ᠣᠢᠷ᠎ᠠ᠎ᠳᠤ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠶᠠᠮᠤᠨ᠂ ᠳᠤᠮᠳᠠᠳᠤ ᠵᠢᠨ ᠪᠦᠭᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ᠂ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠢᠴᠠᠭᠠᠬᠤ ᠲᠣᠪᠴᠢᠶ᠎ᠠ᠂ ᠱᠠᠨᠳᠦ᠋ᠩ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ ᠵᠡᠷᠭᠡ ᠣᠯᠠᠨ ᠰᠠᠯᠠᠭ᠎ᠠ ᠮᠥᠴᠢᠷ᠎ᠠᠴᠠ ᠬᠠᠮᠲᠤᠷᠠᠨ ᠡᠷᠭᠢᠯᠡᠭᠰᠡᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠭᠦ ᠤᠯᠤᠰ᠎ᠤᠨ ᠠᠭᠤᠷᠬᠠᠢ ᠵᠢᠨ ᠠᠪᠤᠷᠠᠨ ᠲᠤᠰᠠᠯᠠᠬᠤ ᠤᠷ᠎ᠠ ᠴᠢᠳᠠᠪᠤᠷᠢ ᠵᠢᠨ ᠤᠷᠤᠯᠳᠤᠭᠠᠨ ᠱᠠᠨᠳᠦ᠋ᠩ᠎ᠦᠨ ᠵᠢᠨᠢᠩ᠎ᠳᠦ ᠲᠡᠭᠦᠰ ᠠᠮᠵᠢᠯᠲᠠ᠎ᠲᠠᠢ ᠥᠨᠳᠥᠷᠯᠡᠪᠡ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠲᠢᠩᠬᠢᠮ᠎ᠠᠴᠠ ᠰᠣᠩᠭᠣᠨ ᠲᠣᠮᠢᠯᠠᠭᠰᠠᠨ ᠤᠯᠤᠰ᠎ᠤᠨ ᠠᠭᠤᠷᠬᠠᠢ ᠵᠢᠨ ᠪᠠᠴᠢᠮ ᠪᠠᠢᠳᠠᠯ᠎ᠢ ᠠᠷᠭᠠᠴᠠᠵᠤ ᠠᠪᠤᠷᠠᠨ ᠲᠤᠰᠠᠯᠠᠬᠤ ᠤᠯᠤᠰ᠎ᠤᠨ ᠡᠨᠧᠷᠭᠢ ᠵᠢᠨ ᠱᠧᠨ ᠳ᠋ᠦᠩ ᠠᠩᠭᠢ᠂ ᠤᠯᠤᠰ᠎ᠤᠨ ᠡᠨᠧᠷᠭᠢ ᠵᠢᠨ ᠱᠧᠨ ᠳ᠋ᠦᠩ ᠭᠠᠵᠠᠷ᠎ᠤᠨ ᠬᠡᠮᠵᠢᠯᠲᠡ ᠵᠢᠨ ᠺᠤᠮᠫᠠᠨᠢ ᠵᠢᠨ ᠬᠠᠢᠨ ᠰᠢᠨᠵᠢᠯᠡᠬᠦ ᠠᠩᠭᠢ᠂ ᠥᠪᠥᠷ ᠮᠣᠩᠭᠣᠯ᠎ᠤᠨ ᠵᠦᠩ᠎ᠲᠠᠢ ᠡᠨᠧᠷᠭᠢ ᠵᠢᠨ ᠪᠦᠯᠦᠭᠯᠡᠯ᠎ᠤᠨ ᠬᠢᠵᠠᠭᠠᠷᠲᠤ ᠺᠤᠮᠫᠠᠨᠢ ᠵᠢᠨ ᠠᠭᠤᠷᠬᠠᠢ ᠵᠢᠨ ᠠᠪᠤᠷᠠᠨ ᠲᠤᠰᠠᠯᠠᠬᠤ ᠶᠡᠬᠡ ᠠᠩᠭᠢ ᠵᠢᠨ 3 ᠠᠩᠭᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠢ ᠲᠥᠯᠥᠭᠡᠯᠡᠨ ᠤᠷᠤᠯᠳᠤᠭᠠᠨ᠎ᠳᠤ ᠣᠷᠣᠯᠴᠠᠵᠤ᠂ ᠯᠠᠪᠳᠠᠭᠤᠨ ᠪᠠᠲᠤᠲᠠᠢ ᠰᠠᠭᠤᠷᠢ᠂ ᠡᠷᠡᠰ ᠬᠠᠲᠠᠭᠤ ᠰᠤᠷᠲᠠᠯ ᠵᠶ᠋ᠠᠷ ᠡᠯ᠎ᠡ ᠲᠥᠷᠥᠯ ᠵᠦᠢᠯ᠎ᠤᠨ ᠳᠤᠮᠳᠠ ᠢᠯᠡᠷᠡᠯ ᠨᠢ ᠰᠢᠯᠢᠳᠡᠭ ᠪᠠᠢᠵᠤ᠂ ᠪᠦᠯᠭᠦᠮ᠎ᠤᠨ ᠪᠦᠷᠢᠨ ᠴᠢᠳᠠᠪᠤᠷᠢ ᠵᠢᠨ ᠬᠣᠶᠠᠳᠤᠭᠠᠷ᠂ ᠭᠤᠷᠪᠠᠳᠤᠭᠠᠷ ᠳᠡᠰ᠎ᠤᠨ ᠱᠠᠩᠨᠠᠯ ᠵᠢᠴᠢ ᠬᠤᠪᠢ ᠬᠥᠮᠥᠨ᠎ᠤ ᠪᠦᠷᠢᠨ ᠴᠢᠳᠠᠪᠤᠷᠢ ᠵᠢᠨ ᠣᠯᠠᠨ ᠵᠦᠢᠯ᠎ᠤᠨ ᠱᠠᠩᠨᠠᠯ᠎ᠢ ᠬᠦᠷᠲᠡᠵᠦ᠂ ᠬᠠᠲᠠᠭᠤ ᠴᠥᠮ᠎ᠡ ᠵᠢᠨ ᠪᠣᠳᠠᠲᠤ ᠬᠦᠴᠦᠨ ᠵᠶ᠋ᠠᠷ ᠥᠪᠥᠷ ᠮᠣᠩᠭᠣᠯ᠎ᠤᠨ ᠠᠪᠤᠷᠠᠨ ᠲᠤᠰᠠᠯᠠᠬᠤ ᠠᠩᠭᠢ ᠵᠢᠨ ᠬᠠᠲᠠᠭᠤ ᠴᠢᠩᠭ᠎ᠠ ᠪᠣᠳᠠᠲᠤ ᠬᠦᠴᠦᠨ ᠪᠠ ᠲᠤᠰᠬᠠᠢ ᠮᠡᠷᠭᠡᠵᠢᠯ᠎ᠤᠨ ᠡᠭᠦᠷᠭᠡᠯᠡᠯ᠎ᠢ ᠲᠠᠢᠯᠪᠤᠷᠢᠯᠠᠪᠠ᠃
