ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠥᠨᠥᠳᠥᠷ᠎ᠤᠨ ᠰᠣᠨᠢᠨ ᠮᠡᠳᠡᠭᠡ
ᠪᠥᠬᠥ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠠᠵᠢᠯ᠎ᠤᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2026-01-20

1 ᠰᠠᠷ᠎ᠠ᠎ᠶᠢᠨ 14 ᠎ᠦ ᠦᠳᠡ᠎ᠶᠢᠨ ᠡᠮᠦᠨ᠎ᠡ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ ᠪᠥᠬᠥ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠠᠵᠢᠯ᠎ᠤᠨ ᠸᠢᠳᠢᠤ᠋ ᠬᠤᠷᠠᠯ ᠬᠤᠷᠠᠯᠳᠤᠭᠤᠯᠪᠠ᠃ ᠬᠤᠷᠠᠯ᠎ᠠᠴᠠ 2025 ᠣᠨ ᠪᠠ 《 ᠠᠷᠪᠠᠨ ᠳᠥᠷᠪᠡᠳᠦᠭᠡᠷ ᠲᠠᠪᠤᠨ ᠵᠢᠯ 》 ᠎ᠤᠨ ᠬᠤᠭᠤᠴᠠᠭᠠᠨ᠎ᠤ ᠠᠵᠢᠯ᠎ᠢ ᠨᠠᠷᠢᠨ ᠬᠢᠨᠠᠮᠠᠭᠠᠢ ᠳ᠋ᠦᠩᠨᠡᠵᠦ ᠂ ᠪᠠᠢᠳᠠᠯ᠎ᠢ ᠵᠠᠳᠠᠯᠤᠨ ᠰᠤᠳᠤᠯᠤᠨ ᠮᠠᠭᠠᠳᠯᠠᠵᠤ ᠂ 2026 ᠣᠨ᠎ᠤ ᠭᠣᠣᠯᠳᠠᠯᠭ᠎ᠠ᠎ᠲᠠᠢ ᠡᠭᠦᠷᠭᠡ᠎ᠶᠢ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠎ᠦᠨ ᠨᠠᠮ᠎ᠤᠨ ᠬᠣᠷᠢᠶᠠᠨ᠎ᠤ ᠱᠦᠵᠢ ᠂ ᠲᠢᠩᠬᠢᠮ᠎ᠦᠨ ᠳᠠᠷᠤᠭ᠎ᠠ ᠮᠥᠩᠬᠡ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠎ᠦᠨ ᠨᠠᠮ᠎ᠤᠨ ᠬᠣᠷᠢᠶᠠᠨ᠎ᠤ ᠭᠡᠰᠢᠭᠦᠨ ᠂ ᠲᠢᠩᠬᠢᠮ᠎ᠦᠨ ᠳᠡᠳ᠋ ᠳᠠᠷᠤᠭ᠎ᠠ ᠂ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠡᠯᠡᠳᠬᠡᠯ ᠶᠡᠷᠦᠩᠬᠡᠢ ᠠᠩᠭᠢ᠎ᠶᠢᠨ ᠳᠠᠷᠤᠭ᠎ᠠ ᠵᠠᠩ ᠸᠧᠢ ᠴᠢᠤᠸᠠᠨ ᠂ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ᠎ᠶᠢᠨ ᠳᠠᠷᠤᠭ᠎ᠠ ᠵᠠᠩ ᠱᠧᠩ ᠬᠤᠸᠠ ᠬᠤᠷᠠᠯ᠎ᠳᠤ ᠣᠷᠣᠯᠴᠠᠭᠰᠠᠨ ᠪᠥᠭᠡᠳ ᠠᠵᠢᠯ᠎ᠢ ᠪᠠᠢᠷᠢᠯᠠᠭᠤᠯᠪᠠ᠃ 

ᠬᠤᠷᠠᠯ᠎ᠠᠴᠠ ᠂ 2025 ᠣᠨ᠎ᠳᠤ ᠪᠥᠬᠥ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ  ᠬᠦᠨᠳᠦ ᠶᠡᠬᠡ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠪᠦᠲᠦᠮᠵᠢᠲᠡᠶ ᠰᠡᠷᠭᠡᠢᠯᠡᠨ ᠠᠷᠢᠯᠭᠠᠵᠤ ᠂ ᠠᠮᠤᠷ ᠲᠦᠪᠰᠢᠨ᠎ᠦ ᠪᠠᠢᠳᠠᠯ ᠦᠷᠭᠦᠯᠵᠢᠯᠡᠨ ᠲᠣᠭᠲᠠᠭᠤᠨ᠎ᠢᠶᠠᠷ ᠰᠠᠢᠵᠢᠷᠠᠵᠤ ᠂ ᠪᠥᠬᠥ ᠵᠢᠯ᠎ᠦᠨ ᠡᠯ᠎ᠡ ᠲᠥᠷᠥᠯ᠎ᠦᠨ ᠦᠢᠯᠡᠳᠪᠦᠷᠢᠯᠡᠯ᠎ᠦᠨ ᠠᠮᠤᠷ ᠲᠦᠪᠰᠢᠨ᠎ᠦ ᠡᠨᠳᠡᠯ ᠭᠠᠷᠤᠭᠰᠠᠨ ᠲᠣᠭ᠎ᠠ ᠪᠣᠯᠣᠨ ᠡᠨᠳᠡᠭᠰᠡᠨ ᠬᠥᠮᠥᠨ᠎ᠦ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 17 . 1 % ᠪᠣᠯᠣᠨ 16 . 7 % ᠎ᠪᠠᠷ ᠪᠠᠭᠤᠷᠠᠵᠤ ᠂ ᠨᠡᠯᠢᠶᠡᠳ ᠶᠡᠬᠡ ᠡᠨᠳᠡᠯ ᠭᠠᠷᠤᠭᠰᠠᠨ ᠲᠣᠭ᠎ᠠ ᠪᠣᠯᠣᠨ ᠡᠨᠳᠡᠭᠰᠡᠨ ᠬᠥᠮᠥᠨ᠎ᠦ ᠲᠣᠭ᠎ᠠ 20 % ᠪᠣᠯᠣᠨ 27 . 6 % ᠎ᠪᠠᠷ ᠪᠠᠭᠤᠷᠠᠵᠤ ᠂ ᠵᠥᠪᠬᠡᠨ 3 ᠤᠳᠠᠭ᠎ᠠ ᠠᠶᠤᠩᠭ᠎ᠠ ᠳᠠᠭᠠᠷᠢᠭ᠍ᠰᠠᠨ ᠣᠶ ᠰᠢᠭᠤᠢ᠎ᠶᠢᠨ ᠲᠦᠢᠮᠡᠷ ᠭᠠᠷᠴᠤ ᠂ ᠬᠦᠨᠳᠦ ᠶᠡᠬᠡ ᠣᠨᠴᠠ ᠶᠡᠬᠡ ᠡᠨᠳᠡᠯ ᠭᠠᠷᠤᠭᠰᠠᠨ ᠦᠭᠡᠢ᠃ 

ᠬᠤᠷᠠᠯ᠎ᠠᠴᠠ ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠨᠠᠮ᠎ᠤᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠤᠱᠯᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ ᠂ ᠨᠠᠮ᠎ᠤᠨ ᠤᠳᠤᠷᠢᠳᠤᠯᠭ᠎ᠠ ᠂ ᠎ᠦᠨ ᠦᠵᠡᠯᠲᠡ ᠂ ᠦᠨᠳᠦᠰᠦᠨ ᠱᠠᠲᠤᠨ᠎ᠤ ᠰᠠᠭᠤᠷᠢ ᠂ ᠤᠯᠠᠨ᠎ᠢᠶᠠᠷ᠎ᠢᠶᠠᠨ ᠰᠡᠷᠭᠡᠢᠯᠡᠵᠦ ᠤᠯᠠᠨ᠎ᠢᠶᠠᠷ᠎ᠢᠶᠠᠨ ᠵᠠᠰᠠᠬᠤ ᠂ ᠪᠣᠳᠠᠲᠠᠢ᠎ᠶᠢ ᠡᠷᠬᠢᠮᠯᠡᠬᠦ ᠰᠤᠷᠲᠠᠯ᠎ᠢ ᠨᠡᠩ ᠢᠯᠡᠭᠦᠦ ᠴᠢᠬᠤᠯᠠᠴᠢᠯᠠᠵᠤ ᠂ ᠵᠠᠰᠠᠯᠲᠠ᠎ᠶᠢᠨ ᠵᠠᠭᠪᠤᠷ᠎ᠢ ᠤᠷᠢᠳᠴᠢᠯᠠᠨ ᠰᠡᠷᠭᠡᠢᠯᠡᠬᠦ ᠲᠡᠢᠰᠢ ᠰᠠᠨᠠᠭᠠᠴᠢᠯᠠᠭ᠎ᠠ᠎ᠠᠴᠠ᠎ᠪᠠᠨ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠵᠤ ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠣᠭᠲᠠᠭᠠᠯᠲᠤ ᠴᠢᠨᠠᠷ᠎ᠢᠶᠠᠷ ᠡᠨᠳᠡᠯ᠎ᠦᠨ ᠭᠠᠮᠰᠢᠭ᠋᠎ᠤᠨ ᠲᠣᠭᠲᠠᠪᠤᠷᠢ ᠦᠭᠡᠢ ᠴᠢᠨᠠᠷ᠎ᠢ ᠠᠷᠭᠠᠴᠠᠭᠠᠵᠤ ᠂ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ᠎ᠦ ᠰᠠᠢᠨ ᠰᠠᠢᠬᠠᠨ ᠬᠤᠷᠰᠢᠯ᠎ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 

ᠬᠤᠷᠠᠯ᠎ᠠᠴᠠ ᠵᠢᠭᠠᠵᠤ ᠭᠠᠷᠭᠠᠭᠰᠠᠨ ᠨᠢ ᠂ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ 》 ᠎ᠤᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠮᠥᠨ ᠂ ᠡᠷᠬᠡᠪᠰᠢ ᠡᠯ᠎ᠡ ᠵᠦᠢᠯ᠎ᠦᠨ ᠠᠵᠢᠯ᠎ᠤᠨ ᠠᠷᠭ᠎ᠠ ᠬᠡᠮᠵᠢᠶ᠎ᠡ᠎ᠶᠢ ᠨᠠᠷᠢᠯᠢᠭ᠋ ᠪᠣᠳᠠᠲᠠᠢ ᠨᠠᠢᠳᠠᠪᠤᠷᠢᠵᠢᠭᠤᠯᠬᠤ ᠂ ᠪᠦᠬᠦ ᠵᠢᠯ᠎ᠦᠨ ᠠᠵᠢᠯ᠎ᠤᠨ ᠰᠠᠢᠨ ᠡᠬᠢᠯᠡᠯᠲᠡ᠎ᠲᠠᠢ ᠪᠠᠢᠬᠤ᠎ᠶᠢ ᠪᠠᠲᠤᠯᠠᠬᠤ ᠬᠡᠷᠡᠭᠲᠡᠢ᠃ 《ᠬᠣᠶᠠᠷ ᠵᠥᠪᠯᠡᠯ ᠭᠤᠷᠪᠠᠨ ᠵᠢᠭᠠᠪᠤᠷᠢ 》 ᠎ᠶᠢᠨ ᠡᠭᠦᠷᠭᠡ ᠴᠢᠳᠠᠪᠬᠢ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ ᠂ ᠪᠠᠢᠭᠤᠯᠤᠮᠵᠢ ᠲᠣᠭᠲᠠᠴᠠ᠎ᠶᠢ ᠬᠦᠴᠦᠯᠡᠨ ᠲᠡᠭᠦᠯᠳᠡᠷᠵᠢᠭᠦᠯᠵᠦ ᠂ ᠠᠶᠤᠯᠭᠦᠢ ᠦᠢᠯᠡᠳᠪᠦᠷᠢᠯᠡᠯ᠎ᠦᠨ ᠦᠨᠳᠦᠰᠦ᠎ᠡᠴᠡ ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠦᠨ ᠠᠵᠢᠯᠯᠠᠭ᠎ᠠ᠎ᠶᠢ ᠭᠦᠨᠵᠡᠭᠡᠢᠷᠡᠭᠦᠯᠵᠦ᠂ ᠲᠣᠭᠲᠠᠭᠰᠠᠨ ᠬᠠᠷᠠᠯᠲᠠ ᠡᠭᠦᠷᠭᠡ᠎ᠪᠡᠨ ᠲᠣᠭᠲᠠᠭᠰᠠᠨ ᠬᠤᠭᠤᠴᠠᠭᠠᠨ᠎ᠳᠤ ᠪᠡᠶᠡᠯᠡᠭᠦᠯᠬᠦ᠎ᠶᠢ ᠪᠠᠲᠤᠯᠠᠬᠤ ᠬᠡᠷᠡᠭᠲᠡᠢ᠃ ᠰᠢᠭᠤᠳ ᠬᠠᠮᠢᠶᠠᠷᠬᠤ ᠠᠵᠢᠯ ᠲᠦᠷᠦᠯ᠎ᠦᠨ ᠬᠦᠷᠢᠶᠡᠨ᠎ᠦ ᠠᠶᠤᠯᠭᠦᠢ ᠦᠢᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠵᠤ ᠂ ᠠᠵᠤ ᠠᠬᠤᠢᠯᠠᠯ᠎ᠳᠤ ᠬᠣᠯᠪᠣᠭᠳᠠᠬᠤ ᠵᠠᠰᠠᠭ ᠵᠠᠬᠢᠷᠭᠠᠨ᠎ᠤ ᠪᠠᠢᠴᠠᠭᠠᠯᠲᠠ᠎ᠶᠢ ᠴᠢᠩᠭ᠎ᠠ ᠵᠢᠷᠤᠮᠵᠢᠭᠤᠯᠵᠤ ᠂ ᠡᠯ᠎ᠡ ᠲᠦᠷᠦᠯ᠎ᠦᠨ ᠡᠨᠳᠡᠯ ᠭᠠᠷᠬᠤ᠎ᠶᠢ ᠡᠷᠡᠰ ᠰᠡᠷᠭᠡᠢᠯᠡᠬᠦ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠴᠢᠳᠠᠪᠤᠷᠢ᠎ᠶᠢᠨ ᠳᠤᠲᠠᠭᠤᠳᠠᠯ᠎ᠢ ᠲᠦᠷᠭᠡᠨ ᠨᠥᠬᠥᠪᠦᠷᠢᠯᠡᠵᠦ ᠂ ᠪᠠᠢᠭᠠᠯᠢ᠎ᠶᠢᠨ ᠭᠠᠮᠰᠢᠭ᠋᠎ᠢ ᠰᠡᠷᠭᠡᠢᠯᠡᠨ ᠵᠠᠰᠠᠬᠤ ᠴᠢᠳᠠᠪᠤᠷᠢ᠎ᠪᠠᠨ ᠳᠡᠭᠡᠭᠰᠢᠯᠡᠭᠦᠯᠵᠦ ᠂ ᠡᠯ᠎ᠡ ᠵᠦᠢᠯ᠎ᠦᠨ ᠠᠮᠤᠷ᠎ᠢ ᠬᠠᠮᠠᠭᠠᠯᠠᠬᠤ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠬᠤ ᠬᠡᠷᠡᠭᠲᠡᠢ᠃ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠪᠠᠲᠤᠯᠠᠭ᠎ᠠ᠎ᠶᠢᠨ ᠴᠢᠳᠠᠪᠤᠷᠢ᠎ᠶᠢ ᠲᠦᠷᠭᠡᠨ ᠳᠡᠭᠡᠭᠰᠢᠯᠡᠭᠦᠯᠵᠦ ᠂ ᠪᠣᠭᠣᠮᠲᠠ ᠰᠢᠪᠲᠤᠯᠬᠤ ᠬᠦᠴᠦᠨ᠎ᠦ ᠪᠠᠢᠭᠤᠯᠤᠯᠲᠠ᠎ᠶᠢ ᠴᠢᠩᠭᠠᠳᠬᠠᠵᠤ ᠂ ᠪᠣᠳᠠᠲᠤ ᠠᠵᠢᠯᠯᠠᠭᠠᠨ᠎ᠤ ᠪᠣᠯᠪᠠᠰᠤᠷᠠᠯ ᠪᠣᠯᠣᠨ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠎ᠶᠢ ᠴᠢᠩᠭᠠᠳᠬᠠᠵᠤ ᠂ ᠮᠡᠳᠡᠭᠡ ᠵᠠᠩᠭᠢᠵᠢᠯᠲᠠ᠎ᠶᠢᠨ ᠣᠶᠤᠨᠴᠢᠯᠠᠯᠲᠠ᠎ᠶᠢᠨ ᠪᠠᠢᠭᠤᠯᠤᠯᠲᠠ᠎ᠶᠢᠨ ᠬᠡᠷᠡᠭᠯᠡᠭᠡ᠎ᠶᠢ ᠲᠦᠷᠭᠡᠳᠬᠡᠬᠦ ᠬᠡᠷᠡᠭᠲᠡᠢ᠃ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠠᠵᠢᠯ᠎ᠤᠨ ᠬᠦᠴᠦᠨ᠎ᠢ ᠳᠣᠷᠣᠭ᠍ᠰᠢ ᠪᠠᠭᠤᠯᠭᠠᠬᠤ᠂ ᠪᠠᠲᠤᠯᠠᠭ᠎ᠠ᠎ᠶᠢ ᠳᠣᠷᠣᠭ᠍ᠰᠢ ᠬᠡᠯᠪᠡᠢᠯᠭᠡᠬᠦ᠂ ᠪᠣᠭᠣᠮᠲᠠ᠎ᠶᠢ ᠤᠷᠤᠭ᠍ᠰᠢ ᠰᠢᠯᠵᠢᠭᠦᠯᠬᠦ᠎ᠶᠢ ᠠᠬᠢᠭᠤᠯᠵᠤ ᠂ ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠠᠪᠤᠨ ᠶᠡᠬᠡ ᠴᠢᠳᠠᠪᠤᠷᠢ᠎ᠶᠢ ᠲᠣᠭᠲᠠᠭᠤᠨ᠎ᠢᠶᠠᠷ ᠳᠡᠭᠡᠭᠰᠢᠯᠡᠭᠦᠯᠵᠦ ᠂ ᠪᠦᠬᠦ ᠠᠷᠠᠳ᠎ᠤᠨ ᠠᠮᠤᠷ ᠲᠦᠪᠰᠢᠨ᠎ᠦ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ ᠂ ᠠᠶᠤᠯᠭᠦᠢ ᠦᠢᠯᠡᠳᠪᠦᠷᠢᠯᠡᠯ ᠪᠣᠯᠣᠨ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠠᠷᠠᠳ ᠲᠦᠮᠡᠨ᠎ᠦ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠬᠤ ᠬᠡᠷᠡᠭᠲᠡᠢ᠃ 

ᠬᠤᠷᠠᠯ᠎ᠠᠴᠠ ᠂ ᠨᠠᠮ᠎ᠤᠨ ᠪᠥᠬᠥ ᠲᠠᠯ᠎ᠠ᠎ᠶᠢᠨ ᠤᠳᠤᠷᠢᠳᠤᠯᠭ᠎ᠠ᠎ᠶᠢ ᠴᠥᠬᠥᠷᠡᠰᠢ ᠦᠭᠡᠢ ᠴᠢᠩᠭᠠᠳᠬᠠᠵᠤ ᠂ ᠤᠯᠤᠰ ᠲᠥᠷᠥ᠎ᠶᠢᠨ ᠪᠠᠢᠭᠤᠯᠤᠯᠲᠠ᠎ᠶᠢ ᠲᠣᠪᠤᠢᠯᠭᠠᠨ ᠴᠢᠩᠭᠠᠳᠬᠠᠵᠤ ᠂ ᠥᠨᠳᠥᠷ ᠬᠡᠪ ᠪᠣᠯᠪᠠᠰᠤᠷᠠᠯ᠎ᠲᠠᠢ ᠲᠤᠰᠬᠠᠢᠵᠢᠭ᠍ᠰᠠᠨ ᠺᠠᠳ᠋ᠷ ᠴᠢᠳᠠᠪᠤᠷᠢᠲᠠᠨ᠎ᠤ ᠡᠩᠨᠡᠭᠡ᠎ᠶᠢ ᠲᠦᠷᠭᠡᠳᠬᠡᠨ ᠪᠠᠢᠭᠤᠯᠵᠤ ᠂ ᠤᠬᠠᠮᠰᠠᠷ᠎ᠠᠴᠠ᠎ᠪᠠᠨ ᠵᠥᠪ ᠠᠵᠢᠯ᠎ᠤᠨ ᠠᠮᠵᠢᠯᠲᠠ᠎ᠶᠢᠨ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠵᠦ ᠂ ᠠᠵᠢᠯ᠎ᠤᠨ ᠰᠤᠷᠲᠠᠯ᠎ᠢᠶᠠᠨ ᠦᠷᠭᠦᠯᠵᠢᠯᠡᠨ ᠬᠤᠪᠢᠷᠠᠭᠤᠯᠵᠤ ᠂ ᠶᠡᠬᠡ ᠰᠤᠷᠤᠯᠴᠠᠯᠭ᠎ᠠ ᠬᠢᠵᠦ ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠂ ᠠᠷᠢᠭᠤᠨ ᠴᠢᠬᠡᠴᠢ᠎ᠪᠡᠷ ᠠᠵᠢᠯᠯᠠᠵᠤ ᠂ ᠳᠤᠮᠳᠠᠳᠤ ᠤᠯᠤᠰ᠎ᠤᠨ ᠣᠨᠴᠠᠯᠢᠭ᠋᠎ᠲᠠᠢ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠪᠠᠲᠤ ᠪᠡᠬᠢ ᠠᠮᠤᠷ ᠲᠦᠪᠰᠢᠨ᠎ᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 

ᠬᠤᠷᠠᠯ᠎ᠠᠴᠠ ᠂ ᠴᠠᠭᠠᠨ ᠰᠠᠷ᠎ᠠ᠎ᠶᠢᠨ ᠡᠮᠦᠨ᠎ᠡ ᠬᠣᠢᠨᠠᠬᠢ ᠠᠶᠤᠯᠭᠦᠢ ᠦᠢᠯᠡᠳᠪᠦᠷᠢᠯᠡᠯ ᠂ ᠭᠠᠮᠰᠢᠭ᠋᠎ᠢ ᠰᠡᠷᠭᠡᠢᠯᠡᠵᠦ ᠭᠠᠮᠰᠢᠭ᠋᠎ᠢ ᠪᠠᠭᠠᠰᠬᠠᠬᠤ ᠵᠡᠷᠭᠡ ᠠᠵᠢᠯ᠎ᠢ ᠨᠠᠷᠢᠨ ᠬᠢᠨᠠᠮᠠᠭᠠᠢ ᠨᠠᠷᠢᠨ ᠬᠢᠨᠠᠮᠠᠭᠠᠢ ᠰᠠᠢᠲᠤᠷ ᠬᠢᠵᠦ ᠂ ᠭᠣᠣᠯᠳᠠᠯᠭ᠎ᠠ᠎ᠲᠠᠢ ᠠᠵᠢᠯ ᠲᠦᠷᠦᠯ᠎ᠦᠨ ᠬᠦᠷᠢᠶ᠎ᠡ᠎ᠶᠢ ᠴᠢᠩᠭ᠎ᠠ ᠠᠩᠬᠠᠷᠴᠤ ᠂ ᠤᠯᠠᠨ ᠨᠡᠶ᠋ᠢᠲᠡ᠎ᠶᠢᠨ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ᠎ᠶᠢ ᠴᠢᠩᠭᠠᠳᠬᠠᠨ ᠂ ᠡᠪᠦᠯ᠎ᠦᠨ ᠤᠯᠠᠷᠢᠯ᠎ᠤᠨ ᠭᠠᠮᠰᠢᠭ᠋᠎ᠢ ᠰᠡᠷᠭᠡᠢᠯᠡᠨ ᠠᠷᠭᠠᠴᠠᠭᠠᠬᠤ ᠪᠠ ᠭᠠᠮᠰᠢᠭ᠍ᠳᠠᠭᠰᠠᠨ ᠤᠯᠠᠨ ᠲᠦᠮᠡᠨ᠎ᠦ ᠡᠪᠦᠯ ᠬᠠᠪᠤᠷ᠎ᠢ ᠠᠪᠤᠷᠠᠨ ᠲᠤᠰᠠᠯᠠᠬᠤ ᠠᠵᠢᠯ᠎ᠢ ᠰᠠᠢᠲᠤᠷ ᠬᠢᠵᠦ ᠂ ᠤᠯᠠᠨ ᠲᠦᠮᠡᠨ᠎ᠦ ᠠᠮᠤᠷ ᠲᠦᠪᠰᠢᠨ᠎ᠢᠶᠡᠷ ᠡᠪᠦᠯᠵᠢᠬᠦ ᠂ ᠪᠠᠶᠠᠷ ᠬᠦᠷ᠎ᠲᠠᠢ ᠰᠢᠨᠡᠯᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ 

ᠲᠢᠩᠬᠢᠮ᠎ᠦᠨ ᠨᠠᠮ᠎ᠤᠨ ᠬᠣᠷᠢᠶᠠᠨ᠎ᠤ ᠭᠡᠰᠢᠭᠦᠨ ᠂ ᠲᠢᠩᠬᠢᠮ᠎ᠦᠨ ᠳᠡᠳ᠋ ᠳᠠᠷᠤᠭ᠎ᠠ ᠬᠤᠷᠠᠯ᠎ᠳᠤ ᠣᠷᠣᠯᠴᠠᠭᠰᠠᠨ ᠪᠥᠭᠡᠳ ᠬᠤᠪᠢᠳᠠᠨ ᠬᠠᠮᠢᠶᠠᠷᠴᠤ ᠪᠠᠢᠭ᠎ᠠ ᠬᠦᠷᠢᠶᠡᠨ᠎ᠦ 2026 ᠣᠨ᠎ᠤ ᠭᠣᠣᠯᠳᠠᠯᠭ᠎ᠠ᠎ᠲᠠᠢ ᠠᠵᠢᠯ᠎ᠢ ᠪᠠᠢᠷᠢᠯᠠᠭᠤᠯᠪᠠ᠃ ᠲᠢᠩᠬᠢᠮ᠎ᠦᠨ ᠨᠠᠮ᠎ᠤᠨ ᠬᠣᠷᠢᠶᠠᠨ᠎ᠤ ᠭᠡᠰᠢᠭᠦᠨ ᠂ ᠲᠢᠩᠬᠢᠮ᠎ᠳᠦ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠂ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢ ᠬᠤᠷᠠᠯ᠎ᠳᠤ ᠣᠷᠣᠯᠴᠠᠪᠠ᠃ ᠪᠠᠢᠭᠤᠯᠭ᠎ᠠ ᠵᠢᠨ ᠡᠯ᠎ᠡ ᠲᠠᠰᠤᠭ᠂ ᠂ ᠲᠢᠩᠬᠢᠮ᠎ᠦᠨ ᠬᠠᠷᠢᠶ᠎ᠠ ᠡᠯ᠎ᠡ ᠨᠢᠭᠡᠴᠢ᠎ᠶᠢᠨ ᠭᠣᠣᠯ ᠬᠠᠷᠢᠭᠤᠴᠠᠯᠭᠠᠲᠠᠨ ᠨᠥᠬᠥᠳ ᠂ ᠭᠠᠯ ᠰᠡᠷᠭᠡᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠂ ᠭᠠᠯ ᠰᠡᠷᠭᠡᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠪᠡᠯᠡᠳᠬᠡᠯ ᠶᠡᠷᠦᠩᠬᠡᠢ ᠠᠩᠭᠢ᠎ᠶᠢᠨ ᠬᠣᠯᠪᠣᠭᠳᠠᠯ ᠪᠦᠬᠦᠢ ᠲᠠᠰᠤᠭ᠎ᠦᠨ ᠭᠣᠣᠯ ᠬᠠᠷᠢᠭᠤᠴᠠᠯᠭᠠᠲᠠᠨ ᠨᠥᠬᠥᠳ ᠭᠣᠣᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠠᠢ᠃ ᠡᠯ᠎ᠡ ᠠᠢᠮᠠᠭ ᠬᠣᠲᠠ᠎ᠶᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠣᠪᠴᠢᠶ᠎ᠠ᠎ᠶᠢᠨ ᠤᠳᠤᠷᠢᠳᠬᠤ ᠪᠠᠭ᠎ᠤᠨ ᠪᠦᠷᠢᠯᠳᠦᠭᠦᠨ ᠪᠣᠯᠣᠨ ᠳᠣᠲᠣᠭᠠᠳᠤ ᠪᠠᠢᠭᠤᠯᠤᠮᠵᠢ᠎ᠶᠢᠨ ᠭᠣᠣᠯ ᠬᠠᠷᠢᠭᠤᠴᠠᠯᠭᠠᠲᠠᠨ ᠨᠥᠬᠥᠳ ᠂ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠂ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠡᠯᠡᠳᠬᠡᠯ ᠰᠠᠯᠪᠤᠷᠢ ᠠᠩᠭᠢ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠵᠠᠢ᠃

ᠢᠷᠡᠯᠲᠡ᠄        ᠠᠷᠭᠠᠴᠠᠭᠠᠬᠤ  
          
ᠬᠠᠮᠢᠶ᠎ᠡ ᠪᠦᠬᠦᠢ ᠰᠣᠨᠢᠨ
 
            