ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠲᠡᠷᠢᠭᠦᠨ ᠬᠠᠭᠤᠳᠠᠰᠤ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤᠨ ᠠᠶᠤᠯᠭᠦᠢ ᠦᠢᠯᠡᠳᠪᠦᠷᠢᠯᠡᠯ᠎ᠤᠨ ᠬᠦᠷᠢᠶᠡᠨ ᠳ᠋ᠡᠬᠢ ᠢᠯᠡᠴᠢᠯᠡᠨ ᠮᠡᠳᠡᠭᠦᠯᠦᠯᠲᠡ ᠬᠢᠭᠡᠳ ᠱᠠᠩᠨᠠᠨ ᠬᠥᠬᠢᠭᠦᠯᠬᠦ ᠠᠷᠭ᠎ᠠ》᠎ᠶᠢ ᠳᠠᠷᠤᠮᠯᠠᠨ ᠲᠠᠷᠬᠠᠭᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-12-11

ᠡᠯ᠎ᠡ ᠠᠢᠮᠠᠭ ᠬᠤᠳᠠ᠎ᠶᠢᠨ ᠪᠠᠴᠢᠮ ᠪᠠᠢᠳᠠᠯ᠎ᠤᠨ ᠬᠠᠮᠢᠶᠠᠷᠤᠯᠲᠠ᠎ᠶᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠣᠷᠣᠨ ᠰᠠᠭᠤᠴᠠ ᠬᠢᠭᠡᠳ ᠬᠤᠳᠠ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠶᠢᠨ ᠲᠣᠪᠴᠢᠶ᠎ᠠ᠂ ᠰᠤᠷᠭᠠᠨ ᠬᠥᠮᠦᠵᠢᠯ (ᠰᠤᠷᠭᠠᠨ ᠬᠥᠮᠦᠵᠢᠯ ᠪᠡᠶ᠎ᠡ᠎ᠶᠢᠨ ᠲᠠᠮᠢᠷ)᠎ᠤᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ᠎ᠶᠢᠨ ᠲᠣᠪᠴᠢᠶ᠎ᠠ᠎ᠳᠤ᠄
 

《ᠠᠶᠤᠯᠭᠦᠢ ᠦᠢᠯᠡᠳᠪᠦᠷᠢᠯᠡᠯ᠎ᠤᠨ ᠬᠦᠷᠢᠶᠡᠨ ᠳ᠋ᠡᠬᠢ ᠢᠯᠡᠴᠢᠯᠡᠨ ᠮᠡᠳᠡᠭᠦᠯᠦᠯᠲᠡ ᠬᠢᠭᠡᠳ ᠱᠠᠩᠨᠠᠨ ᠬᠥᠬᠢᠭᠦᠯᠬᠦ ᠠᠷᠭ᠎ᠠ》᠎ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠠᠶᠤᠯᠭᠦᠢ ᠦᠢᠯᠡᠳᠪᠦᠷᠢᠯᠡᠯ᠎ᠤᠨ ᠬᠦᠷᠢᠶᠡᠨ ᠳ᠋ᠡᠬᠢ ᠢᠯᠡᠴᠢᠯᠡᠨ ᠮᠡᠳᠡᠭᠦᠯᠦᠯᠲᠡ ᠬᠢᠭᠡᠳ ᠱᠠᠩᠨᠠᠨ ᠬᠥᠬᠢᠭᠦᠯᠬᠦ ᠠᠵᠢᠯ᠎ᠢ ᠤᠯᠠᠮ ᠨᠢᠭᠡ ᠠᠯᠬᠤᠮ ᠳᠦᠷᠢᠮᠵᠢᠭᠦᠯᠬᠦ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠤᠨ ᠬᠠᠮᠢᠶᠠᠷᠤᠯᠲᠠ᠎ᠶᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠬᠢᠭᠡᠳ ᠬᠤᠳᠠ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠶᠢᠨ ᠲᠢᠩᠬᠢᠮ᠂ ᠰᠤᠷᠭᠠᠨ ᠬᠥᠮᠦᠵᠢᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ᠎ᠶᠢᠨ ᠲᠢᠩᠬᠢᠮ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ  ᠠᠶᠤᠯᠭᠦᠢ ᠦᠢᠯᠡᠳᠪᠦᠷᠢᠯᠡᠯ᠎ᠤᠨ ᠬᠦᠷᠢᠶᠡᠨ ᠳ᠋ᠡᠬᠢ ᠢᠯᠡᠴᠢᠯᠡᠨ ᠮᠡᠳᠡᠭᠦᠯᠦᠯᠲᠡ ᠬᠢᠭᠡᠳ ᠱᠠᠩᠨᠠᠨ ᠬᠥᠬᠢᠭᠦᠯᠬᠦ ᠠᠷᠭ᠎ᠠ》᠎ᠳᠤ ᠵᠠᠰᠠᠪᠤᠷᠢ ᠣᠷᠣᠭᠤᠯᠵᠤ᠂ ᠥᠨᠥᠳᠥᠷ ᠡᠴᠡ ᠡᠬᠢᠯᠡᠨ ᠲᠠᠨᠠᠷ᠎ᠲᠤ  ᠪᠠᠢᠨ᠎ᠠ᠂ ᠪᠣᠳᠠᠲᠠᠢ ᠪᠠᠢᠳᠠᠯ ᠲᠠᠢ ᠪᠡᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠲᠤᠭᠠᠢ᠃

ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠤᠨ ᠬᠠᠮᠢᠶᠠᠷᠤᠯᠲᠠ᠎ᠶᠢᠨ ᠲᠢᠩᠬᠢᠮ

ᠡᠳ᠋᠎ᠤᠨ ᠵᠠᠰᠠᠭ᠎ᠤᠨ ᠲᠢᠩᠬᠢᠮ

ᠣᠷᠣᠨ ᠰᠠᠭᠤᠴᠠ ᠬᠢᠭᠡᠳ ᠬᠤᠳᠠ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠶᠢᠨ ᠲᠢᠩᠬᠢᠮ

ᠰᠤᠷᠭᠠᠨ ᠬᠥᠮᠦᠵᠢᠯ᠎ᠤᠨ ᠲᠢᠩᠬᠢᠮ

ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ᠎ᠶᠢᠨ ᠲᠢᠩᠬᠢᠮ
                                              2025 ᠣᠨ᠎ᠤ 9 ᠰᠠᠷ᠎ᠠ᠎ᠶᠢᠨ 30᠎ᠤ ᠡᠳᠦᠷ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠤᠨ ᠬᠦᠷᠢᠶᠡᠨ ᠳ᠋ᠡᠬᠢ ᠢᠯᠡᠴᠢᠯᠡᠨ ᠮᠡᠳᠡᠭᠦᠯᠦᠯᠲᠡ ᠬᠢᠭᠡᠳ ᠱᠠᠩᠨᠠᠨ ᠬᠥᠬᠢᠭᠦᠯᠬᠦ ᠠᠷᠭ᠎ᠠ
               ᠨᠢᠭᠡᠳᠦᠭᠡᠷ ᠪᠦᠯᠦᠭ   ᠶᠡᠷᠦᠩᠬᠡᠢ ᠳᠦᠷᠢᠮ

ᠨᠢᠭᠡᠳᠦᠭᠡᠷ ᠵᠦᠢᠯ  ᠠᠶᠤᠯᠭᠦᠢ ᠦᠢᠯᠡᠳᠪᠦᠷᠢᠯᠡᠯ᠎ᠤᠨ ᠠᠵᠢᠯ᠎ᠤᠨ ᠲᠠᠯ᠎ᠠ ᠪᠡᠷ ᠬᠢ ᠨᠡᠢᠭᠡᠮ᠎ᠤᠨ ᠬᠢᠨᠠᠨ ᠬᠠᠮᠢᠶᠠᠷᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠢᠭᠡᠮ᠎ᠤᠨ ᠬᠦᠴᠦᠨ ᠵᠦᠢᠯ᠎ᠤᠨ ᠠᠶᠤᠯᠭᠦᠢ ᠦᠢᠯᠡᠳᠪᠦᠷᠢᠯᠡᠯ᠎ᠤᠨ ᠠᠵᠢᠯ᠎ᠳᠤ ᠣᠷᠤᠯᠴᠠᠬᠤ ᠢᠳᠡᠪᠬᠢᠵᠢᠯ᠎ᠢ ᠨᠡᠮᠡᠭᠳᠡᠭᠦᠯᠵᠦ᠂ ᠬᠦᠨᠳᠦ ᠶᠡᠬᠡ ᠡᠨᠳᠡᠯ᠎ᠤᠨ ᠳᠠᠯᠳᠠ ᠭᠡᠮ᠎ᠢ ᠴᠠᠭ ᠲᠤᠬᠠᠢ᠎ᠳᠤ ᠨᠢ ᠢᠯᠡᠷᠡᠭᠦᠯᠵᠦ ᠠᠷᠢᠯᠭᠠᠨ᠂ ᠠᠶᠤᠯᠭᠦᠢ ᠦᠢᠯᠡᠳᠪᠦᠷᠢᠯᠡᠯ᠎ᠤᠨ ᠬᠠᠤᠯᠢ ᠵᠥᠷᠢᠴᠡᠭᠰᠡᠨ ᠠᠵᠢᠯᠯᠠᠭ᠎ᠠ᠎ᠶᠢ ᠢᠯᠡᠴᠢᠯᠡᠵᠦ ᠂ ᠠᠶᠤᠯᠭᠦᠢ ᠦᠢᠯᠡᠳᠪᠦᠷᠢᠯᠡᠯ᠎ᠤᠨ ᠢᠯᠡᠴᠢᠯᠡᠨ ᠮᠡᠳᠡᠭᠦᠯᠦᠯᠲᠡ ᠶ᠋ᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠪᠠᠢᠴᠠᠭᠠᠬᠤ ᠪᠠ ᠱᠠᠩᠨᠠᠨ ᠬᠥᠬᠢᠭᠦᠯᠬᠦ ᠠᠵᠢᠯ᠎ᠢ ᠳᠠᠰᠤᠷᠠᠯᠳᠠ ᠦᠭᠡᠢ ᠳᠦᠷᠢᠮᠵᠢᠭᠦᠯᠬᠦ᠎ᠶᠢᠨ ᠲᠥᠯᠥᠭᠡ᠂ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯᠭᠦᠢ ᠦᠢᠯᠡᠳᠪᠦᠷᠢᠯᠡᠯ᠎ᠤᠨ ᠬᠠᠤᠯᠢ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠤᠨ ᠳᠦᠷᠢᠮ》ᠪᠣᠯᠣᠨ ᠤᠤᠯ᠎ᠤᠨ ᠤᠯᠤᠰ᠎ᠤᠨ ᠠᠮᠤᠷ ᠲᠦᠪᠰᠢᠨ᠎ᠤ ᠬᠢᠨᠠᠨ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠂ ᠡᠳ᠋᠎ᠤᠨ ᠵᠠᠰᠠᠭ᠎ᠤᠨ ᠶᠠᠮᠤᠨ᠎ᠤ ᠬᠠᠮᠲᠤᠷᠠᠨ ᠬᠡᠪᠯᠡᠭᠦᠯᠵᠦ ᠲᠠᠷᠬᠠᠭᠠᠭᠰᠠᠨ《ᠠᠶᠤᠯᠭᠦᠢ ᠦᠢᠯᠡᠳᠪᠦᠷᠢᠯᠡᠯ᠎ᠤᠨ ᠬᠦᠷᠢᠶᠡᠨ ᠳ᠋ᠡᠬᠢ ᠢᠯᠡᠴᠢᠯᠡᠨ ᠮᠡᠳᠡᠭᠦᠯᠦᠯᠲᠡ ᠬᠢᠭᠡᠳ ᠱᠠᠩᠨᠠᠨ ᠬᠥᠬᠢᠭᠦᠯᠬᠦ ᠠᠷᠭ᠎ᠠ》ᠵᠡᠷᠭᠡ ᠬᠠᠮᠢᠶᠠᠲᠠᠢ ᠬᠠᠤᠯᠢ ᠳᠦᠷᠢᠮ᠂ ᠪᠢᠴᠢᠭ  ᠦᠨᠳᠦᠰᠦᠯᠡᠨ᠂ ᠲᠤᠰ ᠠᠷᠭ᠎ᠠ᠎ᠶᠢ ᠲᠣᠭᠲᠠᠭᠠᠪᠠ᠃

ᠬᠣᠶᠠᠳᠤᠭᠠᠷ ᠵᠦᠢᠯ  ᠲᠤᠰ ᠠᠷᠭ᠎ᠠ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠷᠢᠶᠠᠨ ᠳ᠋ᠡᠬᠢ ᠬᠦᠨᠳᠦ ᠶᠡᠬᠡ ᠡᠨᠳᠡᠯ᠎ᠤᠨ ᠳᠠᠯᠳᠠ ᠭᠡᠮ᠂ ᠠᠶᠤᠯᠭᠦᠢ ᠦᠢᠯᠡᠳᠪᠦᠷᠢᠯᠡᠯ᠎ᠤᠨ ᠬᠠᠤᠯᠢ ᠵᠥᠷᠢᠴᠡᠭᠰᠡᠨ ᠠᠵᠢᠯᠯᠠᠭ᠎ᠠ᠎ᠶᠢ ᠢᠯᠡᠴᠢᠯᠡᠨ ᠮᠡᠳᠡᠭᠦᠯᠬᠦ ᠪᠠ ᠱᠠᠩᠨᠠᠨ ᠬᠥᠬᠢᠭᠦᠯᠬᠦ᠎ᠳᠤ ᠵᠣᠷᠢᠭᠤᠯᠪᠠ᠃
ᠠᠶᠤᠯᠭᠦᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠦᠬᠦᠢ ᠪᠤᠰᠤᠳ ᠰᠠᠯᠠᠭ᠎ᠠ ᠮᠥᠴᠢᠷ᠎ᠤᠳ ᠬᠢᠨᠠᠨ ᠬᠠᠮᠢᠶᠠᠷᠴᠤ ᠪᠤᠢ ᠠᠵᠢᠯ ᠲᠥᠷᠥᠯ᠎ᠤᠨ ᠬᠦᠷᠢᠶ᠎ᠡ ᠬᠡᠪᠴᠢᠶᠡᠨ ᠳ᠋ᠡᠬᠢ ᠠᠶᠤᠯᠭᠦᠢ ᠦᠢᠯᠡᠳᠪᠦᠷᠢᠯᠡᠯ᠎ᠤᠨ ᠢᠯᠡᠴᠢᠯᠡᠨ ᠮᠡᠳᠡᠭᠦᠯᠦᠯᠲᠡ ᠬᠢᠭᠡᠳ ᠱᠠᠩᠨᠠᠨ ᠬᠥᠬᠢᠭᠦᠯᠬᠦ ᠠᠵᠢᠯ᠎ᠳᠤ ᠠᠰᠲᠠᠭᠠᠨ ᠲᠣᠭᠲᠠᠭᠠᠯᠲᠠᠢ ᠪᠣᠯ ᠲᠡᠷᠡ ᠲᠣᠭᠲᠠᠭᠠᠯ᠎ᠢᠶᠠᠷ ᠨᠢ ᠶᠠᠪᠤᠭᠤᠯᠤᠨ᠎ᠠ᠃
ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ᠎ᠤᠨ ᠠᠶᠤᠯᠭᠦᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ᠎ᠤᠳ ᠲᠤᠰ ᠭᠠᠵᠠᠷ ᠣᠷᠣᠨ᠂ ᠲᠤᠰ ᠠᠵᠢᠯ ᠲᠥᠷᠥᠯ᠎ᠤᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ᠂ ᠢᠯᠡᠴᠢᠯᠡᠨ ᠮᠡᠳᠡᠭᠦᠯᠦᠯᠲᠡ᠎ᠶᠢᠨ ᠱᠠᠩᠨᠠᠨ ᠬᠥᠬᠢᠭᠦᠯᠬᠦ ᠪᠠᠷᠢᠮᠵᠢᠶ᠎ᠠ᠎ᠶᠢ ᠨᠠᠷᠢᠯᠢᠭ᠍ᠵᠢᠭᠤᠯᠵᠤ ᠪᠣᠯᠣᠨ᠎ᠠ᠃

