ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠥᠨᠥᠳᠥᠷ᠎ᠤᠨ ᠰᠣᠨᠢᠨ ᠮᠡᠳᠡᠭᠡ
ᠦᠨᠡᠨ᠎ᠡᠴᠡ ᠵᠥᠪ᠎ᠢ ᠡᠷᠢᠬᠦ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠵᠣᠷᠢᠭ᠍ᠲᠠᠢ᠎ᠪᠠᠷ ᠬᠠᠢᠨ ᠰᠦᠪᠡᠭᠴᠢᠯᠡᠵᠦ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠶ᠎ᠠ᠃ᠥᠪᠥᠷ ᠮᠣᠩᠭᠣᠯ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠴᠢᠳᠠᠪᠤᠷᠢ᠎ᠶᠢᠨ ᠪᠠᠢᠴᠠᠭᠠᠨ ᠰᠤᠳᠤᠯᠤᠯᠲᠠ᠎ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-12-16

12 ᠰᠠᠷ᠎ᠠ᠎ᠶᠢᠨ 10 ᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠎ᠦᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠦᠨ ᠳᠠᠷᠤᠭ᠎ᠠ ᠮᠥᠩᠬᠡ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠴᠢᠳᠠᠪᠤᠷᠢ᠎ᠶᠢᠨ ᠪᠠᠢᠴᠠᠭᠠᠨ ᠰᠤᠳᠤᠯᠤᠯᠲᠠ᠎ᠶᠢᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ᠂ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ᠎ᠶᠢ ᠂ ᠲᠠᠷᠠᠭᠠᠴᠢ᠎ᠶᠢᠨ ᠱᠠᠲᠤᠨ᠎ᠤ ᠭᠣᠣᠯᠳᠠᠯᠭ᠎ᠠ᠎ᠲᠠᠢ ᠡᠭᠦᠷᠭᠡ᠎ᠶᠢ ᠪᠠᠢᠷᠢᠯᠠᠭᠤᠯᠪᠠ᠂ ᠤᠯᠤᠰ ᠲᠥᠷᠥ᠎ᠶᠢᠨ ᠵᠣᠭᠰᠣᠴᠠ᠎ᠪᠠᠨ ᠥᠨᠳᠥᠷ ᠪᠣᠯᠭᠠᠬᠤ᠎ᠶᠢ ᠴᠢᠬᠤᠯᠠᠴᠢᠯᠠᠪᠠ᠂ ᠡᠩᠨᠡᠭᠡ᠎ᠪᠡᠨ ᠭᠦᠨᠵᠡᠭᠡᠢᠷᠡᠭᠦᠯᠵᠦ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ᠎ᠶᠢᠨ ᠴᠢᠬᠤᠯᠠ ᠴᠢᠨᠠᠷ᠎ᠢ ᠲᠠᠨᠢᠬᠤ ᠬᠡᠷᠡᠭᠲᠡᠢ᠂ ᠣᠳᠣᠬᠠᠨ᠎ᠤ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠠᠵᠢᠯ᠎ᠳᠤ ᠣᠷᠣᠰᠢᠵᠤ ᠪᠠᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ᠎ᠶᠢ ᠰᠡᠷᠭᠡᠭ᠎ᠢᠶᠡᠷ ᠲᠠᠨᠢᠬᠤ ᠬᠡᠷᠡᠭᠲᠡᠢ᠂ ᠦᠨᠡᠨ᠎ᠡᠴᠡ ᠵᠥᠪ᠎ᠢ ᠡᠷᠢᠬᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠬᠤ᠂ ᠬᠤᠷᠴᠠ ᠴᠢᠩᠭ᠎ᠠ ᠤᠯᠤᠰ ᠲᠥᠷᠥ᠎ᠶᠢᠨ ᠡᠭᠦᠷᠭᠡᠯᠡᠯ ᠪᠠ ᠴᠠᠭ ᠪᠢᠳᠡᠨ᠎ᠢ ᠬᠦᠯᠢᠶᠡᠬᠦ ᠦᠭᠡᠢ ᠬᠠᠷᠢᠭᠤᠴᠠᠯᠭᠠᠲᠤ ᠤᠬᠠᠮᠰᠠᠷ᠎ᠢᠶᠠᠷ᠂ ᠵᠣᠷᠢᠭ᠍ᠲᠠᠢ᠎ᠪᠠᠷ ᠬᠠᠢᠨ ᠰᠦᠪᠡᠭᠴᠢᠯᠡᠬᠦ᠂ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠬᠤ᠂ ᠪᠦᠬᠦ ᠣᠷᠣᠨ᠎ᠤ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠢᠰᠲᠧᠮᠵᠢ ᠪᠣᠯᠣᠨ ᠴᠢᠳᠠᠪᠤᠷᠢ᠎ᠶᠢᠨ ᠣᠳᠣᠬᠢᠴᠢᠯᠠᠯᠲᠠ᠎ᠶᠢ ᠲᠦᠯᠬᠢᠨ ᠠᠬᠢᠭᠤᠯᠬᠤ ᠬᠡᠷᠡᠭᠲᠡᠢ᠃ 

《ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠰᠠᠨᠠᠯ 》 ᠎ᠢ ᠤᠯᠠᠮ ᠨᠢᠭᠡ ᠠᠯᠬᠤᠮ ᠲᠤᠤᠱᠯᠠᠭᠤᠯᠤᠨ ᠨᠠᠢᠳᠠᠪᠤᠷᠢᠵᠢᠭᠤᠯᠬᠤ᠎ᠶᠢᠨ ᠲᠥᠯᠥᠭᠡ᠂ 《 ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠵᠤ ᠳᠡᠶ᠋ᠢᠯᠬᠦ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠬᠡᠷᠡᠭᠵᠢᠭᠦᠯᠬᠦ ᠰᠠᠨᠠᠯ 》 ᠎ᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶᠢ ᠠᠬᠢᠭᠤᠯᠤᠨ᠎ᠠ᠂ ᠡᠨᠡ ᠵᠢᠯ᠎ᠦᠨ 7 ᠰᠠᠷ᠎ᠠ᠎ᠠᠴᠠ ᠨᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ ᠬᠦᠴᠦᠨ ᠵᠶ᠋ᠠᠨ ᠲᠥᠪᠯᠡᠷᠡᠭᠦᠯᠦᠨ᠂ 6 ᠲᠤᠰᠬᠠᠢ ᠪᠠᠢᠴᠠᠭᠠᠨ ᠰᠤᠳᠤᠯᠬᠤ ᠳᠤᠭᠤᠢᠯᠠᠩ᠎ᠢ ᠵᠣᠬᠢᠶᠠᠨ ᠪᠠᠢᠭᠤᠯᠵᠤ᠂  ᠂ ᠪᠤᠭᠤᠲᠤ ᠂ ᠬᠥᠯᠥᠨ ᠪᠣᠶ᠋ᠢᠷ ᠂ ᠬᠢᠩᠭᠠᠨ ᠠᠢᠮᠠᠭ ᠂ ᠲᠦᠩᠯᠢᠶᠣᠣ ᠂ ᠤᠯᠠᠭᠠᠨᠬᠠᠳᠠ ᠂ ᠰᠢᠯᠢ᠎ᠶᠢᠨ ᠭᠣᠣᠯ ᠠᠢᠮᠠᠭ ᠂ ᠣᠷᠳᠣᠰ ᠂ ᠪᠠᠶᠠᠨᠨᠠᠭᠤᠷ ᠂ ᠤᠯᠠᠭᠠᠨᠴᠠᠪ ᠂ ᠦᠬᠠᠢ ᠂ ᠠᠯᠠᠱᠠ ᠵᠡᠷᠭᠡ 12 ᠠᠢᠮᠠᠭ ᠬᠣᠲᠠ᠎ᠳᠤ ᠬᠦᠷᠴᠦ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠪᠡ᠃ ᠰᠠᠭᠤᠳᠠᠯ᠎ᠤᠨ ᠬᠤᠷᠠᠯ ᠳᠡᠭᠡᠷ᠎ᠡ᠂ ᠪᠠᠢᠴᠠᠭᠠᠨ ᠰᠤᠳᠤᠯᠬᠤ ᠳᠤᠭᠤᠢᠯᠠᠩ ᠪᠠᠴᠢᠮ ᠪᠠᠢᠳᠠᠯ᠎ᠢ ᠠᠷᠭᠠᠴᠠᠭᠠᠬᠤ ᠵᠣᠬᠢᠶᠠᠨ ᠪᠠᠢᠭᠤᠯᠤᠯᠲᠠ᠎ᠶᠢᠨ ᠰᠢᠰᠲᠧᠮᠵᠢ᠎ᠶᠢᠨ ᠪᠠᠢᠭᠤᠯᠤᠯᠲᠠ᠂  ᠠᠪᠤᠷᠠᠨ ᠲᠤᠰᠠᠯᠠᠬᠤ ᠬᠦᠴᠦᠨ᠎ᠦ ᠲᠣᠬᠢᠷᠠᠭᠤᠯᠤᠯᠲᠠ ᠂ ᠠᠮᠤᠷ ᠲᠦᠪᠰᠢᠨ᠎ᠦ ᠲᠦᠭᠰᠢᠭᠦᠷᠢ᠎ᠶᠢᠨ ᠰᠡᠷᠭᠡᠢᠯᠡᠯᠲᠡ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠦᠨ ᠰᠣᠷᠢᠯᠲᠠ᠂ ᠡᠳ᠋ ᠪᠣᠳᠠᠰ ᠲᠣᠨᠣᠭᠯᠠᠯ᠎ᠤᠨ ᠪᠠᠲᠤᠯᠠᠭ᠎ᠠ ᠵᠡᠷᠭᠡ ᠲᠠᠯ᠎ᠠ᠎ᠪᠠᠷ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠠᠵᠢᠯ᠎ᠤᠨ ᠪᠣᠳᠠᠲᠤ ᠪᠠᠢᠳᠠᠯ᠎ᠢ ᠲᠠᠨᠢᠯᠴᠠᠭᠤᠯᠪᠠ᠂  ᠣᠷᠣᠰᠢᠵᠤ ᠪᠠᠢᠭ᠎ᠠ ᠠᠰᠠᠭᠤᠳᠠᠯ᠎ᠢ ᠲᠠᠨᠢᠯᠴᠠᠭᠤᠯᠤᠭᠰᠠᠨ ᠪᠥᠭᠡᠳ ᠲᠥᠷᠥ᠎ᠶᠢᠨ ᠪᠣᠳᠣᠯᠭ᠎ᠠ᠎ᠶᠢᠨ ᠰᠠᠨᠠᠭᠤᠯᠭ᠎ᠠ ᠪᠣᠯᠣᠨ ᠬᠠᠯᠠᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶᠢ ᠳᠤᠷᠠᠳᠪᠠ᠃ 

ᠮᠥᠩᠬᠡ ᠵᠢᠭᠠᠵᠤ ᠭᠠᠷᠭᠠᠭᠰᠠᠨ ᠨᠢ ᠂ ᠡᠨᠡ ᠤᠳᠠᠭᠠᠨ᠎ᠤ ᠪᠠᠢᠴᠠᠭᠠᠨ ᠰᠤᠳᠤᠯᠤᠯᠲᠠ᠎ᠳᠤ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠨ ᠂ ᠦᠨᠳᠦᠰᠦᠨ ᠱᠠᠲᠤᠨ᠎ᠳᠤ ᠭᠦᠨᠵᠡᠭᠡᠢᠷᠡᠵᠦ ᠂ ᠪᠤᠰᠤᠳᠴᠢ ᠪᠥᠭᠡᠳ ᠨᠠᠷᠢᠨ ᠪᠣᠳᠠᠲᠠᠢ ᠪᠠᠢᠵᠤ ᠂ ᠢᠯᠡᠳᠲᠡ ᠦᠷ᠎ᠡ ᠪᠦᠲᠦᠭᠡᠯ ᠣᠯᠵᠠᠢ ᠂ ᠲᠡᠷᠡ ᠱᠠᠭᠠᠷᠳᠠᠭᠰᠠᠨ ᠨᠢ ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ ᠰᠤᠷᠲᠠᠯ᠎ᠢ ᠪᠠᠳᠠᠷᠠᠭᠤᠯᠤᠨ ᠂ ᠪᠠᠢᠴᠠᠭᠠᠨ ᠰᠤᠳᠤᠯᠤᠯᠲᠠ ᠯᠠᠪᠳᠠᠭᠤᠨ ᠪᠠᠲᠤᠲᠠᠢ ᠰᠠᠢᠲᠤᠷ ᠬᠢᠵᠦ ᠂ ᠠᠵᠢᠯ᠎ᠤᠨ ᠲᠤᠰᠬᠠᠢ ᠠᠩᠭᠢ ᠪᠠᠢᠭᠤᠯᠤᠨ ᠂ ᠭᠣᠣᠯᠳᠠᠯᠭ᠎ᠠ᠎ᠲᠠᠢ ᠪᠠᠢᠳᠠᠯ᠎ᠤᠨ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠵᠦ ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠠᠮᠵᠢᠯᠲᠠ ᠪᠦᠲᠦᠮᠵᠢ᠎ᠶᠢᠨ ᠴᠢᠨᠠᠷᠲᠠᠢ ᠰᠤᠳᠤᠯᠭᠠᠨ ᠬᠢᠵᠦ ᠂ ᠭᠠᠵᠠᠷ ᠣᠷᠣᠨ᠎ᠤ ᠪᠣᠳᠠᠲᠤ ᠪᠠᠢᠳᠠᠯ᠎ᠳᠤ ᠨᠡᠢᠴᠡᠭᠰᠡᠨ ᠬᠡᠷᠡᠭᠵᠢᠭᠦᠯᠦᠭᠦᠰᠢᠲᠡᠢ ᠠᠷᠭ᠎ᠠ ᠬᠡᠮᠵᠢᠶ᠎ᠡ ᠭᠠᠷᠭᠠᠵᠤ ᠂ ᠲᠤᠰᠬᠠᠢ ᠮᠡᠳᠡᠭᠦᠯᠦᠯᠲᠡ᠎ᠶᠢ ᠳᠠᠭᠠᠵᠤ ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠡᠮᠵᠢᠯᠭᠡ᠎ᠶᠢ ᠢᠳᠡᠪᠬᠢᠲᠡᠢ ᠲᠡᠮᠡᠴᠡᠨ ᠣᠯᠵᠤ ᠂ ᠵᠣᠷᠢᠭ᠍ᠲᠠᠢ᠎ᠪᠠᠷ ᠭᠠᠪᠰᠢᠭᠠᠢᠯᠠᠨ ᠵᠣᠷᠢᠭ᠍ᠲᠠᠢ  ᠦᠨᠳᠦᠰᠦᠨ ᠱᠠᠲᠤᠨ᠎ᠤ ᠰᠠᠭᠤᠷᠢ᠎ᠶᠢ ᠪᠡᠬᠢᠵᠢᠭᠦᠯᠦᠨ᠎ᠡ᠃

ᠶᠠᠷᠢᠯᠴᠠᠬᠤ ᠬᠤᠷᠠᠯ ᠳᠡᠭᠡᠷ᠎ᠡ ᠂ ᠡᠯ᠎ᠡ ᠳᠠᠰᠤᠭ ᠵᠢᠴᠢ ᠬᠠᠷᠢᠶ᠎ᠠ ᠪᠦᠬᠦᠢ ᠠᠵᠢᠯ ᠦᠢᠯᠡᠰ᠎ᠤᠨ ᠨᠢᠭᠡᠴᠢ ᠵᠢᠨ ᠬᠠᠷᠢᠭᠤᠴᠠᠯᠭᠠᠲᠠᠨ ᠵᠠᠩ ᠭᠦᠸᠧ ᠴᠢᠩ ᠳᠡᠳ᠋ ᠶᠡᠷᠦᠩᠬᠡᠢ ᠰᠠᠢᠳ᠂ ᠸᠠᠩ ᠰᠢᠶᠠᠩ ᠰᠢ ᠬᠡᠯᠲᠡᠰ᠎ᠤᠨ ᠳᠠᠷᠤᠭ᠎ᠠ ᠵᠢᠨ ᠨᠡᠷ᠎ᠡ ᠪᠢᠴᠢᠭᠰᠡᠨ ᠵᠣᠬᠢᠶᠠᠯ᠎ᠤᠨ ᠣᠯᠣᠯᠲᠠ ᠲᠥᠷᠥᠭᠳᠡᠯ᠎ᠲᠠᠢ ᠤᠶᠠᠯᠳᠤᠭᠤᠯᠤᠨ᠂ ᠣᠳᠣᠬᠠᠨ᠎ᠤ ᠠᠵᠢᠯ᠎ᠤᠨ ᠬᠦᠷᠦᠯᠴᠡᠬᠦ ᠦᠭᠡᠢ ᠲᠠᠯ᠎ᠠ᠎ᠪᠠᠨ ᠪᠠᠢᠴᠠᠭᠠᠨ ᠦᠵᠡᠬᠦ ᠵᠢᠨ ᠬᠠᠮᠲᠤ 2026 ᠣᠨ᠎ᠤ ᠭᠣᠣᠯᠳᠠᠯᠭ᠎ᠠ᠎ᠲᠠᠢ ᠠᠵᠢᠯ᠎ᠤᠨ ᠲᠥᠯᠥᠪᠯᠡᠭᠡ ᠶ᠋ᠢ ᠳᠤᠷᠠᠳᠤᠨ ᠭᠠᠷᠭᠠᠪᠠ᠃

ᠮᠥᠩᠬᠡ ᠴᠢᠬᠤᠯᠠᠴᠢᠯᠠᠭᠰᠠᠨ ᠨᠢ ᠂ ᠰᠣᠯᠢᠯᠴᠠᠨ ᠶᠠᠷᠢᠯᠴᠠᠬᠤ᠎ᠪᠠᠷ ᠳᠠᠮᠵᠢᠭᠤᠯᠤᠨ ᠬᠠᠮᠲᠤ᠎ᠶᠢᠨ ᠲᠠᠨᠢᠯᠲᠠ᠎ᠶᠢ ᠤᠯᠠᠮ ᠴᠢᠨᠠᠭᠰᠢᠳᠠ ᠨᠢᠭ᠍ᠲᠠᠷᠠᠭᠤᠯᠵᠤ ᠂ ᠦᠵᠡᠯ ᠰᠠᠨᠠᠭᠠᠨ᠎ᠤ ᠤᠯᠠ ᠮᠥᠷ᠎ᠢ ᠲᠣᠳᠣᠷᠬᠠᠢᠯᠠᠪᠠ᠃ 20 ᠳ᠋ᠤᠭᠠᠷ ᠶᠡᠬᠡ ᠬᠤᠷᠠᠯ ᠵᠢᠴᠢ 20 ᠳ᠋ᠤᠭᠠᠷ ᠬᠤᠭᠤᠴᠠᠭᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠠᠰᠠᠭ᠎ᠤᠨ ᠣᠷᠳᠣᠨ᠎ᠢ ᠥᠭᠡᠷᠡᠴᠢᠯᠡᠬᠦ ᠭᠣᠣᠯ ᠤᠳᠤᠷᠢᠳᠤᠯᠭ᠎ᠠ᠎ᠶᠢᠨ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠡᠷᠡᠰ ᠨᠠᠢᠳᠠᠪᠤᠷᠢᠵᠢᠭᠤᠯᠤᠨ ᠂ ᠬᠥᠭᠵᠢᠯᠲᠡ ᠬᠢᠭᠡᠳ ᠠᠮᠤᠷ ᠲᠦᠪᠰᠢᠨ᠎ᠢ ᠰᠠᠢᠲᠤᠷ ᠨᠢᠭᠡᠳᠦᠯᠲᠡᠢ ᠲᠥᠯᠥᠪᠵᠢᠭᠦᠯᠵᠦ ᠂ ᠣᠷᠣᠨ ᠪᠦᠰᠡ᠎ᠶᠢᠨ ᠬᠠᠮᠢᠶᠠᠷᠤᠯᠲᠠ ᠂ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ ᠪᠠ ᠠᠵᠤ ᠠᠬᠤᠢᠯᠠᠯ᠎ᠤᠨ ᠭᠣᠣᠯ ᠴᠣᠭᠴᠠ᠎ᠶᠢᠨ ᠰᠦᠢᠳᠬᠡᠯ ᠬᠤᠷᠢᠶᠠᠬᠤ᠎ᠶᠢ ᠪᠣᠳᠠᠲᠠᠢᠵᠢᠭᠤᠯᠤᠨ ᠂ ᠡᠬᠢ ᠡᠭᠦᠰᠦᠯ᠎ᠡᠴᠡ ᠨᠢ ᠬᠦᠴᠦᠯᠡᠨ ᠰᠠᠨᠠᠭᠠᠴᠢᠯᠠᠭ᠎ᠠ᠎ᠠᠴᠠ᠎ᠪᠠᠨ ᠤᠷᠢᠳᠴᠢᠯᠠᠨ ᠰᠡᠷᠭᠡᠢᠯᠡᠬᠦ᠎ᠶᠢ ᠴᠢᠩᠭᠠᠳᠬᠠᠵᠤ ᠂ ᠭᠠᠮᠰᠢᠭ᠋᠎ᠤᠨ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ ᠲᠣᠭᠲᠠᠴᠠ᠎ᠶᠢ ᠪᠦᠷᠢᠨᠰᠢᠭᠦᠯᠦᠨ ᠂ ᠣᠯᠠᠨ ᠨᠡᠶ᠋ᠢᠲᠡ᠎ᠶᠢᠨ ᠠᠮᠤᠷ ᠲᠦᠪᠰᠢᠨ᠎ᠦ ᠵᠠᠰᠠᠯᠲᠠ᠎ᠶᠢᠨ ᠵᠠᠭᠪᠤᠷ᠎ᠢ ᠤᠷᠢᠳᠴᠢᠯᠠᠨ ᠰᠡᠷᠭᠡᠢᠯᠡᠵᠦ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ ᠂ ᠮᠠᠨ᠎ᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠠᠵᠢᠯ᠎ᠤᠨ ᠪᠣᠳᠠᠲᠤ ᠦᠷ᠎ᠡ ᠪᠦᠲᠦᠮᠵᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃ ᠠᠭᠤᠷᠬᠠᠢ ᠂ ᠠᠶᠤᠯᠲᠠᠢ ᠬᠢᠮᠢ᠎ᠶᠢᠨ ᠪᠣᠳᠠᠰ ᠂ ᠬᠤᠸᠠᠷ ᠫᠤᠤᠵᠢᠩ ᠂ ᠵᠠᠮ ᠬᠠᠷᠢᠯᠴᠠᠭ᠎ᠠ ᠲᠡᠭᠡᠭᠡᠪᠦᠷᠢ ᠂ ᠪᠠᠷᠢᠯᠭ᠎ᠠ᠎ᠶᠢᠨ ᠠᠵᠢᠯ ᠂ ᠣᠨᠴᠠ ᠲᠦᠷᠦᠯ᠎ᠦᠨ ᠪᠠᠷᠢᠯᠭ᠎ᠠ ᠵᠡᠷᠭᠡ ᠭᠣᠣᠯᠳᠠᠯᠭ᠎ᠠ᠎ᠲᠠᠢ ᠠᠵᠢᠯ ᠲᠦᠷᠦᠯ᠎ᠦᠨ ᠬᠦᠷᠢᠶ᠎ᠡ ᠵᠢᠴᠢ ᠬᠥᠮᠥᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ᠎ᠤᠨ ᠠᠶᠤᠯ ᠲᠦᠭᠰᠢᠭᠦᠷᠢ᠎ᠶᠢᠨ ᠲᠠᠯᠲᠠ ᠭᠡᠮ᠎ᠢ ᠪᠠᠢᠴᠠᠭᠠᠨ ᠴᠡᠭᠴᠡᠯᠡᠬᠦ ᠠᠵᠢᠯ᠎ᠢ ᠭᠦᠨᠵᠡᠭᠡᠢᠷᠡᠭᠦᠯᠵᠦ ᠂ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ ᠂ ᠠᠶᠤᠯᠭᠦᠢ᠎ᠶᠢᠨ ᠬᠠᠮᠢᠶᠠᠷᠤᠯᠲᠠ᠎ᠶᠢᠨ ᠠᠵᠢᠯᠲᠠᠨ ᠂ ᠣᠨᠴᠠ ᠲᠦᠷᠦᠯ᠎ᠦᠨ ᠠᠵᠢᠯᠯᠠᠭ᠍ᠴᠢ ᠵᠡᠷᠭᠡ ᠵᠠᠩᠭᠢᠯᠠᠭ᠎ᠠ᠎ᠶᠢᠨ ᠴᠥᠭᠡᠨ ᠲᠣᠭᠠᠲᠠᠨ᠎ᠢ ᠴᠢᠩᠭ᠎ᠠ ᠠᠩᠬᠠᠷᠴᠤ ᠂ ᠠᠶᠤᠯᠭᠦᠢ᠎ᠶᠢᠨ ᠪᠣᠯᠪᠠᠰᠤᠷᠠᠯ ᠬᠥᠮᠦᠵᠢᠯ ᠪᠠ ᠪᠠᠴᠢᠮ ᠪᠠᠢᠳᠠᠯ᠎ᠢ ᠠᠷᠭᠠᠴᠠᠭᠠᠬᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠠᠵᠢᠯ᠎ᠢ ᠴᠢᠩᠭᠠᠳᠬᠠᠬᠤ ᠬᠡᠷᠡᠭᠲᠡᠢ᠃ ᠡᠬᠢ ᠡᠭᠦᠰᠦᠯ᠎ᠡᠴᠡ ᠨᠢ ᠴᠢᠩᠭ᠎ᠠ ᠰᠡᠷᠭᠡᠢᠯᠡᠬᠦ ᠬᠡᠷᠡᠭᠲᠡᠢ᠃ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠭᠣᠷᠢᠭ᠋ ᠬᠤᠲᠠ ᠵᠢᠨ ᠠᠭᠠᠷ ᠠᠶᠠᠯᠠᠯ᠎ᠤᠨ ᠰᠤᠷᠭᠠᠨ ᠬᠥᠮᠦᠵᠢᠯ᠎ᠤᠨ ᠵᠠᠭᠪᠤᠷ᠎ᠤᠨ ᠰᠢᠰᠲᠧᠮ᠎ᠢ ᠲᠥᠯᠥᠪᠵᠢᠭᠦᠯᠦᠨ ᠪᠦᠲᠦᠭᠡᠨ ᠪᠠᠶ᠋ᠢᠭᠤᠯᠬᠤ ᠶ᠋ᠢ ᠲᠦᠷᠭᠡᠳᠬᠡᠵᠦ᠂ ᠲᠣᠮᠣ᠌ ᠭᠡᠯᠪᠡᠷᠢ ᠵᠢᠨ ᠵᠢᠯᠣᠭᠣᠴᠢ ᠦᠭᠡᠢ ᠨᠢᠰᠬᠡᠯ ᠵᠡᠷᠭᠡ ᠠᠶᠠᠯᠠᠯ᠎ᠢ ᠴᠢᠩᠭᠠᠳᠬᠠᠨ᠎ᠠ᠃ᠠᠭᠠᠷ᠎ᠤᠨ ᠪᠠᠴᠢᠮ ᠪᠠᠢᠳᠠᠯ᠎ᠢ ᠠᠷᠭᠠᠴᠠᠵᠤ ᠠᠪᠤᠷᠠᠨ ᠲᠤᠰᠠᠯᠠᠬᠤ ᠬᠦᠴᠦᠨ᠎ᠤ ᠭᠠᠮᠰᠢᠭ᠋᠎ᠤᠨ ᠪᠠᠢᠳᠠᠯ᠎ᠢ ᠠᠷᠭᠠᠴᠠᠬᠤ ᠪᠠ ᠠᠳᠡᠯ᠎ᠢ ᠰᠢᠢᠳᠪᠦᠷᠢᠯᠡᠬᠦ ᠶᠠᠪᠤᠴᠠ᠎ᠳᠠᠬᠢ ᠬᠡᠷᠡᠭᠯᠡᠯᠲᠡ ᠨᠢ 《ᠬᠣᠣᠷ ᠬᠥᠨᠥᠭᠡᠯ᠎ᠠᠴᠠ ᠠᠪᠤᠷᠠᠨ ᠲᠤᠰᠠᠯᠠᠬᠤ ᠶ᠋ᠢ ᠪᠦᠷᠢᠨ ᠠᠭᠤᠰᠤᠯᠴᠠᠭᠤᠯᠬᠤ ᠳᠠᠭᠠᠳᠬᠠᠯ》᠎ᠤᠨ ᠰᠢᠨ᠎ᠡ ᠵᠠᠭᠪᠤᠷ᠎ᠢ ᠢᠳᠡᠪᠬᠢᠲᠡᠢ ᠬᠠᠢᠨ ᠰᠦᠪᠡᠭᠴᠢᠯᠡᠵᠦ᠂ ᠦᠢᠯᠡᠳᠪᠦᠷᠢᠯᠡᠬᠦ ᠴᠢᠳᠠᠪᠤᠷᠢ ᠶ᠋ᠢ ᠣᠷᠣᠯᠠᠨ ᠬᠠᠳᠠᠭᠠᠯᠠᠬᠤ ᠠᠷᠭ᠎ᠠ ᠮᠠᠶᠢᠭ᠋᠎ᠢ ᠠᠰᠢᠭ᠍ᠯᠠᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋ ᠪᠣᠳᠠᠰ᠎ᠤᠨ ᠪᠡᠯᠡᠳᠬᠡᠯ᠎ᠢ ᠴᠢᠩᠭᠠᠳᠬᠠᠵᠤ᠂ ᠭᠠᠮᠰᠢᠭ᠍ᠳᠠᠭᠰᠠᠨ ᠣᠯᠠᠨ ᠲᠦᠮᠡᠨ    ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃

ᠢᠷᠡᠯᠲᠡ᠄        ᠠᠷᠭᠠᠴᠠᠭᠠᠬᠤ  
          
ᠬᠠᠮᠢᠶ᠎ᠡ ᠪᠦᠬᠦᠢ ᠰᠣᠨᠢᠨ
 
            