ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠤᠮᠠᠷᠠᠲᠤ᠎ᠶᠢᠨ ᠰᠣᠶᠣᠯ
ᠢᠰᠡᠭᠡᠢ ᠤᠷᠠᠯᠠᠯ᠎ᠤᠨ ᠰᠣᠶᠣᠯ ᠢ᠋ ᠥᠪᠯᠡᠨ ᠤᠯᠠᠮᠵᠢᠯᠠᠭ᠍ᠴᠢ ᠰᠣᠪᠤᠳᠠᠨᠴᠡᠴᠡᠭ
ᠨᠡᠶ᠋ᠢᠲᠡᠯᠡᠭᠰᠡᠨ ᠴᠠᠭ᠄ 2025-12-04

ᠪᠣᠳᠠᠰ᠎ᠤᠨ ᠪᠤᠰᠤ ᠰᠣᠶᠣᠯ᠎ᠤᠨ ᠥᠪ ᠨᠢ ᠦᠨᠳᠦᠰᠦᠲᠡᠨ᠎ᠨᠦᠭᠦᠳ᠎ᠤᠨ ᠬᠤᠭᠤᠷᠤᠨᠳᠤᠭᠢ ᠰᠣᠶᠣᠯ᠎ᠤᠨ ᠰᠣᠯᠢᠯᠴᠠᠭ᠎ᠠ ᠵᠢᠨ ᠪᠦᠲᠦᠭᠡᠭᠳᠡᠬᠦᠨ ᠪᠤᠯᠬᠤ᠎ᠪᠠᠷ ᠪᠠᠷᠠᠬᠤ ᠦᠭᠡᠢ᠂ ᠨᠡᠩ ᠴᠤ᠌ ᠦᠨᠳᠦᠰᠦᠲᠡᠨ᠎ᠤ ᠥᠪ ᠰᠣᠶᠣᠯ᠎ᠤᠨ ᠰᠢᠨ᠎ᠡ ᠠᠴᠢᠶᠠᠯᠠᠪᠤᠷᠢ ᠪᠣᠯᠣᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭ᠍ᠴᠢ ᠨᠢ ᠰᠢᠨ᠎ᠡ ᠴᠠᠭ ᠦᠶ᠎ᠡ ᠵᠢᠨ ᠤᠮᠠᠷᠠᠲᠤ ᠬᠢᠯᠢ᠎ᠶᠢᠨ ᠰᠣᠶᠣᠯ᠎ᠤᠨ ᠭᠤᠸ᠎ᠠ ᠰᠠᠢᠬᠠᠨ᠎ᠢ ᠳᠡᠯᠭᠡᠨ ᠦᠵᠡᠭᠦᠯᠵᠦ᠂ ᠤᠯᠠᠮ ᠴᠢᠨᠠᠭᠰᠢᠳᠠ ᠳᠡᠯᠭᠡᠷᠡᠭᠦᠯᠦᠨ ᠤᠯᠠᠮᠵᠢᠯᠠᠬᠤ ᠳᠠᠷᠬᠠᠨ ᠡᠭᠦᠷᠭᠡ ᠶ᠋ᠢ ᠡᠭᠦᠷᠭᠡᠯᠡᠵᠦ ᠶᠠᠪᠤᠳᠠᠭ᠃ ᠰᠢᠯᠢ ᠵᠢᠨ ᠭᠣᠣᠯ ᠠᠢᠮᠠᠭ᠎ᠤᠨ ᠬᠥᠪᠡᠭᠡᠲᠦ ᠰᠢᠷ᠎ᠠ ᠬᠣᠰᠢᠭᠤᠨ᠎ᠤ ᠮᠣᠩᠭᠣᠯ ᠳᠤᠮᠳᠠᠳᠤ ᠰᠤᠷᠭᠠᠭᠤᠯᠢ᠎ᠶᠢᠨ ᠠᠵᠢᠯ᠎ᠠᠴᠠ᠎ᠪᠠᠨ ᠠᠮᠠᠷᠠᠭᠰᠠᠨ ᠠᠬᠠᠮᠠᠳ ᠪᠠᠭ᠍ᠰᠢ᠂ ᠥᠪᠥᠷ ᠮᠣᠩᠭᠣᠯ᠎ᠤᠨ ᠴᠠᠬᠠᠷ ᠰᠣᠶᠣᠯ᠎ᠤᠨ ᠰᠤᠳᠤᠯᠭᠠᠨ᠎ᠤ ᠨᠡᠢᠭᠡᠮᠯᠢᠭ᠎ᠤᠨ ᠭᠡᠰᠢᠭᠦᠨ᠂ ᠬᠣᠰᠢᠭᠤᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ 《ᠢᠰᠡᠭᠡᠢ ᠬᠢᠬᠦ ᠤᠷ᠎ᠠ ᠮᠡᠷᠭᠡᠵᠢᠯ》 ᠤ᠋ᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ ᠰᠣᠪᠤᠳᠠᠨᠴᠡᠴᠡᠭ ᠪᠣᠯ ᠡᠨᠡ ᠬᠦ᠌ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠡᠨ ᠠᠵᠢᠯ ᠦᠢᠯᠡᠰ ᠪᠣᠯᠭᠠᠨ ᠡᠷᠭᠢᠯᠡᠵᠤ ᠶᠠᠪᠤᠭ᠎ᠠ ᠵᠢᠳᠬᠦᠯᠲᠡᠨ ᠤ᠋ ᠨᠢᠭᠡ ᠪᠣᠯᠣᠨ᠎ᠠ᠃

ᠬᠥᠪᠡᠭᠡᠲᠦ ᠰᠢᠷ᠎ᠠ ᠬᠣᠰᠢᠭᠤᠨ᠎ᠤ ᠰᠢᠨᠡᠪᠤᠯᠠᠭ ᠪᠠᠯᠭᠠᠰᠤᠨ᠎ᠤ ᠬᠠᠰᠢᠶᠠᠲᠤ ᠨᠡᠢᠭᠡᠮ ᠲᠣᠭᠣᠷᠢᠭ᠋᠎ᠤᠨ ᠢᠰᠡᠭᠡᠢ ᠤᠷᠠᠯᠠᠯ᠎ᠤᠨ ᠠᠵᠢᠯᠯᠠᠬᠣ᠌ ᠥᠷᠥᠭᠡᠨ᠎ᠳᠤ ᠢᠰᠡᠭᠡᠢ ᠵᠢᠷᠤᠭ᠂ ᠣᠯᠪᠣᠭ᠂ ᠢᠰᠡᠭᠡᠢ ᠴᠦᠩᠬᠦ ᠵᠡᠷᠭᠡ ᠬᠢᠴᠡ ᠨᠢ ᠨᠠᠷᠢᠯᠢᠭ᠋ ᠰᠠᠢᠬᠠᠨ᠂ ᠤᠯᠠᠨ ᠶᠠᠩᠵᠤ ᠭᠡᠯᠪᠡᠷᠢ ᠵᠢᠨ ᠭᠠᠷ ᠤᠷᠠᠯᠠᠯ᠎ᠤᠨ ᠪᠦᠲᠦᠭᠡᠭᠳᠡᠬᠦᠨ᠎ᠢ ᠳᠡᠯᠭᠡᠨ ᠦᠵᠡᠭᠦᠯᠵᠦ ᠪᠠᠢᠯ᠎ᠠ᠃ ᠲᠡᠷᠡᠴᠢᠯᠡᠨ ᠰᠣᠪᠤᠳᠠᠨᠴᠡᠴᠡᠭ ᠢᠰᠡᠭᠡᠢ ᠬᠠᠳᠬᠤᠮᠠᠯ ᠬᠠᠳᠬᠤᠬᠤ᠂ ᠥᠩᠭᠡ ᠲᠣᠬᠢᠷᠠᠭᠤᠯᠬᠤ ᠵᠡᠷᠭᠡ ᠲᠠᠯ᠎ᠠ ᠪᠠᠷ ᠱᠠᠪᠢ ᠨᠠᠷ ᠲᠠᠭᠠᠨ ᠵᠢᠯᠣᠭᠣᠳᠤᠯᠭ᠎ᠠ ᠬᠢᠵᠦ᠂ ᠬᠠᠮᠲᠤ᠎ᠪᠠᠷ ᠰᠤᠷᠤᠯᠴᠠᠨ ᠰᠠᠨᠠᠯ ᠪᠤᠳᠤᠯ᠎ᠢᠶᠠᠨ ᠰᠣᠯᠢᠯᠴᠠᠵᠤ᠂ ᠠᠵᠢᠯᠯᠠᠬᠣ᠌ ᠥᠷᠥᠭᠡᠨ᠎ᠳᠤ  ᠭᠦᠷ ᠨᠠᠷᠭᠢᠶᠠᠨ ᠵᠢᠡᠷ ᠪᠢᠯᠬᠠᠵᠤ ᠪᠠᠢᠯ᠎ᠠ᠃ 《ᠪᠢ ᠰᠤ ᠪᠠᠭ᠍ᠰᠢ ᠶ᠋ᠢ ᠲᠠᠭᠠᠭᠠᠳ 4᠂ 5 ᠵᠢᠯ ᠪᠣᠯᠵᠤ ᠪᠠᠢᠨ᠎ᠠ᠂ ᠡᠨᠡ ᠬᠤᠭᠤᠴᠠᠭᠠᠨ ᠳ᠋ᠤ᠌ ᠣᠯᠠᠨ ᠶᠠᠭᠤᠮ᠎ᠠ ᠰᠣᠷᠣᠬ᠍ᠰᠠᠠ᠂ ᠮᠠᠨ ᠤ᠋ ᠤᠷᠠᠴᠤᠳ ᠡᠨᠡ ᠤᠷᠠᠯᠠᠯ ᠢ᠋ ᠰᠣᠷᠣᠭᠠᠳ ᠴᠣᠬᠣᠮ ᠶᠡᠬᠡ ᠣᠯᠣᠯᠲᠠ ᠲᠠᠢ ᠮᠥᠷᠲᠡᠭᠡᠨ ᠶᠡᠬᠡ ᠪᠠᠶᠠᠷ ᠭᠦᠷ ᠲᠠᠢ ᠵᠣᠯ ᠵᠢᠷᠭᠠᠯ ᠲᠠᠢ ᠪᠠᠢᠨ᠎ᠠ᠂ ᠲᠡᠷᠡᠴᠢᠯᠡᠨ ᠰᠣ ᠪᠠᠭ᠍ᠰᠢ ᠪᠢᠳᠠᠨ ᠡᠴᠡ ᠮᠥᠩᠭᠥ ᠵᠣᠭᠣᠰ ᠭᠡᠵᠦ ᠨᠢᠭᠡ ᠴᠦ᠍ ᠬᠤᠷᠢᠶᠠᠭᠰᠠᠨ ᠦᠭᠡᠢ ᠰᠢᠤ》 ᠭᠡᠵᠦ ᠱᠠᠪᠢ ᠣᠶᠤᠩᠭᠤᠸ᠎ᠠ ᠪᠠᠶᠠᠷᠲᠠᠢᠬᠠᠨ ᠶᠠᠷᠢᠯ᠎ᠠ᠃