ᠭᠤᠷᠪᠠᠳᠤᠭᠠᠷ ᠵᠦᠢᠯ   ᠬᠦᠨᠳᠦ ᠶᠡᠬᠡ ᠡᠨᠳᠡᠯ᠎ᠤᠨ ᠳᠠᠯᠳᠠ ᠭᠡᠮ ᠭᠡᠳᠡᠭ ᠨᠢ ᠬᠣᠣᠷ ᠬᠥᠨᠥᠭᠡᠯ ᠶᠡᠬᠡ᠂ ᠴᠡᠭᠴᠡᠯᠡᠨ ᠰᠠᠢᠵᠢᠷᠠᠭᠤᠯᠬᠤ᠎ᠳᠤ ᠨᠡᠯᠢᠶᠡᠳ ᠬᠦᠴᠢᠷᠲᠡᠢ᠂ ᠪᠦᠬᠦᠨ᠎ᠢ ᠪᠤᠶᠤ ᠬᠡᠰᠡᠭ ᠠᠵᠢᠯ ᠦᠢᠯᠡᠳᠪᠦᠷᠢᠯᠡᠯ᠎ᠢ ᠵᠣᠭᠰᠤᠭᠠᠬᠤ ᠬᠡᠷᠡᠭᠲᠡᠢ᠂ ᠵᠣᠬᠢᠬᠤ ᠴᠠᠭ ᠬᠤᠭᠤᠴᠠᠭᠠᠨ᠎ᠳᠤ ᠴᠡᠭᠴᠡᠯᠡᠨ ᠵᠠᠰᠠᠭᠰᠠᠨ᠎ᠤ ᠳᠠᠷᠠᠭ᠎ᠠ ᠠᠷᠢᠯᠭᠠᠵᠤ ᠳᠡᠢᠯᠬᠦ ᠳᠠᠯᠳᠠ ᠭᠡᠮ᠎ᠢ ᠵᠢᠭᠠᠵᠤ ᠪᠣᠢ᠂ ᠡᠰᠡᠬᠦᠯ᠎ᠡ ᠭᠠᠳᠠᠭᠠᠳᠤ ᠬᠦᠴᠦᠨ ᠵᠦᠢᠯ᠎ᠤᠨ ᠨᠥᠯᠥᠭᠡ ᠡᠴᠡ ᠪᠣᠯᠵᠤ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ᠎ᠶᠢᠨ ᠲᠤᠰ ᠪᠡᠶ᠎ᠡ᠎ᠳᠤ ᠨᠢ ᠠᠷᠢᠯᠭᠠᠬᠤ᠎ᠳᠤ ᠪᠡᠷᠬᠡ ᠳᠠᠯᠳᠠ ᠭᠡᠮ ᠣᠷᠣᠰᠢᠵᠤ ᠪᠠᠢᠭ᠎ᠠ᠎ᠶᠢ ᠬᠡᠯᠡᠵᠦ ᠪᠠᠢᠨ᠎ᠠ᠃ ᠬᠦᠨᠳᠦ ᠶᠡᠬᠡ ᠡᠨᠳᠡᠯ᠎ᠤᠨ ᠳᠠᠯᠳᠠ ᠭᠡᠮ᠎ᠢ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠎ᠤᠨ ᠲᠣᠭᠲᠠᠭᠠᠯ ᠶᠣᠰᠣᠭᠠᠷ ᠲᠣᠭᠲᠠᠭᠠᠬᠤ᠎ᠶᠢᠨ ᠬᠠᠮᠲᠤ ᠨᠡᠢᠭᠡᠮ᠎ᠳᠤ ᠨᠡᠢᠲᠡᠯᠡᠭᠰᠡᠨ ᠮᠠᠭᠠᠳᠯᠠᠬᠤ ᠪᠠᠷᠢᠮᠵᠢᠶ᠎ᠠ ᠶᠣᠰᠣᠭᠠᠷ ᠲᠣᠭᠲᠠᠭᠠᠬᠤ ᠬᠡᠷᠡᠭᠲᠡᠢ᠃

ᠳᠥᠷᠪᠡᠳᠦᠭᠡᠷ ᠵᠦᠢᠯ   ᠠᠶᠤᠯ ᠦᠭᠡᠢ ᠦᠢᠯᠡᠳᠪᠦᠷᠢᠯᠡᠯ᠎ᠤᠨ  ᠡᠴᠡ ᠵᠥᠷᠢᠴᠡᠭᠰᠡᠨ ᠦᠢᠯᠡ ᠠᠵᠢᠯᠯᠠᠭ᠎ᠠ ᠭᠡᠳᠡᠭ ᠨᠢ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ (ᠪᠠᠢᠭᠠᠯᠢ ᠬᠥᠮᠥᠨ ᠪᠠᠭᠲᠠᠨ᠎ᠠ )᠎ᠶᠢᠨ ᠦᠢᠯᠡᠳᠪᠦᠷᠢᠯᠡᠯ ᠡᠵᠡᠩᠨᠡᠯᠲᠡ᠎ᠶᠢᠨ ᠶᠠᠪᠤᠴᠠ᠎ᠳᠤ《ᠪᠦᠬᠦᠳᠡ ᠨᠠᠢᠷᠠᠮᠳᠠᠬᠤ  ᠠᠷᠠᠳ ᠤᠯᠤᠰ᠎ᠤᠨ ᠠᠶᠤᠯᠭᠦᠢ ᠦᠢᠯᠡᠳᠪᠦᠷᠢᠯᠡᠯ᠎ᠤᠨ ᠬᠠᠤᠯᠢ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠤᠨ ᠳᠦᠷᠢᠮ》 ᠵᠡᠷᠭᠡ ᠠᠶᠤᠯ ᠦᠭᠡᠢ ᠦᠢᠯᠡᠳᠪᠦᠷᠢᠯᠡᠯ᠎ᠤᠨ ᠬᠣᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠳᠦᠷᠢᠮ ᠲᠣᠭᠲᠠᠭᠠᠯ᠎ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠵᠢᠭᠠᠵᠤ ᠪᠣᠢ᠃

ᠲᠠᠪᠤᠳᠤᠭᠠᠷ ᠵᠦᠢᠯ   ᠶᠠᠮᠠᠷᠪᠠ ᠨᠢᠭᠡᠴᠢ᠂ ᠵᠣᠬᠢᠶᠠᠨ ᠪᠠᠢᠭᠤᠯᠤᠯᠲᠠ ᠪᠣᠯᠣᠨ ᠬᠤᠪᠢ ᠬᠥᠮᠥᠨ (ᠳᠣᠷᠣᠭ᠍ᠰᠢ ᠨᠢᠭᠡᠳᠦᠯᠲᠡᠢ ᠪᠡᠷ ᠢᠯᠡᠴᠢᠯᠡᠨ ᠮᠡᠳᠡᠭᠦᠯᠦᠭᠴᠢ ᠭᠡᠨ᠎ᠡ ) ᠰᠢᠶᠠᠨ᠎ᠤ ᠱᠠᠲᠤᠨ ᠡᠴᠡ ᠳᠡᠭᠡᠭᠰᠢᠬᠢ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ (ᠳᠣᠷᠣᠭ᠍ᠰᠢ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠭᠡᠵᠦ ᠶᠡᠷᠦᠩᠬᠡᠢᠯᠡᠨ ᠨᠡᠷᠡᠢᠳᠦᠨ᠎ᠡ)᠎ᠳᠤ ᠬᠦᠨᠳᠦ ᠶᠡᠬᠡ ᠡᠨᠳᠡᠯ᠎ᠤᠨ ᠳᠠᠯᠳᠠ ᠭᠡᠮ ᠪᠣᠯᠣᠨ ᠠᠶᠤᠯ ᠦᠭᠡᠢ ᠦᠢᠯᠡᠳᠪᠦᠷᠢᠯᠡᠯ᠎ᠤᠨ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠢᠯᠡᠴᠢᠯᠡᠨ ᠮᠡᠳᠡᠭᠦᠯᠬᠦ ᠡᠷᠬᠡ ᠲᠠᠢ᠃

ᠵᠢᠷᠭᠤᠳᠤᠭᠠᠷ ᠵᠦᠢᠯ   ᠢᠯᠡᠴᠢᠯᠡᠨ ᠮᠡᠳᠡᠭᠦᠯᠦᠯᠲᠡ ᠬᠢᠭᠡᠳ ᠱᠠᠩᠨᠠᠨ ᠬᠥᠬᠢᠭᠦᠯᠬᠦ ᠠᠵᠢᠯ ᠨᠢ《ᠬᠠᠤᠯᠢ ᠶᠣᠰᠣᠭᠠᠷ ᠢᠯᠡᠴᠢᠯᠡᠨ ᠮᠡᠳᠡᠭᠦᠯᠬᠦ᠂ ᠵᠣᠬᠢᠰᠲᠠᠢ ᠱᠠᠩᠨᠠᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ》 ᠪᠠ《ᠬᠡᠨ ᠬᠦᠯᠢᠶᠡᠨ ᠠᠪᠴᠤ ᠰᠢᠢᠳᠪᠦᠷᠢᠯᠡᠬᠦ᠂ ᠬᠡᠨ ᠪᠠᠢᠴᠠᠭᠠᠨ ᠰᠢᠢᠳᠪᠦᠷᠢᠯᠡᠬᠦ᠂ ᠬᠡᠨ ᠱᠠᠩᠨᠠᠬᠤ》 ᠵᠠᠷᠴᠢᠮ᠎ᠢ ᠵᠢᠷᠤᠮᠯᠠᠬᠤ ᠬᠡᠷᠡᠭᠲᠡᠢ᠃

ᠳᠣᠯᠣᠳᠤᠭᠠᠷ ᠵᠦᠢᠯ   ᠠᠶᠤᠯ ᠦᠭᠡᠢ ᠦᠢᠯᠡᠳᠪᠦᠷᠢᠯᠡᠯ᠎ᠤᠨ ᠢᠯᠡᠴᠢᠯᠡᠨ ᠮᠡᠳᠡᠭᠦᠯᠦᠯᠲᠡ᠎ᠶᠢ ᠱᠠᠩᠨᠠᠨ ᠬᠥᠬᠢᠭᠦᠯᠬᠦ ᠵᠠᠷᠤᠳᠠᠯ᠎ᠢ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠬᠤ᠎ᠶᠢᠨ ᠬᠠᠮᠲᠤ ᠬᠢᠨᠠᠨ ᠪᠣᠳᠣᠬᠤ᠂ ᠬᠢᠨᠠᠨ ᠪᠠᠢᠴᠠᠭᠠᠬᠤ ᠵᠡᠷᠭᠡ ᠰᠠᠯᠠᠭ᠎ᠠ ᠮᠥᠴᠢᠷ᠎ᠤᠨ ᠬᠢᠨᠠᠯᠲᠠ ᠲᠠᠯᠪᠢᠬᠤ᠎ᠶᠢ ᠬᠦᠯᠢᠶᠡᠬᠦ ᠬᠡᠷᠡᠭᠲᠡᠢ᠃

ᠨᠠᠢ᠍ᠮᠠᠳᠤᠭᠠᠷ ᠵᠦᠢᠯ   ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ᠎ᠤᠳ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ᠎ᠶᠢ ᠵᠣᠷᠢᠭ᠍ᠵᠢᠭᠤᠯᠤᠨ ᠬᠥᠲᠥᠯᠥᠨ ᠵᠢᠯᠤᠭᠣᠳᠴᠤ ᠪᠠᠢᠭᠠᠳ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ᠎ᠶᠢᠨ ᠡᠨᠳᠡᠯ᠎ᠤᠨ ᠳᠠᠯᠳᠠ ᠭᠡᠮ᠎ᠤᠨ ᠳᠣᠲᠣᠭᠠᠳᠤ᠎ᠶᠢᠨ ᠢᠯᠡᠴᠢᠯᠡᠨ ᠮᠡᠳᠡᠭᠦᠯᠦᠯᠲᠡ᠎ᠶᠢ ᠱᠠᠩᠨᠠᠨ ᠬᠥᠬᠢᠭᠦᠯᠬᠦ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂ ᠮᠡᠳᠡᠭᠦᠯᠬᠦ ᠠᠭᠤᠯᠭ᠎ᠠ᠎ᠶᠢ ᠲᠣᠳᠣᠷᠬᠠᠢᠯᠠᠨ᠂ ᠮᠡᠳᠡᠭᠦᠯᠬᠦ ᠠᠷᠭ᠎ᠠ ᠵᠠᠮ᠎ᠢ ᠲᠣᠳᠣᠷᠬᠠᠢ ᠪᠣᠯᠭᠠᠵᠤ᠂ ᠱᠠᠩᠨᠠᠯ᠎ᠤᠨ ᠪᠡᠯᠡ ᠮᠥᠩᠭᠥ᠎ᠶᠢ ᠨᠠᠢᠳᠠᠪᠤᠷᠢᠵᠢᠭᠤᠯᠵᠤ᠂ ᠦᠷ᠎ᠡ ᠳ᠋ᠦᠩ᠎ᠤᠨ ᠬᠡᠷᠡᠭᠯᠡᠯᠲᠡ᠎ᠶᠢ ᠴᠢᠬᠤᠯᠠᠴᠢᠯᠠᠬᠤ᠂ ᠤᠬᠠᠭᠤᠯᠵᠤ ᠬᠥᠲᠥᠯᠥᠨ ᠵᠢᠯᠤᠭᠣᠳᠬᠤ᠎ᠶᠢ ᠴᠢᠩᠭᠠᠷᠠᠭᠤᠯᠬᠤ ᠵᠡᠷᠭᠡ ᠲᠠᠯ᠎ᠠ᠎ᠶᠢᠨ ᠠᠭᠤᠯᠭ᠎ᠠ᠎ᠶᠢ ᠭᠣᠣᠯᠳᠠᠯᠭ᠎ᠠ ᠲᠠᠢ ᠳᠣᠪᠣᠢᠯᠭᠠᠵᠤ᠂ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ᠎ᠶᠢᠨ ᠬᠠᠷᠢᠭᠤᠴᠠᠯᠭᠠᠲᠠᠨ ᠪᠣᠯᠣᠨ ᠠᠵᠢᠯ ᠡᠷᠬᠢᠯᠡᠭᠰᠡᠳ᠎ᠤᠨ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠳᠤ ᠣᠷᠣᠯᠴᠠᠬᠤ ᠢᠳᠡᠪᠬᠢᠵᠢᠯ᠎ᠢ ᠭᠦᠢᠴᠡᠳ ᠳᠠᠢᠴᠢᠯᠠᠨ᠂ ᠡᠨᠳᠡᠯ ᠭᠠᠷᠬᠤ᠎ᠶᠢ ᠪᠦᠲᠦᠮᠵᠢᠲᠡᠢ ᠰᠡᠷᠭᠡᠢᠯᠡᠨ  ᠬᠡᠷᠡᠭᠲᠡᠢ᠃
ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ᠎ᠶᠢᠨ ᠠᠶᠤᠯᠭᠦᠢ ᠦᠢᠯᠡᠳᠪᠦᠷᠢᠯᠡᠯ᠎ᠢ ᠬᠠᠮᠢᠶᠠᠷᠬᠤ ᠠᠵᠢᠯᠲᠠᠨ᠂ ᠭᠣᠣᠯ ᠬᠠᠷᠢᠭᠤᠴᠠᠯᠭᠠᠲᠠᠨ ᠠᠶᠤᠯᠭᠦᠢ ᠦᠢᠯᠡᠳᠪᠦᠷᠢᠯᠡᠯ᠎ᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠡᠨ ᠭᠦᠢᠴᠡᠳᠬᠡᠬᠦ ᠡᠴᠡ ᠪᠣᠯᠵᠤ ᠬᠦᠨᠳᠦ ᠶᠡᠬᠡ ᠡᠨᠳᠡᠯ᠎ᠤᠨ ᠳᠠᠯᠳᠠ ᠭᠡᠮ ᠪᠠ ᠠᠶᠤᠯᠭᠦᠢ ᠦᠢᠯᠡᠳᠪᠦᠷᠢᠯᠡᠯ᠎ᠤᠨ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠣᠯᠵᠤ ᠮᠡᠳᠡᠭᠰᠡᠨ ᠪᠠᠢᠪᠠᠯ᠂ ᠲᠣᠭᠲᠠᠭᠠᠯ ᠶᠣᠰᠣᠭᠠᠷ ᠴᠠᠭ ᠲᠤᠬᠠᠢ᠎ᠳᠤ ᠨᠢ ᠰᠢᠢᠳᠪᠦᠷᠢᠯᠡᠬᠦ ᠬᠡᠷᠡᠭᠲᠡᠢ᠂ ᠬᠠᠤᠯᠢ ᠶᠣᠰᠣᠭᠠᠷ ᠭᠦᠢᠴᠡᠳᠬᠡᠬᠦ ᠶᠣᠰᠣᠲᠠᠢ ᠠᠶᠤᠯᠭᠦᠢ ᠦᠢᠯᠡᠳᠪᠦᠷᠢᠯᠡᠯ᠎ᠢ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠶᠢ ᠢᠯᠡᠴᠢᠯᠡᠨ ᠮᠡᠳᠡᠭᠦᠯᠵᠦ ᠣᠷᠣᠯᠠᠭᠤᠯᠵᠤ ᠪᠣᠯᠬᠤ ᠦᠭᠡᠢ᠃
        ᠬᠣᠶᠠᠳᠤᠭᠠᠷ ᠪᠦᠯᠦᠭ   ᠬᠦᠯᠢᠶᠡᠨ ᠠᠪᠴᠤ ᠰᠢᠢᠳᠪᠦᠷᠢᠯᠡᠬᠦ

ᠶᠢᠰᠦᠳᠦᠭᠡᠷ ᠵᠦᠢᠯ   ᠬᠦᠨᠳᠦ ᠶᠡᠬᠡ ᠡᠨᠳᠡᠯ᠎ᠤᠨ ᠳᠠᠯᠳᠠ ᠭᠡᠮ ᠪᠣᠯᠣᠨ ᠠᠶᠤᠯ ᠦᠭᠡᠢ ᠦᠢᠯᠡᠳᠪᠦᠷᠢᠯᠡᠯ᠎ᠤᠨ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢᠨ ᠢᠯᠡᠴᠢᠯᠡᠨ ᠮᠡᠳᠡᠭᠦᠯᠦᠯᠲᠡ ᠳᠣᠣᠷᠠᠬᠢ ᠨᠥᠬᠥᠴᠡᠯ᠎ᠢ ᠬᠠᠩᠭᠠᠪᠠᠯ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠄
(ᠨᠢᠭᠡ)ᠢᠯᠡᠴᠢᠯᠡᠨ ᠮᠡᠳᠡᠭᠦᠯᠦᠯᠲᠡ ᠨᠢ ᠲᠤᠰ ᠰᠠᠯᠠᠭ᠎ᠠ ᠮᠥᠴᠢᠷ᠎ᠤᠨ ᠣᠯᠵᠤ ᠮᠡᠳᠡᠭᠰᠡᠨ ᠦᠭᠡᠢ ᠪᠤᠶᠤ ᠨᠢᠭᠡᠨᠲᠡ ᠣᠯᠵᠤ ᠮᠡᠳᠡᠭᠰᠡᠨ ᠪᠣᠯᠪᠠᠴᠤ ᠬᠣᠯᠪᠣᠭᠳᠠᠯ ᠪᠦᠬᠦᠢ ᠲᠣᠭᠲᠠᠭᠠᠯ᠎ᠤᠨ ᠳᠠᠭᠠᠤ ᠬᠠᠤᠯᠢ ᠶᠣᠰᠣᠭᠠᠷ ᠰᠢᠢᠳᠪᠦᠷᠢᠯᠡᠭᠰᠡᠨ ᠦᠭᠡᠢ ᠪᠠᠢᠬᠤ᠃
(ᠬᠣᠶᠠᠷ)ᠢᠯᠡᠴᠢᠯᠡᠨ ᠮᠡᠳᠡᠭᠦᠯᠦᠯᠲᠡ᠎ᠳᠤ ᠢᠯᠡᠴᠢᠯᠡᠨ ᠮᠡᠳᠡᠭᠦᠯᠬᠦ ᠡᠲᠡᠭᠡᠳ᠂ ᠨᠠᠷᠢᠨ ᠲᠣᠳᠣᠷᠬᠠᠢ ᠬᠠᠶᠢᠭ᠋᠂ ᠡᠨᠳᠡᠯ᠎ᠤᠨ ᠳᠠᠯᠳᠠ ᠭᠡᠮ ᠪᠣᠯᠣᠨ ᠬᠠᠤᠯᠢ ᠡᠴᠡ ᠵᠥᠷᠢᠴᠡᠭᠰᠡᠨ ᠪᠣᠳᠠᠲᠤ ᠬᠡᠷᠡᠭ ᠪᠤᠶᠤ ᠬᠠᠤᠯᠢ ᠡᠴᠡ ᠵᠥᠷᠢᠴᠡᠭᠰᠡᠨ ᠶᠠᠯ᠎ᠠ᠎ᠶᠢᠨ ᠰᠦᠪᠡᠭᠴᠢ᠎ᠶᠢ ᠲᠣᠳᠣᠷᠬᠠᠢ ᠲᠡᠮᠳᠡᠭᠯᠡᠭᠰᠡᠨ ᠪᠠᠢᠬᠤ᠃

ᠠᠷᠪᠠᠳᠤᠭᠠᠷ ᠵᠦᠢᠯ   ᠬᠦᠨᠳᠦ ᠶᠡᠬᠡ ᠡᠨᠳᠡᠯ᠎ᠤᠨ ᠳᠠᠯᠳᠠ ᠭᠡᠮ ᠪᠣᠯᠣᠨ ᠠᠶᠤᠯ ᠦᠭᠡᠢ ᠦᠢᠯᠡᠳᠪᠦᠷᠢᠯᠡᠯ᠎ᠤᠨ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠢᠯᠡᠴᠢᠯᠡᠨ ᠮᠡᠳᠡᠭᠦᠯᠬᠦ ᠠᠷᠭ᠎ᠠ᠄ 《12350》 ᠠᠶᠤᠯ ᠦᠭᠡᠢ ᠦᠢᠯᠡᠳᠪᠦᠷᠢᠯᠡᠯ᠎ᠤᠨ ᠢᠯᠡᠴᠢᠯᠡᠨ ᠮᠡᠳᠡᠭᠦᠯᠦᠯᠲᠡ᠎ᠶᠢᠨ ᠲᠤᠰᠬᠠᠢ ᠦᠢᠯᠡᠴᠢᠯᠡᠭᠡᠨ᠎ᠤ ᠤᠲᠠᠰᠤ᠂ ᠠᠶᠤᠯ ᠦᠭᠡᠢ ᠦᠢᠯᠡᠳᠪᠦᠷᠢᠯᠡᠯ᠎ᠤᠨ ᠢᠯᠡᠴᠢᠯᠡᠨ ᠮᠡᠳᠡᠭᠦᠯᠦᠯᠲᠡ᠎ᠶᠢᠨ ᠎ᠤᠨ ᠵᠢᠵᠢᠭ ᠫᠷᠤᠭ᠍ᠷᠡᠮ᠂ 《12345》 ᠬᠣᠲᠠ᠎ᠶᠢᠨ ᠠᠷᠠᠳ᠎ᠤᠨ ᠦᠢᠯᠡᠴᠢᠯᠡᠭᠡᠨ᠎ᠤ ᠬᠠᠯᠠᠮᠰᠢᠯ ᠤᠲᠠᠰᠤ ᠵᠢᠴᠢ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠎ᠤᠨ ᠨᠡᠢᠲᠡᠯᠡᠭᠰᠡᠨ ᠢᠯᠡᠴᠢᠯᠡᠨ ᠮᠡᠳᠡᠭᠦᠯᠦᠯᠲᠡ᠎ᠶᠢᠨ ᠤᠲᠠᠰᠤ᠂ ᠠᠯᠪᠠᠨ᠎ᠤ ᠰᠦᠯᠵᠢᠶ᠎ᠡ᠂  ᠣᠯᠠᠨ ᠨᠡᠢᠲᠡ᠎ᠶᠢᠨ ᠲᠠᠪᠴᠠᠩ᠂ ᠵᠠᠬᠢᠳᠠᠯ ᠪᠤᠶᠤ ᠠᠵᠢᠯᠯᠠᠬᠤ ᠭᠠᠵᠠᠷ᠎ᠲᠤ ᠬᠦᠷᠴᠦ ᠢᠯᠡᠴᠢᠯᠡᠨ ᠮᠡᠳᠡᠭᠦᠯᠬᠦ ᠵᠡᠷᠭᠡ ᠪᠠᠭᠲᠠᠨ᠎ᠠ᠃

ᠠᠷᠪᠠᠨ ᠨᠢᠭᠡᠳᠦᠭᠡᠷ ᠢᠯᠡᠴᠢᠯᠡᠨ ᠮᠡᠳᠡᠭᠦᠯᠦᠭᠴᠢ ᠢᠯᠡᠴᠢᠯᠡᠨ ᠮᠡᠳᠡᠭᠦᠯᠦᠯᠲᠡ᠎ᠶᠢᠨ ᠠᠭᠤᠯᠭ᠎ᠠ᠎ᠶᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠃ ᠬᠡᠷᠪᠡ ᠪᠣᠳᠠᠲᠤ ᠬᠡᠷᠡᠭ᠎ᠢ ᠬᠤᠳᠠᠯ᠎ᠢᠶᠠᠷ ᠵᠣᠬᠢᠶᠠᠬᠤ᠂ ᠭᠠᠵᠢᠭᠤᠳᠠᠭᠤᠯᠬᠤ᠂ ᠪᠤᠰᠤᠳ᠎ᠢ ᠭᠦᠳᠬᠡᠨ ᠵᠠᠭᠠᠯᠳᠤᠬᠤ ᠪᠠ ᠬᠣᠣᠷᠯᠠᠭᠰᠠᠨ ᠪᠣᠯ ᠬᠠᠤᠯᠢ ᠶᠣᠰᠣᠭᠠᠷ ᠢᠯᠡᠴᠢᠯᠡᠨ ᠮᠡᠳᠡᠭᠦᠯᠦᠭᠴᠢ ᠡᠴᠡ ᠬᠠᠷᠠᠭᠠᠯᠵᠠᠭᠰᠠᠨ ᠬᠠᠤᠯᠢ᠎ᠶᠢᠨ ᠬᠠᠷᠢᠭᠤᠴᠠᠯᠭ᠎ᠠ᠎ᠶᠢ ᠨᠡᠬᠡᠮᠵᠢᠯᠡᠨ᠎ᠡ᠃

ᠠᠷᠪᠠᠨ ᠬᠣᠶᠠᠳᠤᠭᠠᠷ ᠵᠦᠢᠯ   ᠢᠯᠡᠴᠢᠯᠡᠨ ᠮᠡᠳᠡᠭᠦᠯᠦᠭᠴᠢ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ ᠪᠤᠶᠤ ᠠᠶᠤᠯᠲᠠᠢ ᠠᠷᠭ᠎ᠠ ᠮᠠᠶᠢᠭ᠋᠎ᠢᠶᠠᠷ ᠬᠣᠯᠪᠣᠭᠳᠠᠯ ᠪᠦᠬᠦᠢ ᠭᠡᠷᠡᠴᠢ ᠪᠠᠷᠢᠮᠲᠠ᠎ᠶᠢ ᠴᠤᠭᠯᠠᠭᠤᠯᠵᠤ ᠪᠣᠯᠬᠤ ᠦᠭᠡᠢ᠃ ᠢᠯᠡᠴᠢᠯᠡᠨ ᠮᠡᠳᠡᠭᠦᠯᠦᠭᠴᠢ ᠬᠠᠤᠯᠢ ᠡᠴᠡ ᠵᠥᠷᠢᠴᠡᠨ ᠭᠡᠷᠡᠴᠢ ᠪᠠᠷᠢᠮᠲᠠ ᠴᠤᠭᠯᠠᠭᠤᠯᠤᠭᠰᠠᠨ ᠪᠠᠢᠪᠠᠯ᠂ ᠬᠠᠤᠯᠢ ᠶᠣᠰᠣᠭᠠᠷ ᠬᠠᠷᠠᠭᠠᠯᠵᠠᠭᠰᠠᠨ ᠬᠠᠤᠯᠢ᠎ᠶᠢᠨ ᠬᠠᠷᠢᠭᠤᠴᠠᠯᠭ᠎ᠠ ᠡᠭᠦᠷᠭᠡᠯᠡᠨ᠎ᠡ᠃ ᠢᠯᠡᠴᠢᠯᠡᠨ ᠮᠡᠳᠡᠭᠦᠯᠦᠭᠴᠢ ᠬᠠᠤᠯᠢ ᠡᠴᠡ ᠵᠥᠷᠢᠴᠡᠨ ᠭᠡᠷᠡᠴᠢ ᠪᠠᠷᠢᠮᠲᠠ ᠴᠤᠭᠯᠠᠭᠤᠯᠬᠤ ᠶᠠᠪᠤᠴᠠ᠎ᠳᠤ ᠬᠥᠮᠥᠨ᠎ᠤ ᠪᠡᠶ᠎ᠡ᠎ᠶᠢᠨ ᠠᠮᠤᠷ ᠲᠦᠪᠰᠢᠨ᠎ᠳᠤ ᠰᠦᠷᠳᠡᠭᠦᠯᠦᠯ ᠪᠣᠯᠤᠭᠰᠠᠨ᠂ ᠬᠥᠮᠥᠨ᠎ᠤ ᠪᠡᠶ᠎ᠡ᠎ᠶᠢ ᠭᠡᠮᠲᠦᠭᠡᠭᠰᠡᠨ ᠪᠤᠶᠤ ᠪᠤᠰᠤᠳ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠣᠭᠠᠷ ᠬᠠᠷᠠᠭᠠᠯᠵᠠᠭᠰᠠᠨ ᠬᠠᠤᠯᠢ᠎ᠶᠢᠨ ᠬᠠᠷᠢᠭᠤᠴᠠᠯᠭ᠎ᠠ ᠡᠭᠦᠷᠭᠡᠯᠡᠨ᠎ᠡ᠃

ᠠᠷᠪᠠᠨ ᠭᠤᠷᠪᠠᠳᠤᠭᠠᠷ ᠵᠦᠢᠯ   ᠳᠠᠷᠠᠭᠠᠬᠢ ᠪᠠᠢᠳᠠᠯ᠎ᠳᠤ ᠢᠯᠡᠴᠢᠯᠡᠨ ᠮᠡᠳᠡᠭᠦᠯᠦᠯᠲᠡ᠎ᠶᠢ ᠬᠦᠯᠢᠶᠡᠨ ᠠᠪᠴᠤ ᠰᠢᠢᠳᠪᠦᠷᠢᠯᠡᠬᠦ ᠦᠭᠡᠢ᠄
(ᠨᠢᠭᠡ)ᠢᠯᠡᠴᠢᠯᠡᠨ ᠮᠡᠳᠡᠭᠦᠯᠬᠦ ᠡᠲᠡᠭᠡᠳ ᠨᠢ ᠲᠣᠳᠣᠷᠬᠠᠢ ᠦᠭᠡᠢ᠂ ᠬᠠᠤᠯᠢ ᠡᠴᠡ ᠵᠥᠷᠢᠴᠡᠭᠰᠡᠨ ᠪᠣᠳᠠᠲᠤ ᠶᠠᠪᠤᠳᠠᠯ ᠦᠭᠡᠢ᠂ ᠨᠢᠭᠡᠨᠲᠡ ᠬᠦᠯᠢᠶᠡᠨ ᠠᠪᠤᠭᠰᠠᠨ ᠪᠤᠶᠤ ᠰᠢᠢᠳᠪᠦᠷᠢᠯᠡᠵᠦ ᠳᠠᠭᠤᠰᠬᠠᠭᠰᠠᠨ ᠪᠥᠭᠡᠳ ᠢᠯᠡᠴᠢᠯᠡᠨ ᠮᠡᠳᠡᠭᠦᠯᠦᠭᠴᠢ ᠨᠢ ᠰᠢᠨ᠎ᠡ ᠭᠡᠷᠡᠴᠢ ᠪᠠᠷᠢᠮᠲᠠ ᠦᠭᠡᠢ ᠪᠠᠢᠳᠠᠯ ᠳᠣᠣᠷ᠎ᠠ ᠠᠳᠠᠯᠢ ᠨᠢᠭᠡᠨ ᠬᠡᠷᠡᠭ᠎ᠢ ᠳᠠᠪᠬᠤᠷᠳᠠᠭᠤᠯᠤᠨ ᠢᠯᠡᠴᠢᠯᠡᠨ ᠮᠡᠳᠡᠭᠦᠯᠦᠭᠰᠡᠨ᠃
(ᠬᠣᠶᠠᠷ)ᠨᠢᠭᠡᠨᠲᠡ ᠴᠣᠬᠣᠯᠠᠪᠤᠷᠢᠯᠠᠵᠤ ᠳᠠᠭᠤᠰᠬᠠᠭᠰᠠᠨ ᠦᠢᠯᠡᠳᠪᠦᠷᠢᠯᠡᠯ᠎ᠤᠨ ᠠᠶᠤᠯᠭᠦᠢ᠎ᠶᠢᠨ ᠡᠨᠳᠡᠯ᠎ᠢ ᠳᠠᠬᠢᠨ ᠢᠯᠡᠴᠢᠯᠡᠨ ᠮᠡᠳᠡᠭᠦᠯᠦᠭᠰᠡᠨ᠃
(ᠭᠤᠷᠪᠠ)ᠢᠯᠡᠴᠢᠯᠡᠨ ᠮᠡᠳᠡᠭᠦᠯᠦᠭᠴᠢ ᠢᠯᠡᠴᠢᠯᠡᠨ ᠮᠡᠳᠡᠭᠦᠯᠬᠦ ᠠᠷᠭ᠎ᠠ ᠮᠠᠶᠢᠭ᠋᠎ᠢᠶᠠᠷ ᠳᠠᠮᠵᠢᠭᠤᠯᠤᠨ ᠠᠰᠠᠭᠤᠨ ᠯᠠᠪᠯᠠᠬᠤ᠂ ᠵᠠᠬᠢᠳᠠᠯ ᠰᠣᠷᠪᠤᠯᠵᠢᠯᠠᠭ᠎ᠠ᠂ ᠵᠠᠰᠠᠭ᠎ᠤᠨ ᠣᠷᠳᠣᠨ᠎ᠤ ᠢᠯᠡ ᠵᠠᠰᠠᠭ᠂ ᠵᠠᠰᠠᠭ ᠵᠠᠬᠢᠷᠭ᠎ᠠ ᠪᠡᠷ ᠳᠠᠬᠢᠨ ᠵᠥᠪᠯᠡᠬᠦ᠂ ᠢᠯᠡᠴᠢᠯᠡᠨ ᠵᠠᠭᠠᠯᠳᠤᠬᠤ ᠵᠡᠷᠭᠡ ᠪᠤᠰᠤᠳ ᠤᠴᠢᠷ ᠶᠠᠪᠤᠳᠠᠯ᠎ᠢ ᠳᠤᠷᠠᠳᠤᠭᠰᠠᠨ ᠪᠤᠶᠤ ᠢᠯᠡᠴᠢᠯᠡᠨ ᠮᠡᠳᠡᠭᠦᠯᠬᠦ ᠶᠠᠪᠤᠴᠠ᠎ᠳᠤ ᠳᠡᠭᠡᠷ᠎ᠡ ᠳᠤᠷᠠᠳᠤᠭᠰᠠᠨ ᠤᠴᠢᠷ ᠶᠠᠪᠤᠳᠠᠯ ᠠᠭᠤᠯᠤᠭᠳᠠᠵᠤ ᠪᠠᠢᠬᠤ᠃
(ᠳᠥᠷᠪᠡ)ᠢᠯᠡᠴᠢᠯᠡᠨ ᠮᠡᠳᠡᠭᠦᠯᠦᠭᠰᠡᠨ ᠬᠦᠨᠳᠦ ᠶᠡᠬᠡ ᠡᠨᠳᠡᠯ᠎ᠤᠨ ᠳᠠᠯᠳᠠ ᠭᠡᠮ ᠪᠣᠯᠣᠨ ᠠᠶᠤᠯ ᠦᠭᠡᠢ ᠦᠢᠯᠡᠳᠪᠦᠷᠢᠯᠡᠯ᠎ᠤᠨ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠶᠠᠭ ᠰᠢᠢᠳᠪᠦᠷᠢᠯᠡᠵᠦ ᠪᠠᠢᠭ᠎ᠠ ᠪᠤᠶᠤ ᠨᠢᠭᠡᠨᠲᠡ ᠬᠡᠷᠡᠭ ᠪᠣᠯᠭᠠᠨ ᠳᠠᠩᠰᠠᠯᠠᠭᠤᠯᠤᠭᠠᠳ ᠪᠠᠢᠴᠠᠭᠠᠨ ᠰᠢᠢᠳᠪᠦᠷᠢᠯᠡᠵᠦ ᠪᠠᠢᠭ᠎ᠠ᠃
(ᠲᠠᠪᠤ)ᠪᠤᠰᠤᠳ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ᠎ᠳᠤ ᠪᠠᠭᠲᠠᠬᠤ ᠦᠭᠡᠢ ᠢᠯᠡᠴᠢᠯᠡᠨ ᠮᠡᠳᠡᠭᠦᠯᠦᠯᠲᠡ᠃

ᠠᠷᠪᠠᠨ ᠳᠥᠷᠪᠡᠳᠦᠭᠡᠷ ᠵᠦᠢᠯ    ᠢᠯᠡᠴᠢᠯᠡᠨ ᠮᠡᠳᠡᠭᠦᠯᠦᠯᠲᠡ ᠨᠢ ᠲᠤᠰ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠶᠢᠨ ᠬᠡᠪᠴᠢᠶᠡᠨ᠎ᠳᠤ ᠬᠠᠷᠢᠶᠠᠯᠠᠭᠳᠠᠬᠤ ᠦᠭᠡᠢ ᠪᠣᠯ ᠢᠯᠡᠴᠢᠯᠡᠨ ᠮᠡᠳᠡᠭᠦᠯᠦᠯᠲᠡ᠎ᠶᠢ ᠬᠦᠯᠢᠶᠡᠨ ᠠᠪᠤᠭᠰᠠᠨ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠭᠴᠢ᠎ᠳᠤ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠪᠦᠬᠦᠢ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠬᠦ᠎ᠶᠢ ᠮᠡᠳᠡᠭᠳᠡᠬᠦ ᠬᠡᠷᠡᠭᠲᠡᠢ᠂ ᠡᠰᠡᠬᠦᠯ᠎ᠡ ᠢᠯᠡᠴᠢᠯᠡᠨ ᠮᠡᠳᠡᠭᠦᠯᠦᠭᠰᠡᠨ ᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ᠎ᠡᠭᠦᠷᠭᠡᠯᠡᠵᠦ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ ᠬᠢᠨᠠᠨ ᠪᠠᠢᠴᠠᠭᠠᠯᠭᠠᠵᠤ ᠰᠢᠢᠳᠪᠦᠷᠢᠯᠡᠭᠦᠯᠬᠦ ᠬᠡᠷᠡᠭᠲᠡᠢ᠃
        ᠭᠤᠷᠪᠠᠳᠤᠭᠠᠷ ᠪᠦᠯᠦᠭ    ᠬᠢᠨᠠᠨ ᠪᠠᠢᠴᠠᠭᠠᠯᠲᠠ

ᠠᠷᠪᠠᠨ ᠲᠠᠪᠤᠳᠤᠭᠠᠷ ᠵᠦᠢᠯ   ᠬᠦᠨᠳᠦ ᠶᠡᠬᠡ ᠡᠨᠳᠡᠯ᠎ᠤᠨ ᠳᠠᠯᠳᠠ ᠭᠡᠮ ᠪᠣᠯᠣᠨ ᠠᠶᠤᠯ ᠦᠭᠡᠢ ᠦᠢᠯᠡᠳᠪᠦᠷᠢᠯᠡᠯ᠎ᠤᠨ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢᠨ ᠢᠯᠡᠴᠢᠯᠡᠨ ᠮᠡᠳᠡᠭᠦᠯᠦᠯᠲᠡ᠎ᠶᠢ ᠬᠢᠨᠠᠨ ᠪᠠᠢᠴᠠᠭᠠᠵᠤ ᠰᠢᠢᠳᠪᠦᠷᠢᠯᠡᠨ᠂ ᠳᠣᠣᠷᠠᠬᠢ ᠲᠣᠭᠲᠠᠭᠠᠯ ᠶᠣᠰᠣᠭᠠᠷ ᠭᠦᠢᠴᠡᠳᠬᠡᠨ᠎ᠡ᠄
(ᠨᠢᠭᠡ)᠎ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ᠎ᠤ ᠣᠷᠣᠨ᠎ᠤ ᠪᠡᠨ ᠡᠭᠦᠷᠭᠡ ᠬᠠᠷᠢᠭᠤᠴᠠᠯᠭ᠎ᠠ᠎ᠶᠢᠨ ᠬᠡᠪᠴᠢᠶᠡᠨ ᠳᠣᠲᠣᠷᠠᠬᠢ ᠢᠯᠡᠴᠢᠯᠡᠨ ᠮᠡᠳᠡᠭᠦᠯᠦᠯᠲᠡ᠎ᠶᠢ ᠬᠠᠷᠢᠭᠤᠴᠠᠨ᠎ᠠ᠃ ᠴᠢᠬᠤᠯᠠ ᠲᠠᠢ ᠦᠶ᠎ᠡ᠎ᠳᠤ᠂ ᠳᠡᠭᠡᠳᠦ ᠱᠠᠲᠤᠨ᠎ᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ᠎ᠶᠢᠨ᠎ᠢᠶᠠᠨ ᠶᠣᠰᠣᠭᠠᠷ ᠢᠯᠡᠴᠢᠯᠡᠨ ᠮᠡᠳᠡᠭᠦᠯᠦᠯᠲᠡ᠎ᠶᠢ ᠰᠢᠭᠤᠳ ᠬᠢᠨᠠᠨ ᠪᠠᠢᠴᠠᠭᠠᠵᠤ ᠰᠢᠢᠳᠪᠦᠷᠢᠯᠡᠵᠦ ᠪᠣᠯᠣᠨ᠎ᠠ᠂ ᠢᠯᠡᠴᠢᠯᠡᠨ ᠮᠡᠳᠡᠭᠦᠯᠦᠯᠲᠡ᠎ᠶᠢ ᠳᠣᠣᠷᠠᠳᠤ ᠱᠠᠲᠤᠨ᠎ᠤ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠬᠤ ᠪᠤᠶᠤ ᠵᠢᠭᠠᠨ ᠲᠣᠭᠲᠠᠭᠠᠵᠤ ᠬᠢᠨᠠᠨ ᠪᠠᠢᠴᠠᠭᠠᠯᠭᠠᠵᠤ ᠪᠣᠯᠣᠨ᠎ᠠ᠃ ᠳᠡᠭᠡᠳᠦ ᠱᠠᠲᠤᠨ᠎ᠤ ᠰᠠᠯᠠᠭ᠎ᠠ ᠮᠥᠴᠢᠷ ᠨᠢ ᠳᠣᠣᠷᠠᠳᠤ ᠱᠠᠲᠤᠨ᠎ᠤ ᠰᠠᠯᠠᠭ᠎ᠠ ᠮᠥᠴᠢᠷ᠎ᠲᠤ ᠲᠤᠰᠢᠶᠠᠵᠤ ᠬᠢᠨᠠᠨ ᠪᠠᠢᠴᠠᠭᠠᠯᠭᠠᠵᠤ ᠰᠢᠢᠳᠪᠦᠷᠢᠯᠡᠭᠦᠯᠪᠡᠯ᠂ ᠮᠥᠷᠳᠡᠨ ᠬᠢᠨᠠᠨ ᠵᠢᠯᠤᠭᠣᠳᠴᠤ ᠰᠢᠮᠳᠠᠭᠤᠯᠤᠨ ᠰᠢᠢᠳᠪᠦᠷᠢᠯᠡᠭᠦᠯᠵᠦ᠂ ᠳᠣᠣᠷᠠᠳᠤ ᠱᠠᠲᠤᠨ᠎ᠤ ᠰᠠᠯᠠᠭ᠎ᠠ ᠮᠥᠴᠢᠷ ᠨᠢ ᠰᠢᠢᠳᠪᠦᠷᠢᠯᠡᠭᠰᠡᠨ ᠦᠷ᠎ᠡ ᠳ᠋ᠦᠩ᠎ᠢᠶᠠᠨ ᠬᠠᠷᠢᠭᠤᠴᠠᠬᠤ ᠬᠡᠷᠡᠭᠲᠡᠢ᠃
(ᠬᠣᠶᠠᠷ)᠎ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠶᠢᠨ ᠬᠡᠪᠴᠢᠶᠡᠨ ᠳᠣᠲᠣᠷ᠎ᠠ ᠪᠡᠨ ᠲᠤᠰ ᠰᠠᠯᠠᠭ᠎ᠠ ᠮᠥᠴᠢᠷ᠎ᠤᠨ ᠰᠢᠭᠤᠳ ᠬᠦᠯᠢᠶᠡᠨ ᠠᠪᠴᠤ ᠰᠢᠢᠳᠪᠦᠷᠢᠯᠡᠬᠦ ᠪᠤᠶᠤ ᠪᠤᠰᠤᠳ ᠰᠠᠯᠠᠭ᠎ᠠ ᠮᠥᠴᠢᠷ᠎ᠤᠨ ᠰᠢᠯᠵᠢᠭᠦᠯᠦᠨ ᠲᠤᠰᠢᠶᠠᠭᠰᠠᠨ ᠢᠯᠡᠴᠢᠯᠡᠨ ᠮᠡᠳᠡᠭᠦᠯᠦᠯᠲᠡ᠎ᠶᠢ ᠬᠠᠤᠯᠢ ᠶᠣᠰᠣᠭᠠᠷ ᠬᠢᠨᠠᠨ ᠪᠠᠢᠴᠠᠭᠠᠵᠤ ᠰᠢᠢᠳᠪᠦᠷᠢᠯᠡᠬᠦ ᠬᠡᠷᠡᠭᠲᠡᠢ᠂ ᠢᠯᠡᠴᠢᠯᠡᠨ ᠮᠡᠳᠡᠭᠦᠯᠦᠯᠲᠡ᠎ᠶᠢ ᠬᠦᠯᠢᠶᠡᠨ ᠠᠪᠴᠤ ᠰᠢᠢᠳᠪᠦᠷᠢᠯᠡᠭᠰᠡᠨ ᠡᠳᠦᠷ ᠡᠴᠡ ᠡᠬᠢᠯᠡᠨ 60 ᠡᠳᠦᠷ᠎ᠤᠨ ᠳᠣᠲᠣᠷ᠎ᠠ ᠭᠦᠢᠴᠡᠳᠬᠡᠬᠦ ᠬᠡᠷᠡᠭᠲᠡᠢ᠃ ᠪᠠᠢᠳᠠᠯ ᠨᠢ ᠪᠤᠳᠤᠯᠢᠶᠠᠨᠲᠠᠢ ᠪᠣᠯ ᠳᠡᠭᠡᠳᠦ ᠱᠠᠲᠤᠨ᠎ᠤ ᠰᠠᠯᠠᠭ᠎ᠠ ᠮᠥᠴᠢᠷ᠎ᠢᠶᠠᠷ ᠵᠥᠪᠰᠢᠶᠡᠷᠡᠭᠦᠯᠦᠭᠡᠳ ᠬᠢᠨᠠᠨ ᠪᠠᠢᠴᠠᠭᠠᠵᠤ ᠰᠢᠢᠳᠪᠦᠷᠢᠯᠡᠬᠦ ᠴᠠᠭ᠎ᠢ ᠵᠣᠬᠢᠰᠲᠠᠢ ᠤᠷᠲᠤᠳᠬᠠᠵᠤ ᠪᠣᠯᠣᠨ᠎ᠠ᠂ ᠭᠡᠬᠦ᠎ᠳᠡᠭᠡᠨ ᠤᠷᠲᠤᠳᠬᠠᠬᠤ ᠬᠤᠭᠤᠴᠠᠭ᠎ᠠ᠎ᠶᠢ 30 ᠡᠳᠦᠷ ᠡᠴᠡ ᠬᠡᠲᠦᠷᠡᠭᠦᠯᠵᠦ ᠪᠣᠯᠬᠤ ᠦᠭᠡᠢ᠃ ᠲᠤᠰ ᠰᠠᠯᠠᠭ᠎ᠠ ᠮᠥᠴᠢᠷ ᠲᠤᠰᠠᠭᠠᠷ ᠬᠢᠨᠠᠨ ᠪᠠᠢᠴᠠᠭᠠᠬᠤ᠎ᠳᠤ ᠦᠨᠡᠨᠬᠦ ᠬᠦᠴᠢᠷᠲᠡᠢ ᠪᠣᠯ᠂ ᠲᠤᠰ ᠱᠠᠲᠤᠨ᠎ᠤ ᠠᠶᠤᠯ ᠦᠭᠡᠢ ᠦᠢᠯᠡᠳᠪᠦᠷᠢᠯᠡᠯ᠎ᠤᠨ ᠵᠥᠪᠯᠡᠯ᠎ᠤᠨ ᠠᠯᠪᠠᠨ ᠭᠡᠷ᠎ᠲᠤ ᠮᠡᠳᠡᠭᠦᠯᠦᠨ ᠬᠠᠮᠲᠤᠷᠠᠨ ᠬᠢᠨᠠᠨ ᠪᠠᠢᠴᠠᠭᠠᠬᠤ ᠳᠤᠭᠤᠢᠯᠠᠩ ᠪᠠᠢᠭᠤᠯᠵᠤ ᠬᠢᠨᠠᠨ ᠪᠠᠢᠴᠠᠭᠠᠵᠤ ᠰᠢᠢᠳᠪᠦᠷᠢᠯᠡᠬᠦ ᠬᠡᠷᠡᠭᠲᠡᠢ᠃
(ᠭᠤᠷᠪᠠ) ᠢᠯᠡᠴᠢᠯᠡᠨ ᠮᠡᠳᠡᠭᠦᠯᠦᠯᠲᠡ ᠨᠢ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠪᠦᠬᠦᠢ ᠬᠣᠶᠠᠷ ᠪᠤᠶᠤ ᠬᠣᠶᠠᠷ ᠡᠴᠡ ᠳᠡᠭᠡᠭᠰᠢ ᠰᠠᠯᠠᠭ᠎ᠠ ᠮᠥᠴᠢᠷ᠎ᠲᠤ ᠬᠣᠯᠪᠣᠭᠳᠠᠭᠰᠠᠨ ᠪᠠᠢᠪᠠᠯ᠂ ᠡᠯ᠎ᠡ ᠰᠠᠯᠠᠭ᠎ᠠ ᠮᠥᠴᠢᠷ ᠨᠢ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠪᠡᠨ ᠦᠨᠳᠦᠰᠦᠯᠡᠨ ᠲᠤᠰ ᠲᠤᠰ ᠬᠢᠨᠠᠨ ᠪᠠᠢᠴᠠᠭᠠᠵᠤ ᠰᠢᠢᠳᠪᠦᠷᠢᠯᠡᠬᠦ᠎ᠶᠢᠨ ᠬᠠᠮᠲᠤ ᠵᠣᠬᠢᠬᠤ ᠠᠷᠭ᠎ᠠ ᠮᠠᠶᠢᠭ᠋᠎ᠢᠶᠠᠷ ᠢᠯᠡᠴᠢᠯᠡᠨ ᠮᠡᠳᠡᠭᠦᠯᠦᠭᠴᠢ᠎ᠳᠤ ᠲᠤᠰ ᠲᠤᠰ ᠴᠠᠭ ᠲᠤᠬᠠᠢ ᠳ᠋ᠤᠨᠢ ᠬᠠᠷᠢᠭᠤᠯᠲᠠ ᠥᠭᠬᠦ ᠬᠡᠷᠡᠭᠲᠡᠢ᠃

