᠯᠯᠠᠭ᠎ᠠ ᠨᠢ ᠠᠳᠠᠯᠢᠬᠠᠨ ᠬᠥᠭᠵᠢᠶᠡᠨᠲᠡᠢ ᠶᠠᠪᠤᠭᠳᠠᠵᠤ᠂ ᠶᠠᠨ ᠾᠧ ᠨᠡᠢᠭᠡᠮ ᠲᠣᠭᠣᠷᠢᠭ᠋ᠤᠨ ᠭᠢᠨ ᠲᠣᠭᠲᠠᠮᠠᠯ ᠬᠤᠭᠤᠴᠠᠭᠠᠲᠠᠢ ᠪᠡᠷ 《ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ ᠢ᠋ ᠪᠡᠶᠡᠴᠢᠯᠡᠨ ᠣᠢᠯᠠᠭᠠᠬᠤ ᠡᠳᠦᠷ》 ᠤ᠋ᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨᠨᠦᠭᠦᠳ ᠤ᠋ᠨ ᠰᠠᠭᠤᠭᠠᠯᠢ ᠠᠷᠠᠳ ᠬᠠᠮᠲᠤ ᠪᠠᠷ ᠪᠠᠩᠰᠢ ᠪᠠᠷᠢᠵᠤ᠂ ᠴᠠᠭᠠᠨ ᠢᠳᠡᠭᠡ ᠬᠢᠵᠦ᠂ ᠬᠣᠣᠰ ᠤᠶᠠᠩᠭ᠎ᠠ ᠪᠢᠴᠢᠵᠦ᠂ ᠴᠣᠩᠬᠣᠨ ᠤ᠋ ᠴᠠᠭᠠᠰᠤᠨ ᠰᠡᠢᠯᠦᠮᠡᠯ ᠬᠠᠢᠴᠢᠯᠠᠵᠤ᠂ ᠦᠨᠳᠦᠰᠦᠲᠡᠨᠤ ᠥᠪᠡᠷᠮᠢᠴᠡ ᠰᠣᠶᠣᠯᠤᠨ ᠣᠨᠴᠠᠯᠢᠭ᠋ᠢᠶᠠᠨ ᠪᠠᠳᠠᠷᠠᠭᠤᠯᠤᠨ ᠡᠶ᠎ᠡ ᠨᠠᠢᠷᠲᠠᠢ ᠬᠠᠮᠲᠤ ᠣᠷᠣᠰᠢᠬᠤ ᠰᠣᠶᠣᠯ ᠤ᠋ᠨ ᠷᠢᠳᠢ ᠰᠢᠳᠢᠶᠢ ᠭᠠᠢᠬᠠᠭᠤᠯᠪᠠ᠃
ᠠᠵᠤ ᠠᠬᠤᠢ ᠶ᠋ᠢᠨ ᠲᠠᠯ᠎ᠠ ᠪᠠᠷ ᠬᠠᠷᠢᠯᠴᠠᠨ ᠰᠢᠭᠢᠳᠭᠡᠯᠳᠦᠵᠦ ᠬᠠᠮᠲᠤ ᠪᠡᠷ ᠬᠥᠭᠵᠢᠬᠦᠶᠢᠨ ᠳᠣᠲᠣᠭᠠᠳᠤ ᠬᠥᠳᠡᠯᠭᠡᠭᠴᠢ ᠬᠦᠴᠦᠨ ᠢ᠋ ᠬᠥᠭᠵᠢᠭᠡᠨ᠎ᠡ
ᠠᠵᠤ ᠠᠬᠤᠢ ᠶ᠋ᠢᠨ ᠲᠠᠯ᠎ᠠ ᠪᠠᠷ ᠬᠠᠮᠲᠤ ᠪᠡᠷ ᠠᠰᠢᠭ᠋ ᠭᠦᠷᠳᠡᠭᠦ ᠪᠣᠯ ᠦᠨᠳᠦᠰᠦᠲᠡᠨ ᠤ᠋ ᠪᠦᠯᠬᠦᠮᠳᠡᠯ ᠤ᠋ᠨ ᠪᠠᠲᠤ ᠪᠡᠬᠢ ᠲᠤᠯᠭᠠᠭᠤᠷᠢᠯᠠᠯ ᠮᠥᠨ᠃ ᠭᠦᠭᠡᠬᠣᠲᠠ ᠦᠨᠳᠦᠰᠦᠲᠡᠨᠨᠦᠭᠦᠳ ᠤ᠋ᠨ ᠣᠯᠠᠨ ᠲᠦᠮᠡᠨ ᠤ᠋ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠬᠡᠷᠡᠭᠴᠡᠭᠡ ᠱᠠᠭᠠᠷᠳᠠᠯᠭ᠎ᠠ ᠳ᠋ᠤ᠌ ᠠᠩᠬᠠᠷᠤᠯ ᠢ᠋ᠶ᠋ᠡᠨ ᠲᠥᠪᠯᠡᠷᠡᠭᠦᠯᠵᠦ᠂ ᠦᠢᠯᠡᠴᠢᠯᠡᠭᠡᠨ ᠤ᠋ ᠲᠠᠪᠴᠠᠩ ᠪᠠᠢᠭᠤᠯᠬᠤ᠂ ᠤᠷ᠎ᠠ ᠴᠢᠳᠠᠪᠤᠷᠢ ᠶ᠋ᠢᠨ ᠪᠣᠯᠪᠠᠰᠤᠷᠠᠯ ᠥᠷᠨᠢᠭᠦᠯᠬᠦ᠂ ᠦᠢᠯᠡᠰ ᠪᠣᠰᠬᠠᠬᠤ ᠲᠥᠷᠥᠯ ᠵᠦᠢᠯ ᠢ᠋ ᠨᠡᠪᠴᠢᠭᠦᠯᠬᠦ ᠪᠡᠷ ᠳᠠᠮᠵᠢᠭᠤᠯᠤᠨ᠂ ᠦᠨᠳᠦᠰᠦᠲᠡᠨᠨᠦᠭᠦᠳ ᠤ᠋ᠨ ᠣᠯᠠᠨ ᠲᠦᠮᠡᠨ ᠤ᠋ ᠬᠠᠮᠲᠤ ᠪᠠᠷ ᠬᠥᠭᠵᠢᠬᠦ ᠳᠤᠮᠳᠠ ᠬᠦᠷᠲᠡᠮᠵᠢ ᠶ᠋ᠢᠨ ᠲᠥᠷᠥᠭᠳᠡᠯ ᠢ᠋ ᠨᠡᠮᠡᠭᠳᠡᠭᠦᠯᠪᠡ᠃
ᠡᠨᠡ ᠵᠢᠯ ᠡᠴᠡ ᠨᠠᠭᠠᠰᠢ᠂ ᠭᠦᠭᠡᠬᠣᠲᠠ ᠶ᠋ᠢᠨ ᠡᠯ᠎ᠡ ᠨᠡᠢᠭᠡᠮ ᠲᠣᠭᠣᠷᠢᠭ᠋ᠤᠨ ᠭᠢᠨ ᠰᠠᠨᠠᠭᠠᠴᠢᠯᠠᠭ᠎ᠠ ᠡᠴᠡ ᠬᠠᠷᠢᠭᠤᠴᠠᠯᠭ᠎ᠠ ᠡᠭᠦᠷᠭᠡᠯᠡᠨ᠂ ᠠᠵᠢᠯ ᠣᠯᠭᠣᠵᠤ ᠬᠠᠪᠰᠤᠷᠤᠨ ᠲᠡᠳᠬᠦᠬᠦ ᠥᠷᠲᠡᠭᠡᠶᠢ ᠪᠠᠢᠭᠤᠯᠵᠤ᠂ ᠭᠡᠷ ᠲᠤᠨᠢ ᠬᠦᠷᠴᠦ ᠭᠦᠳᠡᠯᠮᠦᠷᠢ ᠬᠦᠴᠦᠨ ᠤ᠋ ᠬᠡᠷᠡᠭᠴᠡᠭᠡᠶᠢ ᠲᠣᠳᠣᠷᠬᠠᠢ ᠣᠢᠯᠠᠭᠠᠬᠤ ᠶ᠋ᠢᠨ ᠬᠠᠮᠲᠤ ᠠᠵᠢᠯ ᠤ᠋ᠨ ᠡᠬᠡ ᠲᠠᠩᠰᠠ ᠪᠠᠢᠭᠤᠯᠪᠠ; 《ᠣᠶᠤᠨᠲᠤ ᠠᠵᠢᠯ ᠣᠯᠭᠣᠯᠲᠠ ᠶ᠋ᠢᠨ ᠦᠢᠯᠡᠴᠢᠯᠡᠭᠡᠨ ᠤ᠋ ᠡᠭᠦᠯᠡᠨ ᠲᠠᠪᠴᠠᠩ》 ᠳ᠋ᠤ᠌ ᠲᠦᠰᠢᠭᠯᠡᠨ ᠬᠥᠮᠥᠨ ᠪᠠ ᠠᠵᠢᠯ ᠤ᠋ᠨ ᠪᠠᠢᠷᠢᠶᠢ ᠣᠨᠣᠴᠠᠲᠠᠢ ᠪᠠᠷ ᠵᠣᠬᠢᠴᠠᠭᠤᠯᠬᠤᠶᠢ ᠪᠡᠶᠡᠯᠡᠭᠦᠯᠪᠡ; ᠠᠵᠢᠯ ᠣᠯᠭᠣᠯᠲᠠ ᠶ᠋ᠢᠨ ᠰᠢᠭᠤᠳ ᠨᠡᠪᠲᠡᠷᠡᠭᠦᠯᠭᠡ᠂ ᠨᠡᠢᠭᠡᠮ ᠲᠣᠭᠣᠷᠢᠭ᠋ ᠤ᠋ᠨ ᠠᠵᠢᠯᠴᠢᠨ ᠬᠡᠷᠡᠭᠯᠡᠬᠦ ᠮᠡᠳᠡᠭᠡ ᠵᠠᠩᠭᠢᠶᠢ ᠬᠠᠮᠲᠤ ᠪᠡᠷ ᠡᠳ᠋ᠯᠡᠬᠦ ᠪᠡᠷ ᠳᠠᠮᠵᠢᠭᠤᠯᠤᠨ ᠠᠵᠢᠯ ᠣᠯᠭᠣᠯᠲᠠ ᠶ᠋ᠢᠨ ᠠᠷᠭ᠎ᠠ ᠵᠠᠮ ᠢ᠋ ᠥᠷᠭᠡᠳᠭᠡᠪᠡ; ᠡᠭᠦᠨ ᠤ᠋ ᠬᠠᠮᠲᠤ ᠠᠵᠢᠯ ᠣᠯᠬᠤ ᠳ᠋ᠤ᠌ ᠬᠦᠴᠢᠷᠳᠡᠯᠲᠡᠢ ᠬᠥᠮᠥᠰ ᠲᠦ᠍ ᠦᠢᠯᠡᠰ ᠪᠣᠰᠬᠠᠬᠤ ᠶ᠋ᠢ ᠨᠡᠪᠴᠢᠭᠦᠯᠬᠦ ᠰᠠᠭᠤᠷᠢᠨ ᠬᠢᠭᠡᠳ ᠵᠢᠯᠣᠭᠣᠳᠤᠯᠭ᠎ᠠ ᠶ᠋ᠢᠨ ᠦᠢᠯᠡᠴᠢᠯᠡᠭᠡ ᠬᠠᠩᠭᠠᠵᠤ᠂ ᠠᠵᠢᠯ ᠡᠷᠬᠢᠯᠡᠭᠰᠡᠳ ᠢ᠋ ᠵᠣᠬᠢᠶᠠᠨ ᠪᠠᠢᠭᠤᠯᠵᠤ ᠪᠠᠢᠭᠠᠳ ᠦᠨᠡᠨᠴᠢ ᠢᠲᠡᠭᠡᠮᠵᠢᠲᠡᠢ ᠠᠵᠢᠯ ᠣᠯᠭᠣᠯᠲᠠ ᠶ᠋ᠢᠨ ᠠᠮᠠᠯᠠᠯᠲᠠ ᠶ᠋ᠢᠨ ᠪᠢᠴᠢᠭ ᠲᠦ᠍ ᠭᠠᠷ ᠤ᠋ᠨ ᠥᠰᠥᠭ ᠵᠢᠷᠤᠭᠤᠯᠵᠤ᠂ ᠨᠡᠢᠭᠡᠮ ᠲᠣᠭᠣᠷᠢᠭ᠋ ᠡᠴᠡ ᠢᠲᠡᠭᠡᠮᠵᠢ ᠶ᠋ᠢᠨ ᠪᠠᠲᠤᠯᠠᠪᠤᠷᠢ ᠬᠢᠵᠦ ᠠᠵᠢᠯ ᠣᠯᠭᠣᠯᠲᠠ ᠶ᠋ᠢᠨ ᠲᠣᠭᠲᠠᠭᠤᠨ ᠪᠠᠢᠳᠠᠯ ᠢ᠋ ᠪᠠᠲᠤᠯᠠᠪᠠ᠃
ᠨᠡᠢᠭᠡᠮ ᠤ᠋ᠨ ᠲᠠᠯ᠎ᠠ ᠪᠠᠷ ᠬᠠᠷᠢᠯᠴᠠᠨ ᠰᠢᠭᠢᠳᠭᠡᠯᠳᠦᠵᠦ ᠪᠦᠭᠦᠳᠡᠭᠡᠷ ᠣᠷᠤᠯᠴᠠᠬᠤ ᠵᠠᠰᠠᠯᠲᠠ ᠶ᠋ᠢᠨ ᠲᠣᠣᠷ ᠢ᠋ ᠨᠢᠭ᠍ᠲᠠ ᠰᠦᠯᠵᠢᠪᠡ
ᠨᠡᠢᠭᠡᠮ ᠢ᠋ᠶ᠋ᠡᠷ ᠢ᠋ᠶ᠋ᠡᠨ ᠬᠠᠮᠲᠤ ᠪᠡᠷ ᠵᠠᠰᠠᠬᠤ ᠪᠣᠯ ᠦᠨᠳᠦᠰᠦᠲᠡᠨ ᠤ᠋ ᠪᠦᠯᠬᠦᠮᠳᠡᠯ ᠤ᠋ᠨ ᠪᠠᠲᠤᠯᠠᠭ᠎ᠠ ᠮᠥᠨ᠃ ᠭᠦᠭᠡᠬᠣᠲᠠ ᠦᠨᠳᠦᠰᠦᠨ ᠱᠠᠲᠤᠨ ᠤ᠋ ᠵᠠᠰᠠᠯᠲᠠ ᠪᠡᠷ ᠭᠠᠷᠳᠠᠴᠠ ᠪᠤᠯᠭᠠᠵᠤ᠂ ᠵᠣᠬᠢᠶᠠᠨ ᠪᠠᠢᠭᠤᠯᠤᠯᠲᠠᠶᠢ ᠪᠠᠢᠭᠤᠯᠤᠨ ᠬᠦᠴᠦᠷᠬᠡᠭᠵᠢᠭᠦᠯᠬᠦ᠂ ᠲᠣᠭᠲᠠᠴᠠ ᠶ᠋ᠢᠨ ᠰᠢᠨᠡᠶᠢ ᠡᠭᠦᠳᠬᠦ᠂ ᠣᠨᠣᠴᠠᠲᠠᠢ ᠦᠢᠯᠡᠴᠢᠯᠡᠬᠦ ᠪᠡᠷ ᠳᠠᠮᠵᠢᠭᠤᠯᠤᠨ᠂ ᠦᠨᠳᠦᠰᠦᠲᠡᠨᠨᠦᠭᠦᠳ ᠤ᠋ᠨ ᠤᠯᠠᠨ ᠲᠦᠮᠡᠨᠤ ᠬᠠᠮᠲᠤ ᠪᠡᠷ ᠣᠷᠤᠯᠴᠠᠬᠤ ᠳᠤᠮᠳᠠ ᠬᠦᠴᠢᠷ ᠠᠰᠠᠭᠤᠳᠠᠯ ᠢ᠋ ᠰᠢᠢᠳᠪᠦᠷᠢᠯᠡᠨ᠂ ᠬᠠᠮᠲᠤ ᠶ᠋ᠢᠨ ᠲᠠᠨᠢᠯᠲᠠᠶᠢ ᠨᠢᠭ᠍ᠲᠠᠷᠠᠭᠤᠯᠵᠤ᠂ ᠬᠠᠮᠲᠤ ᠪᠡᠷ ᠪᠠᠢᠭᠤᠯᠵᠤ ᠬᠠᠮᠲᠤ ᠪᠡᠷ ᠵᠠᠰᠠᠵᠤ ᠬᠠᠮᠲᠤ ᠪᠡᠷ ᠡᠳ᠋ᠯᠡᠬᠦ ᠵᠠᠰᠠᠯᠲᠠ ᠶ᠋ᠢᠨ ᠪᠠᠢᠷᠢᠰᠢᠯ ᠢ᠋ ᠪᠦᠷᠢᠯᠳᠦᠭᠦᠯᠪᠡ᠃