ᠪᠠᠭ᠎ᠠ ᠡᠴᠡ ᠪᠠᠨ ᠮᠠᠯᠵᠢᠬᠤ ᠣᠷᠣᠨ᠎ᠳᠤ ᠥᠰᠦᠭᠰᠡᠨ ᠰᠣᠪᠤᠳᠠᠨᠴᠡᠴᠡᠭ ᠦᠨᠳᠦᠰᠦᠲᠡᠨ᠎ᠤ ᠢᠰᠡᠭᠡᠢ ᠤᠷᠠᠯᠠᠯ᠎ᠤᠨ ᠰᠣᠶᠣᠯ᠎ᠤᠨ ᠨᠥᠯᠥᠭᠡ᠎ᠶᠢ ᠭᠦᠨ ᠬᠦᠷᠲᠡᠵᠦ᠂ ᠢᠰᠡᠭᠡᠢ ᠤᠷᠠᠯᠠᠯ᠎ᠳᠤ ᠲᠤᠢᠯ᠎ᠤᠨ ᠶᠡᠬᠡ ᠳᠤᠷ᠎ᠠ ᠪᠠᠬ᠎ᠠ᠎ᠲᠠᠢ᠂ ᠡᠵᠢ᠎ᠪᠠᠨ ᠳᠠᠭᠠᠵᠤ ᠢᠰᠡᠭᠡᠢ ᠤᠷᠠᠯᠠᠯ ᠰᠤᠷᠴᠤ ᠪᠠᠢᠵᠠᠢ᠃ ᠲᠡᠷᠡ 1971 ᠣᠨ ᠡᠴᠡ 2006 ᠣᠨ ᠪᠤᠯᠳᠠᠯ᠎ᠠ ᠭᠤᠴᠢ ᠭᠠᠷᠤᠢ ᠵᠢᠯ ᠲᠣᠮᠳᠠᠳᠣ᠌ ᠰᠤᠷᠭᠠᠭᠤᠯᠢ ᠵᠢᠨ ᠪᠠᠭ᠍ᠰᠢ ᠪᠠᠷ ᠠᠵᠢᠯᠯᠠᠵᠤ᠂ ᠠᠵᠢᠯ᠎ᠤᠨ ᠠᠮᠠᠷᠠᠯᠲᠠ ᠪᠠᠨ ᠠᠪᠤᠭᠰᠠᠨ ᠡᠴᠡ ᠬᠣᠢᠰᠢ ᠢᠰᠡᠭᠡᠢ ᠤᠷᠠᠯᠠᠯ᠎ᠤᠨ ᠲᠤᠬᠠᠢ ᠰᠤᠳᠤᠯᠭᠠᠨ ᠵᠢᠠᠨ ᠡᠬᠢᠯᠡᠭᠦᠯᠵᠦ ᠪᠢᠯᠡ᠃ 2015 ᠣᠨ ᠡᠴᠡ ᠲᠠᠷᠠ ᠪᠡᠷ ᠢᠰᠡᠭᠡᠢ ᠤᠷᠠᠯᠠᠯ᠎ᠤᠨ ᠵᠢᠭᠠᠨ ᠰᠤᠷᠭᠠᠯᠲᠠ ᠵᠢᠨ ᠠᠵᠢᠯ ᠢ᠋ ᠨᠡᠯᠢᠶᠡᠳ ᠴᠢᠭᠯᠡᠯ ᠲᠠᠢ᠂ ᠲᠥᠯᠥᠪᠯᠡᠭᠡ ᠲᠠᠢ ᠬᠢᠵᠦ ᠡᠬᠢᠯᠡᠵᠡᠢ᠂ ᠠᠩᠬ᠎ᠠ ᠤᠳᠠᠭ᠎ᠠ ᠪᠡᠨ ᠰᠤᠷᠭᠠᠭᠤᠯᠢ ᠳ᠋ᠤ᠌ ᠢᠰᠡᠭᠡᠢ ᠤᠷᠠᠯᠠᠯ᠎ᠤᠨ ᠳᠤᠷ᠎ᠠ ᠪᠠᠬ᠎ᠠ ᠵᠢᠨ ᠬᠢᠴᠢᠶᠡᠯ ᠢ᠋ ᠨᠡᠭᠡᠭᠡᠭᠡᠳ᠂ ᠰᠣᠷᠣᠬ᠍ᠴᠢᠳ ᠲᠤ᠌ ᠣᠯᠠᠩᠬᠢ ᠳ᠋ᠠᠭᠠᠨ ᠰᠢᠷᠢᠮᠡᠯ ᠵᠢᠭᠠᠬᠤ ᠵᠢᠨ ᠳᠠᠭᠠᠤ ᠦᠨᠳᠦᠰᠦᠲᠡᠨ ᠤ᠋ ᠬᠡ ᠤᠭᠠᠯᠵᠠ ᠶ᠋ᠢ ᠢᠰᠡᠭᠡᠢ ᠳᠡᠭᠡᠷ᠎ᠡ ᠶᠠᠭᠠᠬᠢᠵᠤ ᠤᠷᠠᠯᠠᠬᠤ ᠵᠡᠷᠭᠡ ᠶ᠋ᠢ ᠵᠢᠭᠠᠭᠰᠠᠨ ᠶᠤᠮ᠃ 2018 ᠣᠨ ᠳ᠋ᠤ᠌ ᠨᠡᠢᠭᠡᠮ ᠳᠡᠭᠡᠷ᠎ᠡ ᠡᠯ᠎ᠡ ᠵᠦᠢᠯ᠎ᠤᠨ ᠠᠵᠢᠯᠯᠠᠭ᠎ᠠ ᠥᠷᠨᠢᠭᠦᠯᠵᠦ᠂ ᠤᠯᠠᠨ ᠱᠠᠪᠢ ᠨᠠᠷ ᠲᠠᠢ ᠪᠣᠯᠵᠠᠢ᠂ ᠱᠠᠪᠢ ᠠᠪᠬᠤ᠎ᠳᠠᠭᠠᠨ ᠨᠠᠰᠣᠨ ᠤ᠋ ᠬᠢᠵᠠᠭᠠᠷ ᠦᠭᠡᠢ᠂ ᠡᠷᠡᠭᠲᠡᠢ ᠡᠮᠡᠭᠲᠡᠢ ᠭᠡᠵᠦ ᠬᠤᠪᠢᠶᠠᠬᠤ ᠦᠭᠡᠢ᠂ ᠬᠡᠨ ᠰᠤᠷᠬᠤ ᠳᠤᠷᠠᠲᠠᠢ ᠪᠣᠯ ᠵᠢᠭᠠᠵᠤ ᠯᠠ ᠦᠭᠳᠡᠭ ᠮᠥᠷᠲᠡᠭᠡᠨ ᠣᠳᠣ᠌ ᠪᠤᠯᠳᠠᠯ᠎ᠠ ᠦᠨ᠎ᠡ ᠲᠥᠯᠥᠪᠦᠷᠢ ᠦᠭᠡᠢ ᠵᠢᠭᠠᠨ ᠰᠤᠷᠭᠠᠯᠲᠠ ᠬᠢᠭᠰᠡᠭᠡᠷ ᠢᠷᠡᠭᠰᠡᠨ ᠪᠠᠢᠨ᠎ᠠ᠃ 《ᠦᠨᠳᠦᠰᠦᠲᠡᠨ ᠤ᠋ ᠥᠪ ᠰᠣᠶᠣᠯ ᠢ᠋ ᠤᠯᠠᠮᠵᠢᠯᠠᠬᠤ ᠬᠠᠷᠠᠯᠲᠠ ᠪᠠᠷ ᠨᠣᠮ ᠨᠠᠢᠷᠠᠭᠤᠯᠬᠤ᠂ ᠵᠢᠭᠠᠬᠤ᠂ ᠪᠣᠯᠪᠠᠰᠤᠷᠠᠯ ᠬᠢᠬᠦ ᠡᠴᠨ ᠭᠠᠳᠠᠨ᠎ᠠ ᠬᠣᠯᠪᠤᠭ᠎ᠠ ᠪᠠᠢᠭᠤᠯᠤᠭᠠᠳ ᠬᠠᠮᠲᠤ ᠵᠢᠨ ᠠᠵᠢᠯᠯᠠᠭ᠎ᠠ ᠬᠢᠭᠰᠡᠭᠡᠷ ᠢᠷᠠᠵᠠᠢ》 ᠭᠡᠵᠦ ᠰᠣᠪᠤᠳᠠᠨᠴᠡᠴᠡᠭ ᠶᠠᠷᠢᠨ᠎ᠠ᠃

ᠰᠤᠪᠤᠳᠠᠨᠴᠡᠴᠡᠭ ᠤᠯᠠᠮᠵᠢᠯᠠᠯᠲᠤ ᠭᠠᠷ ᠤᠷᠠᠯᠠᠯ ᠪᠣᠯᠣᠨ ᠣᠳᠣ᠌ ᠦᠶ᠎ᠡ᠎ᠶᠢᠨ ᠤᠷ᠎ᠠ ᠮᠡᠷᠭᠡᠵᠢᠯ᠂ ᠦᠨᠳᠦᠰᠦᠲᠡᠨ᠎ᠤ ᠰᠣᠶᠣᠯ ᠪᠣᠯᠣᠨ ᠰᠢᠨᠡᠴᠢᠯᠡᠭᠰᠡᠨ ᠡᠯᠧᠮᠧᠨ᠋ᠲ᠎ᠢ ᠤᠷᠠᠨ᠎ᠢᠶᠠᠷ ᠤᠶᠠᠯᠳᠤᠭᠤᠯᠬᠤ ᠶ᠋ᠢ ᠠᠩᠬᠠᠷᠴᠤ ᠶᠠᠪᠤᠵᠠᠢ᠂ ᠡᠨᠡ ᠨᠢ ᠮᠥᠨ ᠴᠤ᠌ ᠲᠡᠭᠦᠨ ᠤ᠋ ᠰᠤᠳᠤᠯᠬᠤ ᠪᠠ ᠤᠯᠠᠮᠵᠢᠯᠠᠬᠤ ᠴᠢᠭᠯᠡᠯ ᠪᠣᠯᠣᠭᠰᠠᠭᠠᠷ ᠢᠷᠡᠭᠰᠡᠨ ᠶᠤᠮ᠃ 2016 ᠣᠨ᠎ᠳᠤ ᠰᠣᠪᠤᠳᠠᠨᠴᠡᠴᠡᠭ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭᠠᠷ ᠬᠤᠭᠤᠴᠠᠭᠠᠨ᠎ᠤ ᠦᠨᠳᠦᠰᠦᠲᠡᠨ᠎ᠤ ᠬᠤᠪᠴᠠᠰᠤ ᠵᠠᠰᠠᠯ ᠵᠢᠴᠢ ᠭᠠᠷ ᠤᠷᠠᠯᠠᠯ᠎ᠤᠨ ᠪᠦᠲᠦᠭᠡᠭᠳᠡᠬᠦᠨ᠎ᠤ ᠳᠡᠭᠡᠳᠦ ᠵᠡᠷᠭᠡ᠎ᠶᠢᠨ ᠪᠣᠯᠪᠠᠰᠤᠷᠠᠯ᠎ᠤᠨ ᠠᠩᠭᠢ᠎ᠶᠢᠨ ᠢᠰᠡᠭᠡᠢ ᠭᠠᠷ ᠤᠷᠠᠯᠠᠯ᠎ᠤᠨ ᠪᠦᠲᠦᠭᠡᠭᠳᠡᠬᠦᠨ᠎ᠤ ᠪᠠᠭ᠍ᠰᠢ᠎ᠪᠠᠷ ᠤᠷᠢᠭ᠍ᠳᠠᠵᠤ᠂ ᠨᠡᠩ ᠥᠷᠭᠡᠨ ᠵᠠᠢ ᠳ᠋ᠥ ᠢᠰᠡᠭᠡᠢ ᠤᠷᠠᠯᠠᠯ ᠵᠢᠡᠨ ᠤᠯᠠᠮᠵᠢᠯᠠᠨ ᠥᠪᠯᠡᠭᠦᠯᠦᠭᠰᠡᠨ ᠪᠢᠯᠡ᠃

ᠬᠣᠰᠢᠭᠤᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭ᠍ᠴᠢ ᠪᠣᠯᠤᠭᠰᠠᠨ᠎ᠤ ᠬᠤᠪᠢ᠎ᠳᠤ᠂ ᠰᠣᠪᠤᠳᠠᠨᠴᠡᠴᠡᠭ ᠣᠳᠣ᠌ ᠪᠤᠯᠳᠠᠯ᠎ᠠ ᠤᠷᠢᠳ ᠬᠣᠵᠢᠳ 80 ᠭᠠᠷᠤᠢ ᠢᠰᠡᠭᠡᠢ ᠤᠷᠠᠯᠠᠯ᠎ᠤᠨ ᠱᠠᠪᠢ ᠬᠥᠮᠥᠵᠢᠭᠦᠯᠵᠦ᠂ ᠡᠨᠡ ᠬᠦ᠌ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠨ᠎ᠡ ᠴᠡᠨ᠎ᠡ ᠶ᠋ᠢ ᠬᠥᠮᠥᠰ ᠲᠤ᠌ ᠣᠢᠯᠠᠭᠠᠭᠤᠯᠵᠤ᠂ ᠤᠯᠠᠮ ᠴᠢᠨᠠᠭᠰᠢᠳᠠ ᠥᠪᠯᠡᠭᠦᠯᠦᠨ ᠤᠯᠠᠮᠵᠢᠯᠠᠵᠤ ᠶᠠᠪᠤᠨ᠎ᠠ᠃ 《ᠪᠢ ᠤᠤᠯ ᠨᠢ ᠢᠰᠡᠭᠡᠢ ᠤᠷᠠᠯᠠᠯ ᠵᠢᠡᠨ ᠬᠠᠶᠠᠴᠢᠬᠠᠭᠰᠠᠨ ᠪᠠᠢᠭᠰᠠᠨ᠂ ᠣᠳᠣ᠌ ᠰᠤ ᠪᠠᠭ᠍ᠰᠢ ᠵᠢᠨ ᠱᠠᠪᠢ ᠪᠣᠯᠵᠤ ᠢᠰᠡᠭᠡᠢ ᠤᠷᠠᠯᠠᠯ ᠵᠢᠡᠨ ᠰᠢᠨ᠎ᠡ ᠪᠠᠷ ᠬᠢᠵᠦ ᠡᠬᠢᠯᠡᠭᠰᠡᠨ ᠮᠥᠷᠲᠡᠭᠡᠨ ᠪᠣᠷᠤᠯᠠᠭᠤᠯᠭ᠎ᠠ ᠲᠣᠩ ᠰᠠᠢᠨ ᠪᠠᠢᠨ᠎ᠠ᠂ ᠮᠢᠨᠤ ᠬᠢᠭᠰᠡᠨ ᠪᠦᠲᠦᠭᠡᠭᠳᠡᠬᠦᠨ ᠠᠯᠠᠱᠠ᠂ ᠬᠥᠯᠥᠨ ᠪᠦᠢᠷ ᠲᠤ᠌ ᠪᠦᠷ ᠵᠠᠬᠢᠶᠠᠯᠠᠭ᠎ᠠ ᠲᠠᠢ᠂ ᠲᠡᠷᠡᠴᠢᠯᠡᠨ ᠵᠢᠯ ᠳ᠋ᠤ᠌ ᠬᠣᠶᠠᠷ ᠲᠦᠮᠡ ᠰᠢᠬᠠᠮ ᠲᠥᠭᠥᠷᠢᠭ᠎ᠤᠨ ᠣᠷᠣᠯᠭ᠎ᠠ ᠣᠯᠴᠢᠬᠠᠳᠠᠭ᠃ ᠢᠰᠡᠭᠡᠢ ᠤᠷᠠᠯᠠᠯ ᠪᠣᠯ ᠬᠣᠢᠰᠢᠳᠠ ᠦᠷ᠎ᠡ ᠬᠡᠦᠬᠡᠳ ᠲᠡᠭᠡᠨ ᠦᠯᠡᠳᠡᠭᠡᠵᠦ ᠥᠭᠬᠦ ᠡᠳ᠋ ᠬᠥᠷᠥᠩᠭᠡ ᠮᠥᠨ ᠭᠡᠵᠦ ᠰᠤ ᠪᠠᠭ᠍ᠰᠢ ᠪᠢᠳᠠᠨ᠎ᠳᠤ ᠰᠠᠨᠠᠭᠤᠯᠵᠤ ᠥᠭᠭᠦᠭᠰᠡᠨ ᠶᠤᠮ》 ᠭᠡᠵᠦ ᠱᠠᠪᠢ ᠭᠠᠹᠯᠡᠮ᠎ᠠ ᠶᠠᠷᠢᠵᠤ ᠪᠠᠢᠯ᠎ᠠ᠃