ᠠᠷᠪᠠᠨ ᠵᠢᠷᠭᠤᠳᠤᠭᠠᠷ ᠵᠦᠢᠯ   ᠢᠯᠡᠴᠢᠯᠡᠨ ᠮᠡᠳᠡᠭᠦᠯᠦᠯᠲᠡ᠎ᠶᠢ ᠬᠢᠨᠠᠨ ᠪᠠᠢᠴᠠᠭᠠᠵᠤ ᠳᠠᠭᠤᠰᠬᠠᠭᠰᠠᠨ᠎ᠤ ᠳᠠᠷᠠᠭ᠎ᠠ ᠬᠢᠨᠠᠨ ᠪᠠᠢᠴᠠᠭᠠᠭᠰᠠᠨ ᠮᠡᠳᠡᠭᠦᠯᠦᠯᠲᠡ ᠭᠠᠷᠭᠠᠵᠤ᠂ ᠢᠯᠡᠴᠢᠯᠡᠨ ᠮᠡᠳᠡᠭᠦᠯᠦᠯᠲᠡ᠎ᠶᠢᠨ ᠦᠨᠡᠨ ᠪᠣᠳᠠᠲᠠᠢ ᠡᠰᠡᠬᠦ᠂ ᠳᠠᠯᠳᠠ ᠭᠡᠮ᠎ᠢ ᠰᠢᠢᠳᠪᠦᠷᠢᠯᠡᠭᠰᠡᠨ ᠡᠰᠡᠬᠦ᠂ ᠬᠠᠤᠯᠢ ᠲᠣᠭᠲᠠᠭᠠᠯ ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠰᠢᠳᠬᠡᠭᠰᠡᠨ ᠡᠰᠡᠬᠦ ᠵᠢᠴᠢ ᠬᠢᠨᠠᠨ ᠪᠠᠢᠴᠠᠭᠠᠭᠰᠠᠨ ᠦᠷ᠎ᠡ ᠳ᠋ᠦᠩ᠎ᠤᠨ ᠬᠠᠷᠢᠭᠤ ᠲᠤᠰᠬᠠᠭᠰᠠᠨ ᠪᠠᠢᠳᠠᠯ ᠵᠡᠷᠭᠡ᠎ᠶᠢ ᠲᠤᠰᠢᠶᠠᠬᠤ᠎ᠶᠢᠨ ᠬᠠᠮᠲᠤ ᠬᠣᠯᠪᠣᠭᠳᠠᠯ ᠪᠦᠬᠦᠢ ᠭᠡᠷᠡᠴᠢ ᠪᠠᠷᠢᠮᠲᠠ᠎ᠶᠢᠨ ᠢ ᠳᠠᠭᠠᠯᠳᠤᠭᠤᠯᠬᠤ ᠬᠡᠷᠡᠭᠲᠡᠢ᠃
ᠬᠢᠨᠠᠨ ᠪᠠᠢᠴᠠᠭᠠᠯᠲᠠ᠎ᠶᠢᠨ ᠳ᠋ᠦᠩ ᠨᠢ ᠦᠨᠡᠨ ᠪᠣᠳᠠᠲᠠᠢ ᠬᠦᠨᠳᠦ ᠶᠡᠬᠡ ᠡᠨᠳᠡᠯ᠎ᠤᠨ ᠳᠠᠯᠳᠠ ᠭᠡᠮ᠎ᠢ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠨᠢ ᠬᠠᠤᠯᠢ ᠶᠣᠰᠣᠭᠠᠷ ᠵᠠᠷᠯᠢᠭ᠍ᠳᠠᠵᠤ ᠪᠠᠢᠭᠠᠳ ᠴᠡᠭᠴᠡᠯᠡᠨ ᠰᠠᠢᠵᠢᠷᠠᠭᠤᠯᠬᠤ᠎ᠶᠢᠨ ᠬᠠᠮᠲᠤ ᠪᠠᠢᠳᠠᠯ᠎ᠢ ᠨᠢ ᠦᠵᠡᠵᠦ ᠵᠣᠬᠢᠰᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠬᠢᠨᠠᠨ ᠪᠠᠢᠴᠠᠭᠠᠯᠲᠠ᠎ᠶᠢᠨ ᠳ᠋ᠦᠩ ᠨᠢ ᠦᠨᠡᠨ ᠪᠣᠳᠠᠲᠠᠢ ᠠᠶᠤᠯ ᠦᠭᠡᠢ ᠦᠢᠯᠡᠳᠪᠦᠷᠢᠯᠡᠯ᠎ᠤᠨ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠬᠠᠤᠯᠢ ᠶᠣᠰᠣᠭᠠᠷ ᠲᠤᠬᠠᠢ᠎ᠶᠢᠨ ᠭᠠᠵᠠᠷ᠎ᠲᠤ ᠨᠢ ᠵᠠᠯᠠᠷᠠᠭᠤᠯᠬᠤ ᠪᠤᠶᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ᠎ᠪᠡᠷ ᠱᠠᠭᠠᠷᠳᠠᠵᠤ᠂ ᠵᠠᠰᠠᠭ ᠵᠠᠬᠢᠷᠭᠠᠨ᠎ᠤ ᠰᠢᠳᠬᠡᠯ ᠥᠭᠬᠦ ᠬᠡᠷᠡᠭᠲᠡᠢ ᠪᠣᠯ ᠬᠠᠤᠯᠢ ᠶᠣᠰᠣᠭᠠᠷ ᠵᠠᠰᠠᠭ ᠵᠠᠬᠢᠷᠭᠠᠨ᠎ᠤ ᠰᠢᠳᠬᠡᠯ ᠲᠣᠷᠭᠠᠭᠤᠯᠢ ᠥᠭᠬᠦ ᠬᠡᠷᠡᠭᠲᠡᠢ᠃ ᠶᠠᠯ᠎ᠠ ᠬᠢᠭᠰᠡᠨ᠎ᠢᠶᠠᠷ ᠰᠡᠵᠢᠭᠯᠡᠭᠳᠡᠭᠰᠡᠨ ᠪᠣᠯ᠂ ᠬᠠᠤᠯᠢ ᠶᠣᠰᠣᠭᠠᠷ ᠴᠠᠭ ᠲᠤᠬᠠᠢ᠎ᠳᠤ ᠨᠢ ᠬᠠᠤᠯᠢ ᠴᠠᠭᠠᠵᠠ᠎ᠶᠢᠨ ᠪᠠᠢᠭᠤᠯᠭ᠎ᠠ᠎ᠳᠤ ᠰᠢᠯᠵᠢᠭᠦᠯᠦᠨ ᠬᠦᠷᠭᠡᠬᠦ ᠬᠡᠷᠡᠭᠲᠡᠢ᠃ ᠬᠢᠨᠠᠨ ᠪᠠᠢᠴᠠᠭᠠᠯᠲᠠ᠎ᠶᠢᠨ ᠳ᠋ᠦᠩ ᠨᠢ ᠦᠨᠡᠨ ᠪᠣᠳᠠᠲᠠᠢ ᠦᠢᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠢ ᠮᠡᠳᠡᠭᠦᠯᠦᠭᠰᠡᠨ ᠦᠭᠡᠢ ᠪᠤᠶᠤ ᠬᠤᠳᠠᠯ᠎ᠢᠶᠠᠷ ᠮᠡᠳᠡᠭᠦᠯᠦᠭᠰᠡᠨ ᠦᠢᠯᠡ ᠠᠵᠢᠯᠯᠠᠭ᠎ᠠ᠎ᠶᠢ ᠡᠨᠳᠡᠯ᠎ᠤᠨ ᠵᠡᠷᠭᠡ ᠳᠡᠰ᠎ᠢ ᠦᠨᠳᠦᠰᠦᠯᠡᠨ ᠬᠠᠷᠢᠶᠠᠯᠠᠭᠳᠠᠬᠤ ᠭᠠᠵᠠᠷ᠎ᠤᠨ ᠰᠢᠶᠠᠨ᠎ᠤ ᠱᠠᠲᠤᠨ ᠡᠴᠡ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠪᠤᠶᠤ ᠬᠠᠤᠯᠢ ᠴᠠᠭᠠᠵᠠ ᠬᠠᠤᠯᠢ ᠲᠣᠭᠲᠠᠭᠠᠯ᠎ᠳᠤ ᠲᠣᠳᠣᠷᠬᠠᠢ ᠵᠢᠭᠠᠭᠰᠠᠨ ᠲᠤᠰᠬᠠᠢ ᠪᠠᠢᠭᠤᠯᠤᠮᠵᠢ᠎ᠳᠤ ᠳᠡᠪᠰᠢᠭᠦᠯᠵᠦ ᠪᠠᠢᠴᠠᠭᠠᠨ ᠰᠢᠢᠳᠪᠦᠷᠢᠯᠡᠭᠦᠯᠬᠦ ᠬᠡᠷᠡᠭᠲᠡᠢ᠃

ᠠᠷᠪᠠᠨ ᠳᠣᠯᠣᠳᠤᠭᠠᠷ ᠵᠦᠢᠯ   ᠢᠯᠡᠴᠢᠯᠡᠨ ᠮᠡᠳᠡᠭᠦᠯᠦᠯᠲᠡ᠎ᠶᠢ ᠬᠢᠨᠠᠨ ᠪᠠᠢᠴᠠᠭᠠᠵᠤ ᠰᠢᠢᠳᠪᠦᠷᠢᠯᠡᠬᠦ᠎ᠶᠢ ᠬᠠᠷᠢᠭᠤᠴᠠᠵᠤ ᠪᠠᠢᠭ᠎ᠠ ᠰᠠᠯᠠᠭ᠎ᠠ ᠮᠥᠴᠢᠷ ᠨᠢ ᠵᠣᠬᠢᠬᠤ ᠠᠷᠭ᠎ᠠ ᠮᠠᠶᠢᠭ᠋᠎ᠢᠶᠠᠷ ᠢᠯᠡᠴᠢᠯᠡᠨ ᠮᠡᠳᠡᠭᠦᠯᠦᠭᠴᠢ᠎ᠳᠤ ᠬᠢᠨᠠᠨ ᠪᠠᠢᠴᠠᠭᠠᠭᠰᠠᠨ ᠦᠷ᠎ᠡ ᠳ᠋ᠦᠩ᠎ᠢᠶᠠᠨ ᠬᠠᠷᠢᠭᠤ ᠲᠤᠰᠬᠠᠵᠤ᠂ ᠠᠭᠤᠯᠭ᠎ᠠ᠎ᠳᠤ ᠨᠢ ᠬᠢᠨᠠᠨ ᠪᠠᠢᠴᠠᠭᠠᠭᠰᠠᠨ ᠪᠠᠢᠳᠠᠯ᠂ ᠰᠢᠢᠳᠪᠦᠷᠢᠯᠡᠭᠰᠡᠨ ᠲᠣᠭᠲᠠᠭᠠᠯ ᠪᠠ ᠱᠠᠩᠨᠠᠨ ᠬᠥᠬᠢᠭᠦᠯᠬᠦ ᠨᠥᠬᠥᠴᠡᠯ᠎ᠳᠤ ᠨᠡᠢᠴᠡᠬᠦ ᠪᠠᠢᠳᠠᠯ ᠵᠡᠷᠭᠡ᠎ᠶᠢ ᠪᠠᠭᠲᠠᠭᠠᠭᠰᠠᠨ ᠪᠠᠢᠬᠤ ᠬᠡᠷᠡᠭᠲᠡᠢ᠃
ᠢᠯᠡᠴᠢᠯᠡᠨ ᠮᠡᠳᠡᠭᠦᠯᠦᠭᠴᠢ ᠠᠳᠠᠯᠢ ᠲᠥᠷᠥᠯ᠎ᠤᠨ ᠬᠡᠷᠡᠭ᠎ᠢ ᠣᠯᠠᠨ ᠤᠳᠠᠭ᠎ᠠ ᠢᠯᠡᠴᠢᠯᠡᠨ ᠮᠡᠳᠡᠭᠦᠯᠦᠭᠰᠡᠨ ᠪᠤᠶᠤ ᠣᠯᠠᠨ ᠢᠯᠡᠴᠢᠯᠡᠨ ᠮᠡᠳᠡᠭᠦᠯᠦᠭᠴᠢ ᠠᠳᠠᠯᠢ ᠲᠥᠷᠥᠯ᠎ᠤᠨ ᠬᠡᠷᠡᠭ᠎ᠢ ᠢᠯᠡᠴᠢᠯᠡᠨ ᠮᠡᠳᠡᠭᠦᠯᠦᠭᠰᠡᠨ ᠪᠣᠯ᠂ ᠨᠡᠢᠯᠡᠭᠦᠯᠦᠨ ᠰᠢᠢᠳᠪᠦᠷᠢᠯᠡᠵᠦ᠂ ᠬᠠᠷᠢᠭᠤᠯᠲᠠ ᠥᠭᠴᠦ ᠪᠣᠯᠣᠨ᠎ᠠ᠃ ᠢᠯᠡᠴᠢᠯᠡᠨ ᠮᠡᠳᠡᠭᠦᠯᠦᠭᠴᠢ ᠬᠠᠷᠢᠭᠤᠯᠲᠠ ᠥᠭᠬᠦ ᠡᠴᠡ ᠡᠮᠦᠨ᠎ᠡ   ᠡᠴᠡ᠎ᠪᠡᠨ ᠢᠯᠡᠴᠢᠯᠡᠨ ᠮᠡᠳᠡᠭᠦᠯᠦᠯᠲᠡ᠎ᠪᠡᠨ ᠪᠤᠴᠠᠭᠠᠭᠰᠠᠨ ᠪᠣᠯ ᠬᠠᠷᠢᠭᠤᠯᠲᠠ ᠥᠭᠬᠦ ᠦᠭᠡᠢ᠃ ᠢᠯᠡᠴᠢᠯᠡᠨ ᠮᠡᠳᠡᠭᠦᠯᠦᠭᠴᠢ ᠨᠢ ᠬᠢᠨᠠᠨ ᠪᠠᠢᠴᠠᠭᠠᠭᠰᠠᠨ ᠳ᠋ᠦᠩ᠎ᠳᠤ ᠰᠠᠨᠠᠯ ᠲᠠᠢ ᠪᠣᠯ᠂ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠬᠢᠨ ᠪᠠᠢᠴᠠᠭᠠᠬᠤ ᠬᠡᠷᠡᠭᠲᠡᠢ᠃
        ᠳᠥᠷᠪᠡᠳᠦᠭᠡᠷ ᠪᠦᠯᠦᠭ  ᠱᠠᠩᠨᠠᠨ ᠬᠥᠬᠢᠭᠦᠯᠬᠦ

ᠠᠷᠪᠠᠨ ᠨᠠᠢ᠍ᠮᠠᠳᠤᠭᠠᠷ ᠵᠦᠢᠯ  ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠎ᠢᠶᠠᠷ ᠳᠠᠮᠵᠢᠨ ᠬᠦᠨᠳᠦ ᠶᠡᠬᠡ ᠡᠨᠳᠡᠯ᠎ᠤᠨ ᠳᠠᠯᠳᠠ ᠭᠡᠮ ᠪᠣᠯᠣᠨ ᠠᠶᠤᠯ ᠦᠭᠡᠢ ᠦᠢᠯᠡᠳᠪᠦᠷᠢᠯᠡᠯ᠎ᠤᠨ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ ᠨᠢ ᠦᠨᠡᠨ ᠪᠣᠳᠠᠲᠠᠢ ᠪᠣᠯᠬᠤ᠎ᠶᠢ ᠲᠣᠳᠣᠯᠠᠭᠰᠠᠨ ᠪᠣᠯ᠂ ᠭᠠᠪᠢᠶ᠎ᠠ ᠵᠢᠳᠬᠦᠯ ᠦᠵᠡᠭᠦᠯᠦᠭᠰᠡᠨ ᠢᠯᠡᠴᠢᠯᠡᠨ ᠮᠡᠳᠡᠭᠦᠯᠦᠭᠴᠢ᠎ᠶᠢ ᠱᠠᠩᠨᠠᠨ ᠬᠥᠬᠢᠭᠦᠯᠬᠦ ᠬᠡᠷᠡᠭᠲᠡᠢ᠃