ᠡᠭᠦᠨ᠎ᠳᠤ᠂ ᠤᠯᠤᠰ᠎ᠤᠨ ᠠᠭᠤᠷᠬᠠᠢ ᠵᠢᠨ ᠪᠠᠴᠢᠮ ᠪᠠᠢᠳᠠᠯ᠎ᠢ ᠠᠷᠭᠠᠴᠠᠵᠤ ᠠᠪᠤᠷᠠᠨ ᠲᠤᠰᠠᠯᠠᠬᠤ ᠤᠯᠤᠰ᠎ᠤᠨ ᠡᠨᠧᠷᠭᠢ ᠵᠢᠨ ᠱᠧᠨ ᠳ᠋ᠦᠩ ᠠᠩᠭᠢ ᠪᠦᠯᠭᠦᠮ ᠨᠡᠶ᠋ᠢᠲᠡ ᠵᠢᠨ ᠪᠦᠷᠢᠨ ᠴᠢᠳᠠᠪᠤᠷᠢ ᠵᠢᠨ ᠬᠣᠶᠠᠳᠤᠭᠠᠷ ᠳᠡᠰ᠎ᠤᠨ ᠱᠠᠩᠨᠠᠯ ᠬᠦᠷᠲᠡᠵᠦ᠂ ᠳᠠᠭᠤᠷᠢᠶᠠᠮᠠᠯ ᠭᠠᠮᠰᠢᠭ᠋᠎ᠠᠴᠠ ᠠᠪᠤᠷᠠᠬᠤ᠂ ᠪᠣᠰᠣᠭ᠎ᠠ ᠬᠤᠳᠳᠤᠭ᠎ᠢ ᠳᠡᠭᠡᠭᠰᠢᠯᠡᠭᠦᠯᠭᠦ ᠲᠥᠷᠥᠯ ᠵᠦᠢᠯ ᠨᠢ ᠪᠦᠯᠭᠦᠮ᠎ᠤᠨ ᠭᠠᠭᠴᠠ ᠵᠦᠢᠯ᠎ᠤᠨ ᠬᠣᠶᠠᠳᠤᠭᠠᠷ ᠳᠡᠰ᠎ᠤᠨ ᠱᠠᠩᠨᠠᠯ ᠬᠦᠷᠲᠡᠵᠦ᠂ ᠶᠡᠷᠦᠩᠬᠡᠢᠯᠡᠭᠰᠡᠨ ᠤᠷ᠎ᠠ ᠴᠢᠳᠠᠪᠤᠷᠢ ᠨᠢ ᠪᠦᠯᠭᠦᠮ᠎ᠤᠨ ᠭᠠᠭᠴᠠ ᠵᠦᠢᠯ᠎ᠤᠨ ᠭᠤᠷᠪᠠᠳᠤᠭᠠᠷ ᠳᠡᠰ᠎ᠤᠨ ᠱᠠᠩᠨᠠᠯ ᠬᠦᠷᠲᠡᠵᠦ᠂ ᠶᠠᠩ ᠰᠠᠨ᠂ ᠵᠠᠩ ᠰᠢᠦᠢ ᠬᠠᠮᠤᠭ᠎ᠤᠨ ᠰᠢᠯᠢᠳᠡᠭ ᠬᠢᠨᠠᠭ᠍ᠴᠢ ᠪᠣᠯᠵᠤ᠂ ᠶᠤᠸᠠᠨ ᠱᠤᠸᠠᠢ ᠶᠡᠷᠦᠩᠬᠡᠢᠯᠡᠭᠰᠡᠨ ᠤᠷ᠎ᠠ ᠴᠢᠳᠠᠪᠤᠷᠢ ᠵᠢᠨ ᠬᠤᠪᠢ ᠬᠥᠮᠥᠨ᠎ᠤ ᠭᠤᠷᠪᠠᠳᠤᠭᠠᠷ ᠳᠡᠰ᠎ᠤᠨ ᠱᠠᠩᠨᠠᠯ ᠭᠦᠷᠳᠡᠪᠡ᠃ ᠤᠯᠤᠰ᠎ᠤᠨ ᠡᠨᠧᠷᠭᠢ ᠵᠢᠨ ᠱᠧᠨ ᠳ᠋ᠦᠩ ᠭᠠᠵᠠᠷ᠎ᠤᠨ ᠬᠡᠮᠵᠢᠯᠲᠡ ᠵᠢᠨ ᠺᠤᠮᠫᠠᠨᠢ ᠵᠢᠨ ᠬᠠᠢᠨ ᠰᠢᠨᠵᠢᠯᠡᠬᠦ ᠠᠩᠭᠢ ᠥᠷᠥᠮᠳᠡᠨ ᠬᠠᠢᠬᠤ ᠳᠤᠭᠤᠢᠯᠠᠩ᠎ᠤᠨ ᠪᠦᠯᠭᠦᠮ᠎ᠤᠨ ᠪᠦᠷᠢᠨ ᠴᠢᠳᠠᠪᠤᠷᠢᠲᠤ ᠭᠤᠷᠪᠠᠳᠤᠭᠠᠷ ᠳᠡᠰ᠎ᠤᠨ ᠱᠠᠩᠨᠠᠯ᠎ᠢ ᠬᠦᠷᠲᠡᠵᠦ᠂ ᠡᠭᠦᠨ᠎ᠤ ᠬᠠᠮᠲᠤ ᠬᠤᠪᠢ ᠬᠥᠮᠥᠨ᠎ᠤ ᠭᠠᠭᠴᠠ ᠵᠦᠢᠯ᠎ᠤᠨ ᠬᠠᠨᠳᠤᠯᠭᠠᠲᠤ ᠬᠡᠮᠵᠢᠭᠦᠷᠯᠢᠭ᠎ᠤᠨ ᠠᠵᠢᠯᠯᠠᠭ᠎ᠠ᠂ ᠪᠦᠯᠭᠦᠮ᠎ᠤᠨ ᠲᠠᠩ ᠵᠦᠢᠯ᠎ᠤᠨ ᠬᠠᠨᠳᠤᠯᠭᠠᠲᠤ ᠬᠡᠮᠵᠢᠭᠦᠷᠯᠢᠭ᠎ᠤᠨ ᠠᠵᠢᠯᠯᠠᠭ᠎ᠠ᠂ ᠥᠷᠥᠮᠳᠡᠨ ᠰᠢᠨᠵᠢᠯᠡᠬᠦ ᠳᠤᠭᠤᠢᠯᠠᠩ᠎ᠤᠨ ᠪᠦᠯᠭᠦᠮ᠎ᠤᠨ ᠭᠠᠭᠴᠠ ᠵᠦᠢᠯ᠎ᠤᠨ ᠲᠡᠷᠭᠡᠨ ᠳᠡᠭᠡᠷᠡᠬᠢ ᠥᠷᠥᠮᠳᠡᠬᠦ ᠮᠠᠰᠢᠨ᠎ᠤ ᠪᠣᠳᠠᠲᠤ ᠠᠵᠢᠯᠯᠠᠭ᠎ᠠ ᠵᠢᠴᠢ ᠳᠠᠭᠠᠷᠢᠯᠲᠠ ᠵᠢᠨ ᠮᠠᠰᠢᠨ᠎ᠤ ᠵᠠᠳᠠᠯᠵᠤ ᠤᠭᠰᠠᠷᠠᠬᠤ 3 ᠲᠥᠷᠥᠯ ᠵᠦᠢᠯ᠎ᠤᠨ ᠭᠤᠷᠪᠠᠳᠤᠭᠠᠷ ᠳᠡᠰ᠎ᠤᠨ ᠱᠠᠩᠨᠠᠯ᠎ᠢ ᠭᠦᠷᠳᠡᠪᠡ᠃ ᠥᠪᠥᠷ ᠮᠣᠩᠭᠣᠯ᠎ᠤᠨ ᠵᠦᠩ᠎ᠲᠠᠢ ᠡᠨᠧᠷᠭᠢ ᠵᠢᠨ ᠪᠦᠯᠦᠭᠯᠡᠯ᠎ᠤᠨ ᠬᠢᠵᠠᠭᠠᠷᠲᠤ ᠺᠤᠮᠫᠠᠨᠢ ᠵᠢᠨ ᠠᠭᠤᠷᠬᠠᠢ ᠵᠢᠨ ᠠᠪᠤᠷᠠᠨ ᠲᠤᠰᠠᠯᠠᠬᠤ ᠶᠡᠬᠡ ᠠᠩᠭᠢ ᠡᠴᠦᠰ᠎ᠲᠡᠬᠡᠨ ᠪᠦᠯᠭᠦᠮ᠎ᠤᠨ ᠪᠦᠷᠢᠨ ᠴᠢᠳᠠᠪᠤᠷᠢ ᠵᠢᠨ ᠠᠷᠪᠠᠳᠤᠭᠠᠷ᠎ᠲᠤ ᠣᠷᠣᠵᠤ᠂ ᠪᠣᠰᠣᠭ᠎ᠠ ᠬᠤᠳᠳᠤᠭ ᠵᠶ᠋ᠠᠷ ᠳᠡᠰ ᠳᠡᠪᠰᠢᠭᠦᠯᠦᠭᠰᠡᠨ ᠨᠢ ᠪᠦᠯᠭᠦᠮ᠎ᠤᠨ ᠭᠠᠭᠴᠠ ᠵᠦᠢᠯ᠎ᠤᠨ ᠭᠤᠷᠪᠠᠳᠤᠭᠠᠷ ᠳᠡᠰ᠎ᠤᠨ ᠱᠠᠩᠨᠠᠯ ᠣᠯᠵᠤ᠂ ᠭᠦᠸᠧ ᠰᠢᠶᠣᠣ ᠯᠦᠩ ᠵᠢᠯᠣᠭᠣᠳᠤᠭ᠍ᠴᠢ ᠵᠢᠨ ᠬᠤᠪᠢ ᠬᠥᠮᠥᠨ᠎ᠤ ᠪᠦᠷᠢᠨ ᠴᠢᠳᠠᠪᠤᠷᠢ ᠵᠢᠨ ᠭᠤᠷᠪᠠᠳᠤᠭᠠᠷ ᠳᠡᠰ᠎ᠤᠨ ᠱᠠᠩᠨᠠᠯ ᠬᠦᠷᠲᠡᠵᠦ᠂ ᠦ᠋ ᠰᠢᠶᠣᠣ ᠬᠤ᠌ ᠪᠠᠢᠯᠳᠤᠭ᠍ᠴᠢ ᠬᠤᠪᠢ ᠬᠥᠮᠥᠨ᠎ᠤ ᠪᠦᠷᠢᠨ ᠴᠢᠳᠠᠪᠤᠷᠢ ᠵᠢᠨ ᠭᠤᠷᠪᠠᠳᠤᠭᠠᠷ ᠳᠡᠰ᠎ᠤᠨ ᠱᠠᠩᠨᠠᠯ ᠬᠦᠷᠲᠡᠵᠦ᠂ ᠯᠢᠦ ᠾᠦᠢ ᠫᠢᠩ ᠬᠠᠮᠤᠭ᠎ᠤᠨ ᠰᠢᠯᠢᠳᠡᠭ ᠬᠢᠨᠠᠭ᠍ᠴᠢ ᠪᠣᠯᠪᠠ᠃
ᠣᠢᠯᠠᠭᠠᠭᠰᠠᠨ ᠵᠶ᠋ᠠᠷ᠂ ᠲᠣᠰ ᠤᠳᠠᠭᠠᠨ᠎ᠤ ᠤᠷᠤᠯᠳᠤᠭᠠᠨ᠎ᠤ ᠬᠤᠭᠤᠴᠠᠭ᠎ᠠ ᠨᠢ 4 ᠡᠳᠦᠷ ᠪᠠᠢᠵᠤ᠂ ᠠᠭᠤᠷᠬᠠᠢ᠂ ᠨᠦᠭᠡᠨ ᠵᠠᠮ᠂ ᠥᠷᠥᠮᠳᠡᠨ ᠬᠠᠢᠬᠤ᠂ ᠤᠰᠤ ᠭᠠᠳᠠᠭᠰᠢᠯᠠᠭᠤᠯᠬᠤ 4 ᠳᠤᠭᠤᠢᠯᠠᠩ᠎ᠤᠨ 19 ᠤᠷᠤᠯᠳᠤᠭᠠᠨ᠎ᠤ ᠲᠥᠷᠥᠯ ᠵᠦᠢᠯ᠎ᠢ ᠪᠠᠢᠷᠢᠯᠠᠭᠤᠯᠵᠤ᠂ ᠪᠦᠭᠦ ᠤᠯᠤᠰ᠎ᠤᠨ 28 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ) ᠵᠢᠴᠢ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠵᠢᠨ ᠪᠢᠩᠲᠤᠸᠠᠨ᠂ ᠶᠠᠮᠤᠨ ᠵᠥᠪᠯᠡᠯ᠎ᠤᠨ ᠰᠢᠭᠤᠳ ᠬᠠᠷᠢᠶ᠎ᠠ ᠠᠵᠢᠯ ᠦᠢᠯᠡᠰ᠎ᠤᠨ ᠨᠢᠭᠡᠴᠢ ᠪᠠ ᠲᠥᠪ᠎ᠤᠨ ᠠᠵᠤ ᠠᠬᠤᠢᠯᠠᠯ᠎ᠤᠨ 64 ᠲᠥᠯᠥᠭᠡᠯᠡᠭᠴᠢᠳ᠎ᠤᠨ ᠠᠩᠭᠢ ᠵᠢᠨ 700 ᠭᠠᠷᠤᠢ ᠭᠡᠰᠢᠭᠦᠨ ᠤᠷᠤᠯᠳᠤᠭᠠᠨ᠎ᠳᠤ ᠣᠷᠣᠯᠴᠠᠵᠤ᠂ ᠬᠡᠪᠴᠢᠶ᠎ᠡ ᠨᠢ ᠬᠠᠮᠤᠭ᠎ᠤᠨ ᠰᠠᠢᠨ ᠪᠣᠯᠪᠠ᠃ ᠲᠠᠷᠠᠭᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠲᠢᠩᠬᠢᠮ ᠲᠣᠰ ᠤᠳᠠᠭᠠᠨ᠎ᠤ ᠠᠭᠤᠷᠬᠠᠢ ᠵᠢᠨ ᠠᠪᠤᠷᠠᠨ ᠲᠤᠰᠠᠯᠠᠬᠤ ᠤᠷ᠎ᠠ ᠴᠢᠳᠠᠪᠤᠷᠢ ᠵᠢᠨ ᠤᠷᠤᠯᠳᠤᠭᠠᠨ ᠵᠶ᠋ᠠᠷ ᠠᠵᠠ ᠲᠣᠭᠢᠶᠠᠯ ᠪᠤᠯᠭᠠᠵᠤ᠂ ᠠᠭᠤᠷᠬᠠᠢ ᠵᠢᠨ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠵᠢᠨ ᠲᠤᠰᠬᠠᠢᠵᠢᠭ᠍ᠰᠠᠨ᠂ ᠵᠢᠷᠤᠮᠵᠢᠬ᠍ᠰᠠᠨ ᠪᠠᠢᠭᠤᠯᠤᠯᠲᠠ ᠶ᠋ᠢ ᠦᠷᠭᠦᠯᠵᠢᠯᠡᠨ ᠴᠢᠩᠭᠠᠳᠬᠠᠵᠤ᠂ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠪᠣᠳᠠᠲᠤ ᠪᠠᠢᠯᠳᠤᠭᠠᠨ᠎ᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠭᠦ ᠣᠷᠣᠨ᠎ᠤ ᠠᠭᠤᠷᠬᠠᠢ ᠵᠢᠨ ᠠᠶᠤᠯ ᠦᠭᠡᠢ ᠦᠢᠯᠡᠳᠪᠦᠷᠢᠯᠡᠯ᠎ᠢ ᠪᠠᠲᠤᠯᠠᠬᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭᠠᠯᠠᠬᠤ᠎ᠳᠤ ᠪᠠᠲᠤ ᠪᠡᠬᠢ ᠬᠠᠯᠬᠠᠪᠴᠢ ᠶ᠋ᠢ ᠴᠣᠭᠴᠠᠯᠠᠬᠤ ᠪᠣᠯᠣᠨ᠎ᠠ᠃