12 ᠳ᠋ᠤᠭᠠᠷ ᠰᠠᠷ᠎ᠠ᠎ᠶᠢᠨ 3᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ ᠴᠠᠭ ᠠᠭᠤᠷ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《ᠥᠪᠥᠷ ᠮᠣᠩᠭᠣᠯ᠎ᠤᠨ ᠡᠪᠦᠯ᠎ᠦᠨ ᠤᠯᠠᠷᠢᠯ᠎ᠤᠨ ᠴᠠᠭ ᠠᠭᠤᠷ᠎ᠤᠨ ᠨᠢᠭᠤᠴᠠ ᠨᠣᠮᠧᠷ᠎ᠢ ᠲᠠᠢᠯᠬᠤ》 ᠨᠡᠶ᠋ᠢᠲᠡ᠎ᠶᠢᠨ ᠠᠰᠠᠷᠠᠮᠵᠢ᠎ᠶᠢᠨ ᠰᠢᠭᠤᠳ ᠨᠡᠪᠲᠡᠷᠡᠭᠦᠯᠭᠡ᠎ᠶᠢᠨ ᠠᠵᠢᠯᠯᠠᠭ᠎ᠠ ᠥᠷᠨᠢᠭᠦᠯᠵᠦ ᠂ ᠡᠷᠬᠡ ᠰᠦᠷᠲᠦ ᠲᠠᠢᠯᠤᠮᠵᠢ ᠬᠢᠬᠦ᠂ ᠪᠣᠳᠠᠲᠤ ᠬᠡᠷᠡᠭᠯᠡᠭᠡᠨ᠎ᠦ ᠵᠢᠯᠣᠭᠣᠳᠤᠯᠭ᠎ᠠ᠎ᠪᠠᠷ ᠭᠣᠣᠯ ᠪᠣᠯᠭᠠᠨ ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ 》᠂ 《ᠥᠪᠥᠷ ᠮᠣᠩᠭᠣᠯ᠎ᠤᠨ ᠴᠠᠭ ᠠᠭᠤᠷ 》 ᠂ 《ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ》 ᠸᠢᠳᠢᠤ᠋᠎ᠶᠢᠨ ᠨᠣᠮᠧᠷ ᠵᠢᠴᠢ《ᠡᠭᠦᠯᠡᠨ ᠳᠡᠭᠡᠷᠡᠬᠢ ᠰᠢᠨᠵᠢᠯᠡᠬᠦ ᠤᠬᠠᠭᠠᠨ ᠮᠡᠷᠭᠡᠵᠢᠯ᠎ᠢ ᠲᠦᠭᠡᠮᠡᠯᠵᠢᠭᠦᠯᠬᠦ》 ᠵᠡᠷᠭᠡ ᠣᠯᠠᠨ ᠲᠠᠪᠴᠠᠩ᠎ᠢᠶᠠᠷ ᠳᠡᠮᠵᠢᠨ ᠢᠵᠢᠯ ᠠᠯᠬᠤᠮ᠎ᠢᠶᠠᠷ ᠰᠢᠭᠤᠳ ᠨᠠᠪᠲᠠᠷᠡᠭᠦᠯᠵᠦ ᠂ 1.5 ᠲᠦᠮᠡᠨ ᠬᠥᠮᠥᠨ ᠤᠳᠠᠭ᠎ᠠ ᠰᠦᠯᠵᠢᠶᠡᠨ ᠳᠡᠭᠡᠷ᠎ᠡ ᠰᠣᠨᠢᠷᠬᠠᠵᠤ ᠂ ᠣᠯᠠᠨ ᠨᠡᠶ᠋ᠢᠲᠡ᠎ᠶᠢᠨ ᠡᠪᠦᠯ᠎ᠦᠨ ᠤᠯᠠᠷᠢᠯ᠎ᠤᠨ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ᠎ᠳᠤ ᠰᠢᠨᠵᠢᠯᠡᠬᠦ ᠤᠬᠠᠭᠠᠨᠴᠢ ᠬᠦᠴᠦᠨ ᠨᠡᠮᠡᠷᠢᠯᠡᠪᠡ᠃