ᠠᠷᠪᠠ ᠶᠢᠰᠦᠳᠦᠭᠡᠷ ᠵᠦᠢᠯ   ᠢᠯᠡᠴᠢᠯᠡᠨ ᠮᠡᠳᠡᠭᠦᠯᠦᠯᠲᠡ᠎ᠶᠢᠨ ᠱᠠᠩᠨᠠᠯ ᠬᠥᠬᠢᠭᠦᠯᠦᠯ᠎ᠢ ᠣᠯᠭᠣᠬᠤ᠎ᠳᠤ ᠳᠣᠣᠷᠠᠬᠢ ᠳᠦᠷᠢᠮ᠎ᠢ ᠵᠢᠷᠤᠮᠯᠠᠬᠤ ᠬᠡᠷᠡᠭᠲᠡᠢ᠄
(ᠨᠢᠭᠡ )ᠣᠯᠠᠨ ᠬᠥᠮᠥᠨ ᠣᠯᠠᠨ ᠤᠳᠠᠭ᠎ᠠ ᠠᠳᠠᠯᠢ ᠨᠢᠭᠡᠨ ᠬᠡᠷᠡᠭ᠎ᠢ ᠢᠯᠡᠴᠢᠯᠡᠨ ᠮᠡᠳᠡᠭᠦᠯᠦᠭᠰᠡᠨ ᠪᠣᠯ᠂ ᠬᠢᠨᠠᠨ ᠪᠠᠢᠴᠠᠭᠠᠭᠠᠳ ᠦᠨᠡᠨ ᠪᠣᠯᠬᠤ᠎ᠶᠢ ᠲᠣᠳᠣᠯᠠᠭᠰᠠᠨ᠎ᠤ ᠳᠠᠷᠠᠭ᠎ᠠ᠂ ᠤᠷᠢᠳᠠᠪᠠᠷ ᠢᠯᠡᠴᠢᠯᠡᠨ ᠮᠡᠳᠡᠭᠦᠯᠦᠭᠴᠢ᠎ᠶᠢ ᠱᠠᠩᠨᠠᠨ ᠬᠥᠬᠢᠭᠦᠯᠦᠨ᠎ᠡ᠃
(ᠬᠣᠶᠠᠷ )ᠣᠯᠠᠨ ᠬᠥᠮᠥᠨ ᠨᠡᠷ᠎ᠡ ᠬᠣᠯᠪᠤᠭᠠᠯᠠᠨ ᠠᠳᠠᠯᠢ ᠨᠢᠭᠡ ᠬᠡᠷᠡᠭ᠎ᠢ ᠢᠯᠡᠴᠢᠯᠡᠨ ᠮᠡᠳᠡᠭᠦᠯᠦᠭᠰᠡᠨ ᠪᠣᠯ᠂ ᠬᠢᠨᠠᠨ ᠪᠠᠢᠴᠠᠭᠠᠭᠠᠳ ᠦᠨᠡᠨ ᠪᠣᠯᠬᠤ᠎ᠶᠢ ᠲᠣᠳᠣᠯᠠᠭᠰᠠᠨ᠎ᠤ ᠳᠠᠷᠠᠭ᠎ᠠ᠂ ᠢᠯᠡᠴᠢᠯᠡᠨ ᠮᠡᠳᠡᠭᠦᠯᠦᠯᠲᠡ᠎ᠶᠢᠨ ᠨᠢᠭᠡᠳᠦᠭᠡᠷ᠎ᠲᠤ ᠨᠡᠷ᠎ᠡ ᠪᠢᠴᠢᠭᠳᠡᠭᠰᠡᠨ ᠬᠥᠮᠥᠨ ᠪᠤᠶᠤ ᠨᠢᠭᠡᠳᠦᠭᠡᠷ᠎ᠲᠤ ᠨᠡᠷ᠎ᠡ ᠪᠢᠴᠢᠭᠳᠡᠭᠰᠡᠨ ᠬᠥᠮᠥᠨ᠎ᠤ ᠪᠢᠴᠢᠭ᠎ᠢᠶᠠᠷ ᠨᠠᠢᠳᠠᠵᠤ ᠨᠡᠷ᠎ᠡ᠎ᠪᠡᠨ ᠪᠢᠴᠢᠭᠦᠯᠦᠭᠰᠡᠨ ᠬᠥᠮᠥᠨ᠎ᠢ ᠱᠠᠩᠨᠠᠨ ᠬᠥᠬᠢᠭᠦᠯᠦᠨ᠎ᠡ᠃
(ᠭᠤᠷᠪᠠ )᠎ᠠᠳᠠᠯᠢ ᠨᠢᠭᠡ ᠢᠯᠡᠴᠢᠯᠡᠨ ᠮᠡᠳᠡᠭᠦᠯᠦᠭᠴᠢ᠎ᠶᠢᠨ ᠠᠳᠠᠯᠢ ᠨᠢᠭᠡ ᠢᠯᠡᠴᠢᠯᠡᠨ ᠮᠡᠳᠡᠭᠦᠯᠦᠯᠲᠡ᠎ᠶᠢ ᠬᠢᠨᠠᠨ ᠪᠠᠢᠴᠠᠭᠠᠭᠠᠳ ᠦᠨᠡᠨ ᠪᠣᠯᠬᠤ᠎ᠶᠢ ᠲᠣᠳᠣᠯᠠᠭᠰᠠᠨ ᠪᠣᠯ ᠳᠠᠪᠲᠠᠨ ᠱᠠᠩᠨᠠᠬᠤ ᠦᠭᠡᠢ᠃ ᠠᠳᠠᠯᠢ ᠨᠢᠭᠡ ᠢᠯᠡᠴᠢᠯᠡᠨ ᠮᠡᠳᠡᠭᠦᠯᠦᠭᠴᠢ᠎ᠶᠢᠨ ᠳᠤᠷᠠᠳᠤᠭᠰᠠᠨ ᠬᠣᠶᠠᠷ ᠪᠤᠶᠤ ᠬᠣᠶᠠᠷ ᠡᠴᠡ ᠳᠡᠭᠡᠭᠰᠢ ᠬᠠᠷᠢᠯᠴᠠᠨ ᠬᠤᠯᠪᠤᠭ᠎ᠠ ᠲᠠᠢ ᠢᠯᠡᠴᠢᠯᠡᠨ ᠮᠡᠳᠡᠭᠦᠯᠦᠯᠲᠡ᠎ᠶᠢ ᠬᠢᠨᠠᠨ ᠪᠠᠢᠴᠠᠭᠠᠭᠠᠳ ᠦᠨᠡᠨ ᠪᠤᠯᠬᠤ᠎ᠶᠢ ᠲᠣᠳᠣᠯᠠᠭᠰᠠᠨ᠎ᠤ ᠳᠠᠷᠠᠭ᠎ᠠ᠂ ᠠᠳᠠᠯᠢ ᠠᠭᠤᠯᠭ᠎ᠠ᠎ᠶᠢᠨ ᠬᠡᠰᠡᠭ᠎ᠢ ᠳᠠᠪᠲᠠᠨ ᠱᠠᠩᠨᠠᠬᠤ ᠦᠭᠡᠢ᠃
(ᠳᠥᠷᠪᠡ )ᠢᠯᠡᠴᠢᠯᠡᠨ ᠮᠡᠳᠡᠭᠦᠯᠦᠭᠴᠢ ᠠᠳᠠᠯᠢ ᠨᠢᠭᠡᠨ ᠬᠡᠷᠡᠭ᠎ᠢ ᠣᠯᠠᠨ ᠰᠠᠯᠠᠭ᠎ᠠ ᠮᠥᠴᠢᠷ᠎ᠲᠤ ᠲᠤᠰ ᠲᠤᠰ ᠢᠯᠡᠴᠢᠯᠡᠨ ᠮᠡᠳᠡᠭᠦᠯᠦᠭᠰᠡᠨ ᠪᠠᠢᠪᠠᠯ᠂ ᠢᠯᠡᠴᠢᠯᠡᠨ ᠮᠡᠳᠡᠭᠦᠯᠦᠯᠲᠡ᠎ᠶᠢ ᠬᠦᠯᠢᠶᠡᠨ ᠠᠪᠴᠤ᠂ ᠬᠢᠨᠠᠨ ᠪᠠᠢᠴᠠᠭᠠᠬᠤ ᠠᠵᠢᠯ ᠥᠷᠨᠢᠭᠦᠯᠦᠭᠰᠡᠨ ᠰᠠᠯᠠᠭ᠎ᠠ ᠮᠥᠴᠢᠷ ᠡᠴᠡ ᠱᠠᠩᠨᠠᠨ ᠬᠥᠬᠢᠭᠦᠯᠦᠨ᠎ᠡ᠃
(ᠲᠠᠪᠤ )ᠢᠯᠡᠴᠢᠯᠡᠨ ᠮᠡᠳᠡᠭᠦᠯᠦᠯᠲᠡ ᠨᠢ ᠣᠯᠠᠨ ᠰᠠᠯᠠᠭ᠎ᠠ ᠮᠥᠴᠢᠷ᠎ᠲᠤ ᠬᠣᠯᠪᠣᠭᠳᠠᠭᠰᠠᠨ ᠪᠠᠢᠪᠠᠯ᠂ ᠬᠢᠨᠠᠨ ᠪᠠᠢᠴᠠᠭᠠᠭᠠᠳ ᠦᠨᠡᠨ ᠪᠣᠯᠬᠤ᠎ᠶᠢ ᠲᠣᠳᠣᠯᠠᠭᠰᠠᠨ ᠬᠡᠰᠡᠭ᠎ᠢ ᠡᠯ᠎ᠡ ᠰᠠᠯᠠᠭ᠎ᠠ ᠮᠥᠴᠢᠷ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠶᠢᠨ ᠬᠡᠪᠴᠢᠶᠡᠨ ᠳᠣᠲᠣᠷᠠᠬᠢ ᠠᠭᠤᠯᠭ᠎ᠠ᠎ᠪᠡᠷ ᠲᠤᠰ ᠲᠤᠰ ᠱᠠᠩᠨᠠᠨ ᠬᠥᠬᠢᠭᠦᠯᠦᠨ᠎ᠡ᠃
(ᠵᠢᠷᠭᠤᠭ᠎ᠠ )ᠢᠯᠡᠴᠢᠯᠡᠨ ᠮᠡᠳᠡᠭᠦᠯᠦᠯᠲᠡ᠎ᠶᠢ ᠬᠢᠨᠠᠨ ᠪᠠᠢᠴᠠᠭᠠᠭᠠᠳ ᠦᠨᠡᠨ ᠪᠣᠳᠠᠲᠠᠢ ᠪᠢᠰᠢ ᠪᠠᠢᠪᠠᠯ ᠱᠠᠩᠨᠠᠨ ᠬᠥᠬᠢᠭᠦᠯᠬᠦ ᠦᠭᠡᠢ᠃ ᠵᠠᠷᠢᠮ ᠬᠡᠰᠡᠭ ᠨᠢ ᠦᠨᠡᠨ ᠪᠣᠳᠠᠲᠠᠢ ᠪᠣᠯ ᠵᠥᠪᠬᠡᠨ ᠬᠢᠨᠠᠨ ᠪᠠᠢᠴᠠᠭᠠᠭᠰᠠᠨ ᠦᠷ᠎ᠡ ᠳ᠋ᠦᠩ ᠬᠢᠭᠡᠳ ᠢᠯᠡᠴᠢᠯᠡᠨ ᠮᠡᠳᠡᠭᠦᠯᠦᠯᠲᠡ᠎ᠶᠢᠨ ᠨᠢᠭᠡᠳᠦᠯᠲᠡᠢ ᠬᠡᠰᠡᠭ᠎ᠢ ᠱᠠᠩᠨᠠᠨ ᠬᠥᠬᠢᠭᠦᠯᠦᠨ᠎ᠡ᠃

ᠬᠣᠷᠢᠳᠤᠭᠠᠷ ᠵᠦᠢᠯ   ᠢᠯᠡᠴᠢᠯᠡᠨ ᠮᠡᠳᠡᠭᠦᠯᠦᠯᠲᠡ᠎ᠶᠢ ᠱᠠᠩᠨᠠᠨ ᠬᠥᠬᠢᠭᠦᠯᠬᠦ ᠪᠠᠷᠢᠮᠵᠢᠶ᠎ᠠ᠄
(ᠨᠢᠭᠡ )ᠬᠦᠨᠳᠦ ᠶᠡᠬᠡ ᠡᠨᠳᠡᠯ᠎ᠤᠨ ᠳᠠᠯᠳᠠ ᠭᠡᠮ ᠪᠤᠶᠤ ᠠᠶᠤᠯ ᠦᠭᠡᠢ ᠦᠢᠯᠡᠳᠪᠦᠷᠢᠯᠡᠯ᠎ᠤᠨ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢᠨ ᠢᠯᠡᠴᠢᠯᠡᠨ ᠮᠡᠳᠡᠭᠦᠯᠦᠯᠲᠡ᠎ᠶᠢ ᠱᠠᠩᠨᠠᠨ ᠬᠥᠬᠢᠭᠦᠯᠬᠦ ᠵᠣᠭᠣᠰ᠎ᠤᠨ ᠲᠣᠭ᠎ᠠ᠎ᠶᠢ ᠵᠠᠰᠠᠭ ᠵᠠᠬᠢᠷᠭᠠᠨ᠎ᠤ ᠲᠣᠷᠭᠠᠭᠤᠯᠢ᠎ᠶᠢᠨ ᠵᠣᠭᠣᠰ᠎ᠤᠨ ᠲᠣᠭ᠎ᠠ᠎ᠶᠢᠨ 15% ᠪᠠᠷ ᠪᠣᠳᠣᠵᠤ᠂ ᠬᠠᠮᠤᠭ᠎ᠤᠨ ᠪᠠᠭ᠎ᠠ᠎ᠳᠤ᠎ᠪᠡᠨ 3000 ᠲᠥᠭᠥᠷᠢᠭ ᠱᠠᠩᠨᠠᠵᠤ᠂ ᠬᠠᠮᠤᠭ᠎ᠤᠨ ᠶᠡᠬᠡ᠎ᠳᠤ᠎ᠪᠡᠨ 30 ᠲᠦᠮᠡᠨ ᠲᠥᠭᠥᠷᠢᠭ ᠡᠴᠡ ᠳᠠᠪᠠᠭᠤᠯᠬᠤ ᠦᠭᠡᠢ ᠪᠠᠢᠬᠤ ᠬᠡᠷᠡᠭᠲᠡᠢ᠃
(ᠬᠣᠶᠠᠷ )᠎ᠡᠨᠳᠡᠯ᠎ᠢ ᠮᠡᠳᠡᠭᠦᠯᠦᠭᠰᠡᠨ ᠦᠭᠡᠢ ᠪᠤᠶᠤ ᠬᠤᠳᠠᠯ᠎ᠢᠶᠠᠷ ᠮᠡᠳᠡᠭᠦᠯᠦᠭᠰᠡᠨ ᠢᠯᠡᠴᠢᠯᠡᠨ ᠮᠡᠳᠡᠭᠦᠯᠦᠯᠲᠡ᠎ᠶᠢ ᠡᠴᠦᠰ᠎ᠤᠨ ᠬᠢᠨᠠᠨ ᠲᠣᠭᠲᠠᠭᠠᠭᠰᠠᠨ ᠡᠨᠳᠡᠯ᠎ᠤᠨ ᠳᠡᠰ ᠪᠣᠯᠣᠨ ᠮᠡᠳᠡᠭᠦᠯᠦᠭᠰᠡᠨ ᠦᠭᠡᠢ ᠪᠤᠶᠤ ᠬᠤᠳᠠᠯ᠎ᠢᠶᠠᠷ ᠮᠡᠳᠡᠭᠦᠯᠦᠭᠰᠡᠨ ᠡᠨᠳᠡᠭᠰᠡᠨ ᠬᠥᠮᠥᠨ᠎ᠤ ᠲᠣᠭ᠎ᠠ᠎ᠶᠢᠨ ᠢᠯᠡᠴᠢᠯᠡᠨ ᠮᠡᠳᠡᠭᠦᠯᠦᠯᠲᠡ᠎ᠪᠡᠷ ᠱᠠᠩᠨᠠᠨ ᠬᠥᠬᠢᠭᠦᠯᠦᠨ᠎ᠡ᠃ ᠡᠭᠦᠨ᠎ᠳᠤ᠄ ᠡᠩ᠎ᠤᠨ ᠡᠨᠳᠡᠯ᠎ᠢ ᠮᠡᠳᠡᠭᠦᠯᠦᠭᠰᠡᠨ ᠦᠭᠡᠢ ᠪᠤᠶᠤ ᠬᠤᠳᠠᠯ᠎ᠢᠶᠠᠷ ᠮᠡᠳᠡᠭᠦᠯᠦᠭᠰᠡᠨ ᠬᠡᠷᠡᠭ᠎ᠢ ᠬᠢᠨᠠᠨ ᠪᠠᠢᠴᠠᠭᠠᠭᠠᠳ ᠲᠣᠳᠣᠯᠠᠬᠤ ᠪᠦᠷᠢ᠎ᠳᠤ 1 ᠬᠥᠮᠥᠨ᠎ᠢ 3 ᠲᠦᠮᠡᠨ ᠲᠥᠭᠥᠷᠢᠭ᠎ᠢᠶᠠᠷ ᠱᠠᠩᠨᠠᠨ ᠬᠥᠬᠢᠭᠦᠯᠦᠨ᠎ᠡ᠃ ᠨᠡᠯᠢᠶᠡᠳ ᠶᠡᠬᠡ ᠡᠨᠳᠡᠯ᠎ᠢ ᠮᠡᠳᠡᠭᠦᠯᠦᠭᠰᠡᠨ ᠦᠭᠡᠢ ᠪᠤᠶᠤ ᠬᠤᠳᠠᠯ᠎ᠢᠶᠠᠷ ᠮᠡᠳᠡᠭᠦᠯᠦᠭᠰᠡᠨ ᠬᠡᠷᠡᠭ᠎ᠢ ᠬᠢᠨᠠᠨ ᠪᠠᠢᠴᠠᠭᠠᠭᠠᠳ ᠲᠣᠳᠣᠯᠠᠬᠤ ᠪᠦᠷᠢ᠎ᠳᠤ 1 ᠬᠥᠮᠥᠨ᠎ᠢ 4 ᠲᠦᠮᠡᠨ ᠲᠥᠭᠥᠷᠢᠭ᠎ᠢᠶᠠᠷ ᠱᠠᠩᠨᠠᠨ ᠬᠥᠬᠢᠭᠦᠯᠦᠨ᠎ᠡ᠃ ᠬᠦᠨᠳᠦ ᠶᠡᠬᠡ ᠡᠨᠳᠡᠯ᠎ᠢ ᠮᠡᠳᠡᠭᠦᠯᠦᠭᠰᠡᠨ ᠦᠭᠡᠢ ᠪᠤᠶᠤ ᠬᠤᠳᠠᠯ᠎ᠢᠶᠠᠷ ᠮᠡᠳᠡᠭᠦᠯᠦᠭᠰᠡᠨ ᠬᠡᠷᠡᠭ᠎ᠢ ᠬᠢᠨᠠᠨ ᠪᠠᠢᠴᠠᠭᠠᠭᠠᠳ ᠲᠣᠳᠣᠯᠠᠬᠤ ᠪᠦᠷᠢ᠎ᠳᠤ 1 ᠬᠥᠮᠥᠨ᠎ᠢ 5 ᠲᠦᠮᠡᠨ ᠲᠥᠭᠥᠷᠢᠭ᠎ᠢᠶᠠᠷ ᠱᠠᠩᠨᠠᠨ ᠬᠥᠬᠢᠭᠦᠯᠦᠨ᠎ᠡ᠃ ᠣᠨᠴᠠ ᠬᠦᠨᠳᠦ ᠶᠡᠬᠡ ᠡᠨᠳᠡᠯ᠎ᠢ ᠮᠡᠳᠡᠭᠦᠯᠦᠭᠰᠡᠨ ᠦᠭᠡᠢ ᠪᠤᠶᠤ ᠬᠤᠳᠠᠯ᠎ᠢᠶᠠᠷ ᠮᠡᠳᠡᠭᠦᠯᠦᠭᠰᠡᠨ ᠬᠡᠷᠡᠭ᠎ᠢ ᠬᠢᠨᠠᠨ ᠪᠠᠢᠴᠠᠭᠠᠭᠠᠳ ᠲᠣᠳᠣᠯᠠᠬᠤ ᠪᠦᠷᠢ᠎ᠳᠤ 1 ᠬᠥᠮᠥᠨ᠎ᠢ 6 ᠲᠦᠮᠡᠨ ᠲᠥᠭᠥᠷᠢᠭ᠎ᠢᠶᠠᠷ ᠱᠠᠩᠨᠠᠨ ᠬᠥᠬᠢᠭᠦᠯᠦᠨ᠎ᠡ᠃ ᠬᠠᠮᠤᠭ᠎ᠤᠨ ᠶᠡᠬᠡ ᠱᠠᠩᠨᠠᠯ᠎ᠢ 30 ᠲᠦᠮᠡᠨ ᠲᠥᠭᠥᠷᠢᠭ ᠡᠴᠡ ᠬᠡᠲᠦᠷᠡᠭᠦᠯᠵᠦ ᠪᠣᠯᠬᠤ ᠦᠭᠡᠢ᠃

