9 ᠰᠠᠷ᠎ᠠ ᠵᠢᠨ 20᠎ᠤ ᠡᠳᠦᠷ᠎ᠠᠴᠠ 24᠎ᠤ ᠡᠳᠦᠷ ᠪᠤᠯᠲᠠᠯ᠎ᠠ᠂ 《ᠤᠮᠠᠷᠠᠲᠤ ᠬᠢᠯᠢ ᠵᠢᠨ ᠤᠷᠠᠨ ᠳᠠᠷᠬᠠᠨ᠎ᠤ ᠤᠯᠠᠮᠵᠢᠯᠠᠯ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯᠲᠤ ᠭᠠᠷ ᠤᠷᠠᠯᠠᠯ ᠬᠢᠭᠡᠳ ᠣᠲᠣ᠌ ᠦᠶ᠎ᠡ ᠵᠢᠨ ᠪᠦᠲᠦᠭᠡᠯᠴᠢ ᠰᠡᠳᠬᠢᠮᠵᠢ ᠵᠢᠨ ᠦᠵᠡᠰᠭᠦᠯᠡᠩ ᠤᠯᠠᠭᠠᠨᠬᠠᠳᠠ ᠬᠤᠲᠠ ᠵᠢᠨ ᠪᠠᠭᠠᠷᠢᠨ ᠪᠠᠷᠠᠭᠤᠨ ᠬᠣᠰᠢᠭᠤᠨ᠎ᠳᠤ ᠶᠠᠪᠤᠭᠳᠠᠪᠠ᠃ ᠪᠦᠭᠦ ᠣᠷᠣᠨ᠎ᠤ 12 ᠠᠢᠮᠠᠭ ᠬᠤᠲᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯ ᠣᠯᠭᠣᠯᠲᠠ ᠵᠢᠨ 40 ᠦᠢᠯᠡᠳᠬᠡᠯ᠎ᠤᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ 20 ᠤᠯᠠᠮᠵᠢᠯᠠᠭ᠍ᠴᠢ᠂ ᠰᠢᠯᠢᠳᠡᠭ ᠰᠣᠶᠣᠯ᠎ᠤᠨ ᠡᠭᠦᠳᠦᠯᠲᠡ ᠵᠢᠨ 30 ᠨᠢᠭᠡᠴᠡ ᠪᠠᠭᠠᠷᠢᠨ ᠪᠠᠷᠠᠭᠤᠨ ᠬᠣᠰᠢᠭᠤᠨ᠎ᠳᠤ ᠴᠤᠭᠯᠠᠷᠠᠵᠤ᠂ ᠨᠢᠭᠡ ᠤᠳᠠᠭᠠᠨ᠎ᠤ ᠳᠡᠯᠭᠡᠨ ᠦᠵᠡᠭᠦᠯᠭᠦ᠂ ᠰᠣᠯᠢᠯᠴᠠᠬᠤ᠂ ᠪᠡᠶᠡᠴᠢᠯᠡᠨ ᠣᠢᠯᠠᠭᠠᠬᠤ ᠶ᠋ᠢ ᠨᠢᠭᠡ ᠴᠣᠭᠴᠠᠵᠢᠭᠤᠯᠤᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠪᠡᠳᠡᠭᠰᠢ ᠨᠠᠢᠷ᠎ᠢ ᠬᠠᠮᠲᠤ᠎ᠪᠠᠷ ᠴᠣᠭᠴᠠᠯᠠᠪᠠ᠃

ᠪᠣᠳᠠᠰ᠎ᠤᠨ ᠪᠤᠰᠤ ᠰᠣᠶᠣᠯ᠎ᠤᠨ ᠥᠪ᠎ᠤᠨ ᠦᠷ᠎ᠡ ᠪᠦᠲᠦᠭᠡᠯ᠎ᠤᠨ ᠦᠵᠡᠭᠦᠯᠭᠡ ᠵᠢᠨ ᠲᠣᠭᠣᠷᠢᠭ᠋ ᠨᠢ ᠲᠣᠭ᠎ᠠ ᠪᠠᠷᠢᠮᠲᠠ ᠶ᠋ᠢ ᠦᠵᠡᠬᠦ᠂ ᠨᠡᠢᠲᠡᠯᠢᠭ ᠬᠡᠷᠡᠭ᠎ᠤᠨ ᠵᠢᠱ᠌ᠢᠶ᠎ᠡ ᠶ᠋ᠢ ᠵᠠᠳᠠᠯᠬᠤ ᠵᠡᠷᠭᠡ ᠰᠢᠨ᠎ᠡ ᠶ᠋ᠢ ᠡᠭᠦᠳᠬᠦ ᠭᠡᠯᠪᠡᠷᠢ᠎ᠪᠠᠷ ᠳᠠᠮᠵᠢᠭᠤᠯᠤᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠢᠯᠡᠳᠬᠡᠯ᠎ᠤᠨ ᠭᠠᠵᠠᠷ ᠨᠢ ᠣᠯᠠᠨ ᠲᠦᠮᠡᠨ᠎ᠢ ᠳᠠᠶ᠋ᠢᠴᠢᠯᠠᠨ ᠠᠵᠢᠯ ᠣᠯᠭᠣᠬᠤ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠶ᠋ᠢ ᠠᠬᠢᠭᠤᠯᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ᠎ᠳᠠᠬᠢ ᠦᠢᠯᠡᠳᠦᠯᠭᠡ ᠵᠢᠨ ᠦᠷ᠎ᠡ ᠪᠦᠲᠦᠮᠵᠢ ᠪᠠ ᠲᠣᠪᠣᠢᠮ᠎ᠠ ᠬᠤᠪᠢ ᠨᠡᠮᠡᠷᠢ ᠶ᠋ᠢ ᠰᠢᠭᠤᠳ ᠢᠯᠡᠷᠡᠭᠦᠯᠪᠡ᠃ ᠤᠯᠠᠮᠵᠢᠯᠠᠯᠲᠤ ᠭᠠᠷ ᠤᠷᠠᠯᠠᠯ᠎ᠤᠨ ᠦᠵᠡᠭᠦᠯᠭᠡ ᠵᠢᠨ ᠲᠣᠭᠣᠷᠢᠭ᠋ ᠨᠢ ᠤᠯᠠᠮᠵᠢᠯᠠᠯᠲᠤ ᠬᠤᠪᠴᠠᠰᠤ ᠵᠠᠰᠠᠯ ᠦᠢᠯᠡᠳᠬᠦ᠂ ᠰᠡᠢᠯᠪᠦᠷᠢ ᠱᠤᠭᠤᠮᠠᠯ᠂ ᠵᠡᠰ ᠮᠥᠩᠭᠥᠨ ᠡᠳ᠋ᠯᠡᠯ ᠳᠠᠪᠲᠠᠨ ᠪᠤᠯᠪᠠᠰᠤᠷᠠᠭᠤᠯᠬᠤ ᠵᠡᠷᠭᠡ ᠣᠯᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯᠲᠤ ᠭᠠᠷ ᠤᠷᠠᠯᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠨᠠᠷᠢᠨ ᠨᠢᠮᠪᠠᠢ ᠰᠡᠢᠯᠦᠭᠰᠡᠨ ᠰᠣᠳᠣᠨ ᠪᠦᠲᠦᠭᠡᠯ᠎ᠤᠳ ᠢᠯᠡᠷᠡᠵᠦ᠂ ᠦᠵᠡᠭᠴᠢᠳ᠎ᠲᠤ ᠤᠯᠠᠮᠵᠢᠯᠠᠯᠲᠤ ᠤᠷ᠎ᠠ ᠮᠡᠷᠭᠡᠵᠢᠯ᠎ᠤᠨ ᠬᠠᠯᠠᠭᠤᠨ ᠳᠤᠯᠠᠭᠠᠨ᠎ᠢ ᠣᠢᠷᠠᠲᠤᠭᠤᠯᠤᠨ᠂ ᠤᠮᠠᠷᠠᠲᠤ ᠬᠢᠯᠢ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠥᠪᠡᠷᠮᠢᠴᠡ ᠷᠢᠳᠢ ᠰᠢᠳᠢ ᠶ᠋ᠢ ᠣᠢᠯᠠᠭᠠᠭᠤᠯᠤᠭᠰᠠᠨ ᠪᠠᠢᠨ᠎ᠠ᠃

ᠲᠣᠰ ᠠᠵᠢᠯᠯᠠᠭ᠎ᠠ ᠨᠢ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢᠯ᠎ᠤᠨ ᠣᠯᠠᠨ ᠡᠰᠢᠲᠦ ᠦᠵᠡᠭᠦᠯᠦᠯᠭᠡ ᠪᠠ ᠦᠢᠯᠡᠳᠦᠯᠴᠡᠯ ᠵᠶ᠋ᠠᠷ ᠳᠠᠮᠵᠢᠭᠤᠯᠤᠨ᠂ ᠠᠷᠠᠳ ᠣᠯᠠᠨ᠎ᠤ ᠰᠣᠶᠣᠯ᠎ᠤᠨ ᠮᠡᠳᠡᠷᠡᠮᠵᠢ ᠶ᠋ᠢ ᠤᠯᠠᠮ ᠨᠢᠭᠡ ᠠᠯᠬᠤᠮ ᠨᠢᠭ᠍ᠲᠠᠷᠠᠭᠤᠯᠵᠤ᠂ ᠰᠣᠶᠣᠯ᠎ᠤᠨ ᠢᠲᠡᠭᠡᠯ ᠵᠶ᠋ᠠᠨ ᠪᠠᠲᠤᠳᠬᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠭᠦᠨ ᠵᠤᠵᠠᠭᠠᠨ ᠰᠣᠶᠣᠯ᠎ᠤᠨ ᠬᠦᠴᠦᠨ ᠨᠡᠮᠡᠷᠢᠯᠡᠪᠡ᠃