ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠥᠨᠥᠳᠥᠷ᠎ᠤᠨ ᠰᠣᠨᠢᠨ ᠮᠡᠳᠡᠭᠡ
ᠥᠪᠥᠷ ᠮᠣᠩᠭᠤᠯ ᠠᠶᠤᠯ ᠲᠦᠭᠰᠢᠭᠦᠷᠢ ᠶ᠋ᠢ ᠰᠡᠷᠭᠡᠢᠯᠡᠨ ᠭᠠᠮᠰᠢᠭ᠋᠎ᠠᠴᠠ ᠠᠪᠤᠷᠠᠬᠤ ᠬᠣᠷᠢᠭ᠎ᠠ ᠱᠤᠭᠤᠮ᠎ᠢ ᠰᠠᠬᠢᠵᠤ ᠠᠮᠤᠷ ᠲᠦᠪᠰᠢᠨ ᠬᠥᠭᠵᠢᠯᠲᠡ ᠵᠢᠨ ᠰᠠᠭᠤᠷᠢ ᠶ᠋ᠢ ᠪᠠᠲᠤ ᠴᠣᠭᠴᠠᠯᠠᠨ᠎ᠠ
ᠨᠡᠶ᠋ᠢᠲᠡᠯᠡᠭᠰᠡᠨ ᠴᠠᠭ᠄ 2025-12-01

ᠡᠨᠡ ᠵᠢᠯ᠎ᠡᠴᠡ ᠨᠠᠰᠢ᠂ ᠪᠦᠬᠦ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠶᠡᠷᠦᠩᠬᠡᠢ ᠱᠦᠵᠢ ᠰᠢ᠎ᠵᠢᠨ᠎ᠫᠢᠩ᠎ᠦᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠪᠠᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠡᠷᠡᠰ ᠨᠠᠢᠳᠠᠪᠤᠷᠢᠵᠢᠭᠤᠯᠤᠨ᠎ᠠ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠣᠷᠢᠨ᠎ᠳᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ᠎ᠡ᠂ ᠠᠶᠤᠯᠭᠦᠢ ᠦᠢᠯᠡᠳᠪᠦᠷᠢᠯᠡᠯ᠎ᠢ ᠪᠠᠳᠠᠷᠠᠭᠤᠯᠬᠤ ᠵᠥᠪᠯᠡᠯ᠎ᠦᠨ ᠠᠯᠪᠠᠨ ᠭᠡᠷ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠺᠣᠮᠢᠰ᠎ᠤᠨ ᠠᠯᠪᠠᠨ ᠭᠡᠷ᠎ᠦᠨ ᠡᠭᠦᠷᠭᠡ ᠴᠢᠳᠠᠪᠤᠷᠢ᠎ᠶᠢᠨ ᠦᠢᠯᠡᠳᠦᠯ᠂ ᠬᠦᠨᠳᠦ ᠶᠡᠬᠡ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠪᠦᠬᠦ ᠬᠦᠴᠦᠨ᠎ᠢᠶᠡᠷ᠎ᠢᠶᠡᠨ ᠰᠡᠷᠭᠡᠢᠯᠡᠨ ᠠᠷᠢᠯᠭᠠᠨ᠎ᠠ᠂ ᠡᠯ᠎ᠡ ᠲᠥᠷᠥᠯ᠎ᠦᠨ ᠭᠡᠨᠡᠳᠲᠡ᠎ᠶᠢᠨ ᠪᠠᠢᠭᠠᠯᠢ᠎ᠶᠢᠨ ᠭᠠᠮᠰᠢᠭ᠋᠎ᠢ ᠴᠠᠭ ᠲᠤᠬᠠᠢ ᠳ᠋ᠤᠨᠢ ᠠᠷᠭᠠᠴᠠᠨ ᠰᠢᠢᠳᠪᠦᠷᠢᠯᠡᠬᠦ ᠬᠡᠷᠡᠭᠲᠡᠢ᠂ 10 ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠦᠢᠯᠡᠳᠪᠦᠷᠢᠯᠡᠯ᠎ᠦᠨ ᠠᠮᠤᠷ ᠲᠦᠪᠰᠢᠨ᠎ᠦ ᠡᠨᠳᠡᠯ ᠭᠠᠷᠤᠭᠰᠠᠨ ᠲᠣᠭ᠎ᠠ ᠪᠣᠯᠣᠨ ᠡᠨᠳᠡᠭᠰᠡᠨ ᠬᠥᠮᠥᠨ᠎ᠦ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 29 . 8 % ᠎ᠪᠠᠷ ᠪᠠᠭᠤᠷᠠᠪᠠ᠂ 12 . 9 %᠂ ᠦᠢᠯᠡᠳᠪᠦᠷᠢᠯᠡᠯ᠎ᠦᠨ ᠠᠮᠤᠷ ᠲᠦᠪᠰᠢᠨ᠎ᠦ ᠬᠦᠨᠳᠦ ᠣᠨᠴᠠ ᠶᠡᠬᠡ ᠡᠨᠳᠡᠯ ᠭᠠᠷᠤᠭᠰᠠᠨ ᠦᠭᠡᠢ᠂ ᠪᠦᠬᠦ ᠣᠷᠣᠨ᠎ᠤ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠠᠵᠢᠯ᠎ᠢ ᠲᠡᠭᠦᠰ ᠠᠮᠵᠢᠯᠲᠠ᠎ᠲᠠᠢ ᠲᠡᠭᠦᠰᠬᠡᠬᠦ ᠪᠠ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠵᠢᠯ᠎ᠢ ᠤᠷᠤᠭᠰᠢᠲᠠᠢ ᠡᠬᠢᠯᠡᠭᠦᠯᠬᠦ᠎ᠳᠦ ᠠᠮᠤᠷ ᠲᠦᠪᠰᠢᠨ ᠲᠣᠭᠲᠠᠭᠤᠨ ᠣᠷᠴᠢᠨ ᠲᠣᠭᠣᠷᠢᠨ᠎ᠢ ᠴᠢᠷᠮᠠᠢᠨ ᠪᠤᠢ ᠪᠣᠯᠭᠠᠵᠤ ᠥᠭᠬᠦ ᠬᠡᠷᠡᠭᠲᠡᠢ᠃ 

ᠡᠨᠡ ᠵᠢᠯ᠎ᠦᠨ ᠡᠪᠦᠯ ᠂ ᠯᠠᠨᠢᠨᠠ ᠪᠣᠯᠣᠨ ᠪᠦᠬᠦ ᠪᠥᠮᠪᠥᠷᠴᠡᠭ᠎ᠦᠨ ᠳᠤᠯᠠᠭᠠᠷᠠᠯ ᠰᠣᠯᠪᠢᠴᠠᠭᠰᠠᠨ ᠪᠤᠳᠤᠯᠢᠶᠠᠨᠲᠠᠢ ᠠᠭᠤᠷ ᠠᠮᠢᠰᠬᠤᠯ᠎ᠤᠨ ᠠᠬᠤᠢ ᠪᠠᠢᠳᠠᠯ ᠳᠣᠣᠷ᠎ᠠ ᠂ ᠠᠭᠠᠷ᠎ᠤᠨ ᠳᠤᠯᠠᠭᠠᠨ ᠱᠠᠲᠤᠴᠢ ᠴᠢᠨᠠᠷᠲᠠᠢ ᠬᠡᠯᠪᠡᠯᠵᠡᠬᠦ ᠣᠨᠴᠠᠯᠢᠭ᠋ ᠢᠯᠡᠷᠬᠡᠢ ᠪᠣᠯᠵᠤ ᠂ ᠬᠦᠢᠲᠡᠨ ᠳᠤᠯᠠᠭᠠᠨ ᠲᠦᠷᠭᠡᠨ ᠡᠷᠭᠢᠯᠲᠡ ᠵᠡᠷᠭᠡ ᠬᠡᠲᠦᠷᠡᠮᠡᠬᠡᠢ ᠴᠠᠭ ᠠᠭᠤᠷ ᠡᠭᠦᠰᠬᠦ ᠨᠤᠷᠮ᠎ᠠ ᠳᠡᠭᠡᠭᠰᠢᠯᠡᠵᠦ ᠂ ᠬᠦᠢᠲᠡᠨ ᠠᠭᠤᠷ ᠠᠮᠢᠰᠬᠤᠯ ᠂ ᠪᠣᠷᠣᠭᠠᠨ ᠴᠠᠰᠤ ᠮᠥᠰᠥᠲᠦᠯ ᠶᠡᠬᠡ ᠮᠠᠨᠠᠨ ᠵᠡᠷᠭᠡ ᠮᠠᠭᠤ ᠠᠭᠤᠷ ᠠᠮᠢᠰᠬᠤᠯ ᠠᠮᠠᠷᠬᠠᠨ ᠡᠭᠦᠰᠴᠦ ᠤᠯᠠᠨ ᠡᠭᠦᠰᠬᠦ᠎ᠶᠢᠨ ᠳᠡᠭᠡᠷ᠎ᠡ ᠡᠯ᠎ᠡ ᠵᠦᠢᠯ᠎ᠦᠨ ᠦᠢᠯᠡᠳᠪᠦᠷᠢᠯᠡᠯ ᠡᠵᠡᠩᠨᠡᠯᠲᠡ᠎ᠶᠢᠨ ᠠᠵᠢᠯᠯᠠᠭ᠎ᠠ ᠣᠯᠠᠰᠢᠷᠠᠵᠤ ᠂ ᠠᠮᠤᠷ ᠲᠦᠪᠰᠢᠨ᠎ᠦ ᠰᠡᠷᠭᠡᠢᠯᠡᠯᠲᠡ᠎ᠶᠢᠨ ᠪᠠᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠠᠶᠤᠯ ᠦᠭᠡᠢ ᠦᠢᠯᠡᠳᠪᠦᠷᠢᠯᠡᠯ᠎ᠦᠨ ᠵᠥᠪᠯᠡᠯ᠎ᠦᠨ ᠠᠯᠪᠠᠨ ᠭᠡᠷ ᠂ ᠭᠠᠮᠰᠢᠭ᠋᠎ᠢ ᠰᠡᠷᠭᠡᠢᠯᠡᠨ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠵᠥᠪᠯᠡᠯ᠎ᠦᠨ ᠠᠯᠪᠠᠨ ᠭᠡᠷ ᠤᠷᠢᠳᠴᠢᠯᠠᠨ ᠲᠥᠯᠥᠪᠯᠡᠵᠦ ᠂ ᠨᠠᠷᠢᠨ ᠨᠢᠭ᠍ᠲᠠ ᠪᠠᠢᠷᠢᠯᠠᠭᠤᠯᠤᠨ ᠂ ᠡᠪᠦᠯ᠎ᠦᠨ ᠤᠯᠠᠷᠢᠯ᠎ᠤᠨ ᠭᠠᠮᠰᠢᠭ᠋᠎ᠢ ᠰᠡᠷᠭᠡᠢᠯᠡᠨ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠪᠠ ᠠᠶᠤᠯ ᠦᠭᠡᠢ ᠦᠢᠯᠡᠳᠪᠦᠷᠢᠯᠡᠯ᠎ᠦᠨ ᠠᠵᠢᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠨ᠎ᠡ᠃ 

