ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ 2025 ᠣᠨ᠎ᠤ 11 ᠰᠠᠷ᠎ᠠ᠎ᠶᠢᠨ 19 ᠦ ᠡᠳᠦᠷ ᠪᠤᠭᠤᠲᠤ ᠬᠣᠲᠠ᠎ᠶᠢᠨ ᠰᠠᠨ ᠴᠠ ᠺᠧᠦ ᠭᠣᠣᠯ᠎ᠤᠨ ᠬᠡᠰᠡᠭ᠎ᠡᠴᠡ ᠳᠠ ᠴᠧᠩ ᠰᠢ ᠾᠧ ᠭᠣᠣᠯ᠎ᠤᠨ ᠬᠡᠰᠡᠭ᠎ᠲᠦ ᠰᠥᠩ ᠬᠠᠯᠢᠶ᠎ᠠ ᠭᠠᠷᠴᠤ ᠂ 12 ᠳ᠋ᠤᠭᠠᠷ ᠰᠠᠷ᠎ᠠ᠎ᠶᠢᠨ 4 ᠦ ᠡᠳᠦᠷ ᠪᠤᠭᠤᠲᠤ ᠬᠣᠲᠠ᠎ᠶᠢᠨ ᠰᠠᠨ ᠴᠠ ᠺᠧᠦ᠎ᠶᠢᠨ ᠬᠡᠰᠡᠭ ( ᠪᠤᠭᠤᠲᠤ᠎ᠶᠢᠨ ᠤᠰᠤᠨ ᠰᠢᠨᠵᠢᠯᠡᠭᠡᠨ᠎ᠦ ᠥᠷᠲᠡᠭᠡ᠎ᠶᠢᠨ ᠳᠡᠭᠡᠳᠦ ᠤᠷᠤᠰᠬᠠᠯ᠎ᠤᠨ 30 ᠦᠨ ᠭᠠᠵᠠᠷ᠎ᠲᠤ ) ᠲᠤ ᠲᠣᠰ ᠵᠢᠯ᠎ᠳᠦ ᠠᠩᠬ᠎ᠠ ᠤᠳᠠᠭ᠎ᠠ ᠭᠣᠣᠯ ᠪᠢᠲᠡᠭᠦᠮᠵᠢᠯᠡᠪᠡ᠃ 2026 ᠣᠨ᠎ᠤ 1 ᠰᠠᠷ᠎ᠠ᠎ᠶᠢᠨ 21 ᠦ ᠡᠳᠦᠷ᠎ᠦᠨ 10 ᠴᠠᠭ ᠪᠣᠯᠲᠠᠯ᠎ᠠ ᠂ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠪᠢᠲᠡᠭᠦᠮᠵᠢᠯᠡᠭᠰᠡᠨ ᠭᠣᠣᠯ ᠨᠢ ᠬᠠᠢᠷᠤᠪ᠎ᠤᠨ ᠲᠣᠬᠣᠢ᠎ᠶᠢᠨ ᠤᠰᠤᠨ ᠶᠢᠨ ᠬᠦᠢᠰᠦ᠎ᠪᠡᠷ ᠵᠠᠭᠠᠭ ᠪᠣᠯᠭᠠᠭᠰᠠᠨ ᠳᠡᠭᠡᠳᠦ ᠳᠣᠣᠷᠠᠳᠤ ᠬᠣᠶᠠᠷ ᠬᠡᠰᠡᠭ ᠂ ᠳᠡᠭᠡᠳᠦ ᠬᠡᠰᠡᠭ᠎ᠦᠨ ᠬᠠᠢᠷᠤᠪ᠎ᠤᠨ ᠲᠣᠬᠣᠢ᠎ᠶᠢᠨ ᠤᠰᠤᠨ᠎ᠤ ᠬᠦᠢᠰᠦ᠎ᠶᠢᠨ ᠬᠠᠰᠢᠯᠭ᠎ᠠ᠎ᠶᠢᠨ ᠭᠠᠵᠠᠷ᠎ᠠᠴᠠ ᠳᠡᠭᠡᠭᠰᠢ 34 ᠂ ᠳᠣᠣᠷᠠᠳᠤ ᠬᠡᠰᠡᠭ᠎ᠦᠨ ᠰᠠᠨ ᠱᠧᠩ ᠬᠥᠩ᠎ᠦᠨ ᠤᠰᠤᠨ ᠶᠢᠨ ᠬᠦᠢᠰᠦ᠎ᠶᠢᠨ ᠴᠥᠭᠥᠷᠥᠮ᠎ᠦᠨ ᠣᠷᠣᠨ᠎ᠠᠴᠠ ᠸᠠᠨ ᠵᠢᠶᠠ ᠵᠠᠢ᠎ᠳᠠᠬᠢ ᠤᠰᠤᠨ ᠶᠢᠨ ᠬᠦᠢᠰᠦ᠎ᠶᠢᠨ ᠬᠠᠰᠢᠯᠭ᠎ᠠ᠎ᠶᠢᠨ ᠭᠠᠵᠠᠷ᠎ᠤᠨ ᠭᠣᠣᠯ᠎ᠤᠨ ᠬᠡᠰᠡᠭ ᠨᠢ 603 ᠂ ᠨᠡᠶ᠋ᠢᠲᠡ 637 ᠬᠥᠯᠳᠡᠵᠡᠢ᠃ ᠤᠰᠤᠨ ᠂ ᠴᠠᠭ ᠠᠭᠤᠷ᠎ᠤᠨ ᠰᠠᠯᠠᠭ᠎ᠠ ᠮᠥᠴᠢᠷ᠎ᠦᠨ ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠭᠰᠠᠨ᠎ᠢᠶᠠᠷ ᠂ ᠬᠣᠢᠰᠢᠳᠠ᠎ᠶᠢᠨ ᠨᠢᠭᠡ ᠬᠡᠰᠡᠭ ᠬᠤᠭᠤᠴᠠᠭᠠᠨ᠎ᠳᠤ ᠠᠭᠠᠷ᠎ᠤᠨ ᠳᠤᠯᠠᠭᠠᠨ᠎ᠤ ᠬᠡᠯᠪᠡᠯᠵᠡᠯ ᠨᠡᠯᠢᠶᠡᠳ ᠲᠣᠭᠲᠠᠭᠤᠨ ᠪᠠᠢᠵᠤ ᠂ ᠬᠠᠲᠤᠨ ᠭᠣᠣᠯ᠎ᠤᠨ ᠥᠪᠥᠷ ᠮᠣᠩᠭᠣᠯ᠎ᠤᠨ ᠭᠣᠣᠯ᠎ᠤᠨ ᠬᠡᠰᠡᠭ ᠲᠣᠭᠲᠠᠭᠤᠨ᠎ᠢᠶᠠᠷ ᠪᠢᠲᠡᠭᠦᠷᠡᠬᠦ ᠬᠤᠭᠤᠴᠠᠭᠠᠨ᠎ᠳᠤ ᠣᠷᠣᠨ᠎ᠠ᠃
ᠭᠣᠣᠯ ᠬᠥᠯᠳᠡᠬᠦ ᠬᠤᠭᠤᠴᠠᠭᠠᠨ᠎ᠳᠤ ᠂ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠭᠣᠣᠯ ᠬᠥᠯᠳᠡᠬᠦ ᠠᠬᠢᠴᠠ ᠨᠢ ᠶᠡᠷᠦᠩᠬᠡᠢ᠎ᠳᠡᠭᠡᠨ ᠤᠳᠠᠭᠠᠨ ᠪᠠᠢᠵᠤ ᠂ ᠬᠡᠰᠡᠭ ᠬᠤᠪᠢᠶᠠᠨ ᠭᠣᠣᠯ ᠬᠥᠯᠳᠡᠬᠦ ᠶᠠᠪᠤᠴᠠ ᠨᠢ ᠳᠠᠬᠢᠨ ᠳᠠᠪᠲᠠᠬᠤ ᠣᠨᠴᠠᠯᠢᠭ᠋᠎ᠲᠠᠢ ᠪᠠᠢᠳᠠᠭ᠃ ᠭᠣᠣᠯ ᠪᠢᠲᠡᠭᠦᠮᠵᠢᠯᠡᠬᠦ ᠬᠤᠭᠤᠴᠠᠭᠠᠨ᠎ᠳᠤ ᠰᠥᠩ ᠬᠠᠯᠢᠶ᠎ᠠ᠎ᠶᠢᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠵᠤ ᠂ ᠬᠡᠪ᠎ᠦᠨ ᠪᠤᠰᠤ ᠲᠦᠭᠰᠢᠭᠦᠷᠢᠲᠦ ᠪᠠᠢᠳᠠᠯ ᠭᠠᠷᠤᠭᠰᠠᠨ ᠦᠭᠡᠢ᠃
ᠲᠠᠷᠠᠭᠠᠴᠢ᠎ᠶᠢᠨ ᠠᠯᠬᠤᠮ᠎ᠳᠤ ᠂ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢᠯᠡᠵᠦ ᠭᠠᠩ ᠬᠠᠭᠰᠠᠷᠠᠭᠠᠨ᠎ᠲᠠᠢ ᠲᠡᠮᠡᠴᠡᠬᠦ ᠠᠵᠢᠯ᠎ᠤᠨ ᠵᠢᠯᠤᠭᠣᠳᠬᠤ ᠭᠠᠵᠠᠷ᠎ᠤᠨ ᠠᠯᠪᠠᠨ ᠭᠡᠷ ᠴᠠᠭ ᠠᠭᠤᠷ᠎ᠤᠨ ᠬᠤᠪᠢᠷᠠᠯᠲᠠ ᠵᠢᠴᠢ ᠰᠥᠩ ᠬᠠᠯᠢᠶ᠎ᠠ᠎ᠶᠢᠨ ᠪᠠᠢᠳᠠᠯ᠎ᠤᠨ ᠬᠥᠭᠵᠢᠯᠲᠡ᠎ᠶᠢ ᠦᠷᠭᠦᠯᠵᠢᠯᠡᠨ ᠠᠩᠬᠠᠷᠴᠤ ᠂ ᠰᠡᠷᠭᠡᠢᠯᠡᠨ ᠠᠷᠭᠠᠴᠠᠭᠠᠬᠤ ᠠᠷᠭ᠎ᠠ ᠬᠡᠮᠵᠢᠶ᠎ᠡ᠎ᠶᠢ ᠪᠣᠳᠠᠲᠠᠢ ᠨᠠᠷᠢᠯᠢᠭ᠋ ᠨᠠᠢᠳᠠᠪᠤᠷᠢᠵᠢᠭᠤᠯᠤᠨ ᠂ ᠭᠣᠣᠯ ᠪᠢᠲᠡᠭᠦᠮᠵᠢᠯᠡᠬᠦ ᠬᠤᠭᠤᠴᠠᠭᠠᠨ᠎ᠤ ᠡᠯ᠎ᠡ ᠲᠥᠷᠥᠯ᠎ᠦᠨ ᠰᠥᠩ ᠬᠠᠯᠢᠶ᠎ᠠ ᠦᠶᠡᠷ᠎ᠦᠨ ᠭᠠᠮᠰᠢᠭ᠋᠎ᠢ ᠴᠠᠭ ᠲᠤᠬᠠᠢ ᠳ᠋ᠤᠨᠢ ᠰᠢᠢᠳᠪᠦᠷᠢᠯᠡᠵᠦ ᠂ ᠴᠢᠬᠤᠯᠠ ᠪᠠᠢᠳᠠᠯ᠎ᠢ ᠴᠠᠭ ᠲᠤᠬᠠᠢ ᠳ᠋ᠤᠨᠢ ᠮᠡᠳᠡᠭᠦᠯᠵᠦ ᠂ ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ᠎ᠦᠨ ᠰᠥᠩ ᠬᠠᠯᠢᠶ᠎ᠠ ᠦᠶᠡᠷ᠎ᠦᠨ ᠠᠮᠤᠷ ᠲᠦᠪᠰᠢᠨ᠎ᠢ ᠪᠥᠬᠥ ᠬᠦᠴᠦᠨ᠎ᠢᠶᠡᠷ᠎ᠢᠶᠡᠨ ᠦᠨᠡᠨ ᠬᠦ᠌ ᠪᠠᠲᠤᠯᠠᠨ᠎ᠠ᠃