ᠣᠢᠷ᠎ᠠ᠎ᠳᠤ ᠂ ᠤᠯᠤᠰ᠎ᠤᠨ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠵᠥᠪᠯᠡᠯ᠎ᠦᠨ ᠠᠯᠪᠠᠨ ᠭᠡᠷ ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠶᠠᠮᠤᠨ᠎ᠠᠴᠠ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ ᠂ ᠤᠰᠤᠨ ᠶᠢᠨ ᠶᠠᠮᠤᠨ ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠂ ᠤᠯᠤᠰ᠎ᠤᠨ ᠡᠨᠧᠷᠭᠢ᠎ᠶᠢᠨ ᠲᠣᠪᠴᠢᠶ᠎ᠠ ᠂ ᠤᠯᠤᠰ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠵᠥᠪᠳᠡᠯᠴᠡᠬᠦ ᠬᠤᠷᠠᠯ ᠬᠤᠷᠠᠯᠳᠤᠭᠤᠯᠵᠤ ᠂ 2025 ᠣᠨ᠎ᠤ 12 ᠰᠠᠷ᠎ᠠ ᠪᠦᠬᠦ ᠤᠯᠤᠰ᠎ᠤᠨ ᠪᠠᠢᠭᠠᠯᠢ᠎ᠶᠢᠨ ᠭᠠᠮᠰᠢᠭ᠋᠎ᠤᠨ ᠠᠶᠤᠯ ᠲᠦᠭᠰᠢᠭᠦᠷᠢ᠎ᠶᠢᠨ ᠪᠠᠢᠳᠠᠯ᠎ᠢ ᠵᠥᠪᠳᠡᠯᠴᠡᠨ ᠰᠤᠳᠤᠯᠤᠨ ᠮᠠᠭᠠᠳᠯᠠᠪᠠ᠃
ᠶᠡᠷᠦᠩᠬᠡᠢ ᠵᠠᠳᠠᠯᠤᠯᠲᠠ᠎ᠶᠢᠨ ᠦᠵᠡᠬᠦ᠎ᠪᠡᠷ ᠂ 12 ᠰᠠᠷ᠎ᠠ᠎ᠳᠤ ᠂ ᠵᠡᠭᠦᠨ ᠬᠣᠢᠲᠤ ᠣᠷᠣᠨ ᠂ ᠥᠪᠥᠷ ᠮᠣᠩᠭᠣᠯ᠎ᠤᠨ ᠵᠡᠭᠦᠨ ᠬᠡᠰᠡᠭ ᠂ ᠰᠢᠨᠵᠢᠶᠠᠩ᠎ᠤᠨ ᠬᠣᠢᠲᠤ ᠬᠡᠰᠡᠭ ᠵᠡᠷᠭᠡ ᠭᠠᠵᠠᠷ ᠣᠷᠣᠨ᠎ᠤ ᠬᠡᠰᠡᠭ ᠭᠠᠵᠠᠷ ᠣᠷᠣᠨ᠎ᠳᠤ ᠬᠦᠢᠲᠡᠨ ᠠᠭᠤᠷ ᠠᠮᠢᠰᠬᠤᠯ ᠪᠠ ᠴᠠᠰᠤᠨ ᠭᠠᠮᠰᠢᠭ᠋᠎ᠤᠨ ᠠᠶᠤᠯ ᠲᠦᠭᠰᠢᠭᠦᠷᠢ ᠶᠡᠬᠡ ᠪᠠᠢᠨ᠎ᠠ; ᠤᠮᠠᠷᠠᠲᠤ ᠣᠷᠣᠨ ᠵᠢᠴᠢ ᠡᠮᠦᠨᠡᠲᠦ ᠣᠷᠣᠨ᠎ᠤ ᠬᠡᠰᠡᠭ ᠭᠠᠵᠠᠷ᠎ᠤᠨ ᠣᠢ ᠰᠢᠭᠤᠢ᠎ᠶᠢᠨ ᠭᠠᠯ᠎ᠤᠨ ᠠᠶᠤᠯ᠎ᠤᠨ ᠳᠡᠰ ᠨᠡᠯᠢᠶᠡᠳ ᠥᠨᠳᠥᠷ; ᠪᠠᠷᠠᠭᠤᠨ ᠡᠮᠦᠨᠡᠲᠦ ᠂ ᠪᠠᠷᠠᠭᠤᠨ ᠬᠣᠢᠲᠤ᠎ᠶᠢᠨ ᠬᠡᠰᠡᠭ ᠭᠠᠵᠠᠷ᠎ᠤᠨ ᠭᠠᠵᠠᠷ ᠰᠢᠨᠵᠢᠯᠡᠭᠡᠨ᠎ᠦ ᠭᠠᠢ ᠭᠠᠮᠰᠢᠭ᠋᠎ᠤᠨ ᠠᠶᠤᠯ ᠲᠦᠭᠰᠢᠭᠦᠷᠢ ᠨᠡᠯᠢᠶᠡᠳ ᠶᠡᠬᠡ ᠪᠠᠢᠨ᠎ᠠ; ᠬᠠᠲᠤᠨ ᠭᠣᠣᠯ᠎ᠤᠨ ᠳᠡᠭᠡᠳᠦ ᠤᠷᠤᠰᠬᠠᠯ᠎ᠤᠨ ᠥᠪᠥᠷ ᠮᠣᠩᠭᠣᠯ᠎ᠤᠨ ᠭᠣᠣᠯ᠎ᠤᠨ ᠬᠡᠰᠡᠭ᠎ᠲᠦ 12 ᠳ᠋ᠤᠭᠠᠷ ᠰᠠᠷ᠎ᠠ᠎ᠶᠢᠨ ᠳᠤᠮᠳᠠᠴᠢ᠎ᠪᠠᠷ ᠠᠩᠬᠠᠨ᠎ᠤ ᠪᠢᠲᠡᠭᠦᠮᠵᠢᠯᠡᠯ ᠢᠯᠡᠷᠡᠨ᠎ᠡ᠃ ᠪᠣᠳᠠᠲᠠᠢ᠎ᠪᠠᠷ ᠬᠡᠯᠡᠪᠡᠯ ᠳᠣᠣᠷᠠᠬᠢ ᠮᠡᠲᠦ ᠄
ᠨᠢᠭᠡ᠎ᠳᠦ ᠳᠣᠣᠷ᠎ᠠ ᠳᠤᠯᠠᠭᠠᠨ᠎ᠳᠤ ᠬᠥᠯᠳᠡᠬᠦ ᠪᠠ ᠵᠤᠳ ᠰᠢᠭᠤᠷᠭ᠎ᠠ ᠵᠢᠨ ᠠᠶᠤᠯ ᠲᠦᠭᠰᠢᠭᠦᠷᠢ᠃ ᠵᠢᠱ᠌ᠢᠯᠲᠡ᠎ᠪᠡᠷ 12 ᠰᠠᠷ᠎ᠠ᠎ᠳᠤ ᠂ ᠱᠠᠲᠤ ᠦᠶᠡᠴᠢ ᠴᠢᠨᠠᠷᠲᠠᠢ ᠬᠦᠢᠲᠡᠨ ᠠᠭᠠᠷ᠎ᠤᠨ ᠶᠠᠪᠤᠴᠠ ᠮᠠᠨ᠎ᠤ ᠤᠯᠤᠰ᠎ᠢ ᠨᠥᠯᠥᠭᠡᠯᠡᠵᠦ ᠂ ᠬᠦᠴᠦᠯᠡᠴᠡ ᠨᠢ ᠳᠤᠮᠳᠠ ᠵᠡᠷᠭᠡ᠎ᠡᠴᠡ ᠴᠢᠩᠭ᠎ᠠ ᠰᠢᠭ᠋ ᠪᠣᠯᠵᠤ ᠂ ᠵᠡᠭᠦᠨ ᠬᠣᠢᠲᠤ ᠣᠷᠣᠨ᠎ᠤ ᠳᠤᠮᠳᠠ ᠬᠣᠢᠲᠤ ᠬᠡᠰᠡᠭ ᠂ ᠥᠪᠥᠷ ᠮᠣᠩᠭᠣᠯ᠎ᠤᠨ ᠵᠡᠭᠦᠨ ᠬᠡᠰᠡᠭ ᠂ ᠰᠢᠨᠵᠢᠶᠠᠩ᠎ᠤᠨ ᠬᠣᠢᠲᠤ ᠬᠡᠰᠡᠭ ᠵᠡᠷᠭᠡ ᠭᠠᠵᠠᠷ᠎ᠲᠤ ᠬᠤᠷ᠎ᠠ ᠲᠤᠨᠤᠳᠠᠰᠤ ᠠᠷᠪᠢᠨ ᠂ ᠠᠭᠠᠷ᠎ᠤᠨ ᠳᠤᠯᠠᠭᠠᠨ ᠳᠣᠣᠷ᠎ᠠ ᠪᠠᠢᠳᠠᠯ ᠬᠥᠯᠳᠡᠭᠡᠬᠦ ᠪᠠ ᠵᠤᠳ ᠰᠢᠭᠤᠷᠭ᠎ᠠ ᠵᠢᠨ ᠠᠶᠤᠯ ᠲᠦᠭᠰᠢᠭᠦᠷᠢ ᠨᠡᠯᠢᠶᠡᠳ ᠥᠨᠳᠥᠷ᠃
ᠬᠣᠶᠠᠷ᠎ᠲᠤ ᠣᠶ ᠰᠢᠭᠤᠢ ᠨᠤᠲᠤᠭ ᠪᠡᠯᠴᠢᠭᠡᠷ᠎ᠦᠨ ᠭᠠᠯ᠎ᠤᠨ ᠠᠶᠤᠯ᠎ᠤᠨ ᠲᠦᠭᠰᠢᠭᠦᠷᠢ᠃ ᠴᠠᠭ ᠠᠭᠤᠷ᠎ᠤᠨ ᠬᠠᠨᠳᠤᠰᠢ ᠂ ᠭᠠᠯ᠎ᠤᠨ ᠠᠶᠤᠯ᠎ᠤᠨ ᠵᠢᠮ᠎ᠡ ᠶᠣᠰᠣ᠌ ᠪᠠ ᠭᠠᠯ᠎ᠤᠨ ᠡᠭᠦᠰᠦᠯ᠎ᠦᠨ ᠣᠨᠴᠠᠯᠢᠭ᠋ ᠵᠡᠷᠭᠡ ᠬᠦᠴᠦᠨ ᠵᠦᠢᠯ᠎ᠢ ᠶᠡᠷᠦᠩᠬᠡᠢᠯᠡᠭᠡᠳ 12 ᠰᠠᠷ᠎ᠠ᠎ᠳᠤ ᠪᠡᠭᠡᠵᠢᠩ᠎ᠦᠨ ᠪᠠᠷᠠᠭᠤᠨ ᠬᠡᠰᠡᠭ ᠪᠠ ᠬᠣᠢᠲᠤ ᠬᠡᠰᠡᠭ ᠂ ᠾᠧᠪᠧᠢ ᠵᠢᠨ ᠪᠠᠷᠠᠭᠤᠨ ᠬᠡᠰᠡᠭ ᠪᠠ ᠬᠣᠢᠲᠤ ᠬᠡᠰᠡᠭ ᠂ ᠱᠠᠨ ᠰᠢ᠎ᠶᠢᠨ ᠵᠡᠭᠦᠨ ᠬᠡᠰᠡᠭ ᠪᠠ ᠬᠣᠢᠲᠤ ᠬᠡᠰᠡᠭ ᠂ ᠯᠢᠶᠣᠤᠨᠢᠩ᠎ᠤᠨ ᠪᠠᠷᠠᠭᠤᠨ ᠬᠡᠰᠡᠭ ᠂ ᠵᠧᠵᠢᠶᠠᠩ᠎ᠤᠨ ᠪᠠᠷᠠᠭᠤᠨ ᠬᠡᠰᠡᠭ ᠂ ᠠᠨᠾᠦ᠋ᠢ ᠵᠢᠨ ᠡᠮᠦᠨ᠎ᠡ ᠬᠡᠰᠡᠭ ᠂ ᠹᠦᠵᠢᠶᠠᠨ᠎ᠤ ᠡᠮᠦᠨ᠎ᠡ ᠬᠡᠰᠡᠭ ᠂ ᠵᠢᠶᠠᠩᠰᠢ᠎ᠶᠢᠨ ᠵᠡᠭᠦᠨ ᠬᠡᠰᠡᠭ ᠪᠣᠯᠣᠨ ᠡᠮᠦᠨ᠎ᠡ ᠬᠡᠰᠡᠭ ᠂ ᠬᠤᠪᠧᠢ᠎ᠶᠢᠨ ᠡᠮᠦᠨ᠎ᠡ ᠬᠡᠰᠡᠭ ᠂ ᠬᠤᠨᠠᠨ᠎ᠤ ᠡᠮᠦᠨ᠎ᠡ ᠬᠡᠰᠡᠭ ᠂ ᠭᠤᠸᠠᠩᠳᠦ᠋ᠩ᠎ᠦᠨ ᠶᠡᠬᠡᠩᠬᠢ ᠬᠡᠰᠡᠭ ᠂ ᠭᠤᠸᠠᠩᠰᠢ᠎ᠶᠢᠨ ᠵᠡᠭᠦᠨ ᠬᠡᠰᠡᠭ ᠂ ᠶᠦᠨᠨᠠᠨ᠎ᠤ ᠶᠡᠬᠡᠩᠬᠢ ᠬᠡᠰᠡᠭ ᠭᠠᠵᠠᠷ ᠣᠷᠣᠨ᠎ᠤ ᠣᠶ ᠰᠢᠭᠤᠢ᠎ᠶᠢᠨ ᠭᠠᠯ᠎ᠤᠨ ᠠᠶᠤᠯ᠎ᠤᠨ ᠳᠡᠰ ᠨᠢ ᠨᠡᠯᠢᠶᠡᠳ ᠥᠨᠳᠥᠷ ᠠᠶᠤᠯᠲᠠᠢ ᠶᠤᠮ᠃ ᠪᠦᠬᠦ ᠤᠯᠤᠰ᠎ᠤᠨ ᠨᠤᠲᠤᠭ ᠪᠡᠯᠴᠢᠭᠡᠷ᠎ᠦᠨ ᠭᠠᠯ᠎ᠤᠨ ᠠᠶᠤᠯ᠎ᠤᠨ ᠳᠠᠭᠠᠳᠬᠠᠯ᠎ᠤᠨ ᠳᠡᠰ ᠨᠢ ᠨᠡᠯᠢᠶᠡᠳ ᠳᠣᠣᠷ᠎ᠠ ᠪᠠᠢᠨ᠎ᠠ᠃
ᠭᠤᠷᠪᠠ᠎ᠳᠤ ᠂ ᠭᠠᠵᠠᠷ ᠰᠢᠨᠵᠢᠯᠡᠭᠡᠨ᠎ᠦ ᠭᠠᠢ ᠭᠠᠮᠰᠢᠭ᠋᠎ᠤᠨ ᠠᠶᠤᠯ ᠲᠦᠭᠰᠢᠭᠦᠷᠢ᠃ ᠵᠢᠱ᠌ᠢᠯᠲᠡ᠎ᠪᠡᠷ 12 ᠰᠠᠷ᠎ᠠ᠎ᠳᠤ ᠂ ᠴᠦᠩᠴᠢᠩ᠎ᠦᠨ ᠵᠡᠭᠦᠨ ᠬᠡᠰᠡᠭ ᠂ ᠶᠦᠨᠨᠠᠨ᠎ᠤ ᠪᠠᠷᠠᠭᠤᠨ ᠬᠣᠢᠲᠤ ᠬᠡᠰᠡᠭ ᠂ ᠲᠥᠪᠡᠳ᠎ᠦᠨ ᠵᠡᠭᠦᠨ ᠬᠡᠰᠡᠭ ᠂ ᠭᠠᠨᠰᠤ᠎ᠶᠢᠨ ᠵᠡᠭᠦᠨ ᠬᠡᠰᠡᠭ ᠂ ᠬᠥᠬᠡᠨᠠᠭᠤᠷ᠎ᠤᠨ ᠵᠡᠭᠦᠨ ᠬᠡᠰᠡᠭ ᠵᠡᠷᠭᠡ ᠬᠡᠰᠡᠭ ᠭᠠᠵᠠᠷ ᠣᠷᠣᠨ᠎ᠳᠤ ᠭᠠᠵᠠᠷ᠎ᠤᠨ ᠭᠠᠮᠰᠢᠭ᠋ ᠡᠭᠦᠰᠬᠦ ᠲᠦᠭᠰᠢᠭᠦᠷᠢ ᠨᠡᠯᠢᠶᠡᠳ ᠶᠡᠬᠡ ᠪᠠᠢᠨ᠎ᠠ᠃
ᠳᠥᠷᠪᠡ᠎ᠳᠦ ᠬᠠᠯᠢᠶ᠎ᠠ ᠦᠶᠡᠷ᠎ᠦᠨ ᠲᠦᠭᠰᠢᠭᠦᠷᠢ᠃ ᠵᠢᠱ᠌ᠢᠯᠲᠡ᠎ᠪᠡᠷ 12 ᠰᠠᠷ᠎ᠠ᠎ᠶᠢᠨ ᠡᠬᠢᠨ᠎ᠦ ᠳᠤᠮᠳᠠᠴᠢ᠎ᠪᠠᠷ ᠂ ᠬᠠᠲᠤᠨ ᠭᠣᠣᠯ᠎ᠤᠨ ᠳᠡᠭᠡᠳᠦ ᠤᠷᠤᠰᠬᠠᠯ᠎ᠤᠨ ᠥᠪᠥᠷ ᠮᠣᠩᠭᠣᠯ᠎ᠤᠨ ᠭᠣᠣᠯ᠎ᠤᠨ ᠬᠡᠰᠡᠭ᠎ᠲᠦ ᠠᠩᠬᠠᠨ᠎ᠤ ᠪᠢᠲᠡᠭᠦᠮᠵᠢᠯᠡᠯ ᠢᠯᠡᠷᠡᠵᠦ ᠂ ᠡᠩ᠎ᠦᠨ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ ᠣᠷᠣᠶ᠋ᠢᠲᠠᠬᠤ ᠪᠣᠯᠣᠨ᠎ᠠ ( 12 ᠰᠠᠷ᠎ᠠ᠎ᠶᠢᠨ 3 ᠤ ᠡᠳᠦᠷ ); ᠠᠭᠠᠷ᠎ᠤᠨ ᠳᠤᠯᠠᠭᠠᠨ᠎ᠤ ᠳᠡᠭᠡᠨᠴᠡᠯ᠎ᠦᠨ ᠨᠥᠯᠥᠭᠡ᠎ᠡᠴᠡ ᠪᠣᠯᠵᠤ ᠂ ᠪᠠᠰᠠ ᠰᠦᠩ᠎ᠦᠨ ᠪᠠᠢᠳᠠᠯ ᠭᠠᠷᠴᠤ ᠮᠡᠳᠡᠨ᠎ᠡ᠃ ᠵᠢᠱ᠌ᠢᠯᠲᠡ᠎ᠪᠡᠷ 12 ᠰᠠᠷ᠎ᠠ᠎ᠶᠢᠨ ᠳᠤᠮᠳᠠᠴᠢ᠎ᠠᠴᠠ ᠡᠮᠦᠨ᠎ᠡ ᠂ ᠵᠡᠭᠦᠨ ᠬᠣᠢᠲᠤ ᠣᠷᠣᠨ᠎ᠤ ᠨᠤᠨ ᠮᠥᠷᠡᠨ ᠂ ᠰᠤᠩᠭᠠᠷᠢ ᠮᠥᠷᠡᠨ ᠂ ᠬᠠᠷᠠᠮᠥ᠋ᠷᠡᠨ ᠂ ᠮᠥᠷᠡᠨ ᠵᠡᠷᠭᠡ ᠭᠣᠣᠯ ᠮᠥᠷᠡᠨ ᠪᠦᠬᠦ ᠱᠤᠭᠤᠮ᠎ᠢᠶᠠᠷ ᠬᠥᠯᠳᠡᠬᠦ ᠪᠣᠯᠣᠨ᠎ᠠ᠃
