ᠡᠬᠡ ᠤᠯᠤᠰ᠎ᠤᠨ ᠤᠮᠠᠷᠠᠲᠤ᠎ᠳᠤ ᠪᠠᠢᠷᠢᠯᠠᠵᠤ ᠪᠠᠢᠭ᠎ᠠ ᠬᠥᠬᠡᠬᠣᠲᠠ ᠨᠢ ᠶᠠᠭ ᠲᠠᠯ᠎ᠠ ᠨᠤᠲᠤᠭ᠎ᠲᠤ ᠰᠢᠭᠢᠳᠬᠡᠭᠰᠡᠨ ᠬᠡᠷᠡᠯᠳᠦ ᠰᠤᠪᠤᠳ ᠰᠢᠭ᠋ ᠪᠠᠢᠵᠤ ᠂ ᠣᠯᠠᠨ ᠦᠨᠳᠦᠰᠦᠲᠡᠨ᠎ᠦ ᠣᠷᠳᠣ᠌ ᠬᠤᠭᠤᠴᠠᠭᠠᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶᠢᠨ ᠣᠷᠳᠣ᠌ ᠤᠳᠠᠭᠠᠨ ᠶᠠᠪᠤᠴᠠ᠎ᠳᠤ ᠂ ᠪᠦᠬᠦᠨ᠎ᠢ ᠪᠠᠭᠲᠠᠭᠠᠵᠤ ᠪᠠᠢᠳᠠᠭ᠎ᠢ ᠬᠠᠳᠠᠭᠠᠯᠠᠭᠰᠠᠨ ᠪᠠᠢᠳᠠᠭ᠃ ᠮᠢᠩᠭᠠᠨ ᠣᠨ᠎ᠤ ᠡᠷᠲᠡᠨ᠎ᠦ ᠠᠷᠠᠯᠵᠢᠶ᠎ᠠ ᠬᠤᠳᠠᠯᠳᠤᠭᠠᠨ᠎ᠤ ᠨᠡᠪᠲᠡᠷᠡᠯᠴᠡᠭᠡ᠎ᠡᠴᠡ ᠰᠢᠨ᠎ᠡ ᠴᠠᠭ ᠦᠶ᠎ᠡ᠎ᠶᠢᠨ ᠬᠠᠮᠲᠤ᠎ᠪᠠᠷ ᠣᠷᠣᠰᠢᠵᠤ ᠬᠠᠮᠲᠤ᠎ᠪᠠᠷ ᠴᠡᠴᠡᠭᠯᠡᠨ ᠬᠥᠭᠵᠢᠬᠦ ᠬᠦᠷᠲᠡᠯ᠎ᠡ ᠂ ᠬᠥᠬᠡᠬᠣᠲᠠ᠎ᠶᠢᠨ ᠡᠬᠡ ᠭᠠᠵᠠᠷ᠎ᠲᠤ ᠳᠤᠮᠳᠠᠳᠤ᠎ᠶᠢᠨ ᠦᠨᠳᠦᠰᠦᠲᠡᠨ᠎ᠦ ᠣᠯᠠᠨ ᠡᠰᠢᠲᠦ ᠨᠢᠭᠡ ᠭᠦᠨ ᠢᠮ ᠲᠠᠮᠠᠭ᠎ᠠ ᠢᠮᠠᠭᠲᠠ ᠰᠡᠢᠯᠦᠭᠳᠡᠨᠡ᠃ ᠡᠳᠦᠭᠡ ᠂ ᠬᠥᠬᠡᠬᠣᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠢ ᠬᠤᠳᠠ᠎ᠶᠢᠨ ᠬᠥᠭᠵᠢᠯᠲᠡ᠎ᠶᠢᠨ ᠴᠢᠰᠤᠨ ᠰᠤᠳᠠᠰᠤ᠎ᠲᠠᠢ ᠭᠦᠨᠵᠡᠭᠡᠢ ᠠᠭᠤᠰᠤᠯᠴᠠᠭᠤᠯᠵᠤ ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠰᠡᠳᠬᠢᠯ ᠨᠢᠭᠡᠳᠦᠨ ᠬᠦᠰᠡᠯ ᠵᠡᠭᠦᠳᠦ᠎ᠪᠡᠨ ᠲᠡᠷᠭᠡᠯᠰᠢᠭᠦᠯᠵᠦ ᠂ 《 ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠦᠨ ᠬᠥᠮᠥᠨ ᠮᠡᠲᠦ ᠳᠣᠲᠣᠨᠣ᠌ ᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠬᠦ 》 ᠰᠡᠳᠬᠢᠯ ᠬᠥᠳᠡᠯᠭᠡᠮ᠎ᠡ ᠵᠢᠷᠤᠭ᠎ᠢ ᠬᠠᠮᠲᠤ᠎ᠪᠠᠷ ᠵᠢᠷᠤᠭᠯᠠᠵᠤ ᠪᠠᠢᠨ᠎ᠠ᠃
ᠳᠦᠷᠢᠮ᠎ᠦᠨ ᠬᠠᠮᠠᠭᠠᠯᠠᠯᠲᠠ ᠄ ᠪᠠᠲᠤᠯᠠᠭ᠎ᠠ᠎ᠶᠢᠨ ᠲᠣᠣᠷ᠎ᠢ ᠨᠢᠭ᠍ᠲᠠ ᠰᠦᠯᠵᠢᠵᠦ ᠂ ᠪᠦᠯᠬᠦᠮᠳᠡᠯ᠎ᠦᠨ ᠠᠶᠠᠯᠠᠯ᠎ᠤᠨ ᠴᠢᠭᠯᠡᠯ᠎ᠢ ᠲᠣᠭᠲᠠᠭᠠᠪᠠ᠃
《ᠤᠳᠤ ᠬᠥᠷᠰᠢ ᠵᠡᠷᠭᠡᠯᠡᠳᠡᠭᠡ᠎ᠶᠢᠨ ᠵᠥᠷᠢᠴᠡᠯ ᠡᠶᠡᠳᠡᠭᠦᠯᠦᠭᠰᠡᠨ ᠴᠦ᠍ ᠲᠡᠷᠡ ᠂ ᠠᠷᠠᠳ᠎ᠤᠨ ᠠᠮᠢᠳᠤᠷᠠᠯ᠎ᠤᠨ ᠬᠡᠷᠡᠭ ᠶᠠᠪᠤᠳᠠᠯ᠎ᠢ ᠰᠢᠢᠳᠪᠦᠷᠢᠯᠡᠭᠰᠡᠨ ᠴᠦ᠍ ᠲᠡᠷᠡ ᠂ ᠪᠦᠷ ᠲᠣᠳᠣᠷᠬᠠᠢ ᠠᠯᠬᠤᠮ ᠳᠠᠷᠠᠭᠠᠯᠠᠯ᠎ᠲᠠᠢ ᠪᠣᠯᠵᠠᠢ ᠂ ᠮᠠᠨ᠎ᠤ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠤᠨ ᠰᠡᠳᠬᠢᠯ᠎ᠦᠨ ᠳᠠᠭᠤᠨ᠎ᠢ ᠶᠡᠷᠦ᠎ᠨᠢ ᠴᠠᠭ ᠲᠤᠬᠠᠢ ᠳ᠋ᠤᠨᠢ ᠰᠣᠨᠣᠰᠴᠤ ᠂ ᠵᠣᠬᠢᠰᠲᠠᠢ ᠬᠠᠷᠢᠭᠤ ᠲᠤᠰᠬᠠᠯ ᠥᠭᠭᠦᠨ᠎ᠡ᠃ ᠰᠢᠨ᠎ᠡ ᠬᠤᠳᠠ ᠲᠣᠭᠣᠷᠢᠭ᠋᠎ᠤᠨ ᠹᠠᠩ ᠲᠢᠩ ᠴᠡᠴᠡᠷᠯᠢᠭ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶᠠᠨ᠎ᠤ ᠱᠦᠵᠢ ᠭᠤᠤ ᠂ ᠬᠥᠬᠡᠬᠣᠲᠠ ᠳᠦᠷᠢᠮ᠎ᠢᠶᠡᠷ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠭᠰᠠᠨ ᠪᠣᠳᠠᠲᠤ ᠦᠷ᠎ᠡ ᠪᠦᠲᠦᠮᠵᠢ᠎ᠶᠢ ᠬᠡᠯᠡᠵᠦ ᠭᠠᠷᠭᠠᠪᠠ᠃