ᠰᠢᠭᠤᠳ ᠨᠡᠪᠲᠡᠷᠡᠭᠦᠯᠭᠡ᠎ᠶᠢᠨ ᠶᠠᠪᠤᠴᠠ᠎ᠳᠤ ᠂ ᠴᠠᠭ ᠠᠭᠤᠷ᠎ᠤᠨ ᠲᠤᠰᠬᠠᠢ ᠮᠡᠷᠭᠡᠵᠢᠯᠲᠡᠳ ᠥᠪᠥᠷ ᠮᠣᠩᠭᠣᠯ᠎ᠤᠨ ᠭᠠᠵᠠᠷ ᠣᠷᠣᠨ ᠬᠢᠭᠡᠳ ᠡᠪᠦᠯ᠎ᠦᠨ ᠤᠯᠠᠷᠢᠯ᠎ᠤᠨ ᠠᠭᠤᠷ ᠠᠮᠢᠰᠬᠤᠯ᠎ᠤᠨ ᠣᠨᠴᠠᠯᠢᠭ᠋᠎ᠲᠠᠢ ᠤᠶᠠᠯᠳᠤᠭᠤᠯᠤᠨ ᠂ ᠡᠪᠦᠯ᠎ᠦᠨ ᠤᠯᠠᠷᠢᠯ᠎ᠤᠨ ᠬᠦᠢᠲᠡᠨ ᠤᠷᠤᠰᠬᠠᠯ ᠂ ᠰᠢᠷᠦᠭᠦᠨ ᠴᠠᠰᠤ ᠂ ᠶᠡᠬᠡ ᠰᠠᠯᠬᠢ ᠵᠡᠷᠭᠡ ᠭᠠᠮᠰᠢᠭ᠍ᠲᠤ ᠴᠠᠭ ᠠᠭᠤᠷ᠎ᠤᠨ ᠪᠤᠶ ᠪᠤᠯᠬᠤ ᠵᠢᠮ᠎ᠡ ᠶᠣᠰᠣ᠌ ᠬᠢᠭᠡᠳ ᠤᠷᠢᠳᠴᠢᠯᠠᠨ ᠰᠡᠷᠡᠮᠵᠢᠯᠡᠭᠦᠯᠭᠦ ᠯᠣᠭᠢᠭ᠋᠎ᠢ ᠭᠦᠨᠵᠡᠭᠡᠢ ᠵᠠᠳᠠᠯᠪᠠ᠃ ᠣᠯᠠᠨ ᠨᠡᠶ᠋ᠢᠲᠡ᠎ᠶᠢᠨ ᠪᠣᠳᠠᠲᠠᠢ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ ᠂ ᠶᠠᠪᠤᠵᠤ ᠰᠠᠭᠤᠬᠤ ᠠᠮᠤᠷ ᠲᠦᠪᠰᠢᠨ᠂ ᠬᠦᠢᠲᠡᠨ᠎ᠢ ᠰᠡᠷᠭᠡᠢᠯᠡᠵᠦ ᠳᠤᠯᠠᠭᠠᠨ᠎ᠢ ᠬᠠᠮᠠᠭᠠᠯᠠᠬᠤ ᠵᠡᠷᠭᠡ ᠵᠢᠨ ᠲᠣᠭᠣᠷᠢᠨ᠎ᠳᠤ᠂ ᠭᠠᠮᠰᠢᠭ᠍ᠲᠤ ᠴᠠᠭ ᠠᠭᠤᠷ᠎ᠤᠨ ᠪᠠᠴᠢᠮ ᠪᠠᠢᠳᠠᠯ᠎ᠢ ᠠᠷᠭᠠᠴᠠᠵᠤ ᠠᠶᠤᠯ᠎ᠠᠴᠠ ᠵᠠᠢᠯᠠᠬᠤ ᠶᠡᠷᠦ᠎ᠶᠢᠨ ᠮᠡᠳᠡᠯᠭᠡ ᠪᠠ ᠠᠬᠤᠢ ᠲᠠᠯᠠᠪᠠᠶ᠎ᠶᠢᠨ ᠵᠢᠯᠣᠭᠣᠳᠤᠯᠭ᠎ᠠ᠎ᠶᠢ ᠲᠦᠭᠡᠮᠡᠯᠵᠢᠭᠦᠯᠵᠦ ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠠᠭᠤᠯᠭ᠎ᠠ᠎ᠶᠢ ᠣᠯᠠᠨ ᠲᠦᠮᠡᠨ᠎ᠲᠠᠢ ᠨᠠᠩ ᠣᠢᠷᠠᠲᠤᠭᠤᠯᠵᠤ ᠂ ᠣᠯᠠᠨ ᠨᠡᠶ᠋ᠢᠲᠡ᠎ᠶᠢᠨ ᠡᠪᠦᠯ᠎ᠦᠨ ᠤᠯᠠᠷᠢᠯ᠎ᠤᠨ ᠴᠠᠭ ᠠᠭᠤᠷ᠎ᠤᠨ ᠭᠠᠮᠰᠢᠭ᠋᠎ᠢ ᠰᠡᠷᠭᠡᠢᠯᠡᠬᠦ ᠤᠬᠠᠮᠰᠠᠷ ᠬᠢᠭᠡᠳ ᠥᠪᠡᠷ᠎ᠢ᠎ᠪᠡᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ᠎ᠶᠢ ᠪᠦᠲᠦᠮᠵᠢᠲᠡᠶ ᠳᠡᠭᠡᠭᠰᠢᠯᠡᠭᠦᠯᠪᠡ᠃