ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠤᠮᠠᠷᠠᠲᠤ᠎ᠶᠢᠨ ᠰᠣᠶᠣᠯ
ᠥᠪᠥᠷ ᠮᠣᠩᠭᠣᠯ ᠤ᠋ᠨ ᠠᠷᠠᠳ᠎ᠤᠨ ᠪᠠᠢᠴᠠᠭᠠᠬᠤ ᠬᠣᠷᠢᠶ᠎ᠠ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠳᠤ ᠦᠢᠯᠡᠴᠢᠯᠡᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠵᠡᠢ
ᠨᠡᠶ᠋ᠢᠲᠡᠯᠡᠭᠰᠡᠨ ᠴᠠᠭ᠄ 2025-11-20

ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠬᠣᠷᠢᠶ᠎ᠠ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠳᠤ ᠦᠢᠯᠡᠴᠢᠯᠡᠭᠰᠡᠨ ᠬᠣᠶᠠᠳᠤᠭᠠᠷ ᠪᠦᠯᠦᠭ᠎ᠦᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ᠃ ᠲᠣᠰ ᠪᠦᠯᠦᠭ ᠬᠡᠷᠡᠭ᠎ᠦᠨ ᠵᠢᠱ᠌ᠢᠶ᠎ᠡ ᠨᠢ ᠲᠡᠦᠬᠡ᠎ᠶᠢᠨ ᠳᠤᠷᠠᠰᠬᠠᠯᠲᠤ ᠵᠦᠢᠯᠡᠰ ᠪᠠ ᠰᠣᠶᠣᠯ᠎ᠤᠨ ᠥᠪ᠎ᠦᠨ ᠬᠠᠮᠠᠭᠠᠯᠠᠯᠲᠠ᠂ ᠣᠷᠳᠣ᠌ ᠴᠠᠭᠠᠨ ᠬᠡᠷᠡᠮ᠎ᠦᠨ ᠬᠠᠮᠠᠭᠠᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ ᠵᠡᠷᠭᠡ ᠰᠣᠶᠣᠯ᠎ᠤᠨ ᠲᠦᠷᠦᠯ ᠲᠡᠮᠳᠡᠭ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠥᠪᠥᠷ ᠮᠣᠩᠭᠣᠯ ᠤ᠋ᠨ ᠪᠠᠢᠴᠠᠭᠠᠬᠤ ᠪᠠᠢᠭᠤᠯᠭ᠎ᠠ᠎ᠶᠢᠨ《ᠬᠡᠷᠡᠭ ᠨᠢᠭᠡᠪᠦᠷᠢ᠎ᠶᠢ ᠴᠢᠨᠠᠷ ᠰᠠᠢᠲᠠᠢ ᠥᠨᠳᠥᠷ  ᠪᠦᠲᠦᠮᠵᠢᠳᠡᠢ ᠰᠠᠢᠲᠤᠷ ᠰᠢᠢᠳᠪᠦᠷᠢᠯᠡᠬᠦ》 ᠪᠡᠷ ᠤᠮᠠᠷᠠᠲᠤ ᠬᠢᠯᠢ᠎ᠶᠢᠨ ᠰᠣᠶᠣᠯ᠎ᠢ ᠤᠯᠠᠮᠵᠢᠯᠠᠨ ᠪᠠᠳᠠᠷᠠᠭᠤᠯᠤᠭᠰᠠᠨ ᠲᠤᠬᠠᠢ ᠪᠠᠢᠴᠠᠭᠠᠬᠤ ᠠᠵᠢᠯ᠎ᠤᠨ ᠦᠢᠯᠡᠳᠦᠯᠭᠡ᠎ᠶᠢ ᠠᠮᠢᠳᠤᠯᠢᠭ᠋᠎ᠢᠶᠠᠷ ᠢᠯᠡᠷᠡᠭᠦᠯᠵᠡᠢ᠃

ᠡᠳᠡᠭᠡᠷ ᠨᠡᠢᠲᠡᠯᠢᠭ ᠬᠡᠷᠡᠭ᠎ᠤᠨ ᠵᠢᠱ᠌ᠢᠶ᠎ᠡ᠎ᠳᠦ᠂ ᠲᠦᠮᠡᠳ ᠵᠡᠭᠦᠨ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠵᠤᠤ ᠤᠯᠤᠰ ᠤ᠋ᠨ ᠬᠣᠢᠲᠤ ᠤᠷᠳᠤ ᠴᠠᠭᠠᠨ ᠬᠡᠷᠡᠮ ᠤ᠋ᠨ ᠪᠠᠭᠤᠷᠢ᠎ᠶᠢ ᠬᠠᠮᠠᠭᠠᠯᠠᠬᠤ᠎ᠶᠢ ᠱᠠᠯᠠᠪᠳᠠᠭᠤᠯᠤᠭᠰᠠᠨ  ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠭᠦᠭᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ  ᠳᠠ ᠶᠣᠣ᠎ᠶᠢᠨ ᠪᠠᠭᠤᠷᠢ᠎ᠶᠢ ᠬᠠᠮᠠᠭᠠᠯᠠᠬᠤ᠎ᠶᠢ ᠱᠠᠯᠠᠪᠳᠠᠭᠤᠯᠤᠭᠰᠠᠨ  ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂  ᠭᠦᠭᠡᠬᠤᠳᠠ ᠵᠢᠨ ᠰᠠᠢᠬᠠᠨ ᠲᠣᠭᠣᠷᠢᠭ᠋ ᠤ᠋ᠨ ᠠᠷᠠᠳ ᠤ᠋ᠨ ᠪᠠᠢᠴᠠᠭᠠᠬᠤ ᠬᠣᠷᠢᠶ᠎ᠠ ᠵᠢᠨ ᠨᠢᠭᠡᠨ ᠰᠤᠪᠠᠭ ᠤ᠋ᠨ ᠪᠠᠭᠤᠷᠢ ᠶ᠋ᠢ ᠬᠠᠮᠠᠭᠠᠯᠠᠬᠤ ᠶ᠋ᠢ ᠱᠠᠯᠠᠪᠳᠠᠭᠤᠯᠤᠭᠰᠠᠨ ᠵᠠᠰᠠᠭ ᠵᠠᠬᠢᠷᠭᠠᠨ ᠤ᠋ ᠨᠡᠢᠳᠡ ᠵᠢᠨ ᠠᠰᠠᠷᠠᠮᠵᠢ ᠵᠢᠨ ᠵᠠᠷᠭᠤ ᠵᠢᠨ ᠬᠡᠷᠡᠭ᠂ ᠮᠠᠨᠵᠤᠤᠷ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠠᠩᠰᠠ ᠡᠪᠬᠡᠮᠡᠯ᠎ᠢ ᠪᠦᠭᠦᠨ᠎ᠢ ᠢᠯᠡ ᠪᠤᠯᠭᠠᠬᠤ ᠶ᠋ᠢ ᠱᠠᠯᠠᠪᠳᠠᠭᠤᠯᠤᠭᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠰᠢᠯᠤᠭᠤᠨ ᠬᠥᠪᠡᠭᠡᠲᠦ ᠴᠠᠭᠠᠨ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠠᠯᠳᠠᠨ ᠤᠯᠤᠰ ᠤ᠋ᠨ ᠰᠡᠷᠭᠡᠢᠯᠡᠯᠲᠡ ᠵᠢᠨ ᠰᠤᠪᠠᠭ ᠤ᠋ᠨ ᠪᠠᠭᠤᠷᠢ ᠶ᠋ᠢ ᠬᠠᠮᠠᠭᠠᠯᠠᠬᠤ ᠶ᠋ᠢ ᠱᠠᠯᠠᠪᠳᠠᠭᠤᠯᠤᠭᠰᠠᠨ  ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ ᠵᠢᠨ ᠬᠡᠷᠡᠭ᠂ ᠹᠧᠩᠵᠧᠨ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠮᠢᠩ ᠤᠯᠤᠰ᠎ᠤᠨ ᠤᠷᠳᠤ  ᠴᠠᠭᠠᠨ ᠬᠡᠷᠡᠮ᠎ᠦᠨ ᠪᠠᠭᠤᠷᠢ᠎ᠶᠢ ᠬᠠᠮᠠᠭᠠᠯᠠᠬᠤ᠎ᠶᠢ ᠱᠠᠯᠠᠪᠳᠠᠭᠤᠯᠤᠭᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠶᠤᠸᠠᠨ ᠤᠯᠤᠰ᠎ᠤᠨ ᠵᠢᠨᠢᠩ ᠵᠠᠮ᠎ᠤᠨ ᠡᠷᠲᠡᠨ᠎ᠦ ᠬᠣᠲᠠ᠎ᠶᠢᠨ ᠪᠠᠭᠤᠷᠢ᠂ ᠴᠠᠬᠠᠷ ᠦᠨᠳᠦᠰᠦᠲᠡᠨ᠎ᠦ ᠰᠣᠶᠣᠯ᠎ᠤᠨ ᠠᠴᠢᠶᠠᠯᠠᠪᠤᠷᠢ ᠶ᠋ᠢ ᠬᠠᠮᠠᠭᠠᠯᠠᠬᠤ ᠶ᠋ᠢ ᠱᠠᠯᠠᠪᠳᠠᠭᠤᠯᠤᠭᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂  ᠳᠥᠷᠪᠡᠳ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ  ᠵᠢᠨ ᠹᠦ ᠮᠢᠩ ᠪᠠᠯᠭᠠᠰᠤᠨ᠎ᠤ ᠡᠷᠲᠡᠨ ᠤ᠋  ᠬᠤᠳᠠ ᠵᠢᠨ  ᠪᠠᠭᠤᠷᠢ᠎ᠶᠢ ᠬᠠᠮᠠᠭᠠᠯᠠᠬᠤ᠎ᠶᠢ ᠱᠠᠯᠠᠪᠳᠠᠭᠤᠯᠤᠭᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂  ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠦᠷᠡᠭᠳᠡᠭᠰᠡᠨ ᠪᠠᠭᠠᠲᠤᠷᠴᠤᠳ᠎ᠤᠨ ᠣᠩᠭᠣᠨ᠎ᠤ ᠬᠦᠷᠢᠶᠡᠯᠡᠩ᠎ᠢ ᠬᠠᠮᠠᠭᠠᠯᠠᠬᠤ ᠶ᠋ᠢ ᠱᠠᠯᠠᠪᠳᠠᠭᠤᠯᠤᠭᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ ᠵᠢᠨ ᠬᠡᠷᠡᠭ᠂ ᠵᠢᠨᠢᠩ᠎ᠦᠨ ᠲᠡᠮᠦᠷ ᠵᠠᠮ᠎ᠤᠨ ᠲᠡᠭᠡᠭᠡᠪᠦᠷᠢ᠎ᠶᠢᠨ ᠪᠠᠢᠴᠠᠭᠠᠬᠤ ᠬᠣᠷᠢᠶ᠎ᠠ ᠵᠢᠨ ᠵᠣᠰᠣᠲᠤ ᠵᠢᠨ ᠠᠭᠤᠯᠠ ᠪᠠᠯᠭᠠᠰᠤᠨ᠎ᠤ ᠲᠡᠷᠭᠡᠨ ᠥᠷᠲᠡᠭᠡᠨ᠎ᠦ ᠬᠠᠭᠤᠴᠢᠨ ᠪᠠᠭᠤᠷᠢ᠎ᠶᠢ ᠬᠠᠮᠠᠭᠠᠯᠠᠬᠤ ᠶ᠋ᠢ ᠱᠠᠯᠠᠪᠳᠠᠭᠤᠯᠤᠭᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ ᠪᠤᠢ᠃

ᠢᠷᠡᠯᠲᠡ᠄ ᠲᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ᠎ᠶᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            