ᠸᠠᠩ ᠰᠢᠶᠠᠩ ᠰᠢ ᠪᠦᠭᠦ ᠤᠯᠤᠰ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠠᠵᠢᠯ᠎ᠤᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠵᠠᠰᠠᠯᠲᠠ ᠵᠢᠨ ᠵᠠᠭᠪᠤᠷ᠎ᠢ ᠬᠡᠷᠡᠭ᠎ᠤᠨ ᠡᠮᠦᠨ᠎ᠡ ᠤᠷᠢᠳᠴᠢᠯᠠᠨ ᠰᠡᠷᠭᠡᠢᠯᠡᠬᠦ ᠳᠠᠰᠢ ᠭᠡᠯᠪᠡᠷᠢ᠎ᠪᠠᠨ ᠬᠤᠪᠢᠷᠠᠭᠤᠯᠬᠤ ᠶ᠋ᠢ ᠠᠬᠢᠭᠤᠯᠬᠤ᠎ᠪᠠᠷ ᠭᠣᠣᠯ ᠰᠢᠵᠢᠮ ᠪᠤᠯᠭᠠᠵᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠦᠢᠯᠡᠰ᠎ᠤᠨ ᠴᠢᠨᠠᠷ ᠰᠠᠢᠲᠠᠢ ᠬᠥᠭᠵᠢᠯᠲᠡ ᠵᠢᠨ ᠰᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ
1 ᠰᠠᠷ᠎ᠠ ᠵᠢᠨ 5᠎ᠤ ᠡᠳᠦᠷ᠎ᠠᠴᠠ 6᠎ᠤ ᠡᠳᠦᠷ ᠪᠤᠯᠲᠠᠯ᠎ᠠ᠂ ᠪᠦᠭᠦ ᠤᠯᠤᠰ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠵᠤ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠶᠠᠮᠤᠨ᠎ᠤ ᠨᠠᠮ᠎ᠤᠨ ᠬᠣᠷᠢᠶᠠᠨ᠎ᠤ ᠱᠦᠵᠢ᠂ ᠰᠠᠢᠳ ᠸᠠᠩ ᠰᠢᠶᠠᠩ ᠰᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠡᠷᠡ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠋᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭᠠᠬᠤ ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ ᠵᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ ᠶ᠋ᠢ ᠪᠦᠭᠦ ᠲᠠᠯ᠎ᠠ᠎ᠪᠠᠷ ᠲᠤᠤᠱᠯᠠᠭᠤᠯᠵᠤ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠶ᠋ᠢ ᠪᠠᠷᠢᠮᠲᠠᠯᠠᠵᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠶ᠋ᠢ ᠳᠡᠭᠡᠳᠦᠯᠡᠬᠦ ᠶ᠋ᠢ ᠪᠠᠷᠢᠮᠲᠠᠯᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠶ᠋ᠢ ᠪᠠᠷᠢᠮᠲᠠᠯᠠᠵᠤ᠂ ᠤᠨ ᠦᠵᠡᠯᠲᠡ ᠪᠣᠯᠣᠨ ᠲᠥᠪ ᠭᠤᠣᠯᠴᠢ᠎ᠪᠠᠷ ᠰᠢᠨ᠎ᠡ ᠶ᠋ᠢ ᠡᠭᠦᠳᠬᠦ ᠶ᠋ᠢ ᠪᠠᠷᠢᠮᠲᠠᠯᠠᠵᠤ᠂ ᠵᠠᠰᠠᠯᠲᠠ ᠵᠢᠨ ᠵᠠᠭᠪᠤᠷ᠎ᠢ ᠬᠡᠷᠡᠭ᠎ᠤᠨ ᠡᠮᠦᠨ᠎ᠡ ᠤᠷᠢᠳᠴᠢᠯᠠᠨ ᠰᠡᠷᠭᠡᠢᠯᠡᠬᠦ ᠲᠡᠢᠰᠢ ᠭᠡᠯᠪᠡᠷᠢ᠎ᠪᠠᠨ ᠬᠤᠪᠢᠷᠠᠭᠤᠯᠬᠤ ᠶ᠋ᠢ ᠠᠬᠢᠭᠤᠯᠬᠤ᠎ᠪᠠᠷ ᠭᠣᠣᠯ ᠰᠢᠵᠢᠮ ᠪᠤᠯᠭᠠᠵᠤ᠂ ᠬᠡᠷᠡᠭ᠎ᠤᠨ ᠡᠮᠦᠨ᠎ᠡ ᠤᠷᠢᠳᠴᠢᠯᠠᠨ ᠰᠡᠷᠭᠡᠢᠯᠡᠬᠦ ᠶ᠋ᠢ ᠨᠠᠪᠲᠠᠷᠡᠭᠦᠯᠵᠦ᠂ ᠬᠡᠷᠡᠭ᠎ᠤᠨ ᠳᠤᠮᠳᠠ ᠠᠪᠤᠷᠠᠨ ᠲᠤᠰᠠᠯᠠᠬᠤ ᠵᠢᠨ ᠳᠤᠮᠳᠠ ᠬᠡᠷᠡᠭ᠎ᠤᠨ ᠳᠠᠷᠠᠭ᠎ᠠ ᠪᠦᠭᠦ ᠬᠡᠯᠬᠢᠶ᠎ᠡ ᠶ᠋ᠢ ᠪᠠᠢᠴᠠᠭᠠᠨ ᠦᠨᠡᠯᠡᠵᠦ᠂ ᠬᠦᠨᠳᠦ ᠶᠡᠬᠡ ᠠᠳᠡᠯ᠎ᠤᠨ ᠭᠠᠮᠰᠢᠭ᠋᠎ᠤᠨ ᠪᠠᠴᠢᠮ ᠪᠠᠢᠳᠠᠯ᠎ᠢ ᠠᠷᠭᠠᠴᠠᠨ ᠰᠢᠢᠳᠪᠦᠷᠢᠯᠡᠬᠦ ᠪᠠᠲᠤᠯᠠᠭ᠎ᠠ ᠵᠢᠨ ᠴᠢᠳᠠᠪᠤᠷᠢ ᠶ᠋ᠢ ᠳᠡᠭᠡᠭᠰᠢᠯᠡᠭᠦᠯᠵᠦ᠂ ᠪᠦᠭᠦ ᠨᠡᠢᠭᠡᠮ᠎ᠤᠨ ᠤᠯᠠᠨ ᠨᠡᠶ᠋ᠢᠲᠡ ᠵᠢᠨ ᠠᠮᠤᠷ ᠲᠦᠪᠰᠢᠨ᠎ᠤ ᠤᠶᠠᠨ ᠬᠠᠳᠠᠨ ᠴᠢᠨᠠᠷ᠎ᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠵᠶ᠋ᠠᠷ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠵᠤ᠂ ᠰᠢᠨ᠎ᠡ ᠠᠮᠤᠷ ᠲᠦᠪᠰᠢᠨ᠎ᠤ ᠪᠠᠢᠷᠢᠰᠢᠯ ᠵᠶ᠋ᠠᠷ ᠰᠢᠨ᠎ᠡ ᠬᠥᠭᠵᠢᠯᠲᠡ ᠵᠢᠨ ᠪᠠᠢᠷᠢᠰᠢᠯ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ 2025 ᠣᠨ᠎ᠳᠤ᠂ ᠪᠦᠭᠦ ᠤᠯᠤᠰ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠤᠨ ᠭᠢᠨ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠵᠢᠭᠠᠪᠤᠷᠢ ᠴᠣᠬᠣᠯᠠᠪᠤᠷᠢ ᠵᠢᠨ ᠵᠣᠷᠢᠭ᠋ ᠰᠠᠨᠠᠭ᠎ᠠ ᠶ᠋ᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶ᠋ᠢ ᠡᠭᠦᠳᠬᠦ᠎ᠪᠠᠷ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠦᠢᠯᠡᠰ᠎ᠤᠨ ᠴᠢᠨᠠᠷ ᠰᠠᠢᠲᠠᠢ ᠬᠥᠭᠵᠢᠯᠲᠡ ᠶ᠋ᠢ ᠬᠦᠴᠦᠯᠡᠨ ᠠᠬᠢᠭᠤᠯᠵᠤ᠂ ᠭᠡᠮ ᠰᠣᠭᠣᠭ᠎ᠢ ᠠᠷᠢᠯᠭᠠᠨ ᠦᠨᠳᠦᠰᠦ ᠶ᠋ᠢ ᠨᠢ ᠪᠡᠬᠢᠵᠢᠭᠦᠯᠵᠦ᠂ ᠬᠦᠨᠳᠦ ᠶᠡᠬᠡ ᠣᠨᠴᠠ ᠶᠡᠬᠡ ᠠᠳᠡᠯ᠎ᠢ ᠪᠦᠲᠦᠮᠵᠢᠲᠡᠢ ᠰᠡᠷᠭᠡᠢᠯᠡᠨ ᠂ ᠨᠢᠭᠡᠳᠦᠯᠲᠡᠢ ᠲᠥᠯᠥᠪᠵᠢᠭᠦᠯᠦᠨ ᠡᠬᠢ ᠡᠭᠦᠰᠦᠯ᠎ᠠᠴᠠ ᠨᠢ ᠴᠢᠩᠭ᠎ᠠ ᠠᠳᠬᠤᠵᠤ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋᠎ᠠᠴᠠ ᠠᠪᠤᠷᠠᠬᠤ ᠠᠵᠢᠯ᠎ᠢ ᠨᠢᠭᠡ ᠴᠣᠭᠴᠠᠵᠢᠭᠤᠯᠤᠨ ᠠᠬᠢᠭᠤᠯᠵᠤ᠂ ᠳᠤᠲᠠᠭᠤᠳᠠᠯ᠎ᠢ ᠨᠥᠬᠥᠪᠦᠷᠢᠯᠡᠵᠦ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ᠎ᠪᠠᠨ ᠲᠠᠢ ᠳᠡᠭᠡᠭᠰᠢᠯᠡᠭᠦᠯᠵᠦ᠂ ᠥᠭᠡᠷᠡᠴᠢᠯᠡᠯᠲᠡ ᠵᠢᠨ ᠰᠢᠨ᠎ᠡ ᠶ᠋ᠢ ᠡᠭᠦᠳᠬᠦ ᠶ᠋ᠢ ᠠᠬᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠤᠨ ᠪᠠᠢᠭᠤᠯᠤᠯᠲᠠ ᠶ᠋ᠢ ᠭᠦᠨᠵᠡᠭᠡᠢ ᠠᠬᠢᠭᠤᠯᠵᠤ᠂ ᠨᠠᠮ᠎ᠤᠨ ᠪᠠᠢᠭᠤᠯᠤᠯᠲᠠ ᠶ᠋ᠢ ᠠᠳᠬᠤᠨ ᠬᠥᠲᠥᠯᠥᠨ ᠳᠠᠭᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠺᠠᠳ᠋ᠷ᠎ᠤᠨ ᠡᠩᠨᠡᠭᠡ ᠶ᠋ᠢ ᠪᠦᠭᠦ ᠲᠠᠯ᠎ᠠ᠎ᠪᠠᠷ ᠳᠠᠪᠲᠠᠨ ᠪᠤᠯᠪᠠᠰᠤᠷᠠᠭᠤᠯᠵᠤ᠂ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠠᠮᠤᠷ ᠲᠦᠪᠰᠢᠨ᠎ᠤ ᠪᠠᠢᠳᠠᠯ᠎ᠤᠨ ᠦᠷᠭᠦᠯᠵᠢᠯᠡᠨ ᠲᠣᠭᠲᠠᠭᠤᠨ ᠵᠶ᠋ᠠᠷ ᠰᠠᠢᠵᠢᠷᠠᠬᠤ ᠶ᠋ᠢ ᠪᠠᠲᠤᠯᠠᠪᠠ ᠭᠡᠵᠦ ᠵᠢᠭᠠᠵᠤ ᠭᠠᠷᠭᠠᠪᠠ᠃ 2025 ᠣᠨ ᠪᠤᠯᠬᠤ᠎ᠳᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠠᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭᠠᠨ᠎ᠤ ᠬᠤᠷᠢᠶᠠᠩᠭᠤᠢ ᠳᠦᠷᠰᠦ ᠮᠥᠨ᠂ ᠲᠠᠪᠤᠨ ᠵᠢᠯ᠎ᠤᠨ ᠲᠤᠷᠰᠢ᠂ ᠮᠠᠨ᠎ᠤ ᠤᠯᠤᠰ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠲᠤᠢᠯ᠎ᠤᠨ ᠶᠡᠷᠦ ᠪᠤᠰᠤ ᠵᠢᠨ ᠲᠡᠦᠬᠡᠨ ᠶᠠᠪᠤᠴᠠ ᠶ᠋ᠢ ᠥᠩᠭᠡᠷᠡᠭᠡᠵᠦ᠂ ᠲᠤᠢᠯ᠎ᠤᠨ ᠶᠡᠷᠦ ᠪᠤᠰᠤ ᠵᠢᠨ ᠲᠡᠦᠬᠡᠨ ᠶᠠᠪᠤᠴᠠ ᠶ᠋ᠢ ᠥᠩᠭᠡᠷᠡᠭᠡᠵᠦ᠂ ᠬᠠᠮᠤᠭ᠎ᠤᠨ ᠦᠨᠳᠦᠰᠦᠨ ᠪᠠᠲᠤᠯᠠᠭ᠎ᠠ ᠪᠣᠯ ᠪᠠᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠶ᠋ᠢ ᠪᠦᠭᠦ ᠲᠠᠯ᠎ᠠ᠎ᠪᠠᠷ ᠴᠢᠩᠭᠠᠳᠬᠠᠵᠤ᠂ ᠬᠠᠮᠤᠭ᠎ᠤᠨ ᠢᠯᠡ ᠲᠣᠳᠣ᠌ ᠣᠨᠴᠠᠯᠢᠭ᠋ ᠪᠣᠯ ᠪᠠᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠦᠨ ᠠᠬᠢᠭᠤᠯᠵᠤ᠂ ᠬᠠᠮᠤᠭ᠎ᠤᠨ ᠢᠯᠡᠷᠬᠡᠢ ᠬᠤᠪᠢᠷᠠᠯᠲᠠ ᠪᠣᠯ ᠠᠶᠤᠯ ᠲᠦᠭᠰᠢᠭᠦᠷᠢ ᠶ᠋ᠢ ᠰᠡᠷᠭᠡᠢᠯᠡᠬᠦ ᠨᠠᠩ ᠪᠦᠷᠢᠨᠰᠢᠵᠦ᠂ ᠬᠠᠮᠤᠭ᠎ᠤᠨ ᠲᠣᠪᠣᠢᠮ᠎ᠠ ᠦᠷ᠎ᠡ ᠪᠦᠲᠦᠮᠵᠢ ᠪᠣᠯ ᠠᠳᠡᠯ᠎ᠤᠨ ᠭᠠᠮᠰᠢᠭ᠋᠎ᠤᠨ ᠬᠣᠬᠢᠷᠠᠯ ᠢᠯᠡᠳᠲᠡ ᠪᠠᠭᠤᠷᠠᠭᠰᠠᠨ ᠶᠠᠪᠤᠳᠠᠯ ᠪᠣᠯᠣᠨ᠎ᠠ᠃
ᠬᠤᠷᠠᠯ᠎ᠠᠴᠠ᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭᠠᠨ᠎ᠳᠤ ᠨᠡᠢᠭᠡᠮ ᠵᠢᠷᠤᠮ᠎ᠤᠨ ᠣᠳᠣᠬᠢᠴᠢᠯᠠᠯᠲᠠ ᠶ᠋ᠢ ᠦᠨᠳᠦᠰᠦᠨ᠎ᠳᠡᠭᠡᠨ ᠪᠡᠶᠡᠯᠡᠭᠦᠯᠬᠦ ᠶᠠᠪᠤᠴᠠ᠎ᠳᠤ ᠤᠷᠢᠳᠤᠬᠢ ᠶ᠋ᠢ ᠵᠠᠯᠭᠠᠮᠵᠢᠯᠠᠨ ᠬᠣᠢᠰᠢᠬᠢ ᠶ᠋ᠢ ᠰᠡᠩᠬᠡᠷᠡᠭᠦᠯᠬᠦ ᠴᠢᠬᠤᠯᠠ ᠪᠠᠢᠷᠢ ᠰᠠᠭᠤᠷᠢ᠎ᠲᠠᠢ ᠶᠤᠮ᠃ ᠵᠠᠰᠠᠯᠲᠠ ᠵᠢᠨ ᠵᠠᠭᠪᠤᠷ᠎ᠢ ᠬᠡᠷᠡᠭ᠎ᠤᠨ ᠡᠮᠦᠨ᠎ᠡ ᠤᠷᠢᠳᠴᠢᠯᠠᠨ ᠰᠡᠷᠭᠡᠢᠯᠡᠬᠦ ᠲᠡᠰᠢ ᠬᠤᠪᠢᠷᠠᠭᠤᠯᠬᠤ ᠶ᠋ᠢ ᠲᠦᠯᠬᠢᠨ ᠠᠬᠢᠭᠤᠯᠬᠤ ᠨᠢ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭᠠᠨ᠎ᠳᠠᠬᠢ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠠᠵᠢᠯ᠎ᠤᠨ ᠪᠦᠭᠦ ᠲᠠᠯ᠎ᠠ᠎ᠳᠤ ᠴᠢᠬᠤᠯᠠ ᠬᠥᠲᠥᠯᠥᠨ ᠳᠠᠭᠠᠭᠤᠯᠬᠤ ᠦᠢᠯᠡᠳᠦᠯ᠎ᠲᠠᠢ ᠪᠠᠢᠵᠤ᠂ ᠡᠷᠬᠡᠪᠰᠢ ᠲᠣᠪᠣᠢᠮ᠎ᠠ ᠪᠠᠢᠷᠢᠨ᠎ᠳᠤ ᠲᠠᠯᠪᠢᠨ ᠠᠳᠬᠤᠵᠤ᠂ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ᠂ ᠪᠣᠭᠣᠮᠲᠠ ᠶ᠋ᠢ ᠤᠷᠤᠭ᠍ᠰᠢ ᠰᠢᠯᠵᠢᠭᠦᠯᠬᠦ᠂ ᠮᠥᠨ ᠴᠢᠨᠠᠷ᠎ᠤᠨ ᠠᠮᠤᠷ ᠲᠦᠪᠰᠢᠨ᠂ ᠪᠣᠳᠠᠲᠤ ᠪᠠᠢᠯᠳᠤᠭᠠᠨ᠎ᠤ ᠤᠳᠤᠷᠢᠳᠤᠮᠵᠢ᠂ ᠦᠨᠳᠦᠰᠦᠨ ᠱᠠᠲᠤᠨ᠎ᠤ ᠰᠠᠭᠤᠷᠢ ᠶ᠋ᠢ ᠨᠡᠩ ᠴᠢᠬᠤᠯᠠᠴᠢᠯᠠᠬᠤ ᠬᠡᠷᠡᠭᠲᠡᠢ᠃ ᠡᠯ᠎ᠡ ᠲᠠᠯ᠎ᠠ ᠵᠢᠨ ᠭᠢᠨᠤ ᠬᠠᠮᠲᠤ ᠵᠢᠨ ᠴᠢᠷᠮᠠᠢᠯᠭ᠎ᠠ᠎ᠪᠠᠷ ᠳᠠᠮᠵᠢᠭᠤᠯᠤᠨ᠂ 2030 ᠣᠨ ᠪᠤᠯᠬᠤ᠎ᠳᠤ᠂ ᠮᠠᠨ᠎ᠤ ᠤᠯᠤᠰ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠪᠠ ᠴᠢᠳᠠᠪᠤᠷᠢ ᠵᠢᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ ᠢᠯᠡᠳᠲᠡ ᠠᠬᠢᠴᠠ᠎ᠲᠠᠢ ᠪᠣᠯᠵᠤ᠂ ᠬᠡᠷᠡᠭ᠎ᠤᠨ ᠡᠮᠦᠨ᠎ᠡ ᠤᠷᠢᠳᠴᠢᠯᠠᠨ ᠰᠡᠷᠭᠡᠢᠯᠡᠬᠦ᠎ᠪᠠᠷ ᠭᠣᠣᠯ ᠪᠤᠯᠭᠠᠬ᠍ᠰᠠᠨ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠵᠠᠰᠠᠯᠲᠠ ᠵᠢᠨ ᠵᠠᠭᠪᠤᠷ᠎ᠢ ᠪᠦᠲᠦᠮᠵᠢᠲᠡᠶ ᠪᠠᠢᠭᠤᠯᠵᠤ᠂ ᠮᠥᠨ ᠴᠢᠨᠠᠷ᠎ᠤᠨ ᠠᠮᠤᠷ ᠲᠦᠪᠰᠢᠨ᠎ᠤ ᠬᠢᠷᠢ ᠲᠦᠪᠰᠢᠨ᠎ᠢ ᠶᠡᠬᠡ᠎ᠪᠠᠷ ᠳᠡᠭᠡᠭᠰᠢᠯᠡᠭᠦᠯᠭᠦ ᠭᠡᠷᠡᠭᠲᠡᠶ; 2035 ᠣᠨ ᠪᠤᠯᠬᠤ᠎ᠳᠤ᠂ ᠣᠳᠣᠬᠢᠴᠢᠯᠠᠯᠲᠠ ᠶ᠋ᠢ ᠦᠨᠳᠦᠰᠦᠨ᠎ᠳᠡᠭᠡᠨ ᠪᠡᠶᠡᠯᠡᠭᠦᠯᠬᠦ ᠳᠤᠮᠳᠠᠳᠤ ᠤᠯᠤᠰ᠎ᠤᠨ ᠣᠨᠴᠠᠯᠢᠭ᠋᠎ᠲᠠᠢ ᠲᠣᠮᠣ᠌ ᠤᠯᠤᠰ᠎ᠤᠨ ᠪᠠᠴᠢᠮ ᠪᠠᠢᠳᠠᠯ᠎ᠢ ᠠᠷᠭᠠᠴᠠᠭᠠᠬᠤ ᠢ ᠪᠦᠷᠢᠯᠳᠦᠭᠦᠯᠵᠦ᠂ ᠴᠢᠨᠠᠷ ᠰᠠᠢᠲᠠᠢ ᠬᠥᠭᠵᠢᠯᠲᠡ᠎ᠳᠤ ᠦᠢᠯᠡᠴᠢᠯᠡᠵᠦ ᠪᠠᠲᠤᠯᠠᠬᠤ ᠴᠢᠳᠠᠪᠤᠷᠢ ᠶ᠋ᠢ ᠪᠦᠭᠦ ᠲᠠᠯ᠎ᠠ᠎ᠪᠠᠷ ᠴᠢᠩᠭᠠᠳᠬᠠᠵᠤ᠂ ᠠᠷᠠᠳ ᠣᠯᠠᠨ᠎ᠤ ᠠᠮᠤᠷ ᠲᠦᠪᠰᠢᠨ᠎ᠤ ᠲᠥᠷᠥᠭᠳᠡᠯ᠎ᠢ ᠨᠠᠩ ᠲᠡᠭᠦᠯᠳᠡᠷᠵᠢᠭᠦᠯᠵᠦ᠂ ᠮᠠᠨ᠎ᠤ ᠤᠯᠤᠰ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠦᠢᠯᠡᠰ ᠴᠣ ᠰᠢᠨ᠎ᠡ ᠲᠡᠦᠬᠡᠨ ᠬᠠᠭᠤᠳᠠᠰᠤ ᠶ᠋ᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ ᠡᠨᠡ ᠵᠢᠯ ᠪᠣᠯᠣᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭᠠᠨ᠎ᠳᠠᠬᠢ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠡᠯ᠎ᠡ ᠵᠦᠢᠯ᠎ᠤᠨ ᠡᠭᠦᠷᠭᠡ ᠬᠠᠲᠠᠭᠤ ᠪᠡᠷᠬᠡ ᠨᠦᠰᠡᠷ ᠬᠦᠨᠳᠦ ᠪᠠᠢᠨ᠎ᠠ᠂ ᠡᠷᠬᠡᠪᠰᠢ ᠨᠠᠮ᠎ᠤᠨ ᠤᠳᠤᠷᠢᠳᠤᠯᠭ᠎ᠠ ᠶ᠋ᠢ ᠠᠵᠢᠯ ᠵᠶ᠋ᠠᠨ ᠢᠮᠠᠭᠲᠠ ᠭᠤᠢᠪᠢᠰᠢ ᠦᠭᠡᠢ ᠲᠤᠭᠤᠰᠢᠯᠠᠭᠤᠯᠵᠤ᠂ ᠵᠥᠪ ᠤᠷᠤᠭᠰᠢᠯᠠᠯᠲᠠ ᠵᠢᠨ ᠴᠢᠭᠯᠡᠯ᠎ᠢ ᠪᠠᠲᠤ ᠡᠵᠡᠮᠳᠡᠵᠦ᠂ ᠨᠠᠮ᠎ᠤᠨ ᠤᠯᠤᠰ ᠲᠦᠷᠦ ᠵᠢᠨ ᠪᠠᠢᠭᠤᠯᠤᠯᠲᠠ ᠶ᠋ᠢ ᠲᠣᠪᠤᠢᠯᠭᠠᠨ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ᠎ᠲᠠᠢ ᠲᠤᠰᠬᠠᠢᠵᠢᠭ᠍ᠰᠠᠨ ᠺᠠᠳ᠋ᠷ ᠴᠢᠳᠠᠪᠤᠷᠢᠲᠠᠨ᠎ᠤ ᠡᠩᠨᠡᠭᠡ ᠶ᠋ᠢ ᠲᠦᠷᠭᠡᠨ ᠪᠠᠢᠭᠤᠯᠵᠤ᠂ ᠤᠬᠠᠮᠰᠠᠷ᠎ᠠᠴᠠ᠎ᠪᠠᠨ ᠵᠥᠪ ᠣᠨᠣᠪᠴᠢᠲᠠᠢ ᠠᠵᠢᠯ᠎ᠤᠨ ᠪᠦᠲᠦᠮᠵᠢ ᠵᠢᠨ ᠦᠵᠡᠯᠲᠡ ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠶ᠋ᠢ ᠭᠦᠨᠵᠡᠭᠡᠢ ᠠᠬᠢᠭᠤᠯᠵᠤ᠂ ᠡᠯ᠎ᠡ ᠲᠠᠯ᠎ᠠ ᠵᠢᠨ ᠬᠦᠴᠦᠨ᠎ᠢ ᠭᠦᠢᠴᠡᠳ ᠬᠥᠭᠵᠢᠭᠡᠨ ᠨᠢᠭ᠍ᠲᠠᠷᠠᠭᠤᠯᠵᠤ᠂ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ ᠶ᠋ᠢ ᠰᠡᠷᠭᠡᠢᠯᠡᠨ ᠠᠷᠭᠠᠴᠠᠭᠠᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠭᠤᠸᠠᠩᠳᠦ᠋ᠩ᠂ ᠂ ᠭᠤᠸᠠᠩᠰᠢ᠂ ᠠᠨᠾᠦ᠋ᠢ ᠵᠡᠷᠭᠡ ᠮᠤᠵᠢ (ᠣᠷᠣᠨ) ᠵᠢᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠲᠢᠩᠬᠢᠮ ᠪᠣᠯᠣᠨ ᠾᠧᠨᠠᠨ ᠮᠤᠵᠢ ᠵᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠭᠠᠨᠰᠤ ᠵᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ ᠶᠡᠷᠦᠩᠬᠡᠢ ᠠᠩᠭᠢ᠂ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠭᠦᠢᠵᠧᠦ ᠵᠢᠨ ᠲᠣᠪᠴᠢᠶ᠎ᠠ᠂ ᠳᠤᠮᠳᠠᠳᠤ ᠤᠯᠤᠰ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠵᠢᠨ ᠪᠠᠷᠢᠯᠭ᠎ᠠ ᠵᠢᠨ ᠬᠦᠴᠦᠨ᠎ᠤ ᠤᠬᠠᠭᠠᠨ᠎ᠤ ᠰᠤᠳᠤᠯᠭᠠᠨ᠎ᠤ ᠭᠠᠵᠠᠷ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃
ᠶᠠᠮᠤᠨ᠎ᠤ ᠨᠠᠮ᠎ᠤᠨ ᠬᠣᠷᠢᠶᠠᠨ᠎ᠤ ᠭᠡᠰᠢᠭᠦᠨ᠂ ᠳᠡᠳ᠋ ᠰᠠᠢᠳ ᠰᠢᠦᠢ ᠵᠢᠶᠠ ᠠᠢ ᠬᠤᠷᠠᠯ᠎ᠢ ᠡᠷᠭᠢᠯᠡᠵᠦ᠂ ᠶᠠᠮᠤᠨ᠎ᠤ ᠨᠠᠮ᠎ᠤᠨ ᠬᠣᠷᠢᠶᠠᠨ᠎ᠤ ᠭᠡᠰᠢᠭᠦᠳ ᠬᠤᠷᠠᠯ᠎ᠳᠤ ᠣᠷᠣᠯᠴᠠᠪᠠ᠃ ᠤᠯᠤᠰ᠎ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ᠂ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠵᠢᠨ ᠪᠠᠭ᠎ᠤᠨ ᠪᠦᠷᠢᠯᠳᠦᠭᠦᠨ᠂ ᠶᠠᠮᠤᠨ᠎ᠤ ᠪᠠᠢᠭᠤᠯᠭ᠎ᠠ ᠵᠢᠨ ᠡᠯ᠎ᠡ ᠵᠤᠷᠭᠠᠨ ᠲᠣᠪᠴᠢᠶ᠎ᠠ᠂ ᠶᠠᠮᠤᠨ᠎ᠤ ᠬᠠᠷᠢᠶ᠎ᠠ ᠨᠢᠭᠡᠴᠢ᠂ ᠡᠯ᠎ᠡ ᠮᠤᠵᠢ ᠵᠢᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠢᠨ ᠲᠢᠩᠬᠢᠮ (ᠲᠣᠪᠴᠢᠶ᠎ᠠ)᠂ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠭᠠᠵᠠᠷ ᠬᠥᠳᠡᠯᠦᠯᠲᠡ ᠵᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ ᠶᠡᠷᠦᠩᠬᠡᠢ ᠠᠩᠭᠢ ᠵᠢᠨ ᠭᠣᠣᠯ ᠬᠠᠷᠢᠭᠤᠴᠠᠯᠭᠠᠲᠠᠨ ᠨᠠᠷ ᠬᠤᠷᠠᠯ᠎ᠳᠤ ᠣᠷᠣᠯᠴᠠᠪᠠ᠃