ᠰᠣᠪᠤᠳᠠᠨᠴᠡᠴᠡᠭ ᠢᠰᠡᠭᠡᠢ ᠤᠷᠠᠯᠠᠯ ᠰᠤᠳᠤᠯᠬᠤ ᠵᠢᠨ ᠬᠠᠮᠲᠤ ᠠᠷᠠᠳ᠎ᠤᠨ ᠤᠷᠠᠯᠢᠭ᠋᠎ᠤᠨ ᠰᠤᠳᠤᠯᠭᠠᠨ᠎ᠤ ᠵᠣᠬᠢᠶᠠᠨ ᠪᠦᠲᠦᠭᠡᠯᠭᠡ ᠬᠢᠵᠦ᠂ 20 ᠭᠠᠷᠤᠢ ᠡᠷᠳᠡᠮ ᠰᠢᠨᠵᠢᠯᠡᠭᠡᠨ᠎ᠤ ᠥᠭᠦᠯᠡᠯ ᠨᠡᠢᠲᠡᠯᠡᠵᠦ᠂ ᠠᠷᠠᠳ᠎ᠤᠨ ᠤᠷᠠᠯᠢᠭ᠋᠎ᠤᠨ ᠲᠤᠬᠠᠢ 3 ᠨᠣᠮ ᠪᠢᠴᠢᠭ᠎ᠢ ᠨᠠᠢᠷᠠᠭᠤᠯᠤᠨ ᠬᠡᠪᠯᠡᠭᠦᠯᠪᠡ᠃ ᠰᠣᠪᠤᠳᠠᠨᠴᠡᠴᠡᠭ ᠪᠠᠭ᠍ᠰᠢ ᠢᠰᠡᠭᠡᠢ ᠤᠷᠠᠯᠠᠯ ᠳ᠋ᠥ ᠶᠡᠭᠦᠯᠡᠭᠰᠡᠨ ᠬᠠᠢᠷ᠎ᠠ᠂ ᠬᠦᠰᠡᠯ ᠡᠷᠡᠮᠡᠯᠵᠡᠯ᠎ᠢᠶᠠᠨ ᠪᠦᠲᠦᠭᠡᠯ᠎ᠳᠡᠭᠡᠨ ᠠᠭᠤᠰᠬᠠᠨ ᠬᠠᠳᠬᠤᠮᠠᠯᠯᠠᠵᠤ᠂ ᠱᠠᠪᠢ ᠪᠣᠯᠭᠠᠨ ᠳ᠋ᠠᠭᠠᠨ ᠤᠯᠠᠮᠵᠢᠯᠠᠨ ᠥᠪᠯᠡᠭᠦᠯᠦᠭᠰᠡᠨ ᠡᠴᠡ ᠦᠨᠳᠦᠰᠦᠲᠡᠨ᠎ᠤ ᠢᠰᠡᠭᠡᠢ ᠤᠷᠠᠯᠠᠯ᠎ᠤᠨ ᠰᠣᠶᠣᠯ ᠳ᠋ᠥ ᠳᠠᠭᠢᠨ ᠰᠢᠨ᠎ᠡ ᠠᠮᠢ ᠨᠠᠰᠤ ᠣᠯᠭᠣᠵᠤ᠂ ᠰᠢᠨ᠎ᠡ ᠢᠷᠡᠭᠡᠳᠦᠢ᠎ᠲᠠᠢ ᠪᠤᠯᠭᠠᠬᠤ ᠳ᠋ᠥ ᠴᠢᠬᠤᠯᠠ ᠬᠤᠪᠢ ᠨᠡᠮᠡᠷᠢ ᠦᠵᠡᠭᠦᠯᠵᠦ  ᠪᠠᠢᠨ᠎ᠠ᠃

ᠢᠷᠡᠯᠲᠡ᠄ ᠲᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ᠎ᠶᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            