ᠪᠦᠭᠦ ᠬᠣᠲᠠ ᠳ᠋ᠤ᠌ 《ᠲᠣᠣᠷᠵᠢᠯ (ᠰᠠᠭᠤᠭᠠᠯᠢ ᠠᠷᠠᠳ ᠤ᠋ᠨ ᠲᠣᠭᠣᠷᠢᠭ᠋) ᠤ᠋ᠨ ᠨᠠᠮ ᠤ᠋ᠨ ᠤᠳᠤᠷᠢᠳᠬᠤ ᠳᠤᠭᠤᠢᠯᠠᠩ (ᠨᠠᠮ ᠤ᠋ᠨ ᠡᠭᠦᠷ) + ᠲᠣᠣᠷᠵᠢᠯ ᠤ᠋ᠨ ᠠᠵᠢᠯᠲᠠᠨ + ᠠᠰᠠᠷ (ᠨᠢᠭᠡᠴᠢ᠂ ᠬᠣᠯᠪᠣᠭᠠᠯᠠᠭᠰᠠᠨ ᠡᠷᠦᠭᠡ) ᠤ᠋ᠨ ᠳᠠᠷᠤᠭ᠎ᠠ》 ᠶ᠋ᠢᠨ ᠵᠠᠭᠪᠤᠷ ᠢ᠋ ᠬᠡᠷᠡᠭᠵᠢᠭᠦᠯᠵᠦ᠂ 7493 ᠲᠣᠣᠷᠵᠢᠯ ᠤ᠋ᠨ ᠨᠠᠮ ᠤ᠋ᠨ ᠤᠳᠤᠷᠢᠳᠬᠤ ᠳᠤᠭᠤᠢᠯᠠᠩ (ᠨᠠᠮ ᠤ᠋ᠨ ᠡᠭᠦᠷ) ᠢ᠋ ᠵᠣᠬᠢᠶᠠᠨ ᠪᠠᠢᠭᠤᠯᠵᠤ᠂ 6158 ᠲᠤᠰᠬᠠᠢ ᠲᠤᠰᠢᠶᠠᠯᠲᠤ ᠲᠣᠣᠷᠵᠢᠯ ᠤ᠋ᠨ ᠠᠵᠢᠯᠲᠠᠨ ᠲᠣᠬᠢᠷᠠᠭᠤᠯᠵᠤ᠂ 7.4 ᠲᠦᠮᠡᠨ ᠠᠰᠠᠷ (ᠨᠢᠭᠡᠴᠢ᠂ ᠬᠣᠯᠪᠣᠭᠠᠯᠠᠭᠰᠠᠨ ᠡᠷᠦᠭᠡ) ᠤ᠋ᠨ ᠳᠠᠷᠤᠭᠠᠶᠢ ᠰᠣᠩᠭᠣᠨ ᠭᠠᠷᠭᠠᠵᠤ᠂ ᠨᠢᠭᠡᠨᠲᠡ 3012 ᠬᠥᠷᠰᠢ ᠵᠡᠷᠭᠡᠯᠡᠳᠡᠭᠡ᠂ ᠣᠷᠣᠭ ᠢᠨᠠᠭ ᠵᠡᠷᠭᠡ ᠵᠠᠭᠤᠷᠠᠯᠳᠤᠭᠠᠨ ᠤ᠋ ᠳᠠᠯᠳᠠ ᠭᠡᠮ ᠢ᠋ ᠰᠢᠢᠳᠪᠦᠷᠢᠯᠡᠵᠦ᠂ ᠣᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ 《ᠡᠴᠦᠰ ᠤ᠋ᠨ ᠨᠢᠭᠡ 》 ᠤ᠋ᠨ ᠠᠰᠠᠭᠤᠳᠠᠯ ᠢ᠋ ᠣᠨᠣᠴᠠᠲᠠᠢ ᠰᠢᠢᠳᠪᠦᠷᠢᠯᠡᠪᠡ᠃