ᠬᠣᠷᠢᠨ ᠨᠢᠭᠡᠳᠦᠭᠡᠷ ᠵᠦᠢᠯ   ᠢᠯᠡᠴᠢᠯᠡᠨ ᠮᠡᠳᠡᠭᠦᠯᠦᠯᠲᠡ᠎ᠶᠢᠨ ᠱᠠᠩᠨᠠᠯ ᠬᠥᠬᠢᠭᠦᠯᠦᠯ᠎ᠤᠨ ᠪᠣᠳᠠᠲᠠᠢ ᠵᠣᠭᠣᠰ᠎ᠤᠨ ᠲᠣᠭ᠎ᠠ᠎ᠶᠢ ᠢᠯᠡᠴᠢᠯᠡᠨ ᠮᠡᠳᠡᠭᠦᠯᠦᠯᠲᠡ᠎ᠶᠢ ᠬᠢᠨᠠᠨ ᠪᠠᠢᠴᠠᠭᠠᠵᠤ ᠰᠢᠢᠳᠪᠦᠷᠢᠯᠡᠬᠦ᠎ᠶᠢ ᠬᠠᠷᠢᠭᠤᠴᠠᠵᠤ ᠪᠠᠢᠭ᠎ᠠ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ ᠪᠦᠬᠦᠢ ᠰᠠᠯᠠᠭ᠎ᠠ ᠮᠥᠴᠢᠷ ᠡᠴᠡ ᠪᠣᠳᠠᠲᠠᠢ ᠪᠠᠢᠳᠠᠯ᠎ᠢ ᠦᠨᠳᠦᠰᠦᠯᠡᠨ ᠲᠣᠭᠲᠠᠭᠠᠵᠤ᠂ ᠢᠯᠡᠴᠢᠯᠡᠨ ᠮᠡᠳᠡᠭᠦᠯᠦᠯᠲᠡ᠎ᠶᠢᠨ ᠱᠠᠩᠨᠠᠯ᠎ᠤᠨ ᠮᠥᠩᠭᠥ᠎ᠶᠢ ᠨᠢᠭᠡ ᠤᠳᠠᠭ᠎ᠠ᠎ᠳᠤ ᠪᠦᠬᠦᠨ᠎ᠢ ᠣᠯᠭᠣᠬᠤ ᠬᠡᠷᠡᠭᠲᠡᠢ᠃ ᠢᠯᠡᠴᠢᠯᠡᠨ ᠮᠡᠳᠡᠭᠦᠯᠦᠭᠴᠢ᠎ᠶᠢᠨ ᠢᠯᠡᠴᠢᠯᠡᠨ ᠮᠡᠳᠡᠭᠦᠯᠦᠯᠲᠡ᠎ᠳᠤ ᠲᠤᠰ ᠠᠷᠭ᠎ᠠ᠎ᠶᠢᠨ ᠱᠠᠩᠨᠠᠯ ᠲᠣᠬᠢᠷᠠᠬᠤ ᠦᠭᠡᠢ ᠭᠡᠵᠦ ᠦᠵᠡᠪᠡᠯ᠂ ᠢᠯᠡᠴᠢᠯᠡᠨ ᠮᠡᠳᠡᠭᠦᠯᠦᠭᠴᠢ᠎ᠳᠤ ᠱᠠᠩᠨᠠᠯ ᠣᠯᠭᠣᠬᠤ ᠦᠭᠡᠢ ᠰᠢᠯᠲᠠᠭᠠᠨ᠎ᠢ ᠮᠡᠳᠡᠭᠳᠡᠬᠦ ᠬᠡᠷᠡᠭᠲᠡᠢ᠃ ᠢᠯᠡᠴᠢᠯᠡᠨ ᠮᠡᠳᠡᠭᠦᠯᠦᠭᠴᠢ ᠱᠠᠩᠨᠠᠯ ᠬᠥᠬᠢᠭᠦᠯᠦᠯ᠎ᠤᠨ ᠵᠣᠭᠣᠰ᠎ᠤᠨ ᠲᠣᠭ᠎ᠠ᠎ᠳᠤ ᠰᠠᠨᠠᠯ ᠲᠠᠢ ᠪᠠᠢᠪᠠᠯ᠂ ᠱᠠᠩᠨᠠᠯ ᠭᠠᠷᠲᠠᠬᠤ ᠮᠡᠳᠡᠭᠳᠡᠯ᠎ᠢ ᠣᠯᠣᠭᠰᠠᠨ᠎ᠤ ᠳᠠᠷᠠᠭ᠎ᠠ 5 ᠠᠵᠢᠯᠯᠠᠬᠤ ᠡᠳᠦᠷ᠎ᠤᠨ ᠳᠣᠲᠣᠷ᠎ᠠ ᠢᠯᠡᠴᠢᠯᠡᠨ ᠮᠡᠳᠡᠭᠦᠯᠦᠯᠲᠡ᠎ᠶᠢ ᠬᠢᠨᠠᠨ ᠪᠠᠢᠴᠠᠭᠠᠭᠰᠠᠨ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠎ᠲᠤ ᠳᠠᠬᠢᠨ ᠬᠢᠨᠠᠭᠤᠯᠬᠤ ᠭᠤᠶᠤᠴᠢᠯᠠᠯ ᠭᠠᠷᠭᠠᠨ᠎ᠠ᠃ ᠬᠢᠨᠠᠨ ᠪᠠᠢᠴᠠᠭᠠᠯᠲᠠ᠎ᠶᠢ ᠬᠠᠷᠢᠭᠤᠴᠠᠵᠤ ᠪᠤᠢ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠳᠠᠬᠢᠨ ᠬᠢᠨᠠᠭᠤᠯᠬᠤ ᠭᠤᠶᠤᠴᠢᠯᠠᠯ᠎ᠢ ᠣᠯᠣᠭᠰᠠᠨ᠎ᠤ ᠳᠠᠷᠠᠭ᠎ᠠ᠂ 5 ᠠᠵᠢᠯᠯᠠᠬᠤ ᠡᠳᠦᠷ᠎ᠤᠨ ᠳᠣᠲᠣᠷ᠎ᠠ ᠳᠠᠬᠢᠨ ᠬᠢᠨᠠᠵᠤ ᠳᠠᠭᠤᠰᠬᠠᠬᠤ᠎ᠶᠢᠨ ᠬᠠᠮᠲᠤ ᠢᠯᠡᠴᠢᠯᠡᠨ ᠮᠡᠳᠡᠭᠦᠯᠦᠭᠴᠢ᠎ᠳᠤ ᠳᠠᠬᠢᠨ ᠬᠢᠨᠠᠭᠰᠠᠨ ᠦᠷ᠎ᠡ ᠳ᠋ᠦᠩ᠎ᠢᠶᠠᠨ ᠬᠠᠷᠢᠭᠤ ᠲᠤᠰᠬᠠᠬᠤ ᠬᠡᠷᠡᠭᠲᠡᠢ᠃
ᠳᠠᠬᠢᠨ ᠬᠢᠨᠠᠭᠤᠯᠬᠤ᠎ᠪᠡᠷ ᠭᠤᠶᠤᠴᠢᠯᠠᠭᠰᠠᠨ ᠢᠯᠡᠴᠢᠯᠡᠨ ᠮᠡᠳᠡᠭᠦᠯᠦᠭᠴᠢ ᠱᠠᠩᠨᠠᠯ ᠬᠥᠬᠢᠭᠦᠯᠦᠯ᠎ᠤᠨ ᠮᠥᠩᠭᠥ ᠠᠪᠬᠤ᠎ᠳᠤ ᠳᠠᠬᠢᠨ ᠬᠢᠨᠠᠭᠰᠠᠨ ᠦᠷ᠎ᠡ ᠳ᠋ᠦᠩ᠎ᠢ ᠮᠡᠳᠡᠭᠳᠡᠭᠰᠡᠨ ᠡᠳᠦᠷ ᠡᠴᠡ ᠡᠬᠢᠯᠡᠨ ᠲᠤᠰ ᠠᠷᠭ᠎ᠠ᠎ᠶᠢᠨ ᠬᠣᠷᠢᠨ ᠭᠤᠷᠪᠠᠳᠤᠭᠠᠷ ᠵᠦᠢᠯ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

ᠬᠣᠷᠢᠨ ᠬᠣᠶᠠᠳᠤᠭᠠᠷ ᠵᠦᠢᠯ   ᠳᠣᠣᠷᠠᠬᠢ ᠪᠠᠢᠳᠠᠯ᠎ᠳᠤ ᠱᠠᠩᠨᠠᠨ ᠬᠥᠬᠢᠭᠦᠯᠬᠦ ᠦᠭᠡᠢ᠄
(ᠨᠢᠭᠡ )ᠢᠯᠡᠴᠢᠯᠡᠨ ᠮᠡᠳᠡᠭᠦᠯᠦᠭᠴᠢ ᠨᠢ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠣᠨᠴᠠ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠦᠬᠦᠢ ᠬᠥᠮᠥᠰ ᠵᠢᠴᠢ ᠲᠡᠭᠦᠨ᠎ᠤ ᠲᠥᠷᠥᠯ ᠰᠠᠳᠤᠨ ᠪᠤᠶᠤ ᠲᠡᠭᠦᠨ᠎ᠤ ᠲᠠᠨᠢᠯᠴᠠᠭᠤᠯᠤᠭᠰᠠᠨ ᠬᠥᠮᠥᠨ (᠎ᠡᠯ᠎ᠡ ᠲᠥᠷᠥᠯ᠎ᠤᠨ ᠠᠶᠤᠯ ᠦᠭᠡᠢ ᠦᠢᠯᠡᠳᠪᠦᠷᠢᠯᠡᠯ᠎ᠤᠨ ᠪᠠᠢᠴᠠᠭᠠᠯᠲᠠ᠎ᠶᠢᠨ ᠶᠠᠪᠤᠴᠠ᠎ᠳᠤ ᠤᠷᠢᠭ᠍ᠰᠠᠨ ᠨᠡᠢᠭᠡᠮ᠎ᠤᠨ ᠲᠤᠰᠬᠠᠢ ᠮᠡᠷᠭᠡᠵᠢᠯᠲᠡᠨ ᠵᠢᠴᠢ ᠲᠡᠭᠦᠨ᠎ᠤ ᠲᠥᠷᠥᠯ ᠰᠠᠳᠤᠨ ᠪᠤᠶᠤ ᠲᠡᠭᠦᠨ᠎ᠤ ᠲᠠᠨᠢᠯᠴᠠᠭᠤᠯᠤᠭᠰᠠᠨ ᠬᠥᠮᠥᠨ ᠪᠠᠭᠲᠠᠨ᠎ᠠ )᠃
(᠎ᠬᠣᠶᠠᠷ )ᠨᠢᠭᠡᠨᠲᠡ ᠳᠠᠭᠤᠰᠬᠠᠭᠰᠠᠨ ᠬᠡᠷᠡᠭ᠎ᠤᠨ ᠬᠠᠤᠯᠢ᠎ᠳᠤ ᠬᠣᠯᠪᠣᠭᠳᠠᠬᠤ᠂ ᠵᠠᠷᠭᠤ᠎ᠳᠤ ᠬᠣᠯᠪᠣᠭᠳᠠᠬᠤ ᠵᠦᠢᠯᠡᠰ᠃
 (ᠭᠤᠷᠪᠠ )ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ ᠬᠠᠤᠯᠢ᠎ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠎ᠶᠢᠨ ᠶᠣᠰᠣᠭᠠᠷ ᠮᠡᠳᠡᠭᠦᠯᠬᠦ ᠶᠣᠰᠣᠲᠠᠢ ᠵᠦᠢᠯ᠎ᠤᠳ᠃
 (ᠳᠥᠷᠪᠡ )ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠎ᠳᠤ ᠨᠡᠢᠴᠡᠬᠦ ᠦᠭᠡᠢ ᠪᠤᠰᠤᠳ ᠱᠠᠩᠨᠠᠨ ᠬᠥᠬᠢᠭᠦᠯᠬᠦ ᠪᠠᠢᠳᠠᠯ᠃

ᠬᠣᠷᠢᠨ ᠭᠤᠷᠪᠠᠳᠤᠭᠠᠷ ᠵᠦᠢᠯ  ᠢᠯᠡᠴᠢᠯᠡᠨ ᠮᠡᠳᠡᠭᠦᠯᠦᠭᠴᠢ ᠱᠠᠩᠨᠠᠯ ᠭᠥᠷᠳᠡᠭᠰᠡᠨ ᠮᠡᠳᠡᠭᠳᠡᠯ᠎ᠢ ᠣᠯᠣᠭᠰᠠᠨ᠎ᠤ ᠳᠠᠷᠠᠭ᠎ᠠ᠂ 60 ᠡᠳᠦᠷ᠎ᠤᠨ ᠳᠣᠲᠣᠷ᠎ᠠ ᠲᠤᠰ ᠬᠥᠮᠥᠨ᠎ᠤ ᠬᠦᠴᠦᠨ ᠪᠦᠬᠦᠢ ᠭᠡᠷᠡᠴᠢ ᠪᠠᠷᠢᠮᠲᠠ᠎ᠪᠡᠨ ᠠᠪᠴᠤ ᠵᠢᠭᠠᠨ ᠲᠣᠭᠲᠠᠭᠠᠭᠰᠠᠨ ᠭᠠᠵᠠᠷ᠎ᠲᠤ ᠬᠦᠷᠴᠦ ᠱᠠᠩᠨᠠᠯ᠎ᠤᠨ ᠮᠥᠩᠭᠥ᠎ᠪᠡᠨ ᠠᠪᠬᠤ ᠬᠡᠷᠡᠭᠲᠡᠢ᠂ ᠲᠤᠰ ᠬᠥᠮᠥᠨ᠎ᠤ ᠪᠠᠩᠬᠢ᠎ᠶᠢᠨ ᠳᠠᠩᠰᠠᠨ᠎ᠤ ᠳ᠋ᠤᠭᠠᠷ᠎ᠲᠤ ᠳᠠᠩᠰᠠ ᠰᠢᠯᠵᠢᠭᠦᠯᠬᠦ ᠬᠡᠯᠪᠡᠷᠢ᠎ᠪᠡᠷ ᠱᠠᠩᠨᠠᠯ᠎ᠤᠨ ᠮᠥᠩᠭᠥ᠎ᠶᠢ ᠥᠭᠴᠦ ᠪᠣᠯᠣᠨ᠎ᠠ᠃ ᠬᠤᠭᠤᠴᠠᠭ᠎ᠠ ᠨᠢ ᠬᠡᠲᠦᠷᠡᠭᠰᠡᠨ ᠪᠠᠢᠲᠠᠯ᠎ᠠ ᠱᠠᠩᠨᠠᠯ᠎ᠤᠨ ᠮᠥᠩᠭᠥ ᠠᠪᠤᠭᠰᠠᠨ ᠦᠭᠡᠢ ᠪᠠᠢᠪᠠᠯ᠂ ᠱᠠᠩᠨᠠᠯ ᠬᠦᠷᠳᠡᠬᠦ ᠡᠷᠬᠡ᠎ᠪᠡᠨ ᠬᠠᠶᠠᠭᠰᠠᠨ ᠵᠢᠷ ᠪᠣᠳᠣᠨ᠎ᠠ᠃ ᠵᠦᠢ ᠵᠣᠬᠢᠰᠲᠠᠢ ᠤᠴᠢᠷ ᠰᠢᠯᠲᠠᠭᠠᠨ᠎ᠢᠶᠠᠨ ᠲᠣᠳᠣᠷᠬᠠᠢᠯᠠᠵᠤ ᠴᠢᠳᠠᠪᠠᠯ᠂ 30 ᠡᠳᠦᠷ ᠤᠷᠲᠤᠳᠬᠠᠵᠤ ᠱᠠᠩᠨᠠᠯ᠎ᠤᠨ ᠮᠥᠩᠭᠥ᠎ᠪᠡᠨ ᠠᠪᠴᠤ ᠪᠣᠯᠣᠨ᠎ᠠ᠃ ᠢᠯᠡᠴᠢᠯᠡᠨ ᠮᠡᠳᠡᠭᠦᠯᠦᠭᠴᠢ ᠰᠠᠨᠠᠭᠠᠴᠢᠯᠠᠭ᠎ᠠ᠎ᠲᠠᠢ᠎ᠪᠡᠷ ᠱᠠᠩᠨᠠᠯ᠎ᠤᠨ ᠵᠣᠭᠣᠰ᠎ᠢ ᠲᠡᠪᠴᠢᠭᠰᠡᠨ ᠪᠤᠶᠤ ᠦᠯᠡᠳᠡᠭᠡᠭᠰᠡᠨ ᠬᠠᠷᠢᠯᠴᠠᠬᠤ ᠠᠷᠭ᠎ᠠ ᠨᠢ ᠬᠦᠴᠦᠨ ᠦᠭᠡᠢ ᠪᠣᠯ ᠱᠠᠩᠨᠠᠨ ᠬᠥᠬᠢᠭᠦᠯᠬᠦ ᠠᠵᠢᠯ᠎ᠤᠨ ᠠᠯᠬᠤᠮ᠎ᠢ ᠵᠣᠭᠰᠣᠭᠠᠵᠤ᠂ ᠢᠯᠡᠴᠢᠯᠡᠨ ᠮᠡᠳᠡᠭᠦᠯᠦᠯᠲᠡ᠎ᠶᠢᠨ ᠱᠠᠩᠨᠠᠨ ᠬᠥᠬᠢᠭᠦᠯᠬᠦ ᠰᠠᠯᠠᠭ᠎ᠠ ᠮᠥᠴᠢᠷ ᠰᠠᠢᠲᠤᠷ ᠲᠡᠮᠳᠡᠭᠯᠡᠵᠦ ᠦᠯᠡᠳᠡᠭᠡᠬᠦ ᠬᠡᠷᠡᠭᠲᠡᠢ᠃

ᠬᠣᠷᠢᠨ ᠳᠥᠷᠪᠡᠳᠦᠭᠡᠷ ᠵᠦᠢᠯ  ᠢᠯᠡᠴᠢᠯᠡᠨ ᠮᠡᠳᠡᠭᠦᠯᠦᠯᠲᠡ᠎ᠶᠢᠨ ᠱᠠᠩᠨᠠᠨ ᠬᠥᠬᠢᠭᠦᠯᠦᠭᠰᠡᠨ ᠳᠠᠩᠰᠠ  ᠎ᠢ ᠱᠠᠩᠨᠠᠨ ᠬᠥᠬᠢᠭᠦᠯᠬᠦ ᠰᠠᠯᠠᠭ᠎ᠠ ᠮᠥᠴᠢᠷ ᠥᠪᠡᠷ᠎ᠢᠶᠠᠨ ᠦᠯᠡᠳᠡᠭᠡᠨ ᠬᠠᠳᠠᠭᠠᠯᠠᠵᠤ ᠪᠠᠢᠴᠠᠭᠠᠬᠤ᠎ᠳᠤ ᠪᠡᠯᠡᠳᠬᠡᠵᠦ᠂ ᠢᠯᠡᠴᠢᠯᠡᠨ ᠮᠡᠳᠡᠭᠦᠯᠦᠯᠲᠡ᠎ᠶᠢᠨ ᠱᠠᠩᠨᠠᠯ᠎ᠤᠨ ᠬᠣᠯᠪᠣᠭᠳᠠᠯ ᠪᠦᠬᠦᠢ ᠲᠣᠭ᠎ᠠ ᠪᠠᠷᠢᠮᠲᠠ᠎ᠶᠢ ᠴᠠᠭ ᠲᠤᠬᠠᠢ᠎ᠳᠤ ᠨᠢ ᠳᠡᠭᠡᠳᠦ ᠱᠠᠲᠤᠨ᠎ᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃
      ᠲᠠᠪᠤᠳᠤᠭᠠᠷ ᠪᠦᠯᠦᠭ    ᠬᠢᠨᠠᠨ ᠬᠠᠮᠢᠶᠠᠷᠤᠯᠲᠠ