ᠣᠢᠷ᠎ᠠ᠎ᠶᠢᠨ ᠵᠢᠯ᠎ᠳᠦ ᠂ ᠬᠥᠬᠡᠬᠣᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠭᠦᠯᠬᠦ ᠬᠤᠳᠠ᠎ᠶᠢ ᠪᠠᠶ᠋ᠢᠭᠤᠯᠬᠤ᠎ᠪᠠᠷ ᠭᠠᠷᠳᠠᠴᠠ ᠪᠣᠯᠭᠠᠵᠤ ᠂ ᠲᠠᠢ ᠲᠥᠯᠥᠪᠵᠢᠭᠦᠯᠵᠦ ᠂ ᠪᠦᠬᠦᠯᠢ ᠴᠣᠭᠴᠠ᠎ᠪᠠᠷ ᠠᠬᠢᠭᠤᠯᠵᠤ ᠂ ᠠᠯᠢ ᠤᠯᠠᠨ ᠬᠡᠷᠡᠭᠵᠢᠭᠦᠯᠬᠦ ᠲᠥᠰᠥᠯ᠎ᠢ ᠲᠣᠭᠲᠠᠭᠠᠨ ᠨᠡᠢᠲᠡᠯᠡᠵᠦ ᠂ ᠡᠭᠦᠷᠭᠡ ᠬᠠᠷᠢᠭᠤᠴᠠᠯᠭ᠎ᠠ ᠲᠣᠳᠣᠷᠬᠠᠢ ᠂ ᠬᠠᠮᠵᠢᠯᠴᠠᠨ ᠬᠠᠮᠲᠤᠷᠠᠯᠴᠠᠬᠤ ᠠᠵᠢᠯ᠎ᠤᠨ ᠪᠠᠢᠷᠢᠰᠢᠯ᠎ᠢ ᠪᠠᠢᠭᠤᠯᠵᠤ ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠲᠦ ᠪᠠᠲᠤ ᠪᠡᠬᠢ ᠳᠦᠷᠢᠮ᠎ᠦᠨ ᠪᠠᠲᠤᠯᠠᠭ᠎ᠠ ᠬᠠᠩᠭᠠᠪᠠ᠃
ᠰᠣᠶᠣᠯ᠎ᠤᠨ ᠬᠠᠮᠲᠤ᠎ᠶᠢᠨ ᠲᠠᠨᠢᠯᠲᠠ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠰᠤᠷᠪᠤᠯᠵᠢ ᠮᠥᠨ᠃ ᠬᠥᠬᠡᠬᠣᠲᠠ ᠲᠤᠬᠠᠢ᠎ᠶᠢᠨ ᠭᠠᠵᠠᠷ᠎ᠤᠨ ᠲᠡᠦᠬᠡ ᠰᠣᠶᠣᠯ᠎ᠳᠤ ᠠᠭᠤᠯᠤᠭᠳᠠᠵᠤ ᠪᠠᠢᠭ᠎ᠠ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠪᠣᠳᠠᠲᠤ ᠪᠠᠢᠳᠠᠯ᠎ᠢ ᠭᠦᠨᠵᠡᠭᠡᠢ ᠡᠮᠬᠢᠯᠡᠨ ᠲᠣᠳᠣᠷᠬᠠᠢᠯᠠᠨ ᠥᠭᠦᠯᠡᠵᠦ ᠂ 《 ᠨᠢᠭᠡ ᠬᠣᠩᠭᠢᠯ ᠂ ᠬᠣᠶᠠᠷ ᠲᠡᠩᠭᠡᠯᠢᠭ ᠂ ᠲᠠᠪᠤᠨ ᠪᠦᠰᠡ 》 ᠶᠢᠨ ᠰᠣᠶᠣᠯ ᠵᠢᠭᠤᠯᠴᠢᠯᠠᠯ᠎ᠤᠨ ᠬᠥᠭᠵᠢᠯᠲᠡ᠎ᠶᠢᠨ ᠪᠠᠢᠷᠢᠰᠢᠭᠤᠯᠤᠯᠲᠠ᠎ᠶᠢ ᠪᠠᠶ᠋ᠢᠭᠤᠯᠬᠤ ᠂ 《 ᠬᠥᠬᠡᠬᠣᠲᠠ᠎ᠶᠢᠨ ᠠᠷᠪᠠᠨ ᠵᠢᠷᠭᠤᠭᠠᠨ ᠦᠵᠡᠮᠵᠢ 》 ᠶᠢᠨ ᠰᠣᠶᠣᠯ ᠵᠢᠭᠤᠯᠴᠢᠯᠠᠯ᠎ᠤᠨ ᠨᠠᠷᠠᠲᠤ ᠲᠡᠮᠳᠡᠭ᠎ᠢ ᠴᠣᠭᠴᠠᠯᠠᠬᠤ ᠂ ᠲᠡᠦᠬᠡ ᠰᠣᠶᠣᠯ᠎ᠤᠨ ᠵᠡᠭᠡᠯᠢ ᠲᠣᠭᠣᠷᠢᠭ᠋᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠪᠠ ᠵᠤᠭᠠᠴᠠᠭᠰᠠᠳ᠎ᠲᠤ ᠵᠢᠭᠤᠯᠴᠢᠯᠠᠨ ᠣᠢᠯᠠᠭᠠᠬᠤ ᠳᠤᠮᠳᠠ ᠣᠯᠠᠨ ᠡᠰᠢᠲᠦ ᠰᠣᠶᠣᠯ᠎ᠤᠨ ᠷᠢᠳᠢ ᠰᠢᠳᠢ᠎ᠶᠢ ᠮᠡᠳᠡᠷᠡᠭᠦᠯᠵᠦ ᠂ ᠳᠤᠮᠳᠠᠳᠤ᠎ᠶᠢᠨ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠭᠦᠨᠵᠡᠭᠡᠢᠷᠡᠭᠦᠯᠪᠡ᠃
ᠬᠥᠬᠡᠬᠣᠲᠠ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠤᠬᠠᠭᠤᠯᠭ᠎ᠠ ᠬᠥᠮᠦᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ ᠂ 《 ᠳᠡᠷᠭᠡᠳᠡᠬᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠥᠯᠢᠭᠡᠷ᠎ᠢ ᠰᠠᠢᠲᠤᠷ ᠶᠠᠷᠢᠬᠤ 》 ᠵᠡᠷᠭᠡ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ ᠂ 《 ᠵᠢᠵᠢᠭ ᠠᠨᠠᠷ᠎ᠤᠨ ᠦᠷ᠎ᠡ᠎ᠶᠢᠨ ᠲᠠᠮᠠᠭ᠎ᠠ 》 ᠶᠢ ᠬᠠᠮᠲᠤ᠎ᠪᠠᠷ ᠲᠡᠮᠡᠴᠡᠨ ᠣᠯᠬᠤ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠣᠨᠴᠠᠯᠢᠭ᠍ᠲᠤ ᠲᠥᠷᠥᠯ ᠲᠡᠮᠳᠡᠭ᠎ᠢ ᠡᠭᠦᠳᠴᠦ ᠂ ᠵᠠᠭᠤᠨ ᠬᠣᠲᠠ᠎ᠶᠢᠨ ᠳᠤᠷᠠᠰᠤᠮᠵᠢ 