ᠰᠡᠳᠬᠢᠴᠡ ᠶ᠋ᠢᠨ ᠲᠠᠯ᠎ᠠ ᠪᠠᠷ ᠬᠠᠷᠢᠯᠴᠠᠨ ᠰᠢᠭᠢᠳᠭᠡᠯᠳᠦᠵᠦ ᠬᠠᠮᠲᠤ ᠪᠡᠷ ᠮᠡᠳᠡᠷᠡᠬᠦᠢᠶᠢᠨ ᠵᠣᠷᠢᠭ᠋ ᠰᠠᠨᠠᠭᠠᠨ ᠤ᠋ ᠰᠠᠭᠤᠷᠢ ᠶ᠋ᠢ ᠪᠡᠬᠢᠵᠢᠭᠦᠯᠪᠡ
ᠰᠡᠳᠬᠢᠴᠡ ᠶ᠋ᠢᠨ ᠮᠡᠳᠡᠷᠡᠮᠵᠢ ᠪᠣᠯ ᠦᠨᠳᠦᠰᠦᠲᠡᠨ ᠤ᠋ ᠪᠦᠯᠬᠦᠮᠳᠡᠯ ᠤ᠋ᠨ ᠬᠠᠮᠤᠭ ᠤ᠋ᠨ ᠭᠦᠨ ᠵᠤᠵᠠᠭᠠᠨ ᠰᠠᠭᠤᠷᠢ ᠮᠥᠨ᠃ ᠭᠦᠭᠡᠬᠣᠲᠠ ᠬᠠᠢᠷ᠎ᠠ ᠰᠡᠳᠬᠢᠯᠭᠡ ᠶ᠋ᠢᠨ ᠲᠠᠯ᠎ᠠ ᠡᠴᠡ ᠬᠦᠴᠦᠯᠡᠵᠦ᠂ ᠠᠷᠠᠳ ᠤ᠋ᠨ ᠠᠮᠢᠳᠤᠷᠠᠯ ᠤ᠋ᠨ ᠬᠦᠴᠢᠷ ᠠᠰᠠᠭᠤᠳᠠᠯ ᠢ᠋ ᠰᠢᠢᠳᠪᠦᠷᠢᠯᠡᠬᠦ᠂ ᠬᠥᠷᠰᠢ ᠵᠡᠷᠭᠡᠯᠡᠳᠡᠭᠡ ᠶ᠋ᠢᠨ ᠠᠵᠢᠯᠯᠠᠭ᠎ᠠ ᠥᠷᠨᠢᠭᠦᠯᠬᠦ᠂ ᠬᠠᠷᠢᠯᠴᠠᠨ ᠬᠠᠪᠰᠤᠷᠤᠯᠴᠠᠬᠤ ᠬᠥᠭᠥᠷᠭᠡᠶᠢ ᠪᠠᠢᠭᠤᠯᠬᠤ ᠪᠡᠷ ᠳᠠᠮᠵᠢᠭᠤᠯᠤᠨ᠂ ᠦᠨᠳᠦᠰᠦᠲᠡᠨᠨᠦᠭᠦᠳ ᠤ᠋ᠨ ᠤᠯᠠᠨ ᠲᠦᠮᠡᠨ ᠤ᠋ ᠬᠠᠢᠷ᠎ᠠ ᠰᠡᠳᠬᠢᠯᠭᠡ ᠶ᠋ᠢᠨ ᠬᠠᠮᠲᠤ ᠶ᠋ᠢᠨ ᠮᠡᠳᠡᠷᠡᠮᠵᠢ ᠶ᠋ᠢᠨ ᠳᠤᠮᠳᠠ ᠬᠠᠷᠢᠶᠠᠯᠠᠭᠳᠠᠬᠤᠢ ᠲᠥᠷᠥᠭᠳᠡᠯ ᠢ᠋ ᠨᠢ ᠨᠡᠮᠡᠭᠳᠡᠭᠦᠯᠵᠦ᠂ 《ᠨᠢᠭᠡ ᠭᠡᠷ ᠤ᠋ᠨ ᠬᠥᠮᠥᠨ》 ᠭᠡᠬᠦ ᠣᠢᠯᠠᠭᠠᠭᠳᠠᠬᠤᠨ ᠢ᠋ ᠪᠤᠢ ᠪᠣᠯᠭᠠᠪᠠ᠃