11 ᠳ᠋ᠦ᠍ᠭᠡᠷ ᠰᠠᠷ᠎ᠠ᠎ᠶᠢᠨ 14 ᠎ᠦ ᠡᠳᠦᠷ ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ ᠬᠠᠮᠲᠤᠷᠠᠨ ᠡᠪᠦᠯ᠎ᠦᠨ ᠤᠯᠠᠷᠢᠯ᠎ᠤᠨ ᠪᠣᠷᠣᠭᠠᠨ ᠴᠠᠰᠤ ᠮᠥᠰᠥᠲᠦᠯ᠎ᠦᠨ ᠴᠠᠭ ᠠᠭᠤᠷ᠎ᠤᠨ ᠪᠠᠢᠳᠠᠯ᠎ᠢ ᠵᠥᠪᠳᠡᠯᠴᠡᠵᠦ ᠂ ᠬᠣᠶᠠᠷ ᠲᠠᠯ᠎ᠠ᠎ᠪᠠᠷ᠎ᠢᠶᠠᠨ ᠰᠠᠯᠠᠭ᠎ᠠ ᠮᠥᠴᠢᠷ᠎ᠦᠨ ᠬᠠᠮᠲᠤᠷᠠᠯᠴᠠᠭ᠎ᠠ᠎ᠪᠠᠨ ᠪᠡᠬᠢᠵᠢᠭᠦᠯᠬᠦ ᠂ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ᠎ᠶᠢ ᠴᠢᠩᠭᠠᠳᠬᠠᠬᠤ ᠂ ᠴᠠᠭ ᠠᠭᠤᠷ᠎ᠤᠨ ᠭᠠᠮᠰᠢᠭ᠋᠎ᠢ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠰᠠᠢᠲᠤᠷ ᠬᠢᠬᠦ ᠂ ᠪᠠᠴᠢᠮ ᠪᠠᠢᠳᠠᠯ᠎ᠢ ᠠᠷᠭᠠᠴᠠᠭᠠᠬᠤ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠨᠠᠢᠳᠠᠪᠤᠷᠢᠵᠢᠭᠤᠯᠬᠤ ᠵᠡᠷᠭᠡ ᠲᠠᠯ᠎ᠠ᠎ᠪᠠᠷ ᠰᠠᠨᠠᠯ᠎ᠢᠶᠠᠨ ᠭᠦᠨᠵᠡᠭᠡᠢ ᠰᠣᠯᠢᠯᠴᠠᠨ ᠶᠠᠷᠢᠯᠴᠠᠵᠤ ᠂ ᠥᠪᠡᠷᠲᠡᠭᠡᠨ ᠵᠠᠰᠠᠬᠤ ᠣᠷᠣᠨ᠎ᠤ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠠᠵᠢᠯ᠎ᠤᠨ ᠦᠷ᠎ᠡ ᠪᠦᠲᠦᠮᠵᠢ᠎ᠶᠢ ᠬᠠᠮᠲᠤ᠎ᠪᠠᠷ ᠳᠡᠭᠡᠭᠰᠢᠯᠡᠭᠦᠯᠪᠡ᠃ 

