ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠤᠮᠠᠷᠠᠲᠤ᠎ᠶᠢᠨ ᠰᠣᠶᠣᠯ
ᠥᠪᠥᠷ ᠮᠣᠩᠭᠣᠯ 8 ᠳ᠋ᠦᠩᠰᠢᠭᠤᠷ ᠭᠠᠷᠤᠢ ᠲᠥᠭᠥᠷᠢᠭ᠎ᠦᠨ ᠪᠡᠯᠡ ᠮᠥᠩᠭᠥ ᠲᠣᠬᠢᠷᠠᠭᠤᠯᠵᠤ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ ᠡᠭᠦᠳᠬᠦ ᠠᠵᠢᠯ᠎ᠢ ᠳᠡᠮᠵᠢᠵᠤ ᠪᠤᠢ
ᠨᠡᠶ᠋ᠢᠲᠡᠯᠡᠭᠰᠡᠨ ᠴᠠᠭ᠄ 2025-10-28

ᠥᠪᠥᠷ ᠮᠣᠩᠭᠣᠯ 2025 ᠣᠨ᠎ᠳᠤ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠤᠰᠬᠠᠢ ᠪᠡᠯᠡ ᠮᠥᠩᠭᠥ᠎ᠶᠢ 8.24 ᠳ᠋ᠦᠩᠰᠢᠭᠤᠷ ᠲᠥᠭᠥᠷᠢᠭ ᠨᠢᠭᠡᠳᠦᠯᠲᠡᠢ ᠲᠥᠯᠥᠪᠵᠢᠭᠦᠯᠦᠨ ᠪᠠᠭᠤᠯᠭᠠᠵᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ  ᠲᠡᠮᠳᠡᠭ᠎ᠢ  ᠡᠭᠦᠳᠬᠦ ᠠᠵᠢᠯ ᠢ᠋  ᠳᠡᠮᠵᠢᠪᠡ᠃

ᠳᠡᠭᠡᠷ᠎ᠡ ᠳᠤᠷᠠᠳᠤᠭᠰᠠᠨ ᠲᠤᠰᠬᠠᠢ  ᠪᠡᠯᠡ ᠮᠥᠩᠭᠥ᠎ᠳᠦ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠪᠡᠯᠡ ᠮᠥᠩᠭᠥ 25081 ᠲᠦᠮᠡᠨ ᠲᠥᠭᠥᠷᠢᠭ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠪᠡᠯᠡ ᠮᠥᠩᠭᠥ 5390 ᠲᠦᠮᠡᠨ ᠲᠥᠭᠥᠷᠢᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢᠨ ᠪᠡᠯᠡ ᠮᠥᠩᠭᠥ 15000 ᠲᠦᠮᠡᠨ ᠲᠥᠭᠥᠷᠢᠭ ᠵᠢᠴᠢ ᠰᠣᠶᠣᠯ᠎ᠤᠨ ᠬᠥᠭᠵᠢᠯᠲᠡ᠂ ᠤᠷᠠᠯᠢᠭ᠋᠎ᠤᠨ ᠬᠥᠭᠵᠢᠯᠲᠡ᠂ ᠤᠯᠠᠭᠠᠨᠮᠥ᠋ᠴᠢᠷ᠎ᠦᠨ ᠬᠥᠭᠵᠢᠯᠲᠡ᠂ ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠢ᠋ᠢᠨ ᠤᠬᠠᠭᠤᠯᠭ᠎ᠠ ᠶ᠋ᠢ ᠳᠡᠮᠵᠢᠬᠦ ᠵᠡᠷᠭᠡ ᠣᠯᠠᠨ ᠲᠠᠯ᠎ᠠ᠎ᠶᠢᠨ ᠪᠡᠯᠡ ᠮᠥᠩᠭᠥ᠎ᠶᠢᠨ ᠣᠷᠣᠭᠤᠯᠤᠯᠲᠠ᠎ᠶᠢ ᠪᠠᠭᠲᠠᠭᠠᠪᠠ᠃ ᠡᠭᠦᠨ ᠳ᠋ᠤ᠌ ᠲᠥᠪ᠎ᠦᠨ ᠰᠢᠯᠵᠢᠭᠦᠯᠦᠨ ᠥᠭᠭᠦᠭᠰᠡᠨ ᠪᠡᠯᠡ ᠮᠥᠩᠭᠥ 2.06 ᠳ᠋ᠦᠩᠰᠢᠭᠤᠷ ᠲᠥᠭᠥᠷᠢᠭ᠎ᠲᠦ ᠬᠦᠷᠴᠦ᠂ ᠨᠢᠳᠤᠨᠤᠨ᠎ᠤ ᠭᠢ᠎ᠡᠴᠡ 0.09 ᠳ᠋ᠦᠩᠰᠢᠭᠤᠷ ᠲᠥᠭᠥᠷᠢᠭ ᠨᠡᠮᠡᠭᠳᠡᠵᠡᠢ᠃

ᠣᠢᠯᠠᠭᠠᠭᠰᠠᠨ᠎ᠢᠶᠠᠷ᠂ ᠲᠤᠰᠬᠠᠢ ᠪᠡᠯᠡ ᠮᠥᠩᠭᠥ᠎ᠶᠢᠨ ᠬᠡᠷᠡᠭᠯᠡᠯᠲᠡ ᠢ᠋ᠢᠨ ᠲᠠᠯ᠎ᠠ᠎ᠪᠠᠷ᠂ ᠥᠪᠥᠷ ᠮᠣᠩᠭᠣᠯ ᠤ᠋ᠨ ᠡᠳ᠋᠎ᠦᠨ ᠵᠠᠰᠠᠭ᠎ᠤᠨ ᠭᠢᠨ 《ᠡᠳ᠋᠎ᠦᠨ ᠬᠦᠴᠦᠨ᠎ᠢᠶᠡᠨ ᠲᠥᠪᠯᠡᠷᠡᠭᠦᠯᠦᠨ ᠶᠡᠬᠡ ᠶᠠᠪᠤᠳᠠᠯ ᠪᠦᠲᠦᠭᠡᠬᠦ》 ᠵᠠᠷᠴᠢᠮ᠎ᠢ ᠪᠠᠷᠢᠮᠲᠠᠯᠠᠨ ᠪᠡᠯᠡ ᠮᠥᠩᠭᠥ᠎ᠶᠢ ᠬᠤᠪᠢᠶᠠᠷᠢᠯᠠᠬᠤ ᠲᠣᠭᠲᠠᠴᠠ᠎ᠪᠠᠨ ᠰᠢᠯᠢᠳᠡᠭᠵᠢᠭᠦᠯᠵᠦ᠂ ᠤᠮᠠᠷᠠᠲᠤ ᠬᠢᠯᠢ᠎ᠶᠢᠨ ᠰᠣᠶᠣᠯ᠎ᠢ ᠰᠤᠳᠤᠯᠤᠨ ᠲᠠᠢᠯᠪᠤᠷᠢᠯᠠᠬᠤ ᠶ᠋ᠢ ᠳᠡᠮᠵᠢᠬᠦ᠎ᠶᠢᠨ ᠬᠠᠮᠲᠤ ᠨᠡᠢᠭᠡᠮ᠎ᠦᠨ ᠰᠢᠨᠵᠢᠯᠡᠬᠦ ᠤᠬᠠᠭᠠᠨ᠎ᠤ ᠪᠡᠯᠡ ᠮᠥᠩᠭᠥ᠎ᠶᠢᠨ ᠣᠷᠣᠭᠤᠯᠤᠯᠲᠠ᠎ᠶᠢᠨ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠰᠤᠳᠤᠯᠭᠠᠨ᠎ᠤ ᠭᠣᠣᠯ ᠴᠣᠭᠴᠠ᠎ᠶᠢ ᠬᠥᠲᠥᠯᠥᠨ ᠵᠢᠯᠤᠭᠣᠳᠴᠤ ᠪᠠᠢᠭᠠᠳ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠪᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ᠎ᠶᠢ ᠪᠠᠲᠤ ᠴᠣᠭᠴᠠᠯᠠᠬᠤ》 ᠰᠤᠳᠤᠯᠭᠠᠨ᠎ᠢ ᠳᠣᠪᠤᠢᠯᠭᠠᠨ᠎ᠠ; ᠲᠦᠷᠦᠯ ᠲᠡᠮᠳᠡᠭ᠎ᠢ ᠱᠤᠭᠤᠬᠤ᠎ᠶᠢ ᠪᠠᠷᠢᠮᠲᠠᠯᠠᠵᠤ᠂ ᠬᠦᠴᠦᠯᠡᠬᠦ ᠴᠡᠭ᠎ᠢᠶᠡᠨ ᠤᠮᠠᠷᠠᠲᠤ ᠬᠢᠯᠢ᠎ᠶᠢᠨ ᠰᠣᠶᠣᠯ᠎ᠤᠨ ᠵᠣᠬᠢᠶᠠᠨ ᠪᠦᠲᠦᠭᠡᠬᠦ ᠲᠦᠪᠰᠢᠨ᠎ᠢ ᠳᠡᠭᠡᠭᠰᠢᠯᠡᠭᠦᠯᠭᠦ ᠲᠠᠯ᠎ᠠ ᠪᠠᠷ ᠬᠦᠴᠦ ᠲᠠᠯᠪᠢᠵᠤ᠂ ᠪᠦᠭᠦ ᠣᠷᠣᠨ᠎ᠤ ᠡᠯ᠎ᠡ ᠤᠬᠠᠭᠤᠯᠭ᠎ᠠ ᠰᠣᠶᠣᠯ᠎ᠤᠨ ᠨᠢᠭᠡᠴᠢ᠎ᠶᠢᠨ ᠤᠳᠬ᠎ᠠ ᠤᠷᠠᠯᠢᠭ᠋᠎ᠤᠨ ᠵᠣᠬᠢᠶᠠᠨ ᠪᠦᠲᠦᠭᠡᠯᠭᠡ ᠵᠢᠴᠢ ᠳᠠᠭᠤᠤ ᠬᠥᠭᠵᠢᠮ᠎ᠦᠨ ᠰᠢᠨ᠎ᠡ᠎ᠶᠢ ᠡᠭᠦᠳᠦᠨ ᠬᠥᠭᠵᠢᠬᠦ ᠵᠡᠷᠭᠡ ᠲᠠᠯ᠎ᠠ᠎ᠪᠠᠷ ᠰᠢᠨ᠎ᠡ ᠰᠢᠪᠲᠤᠯᠤᠯᠲᠠ ᠭᠠᠷᠭᠠᠬᠤ᠎ᠶᠢ ᠳᠡᠮᠵᠢᠨ᠎ᠡ; 《ᠤᠮᠠᠷᠠᠲᠤ ᠬᠢᠯᠢ᠎ᠶᠢ ᠣᠢᠯᠠᠭᠠᠬᠤᠢ - ᠥᠪᠥᠷ ᠮᠣᠩᠭᠣᠯ᠎ᠤᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠠᠨᠢᠰᠤ》 ᠰᠢᠷᠢᠰ ᠠᠵᠢᠯᠯᠠᠭ᠎ᠠ ᠵᠡᠷᠭᠡ ᠲᠥᠷᠥᠯ ᠵᠦᠢᠯ᠂ 《ᠤᠮᠠᠷᠠᠲᠤ ᠬᠢᠯᠢ᠎ᠶᠢᠨ ᠰᠣᠶᠣᠯ᠎ᠤᠨ ᠬᠤᠪᠢᠯᠭᠠᠨ ᠣᠷᠣᠨ᠎ᠳᠠᠬᠢ ᠠᠶᠠᠯᠠᠯ》 ᠵᠡᠷᠭᠡ ᠠᠵᠢᠯᠯᠠᠭ᠎ᠠ᠎ᠶᠢ ᠳᠡᠮᠵᠢᠬᠦ᠎ᠪᠡᠷ ᠲᠠᠮᠵᠢᠨ ᠤᠮᠠᠷᠠᠲᠤ ᠬᠢᠯᠢ᠎ᠶᠢᠨ ᠰᠣᠶᠣᠯ᠎ᠢ ᠤᠯᠠᠮᠵᠢᠯᠠᠨ ᠳᠠᠮᠵᠢᠭᠤᠯᠬᠤ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ; ᠡᠵᠡᠩᠨᠡᠯᠲᠡ᠎ᠶᠢᠨ ᠭᠡᠯᠪᠡᠷᠢ᠎ᠪᠡᠨ ᠥᠷᠭᠡᠳᠬᠡᠬᠦ᠎ᠶᠢ ᠪᠠᠷᠢᠮᠲᠠᠯᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠋᠎ᠤᠨ ᠭᠢᠨ᠎ᠦ ᠬᠣᠯᠪᠤᠭ᠎ᠠ᠎ᠶᠢᠨ ᠤᠮᠠᠷᠠᠲᠤ ᠬᠢᠯᠢ᠎ᠶᠢᠨ ᠰᠣᠶᠣᠯ᠎ᠤᠨ ᠠᠵᠢᠯᠯᠠᠭᠠᠨ᠎ᠤ ᠤᠯᠠᠷᠢᠯ》 ᠵᠡᠷᠭᠡ ᠲᠥᠷᠥᠯ ᠵᠦᠢᠯ᠎ᠢ ᠳᠡᠮᠵᠢᠬᠦ᠎ᠪᠡᠷ ᠲᠠᠮᠵᠢᠨ ᠬᠠᠮᠢᠶ᠎ᠠ ᠪᠦᠬᠦᠢ ᠰᠤᠷᠲᠠᠯ ᠤᠬᠠᠭᠤᠯᠭ᠎ᠠ ᠰᠣᠶᠣᠯ᠎ᠤᠨ ᠰᠠᠯᠠᠭ᠎ᠠ ᠮᠥᠴᠢᠷ᠎ᠢ ᠬᠥᠲᠥᠯᠥᠨ ᠵᠢᠯᠤᠭᠣᠳᠴᠤ᠂ 《ᠰᠣᠶᠣᠯ + ᠠᠵᠤ ᠦᠢᠯᠡᠰ》ᠢ᠋ ᠠᠭᠤᠰᠤᠯᠴᠠᠭᠤᠯᠤᠨ ᠬᠥᠭᠵᠢᠭᠦᠯᠬᠦ ᠣᠢᠯᠠᠭᠠᠭᠳᠠᠬᠤᠨ᠎ᠢ ᠪᠤᠶ ᠪᠤᠯᠭᠠᠨ᠎ᠠ; 《ᠤᠮᠠᠷᠠᠲᠤ ᠬᠢᠯᠢ᠎ᠶᠢᠨ ᠰᠣᠶᠣᠯ᠎ᠢᠶᠠᠷ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ ᠳ᠋ᠤ᠌ ᠬᠦᠴᠦᠨ ᠨᠡᠮᠡᠷᠢᠯᠡᠬᠦ》 ᠲᠥᠯᠥᠪᠯᠡᠭᠡ᠎ᠶᠢ ᠳᠠᠮᠵᠢᠨ ᠬᠡᠷᠡᠭᠵᠢᠭᠦᠯᠬᠦ ᠪᠡᠷ ᠳᠠᠮᠵᠢᠭᠤᠯᠤᠨ ᠰᠣᠶᠣᠯ᠂ ᠵᠢᠭᠤᠯᠴᠢᠯᠠᠯ᠂ ᠪᠡᠶ᠎ᠡ᠎ᠶᠢᠨ ᠲᠠᠮᠢᠷ᠂ ᠬᠤᠳᠠᠯᠳᠤᠭ᠎ᠠ᠎ᠶᠢᠨ ᠠᠭᠤᠰᠤᠯᠴᠠᠨ ᠬᠥᠭᠵᠢᠬᠦ᠎ᠶᠢ ᠠᠭᠢᠭᠤᠯᠤᠨ᠎ᠠ;ᠠᠷᠠᠳ᠎ᠲᠤ ᠠᠰᠢᠭ᠋ ᠬᠦᠷᠲᠡᠭᠡᠬᠦ ᠰᠣᠶᠣᠯ ᠤ᠋ᠨ ᠠᠵᠢᠯᠯᠠᠭ᠎ᠠ᠎ᠶᠢ ᠳᠡᠮᠵᠢᠬᠦ᠎ᠶᠢᠨ ᠬᠠᠮᠲᠤ ᠰᠢᠨ᠎ᠡ᠎ᠶᠢ ᠡᠭᠦᠳᠬᠦ᠎ᠪᠡᠷ ᠲᠠᠮᠵᠢᠨ ᠤᠮᠠᠷᠠᠲᠤ ᠬᠢᠯᠢ᠎ᠶᠢᠨ ᠰᠣᠶᠣᠯ᠎ᠢ ᠤᠯᠠᠭᠠᠨᠮᠥ᠋ᠴᠢᠷ᠎ᠦᠨ ᠭᠣᠣᠯ ᠰᠡᠳᠦᠪᠲᠦ ᠵᠣᠬᠢᠶᠠᠨ ᠪᠦᠲᠦᠭᠡᠯᠭᠡ ᠪᠠ ᠤᠷᠠᠯᠢᠭ᠋᠎ᠤᠨ ᠬᠠᠪᠰᠤᠷᠤᠨ ᠵᠢᠯᠣᠭᠣᠳᠤᠯᠭ᠎ᠠ ᠵᠡᠷᠭᠡ ᠭᠣᠭᠴᠣᠭ᠎ᠠ᠎ᠳᠤ ᠠᠭᠤᠰᠤᠯᠴᠠᠭᠤᠯᠵᠤ᠂ ᠤᠮᠠᠷᠠᠲᠤ ᠬᠢᠯᠢ᠎ᠶᠢᠨ ᠰᠣᠶᠣᠯ᠎ᠢ ᠦᠨᠳᠦᠰᠦᠨ ᠱᠠᠲᠤᠨ᠎ᠳᠤ ᠬᠦᠷᠭᠡᠬᠦ᠎ᠶᠢ ᠠᠬᠢᠭᠤᠯᠵᠤ᠂ ᠠᠷᠠᠳ ᠲᠦᠮᠡᠨ᠎ᠦ ᠣᠶᠤᠨ ᠰᠠᠨᠠᠭᠠᠨ ᠤ᠋ ᠰᠣᠶᠣᠯ᠎ᠤᠨ ᠬᠡᠷᠡᠭᠴᠡᠭᠡ ᠱᠠᠭᠠᠷᠳᠠᠯᠭ᠎ᠠ᠎ᠶᠢ ᠲᠠᠰᠤᠷᠠᠯᠲᠠ ᠦᠭᠡᠢ  ᠬᠠᠩᠭᠠᠬᠤ ᠪᠣᠯᠣᠨ᠎ᠠ᠃

《ᠬᠣᠢᠰᠢᠳᠠ ᠪᠢᠳᠡ ᠡᠳ᠋᠎ᠦᠨ ᠵᠠᠰᠠᠭ᠎ᠤᠨ ᠡᠬᠢ ᠪᠠᠶᠠᠯᠢᠭ᠋᠎ᠢ ᠴᠢᠨᠠᠭᠰᠢᠳᠠ ᠨᠢᠭᠡᠳᠦᠯᠲᠡᠢ  ᠲᠥᠯᠥᠪᠵᠢᠭᠦᠯᠬᠦ᠎ᠶᠢᠨ ᠬᠠᠮᠲᠤ ᠣᠯᠠᠨ  ᠲᠠᠯ᠎ᠠ᠎ᠶᠢᠨ ᠪᠡᠯᠡ ᠣᠷᠣᠭᠤᠯᠤᠯᠲᠠ᠎ᠶᠢ ᠬᠥᠲᠥᠯᠥᠨ ᠵᠢᠯᠤᠭᠣᠳᠬᠤ᠎ᠪᠠᠷ ᠳᠠᠮᠵᠢᠭᠤᠯᠤᠨ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠳᠡᠭᠡᠭᠰᠢᠯᠡᠭᠦᠯᠭᠦ ᠠᠵᠢᠯᠯᠠᠭ᠎ᠠ᠎ᠶᠢ ᠪᠦᠲᠦᠮᠵᠢᠲᠡᠶ ᠥᠷᠨᠢᠭᠦᠯᠬᠦ᠎ᠶᠢ ᠦᠷᠭᠦᠯᠵᠢᠯᠡᠨ ᠠᠬᠢᠭᠤᠯᠤᠨ᠎ᠠ 》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠡᠳ᠋᠎ᠦᠨ ᠵᠠᠰᠠᠭ᠎ᠤᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠵᠤ ᠭᠠᠷᠤᠯ᠎ᠠ᠃

 

ᠢᠷᠡᠯᠲᠡ᠄ ᠲᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ᠎ᠶᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            