《 ᠵᠢᠵᠢᠭ ᠠᠨᠠᠷ᠎ᠤᠨ ᠦᠷ᠎ᠡ 》 ᠠᠵᠢᠯᠯᠠᠭ᠎ᠠ ᠂ 《 ᠵᠢᠵᠢᠭ ᠠᠨᠠᠷ᠎ᠤᠨ ᠦᠷ᠎ᠡ ᠭᠠᠷ ᠭᠠᠷ᠎ᠢᠶᠠᠨ ᠬᠣᠯᠪᠣᠨ ᠣᠳᠣᠨ ᠭᠠᠷᠠᠭ ᠭᠠᠯ ᠪᠠᠮᠪᠠᠷ ᠨᠠᠮ᠎ᠢᠶᠠᠨ ᠳᠠᠭᠠᠬᠤ 》 ᠦᠨᠳᠦᠰᠦᠲᠡᠨ᠎ᠦ ᠪᠦᠯᠬᠦᠮᠳᠡᠯ᠎ᠦᠨ ᠬᠠᠮᠲᠤ᠎ᠶᠢᠨ ᠬᠤᠸᠠᠷᠠᠨ ᠂ 《 ᠣᠷᠣᠨ᠎ᠤ ᠲᠥᠪ᠎ᠦᠨ ᠵᠠᠯᠠᠭᠤᠴᠤᠳ ᠪᠠᠭᠠᠴᠤᠳ᠎ᠤᠨ ᠨᠡᠢᠰᠯᠡᠯ᠎ᠦᠨ ᠠᠶᠠᠯᠠᠯ 》 ᠵᠡᠷᠭᠡ ᠡᠯ᠎ᠡ ᠲᠥᠷᠥᠯ᠎ᠦᠨ ᠰᠣᠯᠢᠯᠴᠠᠵᠤ ᠰᠤᠳᠤᠯᠤᠨ ᠰᠤᠷᠤᠯᠴᠠᠬᠤ ᠠᠵᠢᠯᠯᠠᠭ᠎ᠠ᠎ᠶᠢ ᠥᠷᠨᠢᠭᠦᠯᠵᠦ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠵᠠᠯᠠᠭᠤᠴᠤᠳ ᠪᠠᠭᠠᠴᠤᠳ᠎ᠤᠨ ᠰᠡᠳᠬᠢᠯ᠎ᠳᠦ ᠭᠦᠨ ᠬᠠᠳᠠᠩᠰᠢᠭᠤᠯᠪᠠ᠃
ᠦᠢᠯᠡᠴᠢᠯᠡᠭᠡ᠎ᠪᠡᠷ ᠰᠡᠳᠬᠢᠯ᠎ᠢ ᠳᠤᠯᠠᠭᠠᠴᠠᠭᠤᠯᠤᠨ᠎ᠠ ᠄ ᠪᠣᠳᠠᠲᠤ ᠶᠠᠪᠤᠳᠠᠯ᠎ᠢ ᠬᠦᠴᠦᠯᠡᠨ ᠰᠠᠢᠲᠤᠷ ᠬᠢᠵᠦ ᠂ ᠵᠣᠯ ᠵᠢᠷᠭᠠᠯ᠎ᠤᠨ ᠬᠢᠷᠢ ᠪᠦᠲᠦᠮᠵᠢ᠎ᠶᠢ ᠳᠡᠭᠡᠭᠰᠢᠯᠡᠭᠦᠯᠦᠨ᠎ᠡ᠃
《ᠥᠩᠭᠡᠷᠡᠭᠰᠡᠨ᠎ᠳᠦ ᠠᠵᠢᠯ ᠶᠠᠪᠤᠳᠠᠯ ᠬᠢᠬᠦ᠎ᠳᠡᠭᠡᠨ ᠬᠡᠲᠦ ᠬᠡᠳᠦᠨ ᠰᠠᠯᠠᠭ᠎ᠠ ᠮᠥᠴᠢᠷ᠎ᠢᠶᠡᠷ ᠶᠠᠪᠤᠳᠠᠭ ᠪᠠᠢᠭᠰᠠᠨ ᠂ ᠣᠲᠣ᠌ ᠨᠡᠢᠭᠡᠮ ᠲᠣᠭᠣᠷᠢᠭ᠋᠎ᠤᠨ 〈 ᠤᠯᠠᠭᠠᠨ ᠠᠨᠠᠷ᠎ᠤᠨ ᠥᠷᠲᠡᠭᠡ 〉 ᠶᠢᠨ ᠠᠵᠢᠯᠲᠠᠨ ᠪᠥᠬᠥ ᠶᠠᠪᠤᠴᠠ᠎ᠳᠤ ᠬᠠᠪᠰᠤᠷᠤᠨ ᠭᠦᠢᠴᠡᠳᠬᠡᠬᠦ ᠠᠵᠢᠯ᠎ᠢ ᠮᠠᠰᠢ ᠲᠦᠷᠭᠡᠨ ᠬᠢᠵᠦ ᠪᠠᠢᠨ᠎ᠠ》 ᠭᠡᠵᠦ ᠬᠤᠳᠠ᠎ᠶᠢᠨ ᠠᠷᠠᠳ ᠮᠠ ᠰᠢᠶᠣᠣ ᠨᠡᠢᠭᠡᠮ ᠲᠣᠭᠣᠷᠢᠭ᠋᠎ᠤᠨ ᠳᠥᠭᠥᠮ ᠳᠥᠲᠡ ᠦᠢᠯᠡᠴᠢᠯᠡᠭᠡ᠎ᠳᠦ ᠮᠠᠭᠲᠠᠨ ᠰᠠᠢᠰᠢᠶᠠᠪᠠ᠃ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠦᠢᠯᠡᠴᠢᠯᠡᠬᠦ 《ᠡᠴᠦᠰ᠎ᠦᠨ ᠨᠢᠭᠡ 》᠎ᠢ ᠨᠡᠪᠲᠡᠷᠡᠭᠦᠯᠬᠦ᠎ᠶᠢᠨ ᠲᠥᠯᠥᠭᠡ ᠂ ᠬᠥᠬᠡᠬᠣᠲᠠ ᠪᠥᠬᠥ ᠬᠣᠲᠠ᠎ᠳᠤ 459 《 ᠤᠯᠠᠭᠠᠨ ᠠᠨᠠᠷ᠎ᠤᠨ ᠥᠷᠲᠡᠭᠡ 》 ᠶᠢ ᠪᠠᠢᠭᠤᠯᠵᠤ ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠂ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠂ ᠵᠥᠷᠢᠴᠡᠯ᠎ᠢ ᠡᠶᠡᠳᠡᠭᠦᠯᠬᠦ ᠵᠡᠷᠭᠡ ᠴᠢᠳᠠᠮᠵᠢ᠎ᠶᠢ ᠡᠮᠬᠢᠯᠡᠨ ᠨᠡᠢᠯᠡᠭᠦᠯᠵᠦ ᠂ ᠬᠣᠣᠰ ᠬᠡᠯᠡᠨ᠎ᠦ ᠰᠠᠢᠨ ᠳᠤᠷᠠᠴᠤᠳ᠎ᠢ ᠲᠣᠬᠢᠷᠠᠭᠤᠯᠤᠨ ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ 《 ᠨᠢᠭᠡ ᠥᠷᠲᠡᠭᠡ ᠮᠠᠶᠢᠭ᠋ 》 ᠤᠨ ᠦᠢᠯᠡᠴᠢᠯᠡᠭᠡ ᠬᠠᠩᠭᠠᠵᠤ ᠂ ᠡᠲᠡᠭᠡᠷ ᠥᠷᠲᠡᠭᠡ᠎ᠶᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ 《 ᠬᠠᠯᠠᠭᠤᠨ ᠳᠤᠯᠠᠭᠠᠨ ᠭᠠᠷᠠᠮ ᠪᠤᠯᠤᠩ 》 ᠪᠣᠯᠭᠠᠪᠠ᠃
ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠣᠯ ᠦᠨᠳᠦᠰᠦᠲᠡᠨ᠎ᠦ ᠪᠦᠯᠬᠦᠮᠳᠡᠯ᠎ᠦᠨ ᠪᠠᠲᠤ ᠪᠡᠬᠢ ᠰᠠᠭᠤᠷᠢ ᠮᠥᠨ᠃ ᠬᠥᠬᠡᠬᠣᠲᠠ ᠢᠮᠠᠭᠲᠠ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠮᠤᠷ ᠲᠦᠪᠰᠢᠨ ᠠᠶᠤᠯ ᠲᠦᠭᠰᠢᠭᠦᠷᠢ᠎ᠶᠢ ᠰᠡᠳᠬᠢᠯ᠎ᠳᠡᠭᠡᠨ ᠪᠤᠳᠤᠵᠤ ᠂ ᠠᠷᠠᠳ᠎ᠤᠨ ᠠᠮᠢᠳᠤᠷᠠᠯ᠎ᠳᠠᠬᠢ ᠣᠷᠣᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ ᠂ ᠬᠥᠭᠵᠢᠯᠲᠡ᠎ᠶᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠬᠦᠷᠲᠡᠭᠡᠪᠡ᠃
ᠥᠨᠥᠳᠥᠷ᠎ᠦᠨ ᠬᠥᠬᠡᠬᠣᠲᠠ᠎ᠳᠤ ᠪᠦᠯᠬᠦᠮᠳᠡᠯ ᠡᠶ᠎ᠡ ᠵᠣᠬᠢᠴᠠᠩᠭᠤᠢ ᠠᠭᠤᠷ ᠠᠮᠢᠰᠬᠤᠯ ᠡᠳᠦᠷ ᠢᠷᠡᠬᠦᠶ᠎ᠡ ᠵᠤᠵᠠᠭᠠᠷᠠᠵᠤ ᠂ ᠰᠢᠨ᠎ᠡ᠎ᠶᠢ ᠡᠭᠦᠳᠬᠦ ᠬᠥᠭᠵᠢᠯᠲᠡ᠎ᠶᠢᠨ ᠠᠮᠢᠵᠢᠷᠠᠯ᠎ᠤᠨ ᠬᠦᠴᠦᠨ ᠲᠠᠰᠤᠷᠠᠯᠳᠠ ᠦᠭᠡᠢ ᠪᠠᠳᠠᠷᠠᠵᠤ ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ᠎ᠦ ᠲᠥᠷᠥᠭᠳᠡᠯ ᠦᠷᠭᠦᠯᠵᠢᠯᠡᠨ ᠨᠡᠮᠡᠭᠳᠡᠵᠦ ᠪᠠᠢᠨ᠎ᠠ᠃ ᠢᠷᠡᠭᠡᠳᠦᠢ᠎ᠪᠡᠨ ᠪᠠᠷᠠᠯᠠᠬᠤᠶ᠎ᠠ ᠂ ᠬᠥᠬᠡᠬᠣᠲᠠ ᠦᠷᠭᠦᠯᠵᠢᠯᠡᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠪᠠᠲᠤ ᠡᠵᠡᠮᠳᠡᠵᠦ ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ ᠂ ᠭᠠᠷ ᠬᠣᠯᠪᠣᠨ ᠡᠷᠡᠮᠡᠬᠡᠢᠯᠡᠨ ᠤᠷᠤᠭᠰᠢᠯᠠᠵᠤ ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠦᠨ ᠨᠡᠩ ᠭᠡᠷᠡᠯ ᠰᠠᠴᠤᠷᠠᠩᠭᠤᠢ ᠢᠷᠡᠭᠡᠳᠦᠢ᠎ᠶᠢ ᠬᠠᠮᠲᠤ᠎ᠪᠠᠷ ᠴᠣᠭᠴᠠᠯᠠᠨ᠎ᠠ᠃