ᠰᠢᠨ᠎ᠡ ᠬᠣᠲᠠ ᠲᠣᠭᠣᠷᠢᠭ᠋ ᠤ᠋ᠨ ᠪᠦᠯᠬᠦᠮᠳᠡᠯ ᠲᠣᠭᠣᠷᠢᠭ᠋ ᠤᠷᠢᠳ ᠬᠣᠵᠢᠳ 3.8 ᠳ᠋ᠦᠩᠰᠢᠭᠤᠷ ᠲᠥᠭᠥᠷᠢᠭ ᠤ᠋ᠨ ᠪᠡᠯᠡ ᠣᠷᠣᠭᠤᠯᠤᠨ᠂ ᠬᠣᠶᠠᠷ ᠤᠳᠠᠭ᠎ᠠ ᠥᠭᠡᠷᠡᠴᠢᠯᠡᠨ ᠰᠢᠨᠡᠳᠬᠡᠬᠦ ᠠᠵᠢᠯ ᠥᠷᠨᠢᠭᠦᠯᠵᠦ᠂ 127 ᠰᠠᠭᠤᠷᠢ ᠠᠰᠠᠷ᠂ 6026 ᠡᠷᠦᠭᠡ ᠰᠠᠭᠤᠭᠠᠯᠢ ᠠᠷᠠᠳ ᠢ᠋ ᠬᠠᠮᠤᠷᠪᠠ᠃ ᠰᠠᠢᠬᠠᠨ ᠲᠣᠭᠣᠷᠢᠭ᠋ ᠤ᠋ᠨ ᠱᠢ ᠴᠢ ᠨᠡᠢᠭᠡᠮ ᠲᠣᠭᠣᠷᠢᠭ᠋ 《ᠢᠳᠡᠰᠢᠨ ᠨᠣᠭᠣᠭ᠎ᠠ ᠬᠤᠳᠠᠯᠳᠤᠨ ᠠᠪᠬᠤ ᠳ᠋ᠤ᠌ ᠬᠦᠴᠢᠷ》 ᠪᠠᠢᠬᠤ ᠠᠰᠠᠭᠤᠳᠠᠯ ᠳ᠋ᠤ᠌ ᠴᠢᠭᠯᠡᠭᠦᠯᠦᠨ᠂ ᠬᠣᠲᠠ ᠶ᠋ᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠣᠯᠪᠤᠭᠠᠯᠠᠨ ᠬᠥᠳᠡᠯᠦᠯᠴᠡᠵᠦ᠂ ᠱᠢ ᠴᠢ ᠴᠡᠴᠡᠷᠯᠢᠭ ᠲᠦ᠍ ᠥᠷᠯᠥᠭᠡ ᠦᠳᠡᠰᠢ ᠶ᠋ᠢᠨ ᠵᠠᠬ᠎ᠠ ᠳᠡᠯᠭᠡᠭᠦᠷ ᠭᠠᠷᠭᠠᠵᠤ᠂ ᠰᠠᠭᠤᠭᠠᠯᠢ ᠠᠷᠠᠳ ᠤ᠋ᠨ ᠣᠢᠷ᠎ᠠ ᠬᠠᠪᠢ ᠡᠴᠡ ᠪᠠᠨ ᠬᠢᠮᠳᠠᠬᠠᠨ ᠢᠳᠡᠰᠢᠨ ᠨᠣᠭᠣᠭ᠎ᠠ ᠬᠤᠳᠠᠯᠳᠤᠨ ᠠᠪᠬᠤ ᠠᠰᠠᠭᠤᠳᠠᠯ ᠢ᠋ ᠰᠢᠢᠳᠪᠦᠷᠢᠯᠡᠭᠰᠡᠨ ᠪᠥᠭᠡᠳ ᠪᠠᠰᠠ ᠠᠮᠢᠳᠤᠯᠢᠭ᠋ ᠢ᠋ᠶ᠋ᠡᠷ ᠠᠵᠢᠯ ᠣᠯᠣᠭᠰᠠᠳ ᠤ᠋ᠨ ᠳᠠᠭᠢᠨ ᠠᠵᠢᠯ ᠣᠯᠬᠤ ᠠᠰᠠᠭᠤᠳᠠᠯ ᠢ᠋ ᠴᠤ᠌ ᠰᠢᠢᠳᠪᠦᠷᠢᠯᠡᠵᠡᠢ᠃ ᠢᠦᠢ ᠴᠢᠤᠸᠠᠨ ᠲᠣᠭᠣᠷᠢᠭ᠋ ᠤ᠋ᠨ ᠸᠠᠨ ᠨᠡᠢᠭᠡᠮ ᠲᠣᠭᠣᠷᠢᠭ᠋ ᠲᠣᠭᠲᠠᠮᠠᠯ ᠬᠤᠭᠤᠴᠠᠭ᠎ᠠ ᠲᠠᠢ ᠪᠠᠷ 《ᠬᠥᠷᠰᠢ ᠵᠡᠷᠭᠡᠯᠡᠳᠡᠭᠡ ᠶ᠋ᠢᠨ ᠪᠠᠶᠠᠷ》 《ᠨᠥᠬᠥᠷᠯᠡᠯ ᠤ᠋ᠨ ᠬᠤᠷᠠᠯ》 ᠵᠡᠷᠭᠡ ᠠᠵᠢᠯᠯᠠᠭ᠎ᠠ ᠥᠷᠨᠢᠭᠦᠯᠵᠦ᠂ 《ᠰᠠᠭᠤᠭᠠᠯᠢ ᠠᠷᠠᠳ ᠡᠶ᠎ᠡ ᠨᠠᠢᠷᠲᠠᠢ᠂ ᠬᠥᠷᠰᠢ ᠵᠡᠷᠭᠡᠯᠡᠳᠡᠭᠡ ᠡᠶ᠎ᠡ ᠨᠠᠢᠷᠲᠠᠢ᠂ ᠭᠡᠷ ᠪᠦᠯᠢ ᠡᠶ᠎ᠡ ᠨᠠᠢᠷᠲᠠᠢ》 ᠠᠭᠤᠷ ᠠᠮᠢᠰᠬᠤᠯ ᠢ᠋ ᠪᠤᠶ ᠪᠣᠯᠭᠠᠪᠠ᠃
ᠤᠳᠤ᠂ ᠭᠦᠭᠡᠬᠣᠲᠠ ᠶ᠋ᠢᠨ ᠡᠨᠡ ᠬᠦ᠌ ᠬᠠᠯᠠᠭᠤᠨ ᠬᠥᠷᠥᠰᠥᠨ ᠳ᠋ᠤ᠌ ᠦᠨᠳᠦᠰᠦᠲᠡᠨᠨᠦᠭᠦᠳ ᠤ᠋ᠨ ᠤᠯᠠᠨ ᠲᠦᠮᠡᠨ ᠬᠠᠮᠲᠤ ᠪᠡᠷ ᠰᠠᠭᠤᠷᠢᠰᠢᠵᠤ᠂ ᠬᠠᠮᠲᠤ ᠪᠡᠷ ᠰᠤᠷᠤᠯᠴᠠᠵᠤ᠂ ᠬᠠᠮᠲᠤ ᠪᠡᠷ ᠠᠵᠢᠯᠯᠠᠵᠤ᠂ ᠬᠠᠮᠲᠤ ᠪᠡᠷ ᠵᠢᠷᠭᠠᠵᠤ᠂ ᠰᠡᠳᠬᠢᠯ ᠵᠢᠷᠦᠬᠡ ᠪᠠᠨ ᠬᠣᠯᠪᠣᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠡᠶ᠎ᠡ ᠵᠣᠬᠢᠴᠠᠩᠭᠤᠢ ᠬᠠᠭᠤᠳᠠᠰᠤᠶᠢ ᠬᠠᠮᠲᠤ ᠪᠡᠷ ᠪᠢᠴᠢᠭᠯᠡᠵᠦ᠂ ᠦᠨᠳᠦᠰᠦᠲᠡᠨ ᠤ᠋ ᠪᠦᠯᠬᠦᠮᠳᠡᠯ ᠤ᠋ᠨ ᠴᠡᠴᠡᠭᠡᠰ ᠢ᠋ ᠥᠨᠢᠳᠡ ᠴᠡᠴᠡᠭᠯᠡᠭᠦᠯᠵᠦ ᠪᠠᠢᠨ᠎ᠠ᠃