ᠲᠠᠪᠤ᠎ᠳᠤ ᠲᠠᠯᠠᠢ ᠲᠠᠩᠭᠢᠰ᠎ᠤᠨ ᠭᠠᠢ ᠭᠠᠮᠰᠢᠭ᠋᠎ᠤᠨ ᠠᠶᠤᠯ ᠲᠦᠭᠰᠢᠭᠦᠷᠢ᠃ ᠵᠢᠱ᠌ᠢᠯᠲᠡ᠎ᠪᠡᠷ 12 ᠰᠠᠷ᠎ᠠ᠎ᠳᠤ ᠂ ᠮᠠᠨ᠎ᠤ ᠤᠯᠤᠰ᠎ᠤᠨ ᠲᠡᠯᠡᠶ ᠳᠠᠭᠠᠤ ᠣᠷᠣᠨ᠎ᠳᠤ 4 - 5 ᠤᠳᠠᠭᠠᠨ᠎ᠤ ᠭᠠᠮᠰᠢᠭ᠍ᠲᠤ ᠴᠢᠨᠠᠷᠲᠠᠢ ᠲᠡᠯᠡᠶ᠎ᠶᠢᠨ ᠳᠠᠪᠠᠯᠭᠠᠨ ᠡᠭᠦᠰᠬᠦ ᠪᠣᠯᠣᠨ᠎ᠠ᠃ ᠪᠦᠧᠧᠬᠠᠢ ᠲᠠᠩᠭᠢᠰ ᠵᠢᠴᠢ ᠰᠢᠷ᠎ᠠ ᠲᠠᠩᠭᠢᠰ᠎ᠤᠨ ᠤᠮᠠᠷᠠᠲᠤ ᠬᠡᠰᠡᠭ᠎ᠦᠨ ᠮᠥᠰᠥᠨ᠎ᠦ ᠪᠠᠢᠳᠠᠯ ᠨᠢ ᠡᠩ᠎ᠦᠨ ᠵᠢᠯ᠎ᠦᠨ ᠬᠢ᠎ᠡᠴᠡ ᠵᠢᠭᠠᠬᠠᠨ ᠬᠥᠩᠭᠡᠨ ᠪᠠᠢᠵᠤ ᠂ ᠯᠢᠶᠣᠤᠳᠦ᠋ᠩ ᠪᠤᠯᠤᠩ ᠪᠣᠯᠣᠨ ᠰᠢᠷ᠎ᠠ ᠲᠠᠩᠭᠢᠰ᠎ᠤᠨ ᠤᠮᠠᠷᠠᠲᠤ ᠬᠡᠰᠡᠭ᠎ᠲᠦ 12 ᠳ᠋ᠤᠭᠠᠷ ᠰᠠᠷ᠎ᠠ᠎ᠶᠢᠨ ᠰᠢᠨᠡᠳ᠎ᠢᠶᠡᠷ ᠠᠩᠬ᠎ᠠ ᠮᠥᠰᠥ ᠡᠭᠦᠰᠬᠦ ᠪᠣᠯᠣᠨ᠎ᠠ ᠂ ᠡᠭᠦᠨ᠎ᠳᠦ ᠯᠢᠶᠣᠤᠳᠦ᠋ᠩ ᠪᠤᠯᠤᠩ᠎ᠤᠨ ᠬᠠᠮᠤᠭ ᠶᠡᠬᠡ ᠬᠥᠪᠪᠥᠮᠡᠯ ᠮᠥᠰᠥᠨ᠎ᠦ ᠬᠡᠪᠴᠢᠶ᠎ᠡ ᠨᠢ 15 - 25 ᠮᠢᠯ ᠪᠠᠢᠵᠤ ᠂ ᠡᠩ᠎ᠦᠨ ᠮᠥᠰᠥ ᠨᠢ 5 - 10 ᠵᠤᠵᠠᠭᠠᠨ ᠂ ᠬᠠᠮᠤᠭ ᠶᠡᠬᠡ ᠮᠥᠰᠥ ᠨᠢ 15 ᠵᠤᠵᠠᠭᠠᠨ ᠪᠠᠢᠳᠠᠭ᠃