11 ᠳ᠋ᠦ᠍ᠭᠡᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠪᠠᠴᠢᠮ ᠪᠠᠢᠳᠠᠯ᠎ᠢ ᠠᠷᠭᠠᠴᠠᠬᠤ᠂ ᠴᠠᠭ ᠠᠭᠤᠷ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠢ᠂ ᠣᠶ ᠰᠢᠭᠤᠢ ᠵᠢᠨ ᠰᠡᠷᠭᠡᠢᠯᠡᠯᠲᠡ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ᠎ᠤᠳ ᠬᠠᠮᠲᠤᠷᠠᠨ ᠡᠨᠡ ᠵᠢᠯ᠎ᠠᠴᠠ ᠨᠠᠭᠠᠰᠢᠬᠢ ᠪᠦᠭᠦ ᠣᠷᠣᠨ᠎ᠤ ᠠᠶᠤᠯ ᠦᠭᠡᠢ ᠦᠢᠯᠡᠳᠪᠦᠷᠢᠯᠡᠯ ᠪᠠ ᠪᠠᠢᠭᠠᠯᠢ ᠵᠢᠨ ᠭᠠᠮᠰᠢᠭ᠋᠎ᠤᠨ ᠠᠵᠢᠯ᠎ᠤᠨ ᠪᠠᠢᠳᠠᠯ᠎ᠢ ᠮᠡᠳᠡᠭᠳᠡᠵᠦ᠂ ᠬᠦᠢᠲᠡᠨ ᠪᠠ ᠪᠣᠷᠣᠭᠠᠨ ᠴᠠᠰᠤ᠎ᠲᠠᠢ ᠴᠠᠭ ᠠᠭᠤᠷ᠎ᠤᠨ ᠪᠠᠢᠳᠠᠯ ᠵᠢᠴᠢ ᠨᠥᠯᠥᠭᠡ ᠶ᠋ᠢ ᠵᠠᠳᠠᠯᠤᠨ᠂ ᠰᠡᠷᠭᠡᠢᠯᠡᠨ ᠠᠷᠭᠠᠴᠠᠭᠠᠬᠤ ᠠᠷᠭ᠎ᠠ ᠬᠡᠮᠵᠢᠶ᠎ᠡ ᠶ᠋ᠢ ᠳᠤᠷᠠᠳᠤᠨ ᠭᠠᠷᠭᠠᠪᠠ᠃

ᠢᠷᠡᠯᠲᠡ᠄        ᠠᠷᠭᠠᠴᠠᠭᠠᠬᠤ  
          
ᠬᠠᠮᠢᠶ᠎ᠡ ᠪᠦᠬᠦᠢ ᠰᠣᠨᠢᠨ
 
            