ᠬᠣᠷᠢᠨ ᠲᠠᠪᠤᠳᠤᠭᠠᠷ ᠵᠦᠢᠯ   ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ᠎ᠤᠳ ᠬᠦᠨᠳᠦ ᠶᠡᠬᠡ ᠡᠨᠳᠡᠯ᠎ᠤᠨ ᠳᠠᠯᠳᠠ ᠭᠡᠮ ᠪᠣᠯᠣᠨ ᠠᠶᠤᠯ ᠦᠭᠡᠢ ᠦᠢᠯᠡᠳᠪᠦᠷᠢᠯᠡᠯ᠎ᠤᠨ ᠬᠠᠤᠯᠢ ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢᠨ ᠢᠯᠡᠴᠢᠯᠡᠨ ᠮᠡᠳᠡᠭᠦᠯᠦᠯᠲᠡ᠎ᠶᠢ ᠬᠦᠯᠢᠶᠡᠨ ᠠᠪᠬᠤ᠂ ᠬᠢᠨᠠᠨ ᠪᠠᠢᠴᠠᠭᠠᠬᠤ᠂ ᠰᠢᠢᠳᠪᠦᠷᠢᠯᠡᠬᠦ᠂ ᠵᠣᠬᠢᠴᠠᠭᠤᠯᠬᠤ᠂ ᠰᠢᠮᠳᠠᠭᠤᠯᠤᠨ ᠂ ᠰᠢᠯᠵᠢᠭᠦᠯᠦᠨ ᠬᠦᠷᠭᠡᠬᠦ᠂ ᠬᠠᠷᠢᠭᠤᠯᠲᠠ ᠥᠭᠬᠦ᠂ ᠱᠠᠩᠨᠠᠨ ᠬᠥᠬᠢᠭᠦᠯᠬᠦ᠂ ᠲᠣᠭ᠎ᠠ ᠪᠦᠷᠢᠳᠬᠡᠬᠦ ᠪᠠ ᠮᠡᠳᠡᠭᠦᠯᠬᠦ ᠵᠡᠷᠭᠡ ᠳᠦᠷᠢᠮ᠎ᠢ ᠪᠠᠢᠭᠤᠯᠤᠨ ᠪᠦᠷᠢᠨᠰᠢᠭᠦᠯᠬᠦ᠎ᠶᠢᠨ ᠬᠠᠮᠲᠤ ᠠᠶᠤᠯ ᠦᠭᠡᠢ ᠦᠢᠯᠡᠳᠪᠦᠷᠢᠯᠡᠯ᠎ᠤᠨ ᠢᠯᠡᠴᠢᠯᠡᠨ ᠮᠡᠳᠡᠭᠦᠯᠦᠯᠲᠡ᠎ᠶᠢᠨ ᠠᠷᠭ᠎ᠠ ᠵᠠᠮ᠎ᠢ ᠨᠡᠢᠭᠡᠮ᠎ᠳᠤ ᠢᠯᠡ ᠪᠣᠯᠭᠠᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ᠎ᠤᠳ ᠠᠶᠤᠯ ᠦᠭᠡᠢ ᠦᠢᠯᠡᠳᠪᠦᠷᠢᠯᠡᠯ᠎ᠤᠨ ᠬᠦᠷᠢᠶᠡᠨ᠎ᠤ ᠢᠯᠡᠴᠢᠯᠡᠨ ᠮᠡᠳᠡᠭᠦᠯᠦᠭᠰᠡᠨ᠂ ᠱᠠᠩᠨᠠᠨ ᠬᠥᠬᠢᠭᠦᠯᠦᠭᠰᠡᠨ ᠪᠠᠢᠳᠠᠯ᠎ᠢ ᠲᠣᠭᠲᠠᠮᠠᠯ ᠬᠤᠭᠤᠴᠠᠭ᠎ᠠ ᠲᠠᠢ᠎ᠪᠡᠷ ᠡᠮᠬᠢᠯᠡᠭᠦᠯᠬᠦ᠎ᠶᠢᠨ ᠬᠠᠮᠲᠤ ᠬᠣᠯᠪᠣᠭᠳᠠᠯ ᠪᠦᠬᠦᠢ ᠲᠣᠭ᠎ᠠ ᠪᠠᠷᠢᠮᠲᠠ᠎ᠶᠢ ᠠᠳᠠᠯᠢ ᠱᠠᠲᠤᠨ᠎ᠤ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠤ ᠲᠣᠭᠲᠠᠮᠠᠯ ᠬᠤᠭᠤᠴᠠᠭ᠎ᠠ ᠲᠠᠢ᠎ᠪᠡᠷ ᠬᠠᠷᠢᠭᠤ ᠲᠤᠰᠬᠠᠬᠤ ᠬᠡᠷᠡᠭᠲᠡᠢ᠃

ᠬᠣᠷᠢᠨ ᠵᠢᠷᠭᠤᠳᠤᠭᠠᠷ ᠵᠦᠢᠯ    ᠢᠯᠡᠴᠢᠯᠡᠨ ᠮᠡᠳᠡᠭᠦᠯᠵᠦ ᠰᠢᠢᠳᠪᠦᠷᠢᠯᠡᠬᠦ ᠠᠵᠢᠯ᠎ᠳᠤ ᠣᠷᠣᠯᠴᠠᠭᠰᠠᠨ ᠠᠵᠢᠯᠲᠠᠨ ᠨᠢᠭᠤᠴᠠ᠎ᠶᠢ ᠬᠠᠮᠠᠭᠠᠯᠠᠬᠤ ᠳᠦᠷᠢᠮ᠎ᠢ ᠴᠢᠩᠭ᠎ᠠ ᠵᠢᠷᠤᠮᠯᠠᠵᠤ᠂ ᠢᠯᠡᠴᠢᠯᠡᠨ ᠮᠡᠳᠡᠭᠦᠯᠦᠭᠴᠢ᠎ᠶᠢᠨ ᠬᠠᠤᠯᠢ ᠶᠣᠰᠣᠨ᠎ᠤ ᠡᠷᠬᠡ ᠠᠰᠢᠭ᠋᠎ᠢ ᠬᠠᠤᠯᠢ ᠶᠣᠰᠣᠭᠠᠷ ᠬᠠᠮᠠᠭᠠᠯᠠᠵᠤ᠂ ᠢᠯᠡᠴᠢᠯᠡᠨ ᠮᠡᠳᠡᠭᠦᠯᠦᠭᠰᠡᠨ ᠎ᠢ ᠲᠣᠬᠢᠲᠠᠢ ᠰᠠᠢᠬᠠᠨ ᠬᠠᠳᠠᠭᠠᠯᠠᠨ ᠬᠠᠮᠢᠶᠠᠷᠬᠤ ᠪᠠ ᠬᠡᠷᠡᠭᠯᠡᠬᠦ ᠬᠡᠷᠡᠭᠲᠡᠢ᠃ ᠳᠤᠷ᠎ᠠ᠎ᠪᠡᠷ᠎ᠢᠶᠠᠨ ᠬᠥᠩᠭᠡᠨ ᠬᠠᠭᠤᠳᠠᠮ᠎ᠢᠶᠠᠷ ᠬᠠᠭᠤᠯᠵᠤ᠂ ᠪᠠᠭᠤᠯᠭᠠᠨ ᠠᠪᠴᠤ᠂ ᠳᠠᠷᠤᠵᠤ ᠠᠪᠴᠤ᠂ ᠤᠰᠠᠳᠬᠠᠵᠤ ᠪᠣᠯᠬᠤ ᠦᠭᠡᠢ᠃ ᠢᠯᠡᠴᠢᠯᠡᠨ ᠮᠡᠳᠡᠭᠦᠯᠦᠭᠴᠢ᠎ᠪᠡᠷ ᠵᠥᠪᠰᠢᠶᠡᠷᠡᠭᠦᠯᠦᠭᠡᠳᠦᠢ ᠪᠣᠯ ᠢᠯᠡᠴᠢᠯᠡᠨ ᠮᠡᠳᠡᠭᠦᠯᠦᠭᠴᠢ᠎ᠶᠢᠨ ᠣᠪᠣᠭ ᠨᠡᠷ᠎ᠡ᠂ ᠰᠠᠭᠤᠭ᠎ᠠ ᠭᠠᠵᠠᠷ᠂ ᠤᠲᠠᠰᠤᠨ᠎ᠤ ᠳ᠋ᠤᠭᠠᠷ᠂ ᠬᠣᠯᠪᠣᠭᠳᠠᠯ ᠪᠦᠬᠦᠢ ᠬᠡᠷᠡᠭ᠎ᠤᠨ ᠪᠠᠢᠳᠠᠯ ᠬᠢᠭᠡᠳ ᠱᠠᠩᠨᠠᠯ ᠬᠦᠷᠲᠡᠭᠰᠡᠨ ᠵᠡᠷᠭᠡ ᠪᠠᠢᠳᠠᠯ᠎ᠢ ᠶᠠᠮᠠᠷᠪᠠ ᠠᠷᠭ᠎ᠠ ᠵᠠᠮ᠎ᠢᠶᠠᠷ ᠵᠠᠳᠠᠷᠠᠭᠤᠯᠵᠤ ᠪᠣᠯᠬᠤ ᠦᠭᠡᠢ᠃ ᠪᠠᠢᠳᠠᠯ᠎ᠢ ᠬᠢᠨᠠᠨ ᠪᠠᠢᠴᠠᠭᠠᠬᠤ᠎ᠳᠤ᠎ᠪᠡᠨ ᠢᠯᠡᠴᠢᠯᠡᠨ ᠮᠡᠳᠡᠭᠦᠯᠦᠭᠴᠢ᠎ᠶᠢᠨ ᠪᠡᠶ᠎ᠡ᠎ᠶᠢᠨ ᠭᠠᠷᠤᠯ᠎ᠢ ᠵᠠᠳᠠᠷᠠᠭᠤᠯᠵᠤ ᠪᠣᠯᠬᠤ ᠦᠭᠡᠢ᠃ ᠨᠡᠷ᠎ᠡ᠎ᠪᠡᠨ ᠨᠢᠭᠤᠵᠤ ᠢᠯᠡᠴᠢᠯᠡᠨ ᠮᠡᠳᠡᠭᠦᠯᠦᠭᠰᠡᠨ ᠪᠢᠴᠢᠭ ᠎ᠤᠨ ᠭᠠᠷ᠎ᠤᠨ ᠲᠢᠭ᠎ᠢ ᠬᠢᠨᠠᠨ ᠲᠣᠭᠲᠠᠭᠠᠵᠤ ᠪᠣᠯᠬᠤ ᠦᠭᠡᠢ᠃ ᠢᠯᠡᠴᠢᠯᠡᠨ ᠮᠡᠳᠡᠭᠦᠯᠦᠭᠰᠡᠨ ᠭᠠᠪᠢᠶ᠎ᠠ ᠵᠢᠳᠬᠦᠯ ᠲᠠᠢ ᠬᠥᠮᠥᠰ᠎ᠢ ᠤᠬᠠᠭᠤᠯᠤᠨ ᠮᠡᠳᠡᠭᠡᠯᠡᠬᠦ ᠪᠠ ᠱᠠᠩᠨᠠᠨ ᠬᠥᠬᠢᠭᠦᠯᠬᠦ᠎ᠳᠤ᠂ ᠲᠤᠰ ᠬᠥᠮᠥᠨ ᠨᠢ ᠵᠥᠪᠰᠢᠶᠡᠷᠡᠭᠰᠡᠨ᠎ᠢ ᠭᠠᠷᠭᠠᠪᠠᠯ᠂ ᠢᠯᠡᠴᠢᠯᠡᠨ ᠮᠡᠳᠡᠭᠦᠯᠦᠭᠰᠡᠨ ᠬᠥᠮᠥᠨ᠎ᠤ ᠣᠪᠣᠭ ᠨᠡᠷ᠎ᠡ᠂ ᠪᠠᠢᠭᠤᠯᠭ᠎ᠠ ᠨᠢᠭᠡᠴᠢ᠎ᠶᠢ ᠢᠯᠡ ᠪᠠᠢᠯᠭᠠᠵᠤ ᠪᠣᠯᠬᠤ ᠦᠭᠡᠢ᠂ ᠵᠥᠷᠢᠴᠡᠭᠰᠡᠳ᠎ᠤᠨ ᠪᠠᠢᠳᠠᠯ᠎ᠤᠨ ᠬᠦᠨᠳᠦ ᠬᠥᠩᠭᠡᠨ᠎ᠢ ᠦᠵᠡᠵᠦ ᠪᠠᠢᠭᠠᠳ ᠵᠠᠰᠠᠭ ᠵᠠᠬᠢᠷᠭᠠᠨ᠎ᠤ ᠰᠢᠳᠬᠡᠯ ᠣᠯᠭᠣᠬᠤ ᠬᠡᠷᠡᠭᠲᠡᠢ᠃ ᠶᠠᠯ᠎ᠠ ᠪᠣᠯᠵᠤ ᠪᠦᠷᠢᠯᠳᠦᠭᠰᠡᠨ ᠪᠠᠢᠪᠠᠯ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

ᠬᠣᠷᠢᠨ ᠳᠣᠯᠣᠳᠤᠭᠠᠷ ᠵᠦᠢᠯ   ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ ᠨᠢ ᠢᠯᠡᠴᠢᠯᠡᠨ ᠮᠡᠳᠡᠭᠦᠯᠦᠭᠴᠢ᠎ᠶᠢᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠬᠤ ᠬᠡᠷᠡᠭᠲᠡᠢ᠂ ᠢᠯᠡᠴᠢᠯᠡᠨ ᠮᠡᠳᠡᠭᠦᠯᠦᠭᠴᠢ᠎ᠳᠤ ᠴᠣᠬᠢᠯᠲᠠ ᠥᠭᠴᠦ ᠬᠠᠷᠢᠭᠤ ᠠᠪᠬᠤ ᠦᠢᠯᠡ ᠠᠵᠢᠯᠯᠠᠭ᠎ᠠ ᠶᠠᠪᠤᠭᠤᠯᠵᠤ ᠪᠣᠯᠬᠤ ᠦᠭᠡᠢ᠃ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ ᠢᠯᠡᠴᠢᠯᠡᠨ ᠮᠡᠳᠡᠭᠦᠯᠦᠭᠴᠢ᠎ᠳᠤ ᠴᠣᠬᠢᠯᠲᠠ ᠥᠭᠴᠦ ᠥᠰᠢᠶ᠎ᠡ ᠠᠪᠤᠭᠰᠠᠨ ᠦᠢᠯᠡ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠡᠴᠡ ᠭᠠᠳᠠᠨ᠎ᠠ᠂ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠪᠠᠰᠠ ᠲᠣᠭᠲᠠᠭᠠᠯ ᠶᠣᠰᠣᠭᠠᠷ ᠦᠢᠯᠡᠳᠪᠦᠷᠢᠯᠡᠯ ᠡᠵᠡᠩᠨᠡᠯᠲᠡ᠎ᠶᠢᠨ ᠨᠢᠭᠡᠴᠢ᠎ᠶᠢᠨ ᠭᠣᠣᠯ ᠬᠠᠷᠢᠭᠤᠴᠠᠯᠭᠠᠲᠠᠨ ᠪᠤᠶᠤ ᠬᠤᠪᠢ ᠬᠥᠮᠥᠨ᠎ᠤ ᠡᠵᠡᠩᠨᠡᠯᠲᠡ᠎ᠶᠢᠨ ᠪᠡᠯᠡ ᠣᠷᠣᠭᠤᠯᠤᠭ᠍ᠴᠢ᠎ᠶᠢ ᠪᠣᠯᠵᠣᠨ ᠶᠠᠷᠢᠯᠴᠠᠵᠤ᠂ ᠤᠯᠠᠨ ᠨᠡᠢᠳᠡ᠎ᠳᠤ ᠲᠤᠩᠬᠠᠭᠯᠠᠵᠤ ᠪᠣᠯᠣᠨ᠎ᠠ᠃
     ᠵᠢᠷᠭᠤᠳᠤᠭᠠᠷ ᠪᠦᠯᠦᠭ   ᠳᠠᠭᠠᠯᠲᠠ ᠳᠦᠷᠢᠮ

ᠬᠣᠷᠢᠨ ᠨᠠᠢ᠍ᠮᠠᠳᠤᠭᠠᠷ ᠵᠦᠢᠯ  ᠲᠤᠰ ᠠᠷᠭ᠎ᠠ᠎ᠶᠢ ᠬᠡᠪᠯᠡᠭᠦᠯᠦᠨ ᠲᠠᠷᠬᠠᠭᠠᠭᠰᠠᠨ ᠡᠳᠦᠷ ᠡᠴᠡ ᠡᠬᠢᠯᠡᠨ ᠬᠡᠷᠡᠭᠵᠢᠭᠦᠯᠦᠨ᠎ᠡ᠃

 

 

ᠢᠷᠡᠯᠲᠡ᠄        ᠠᠷᠭᠠᠴᠠᠭᠠᠬᠤ  
          
ᠬᠠᠮᠢᠶ᠎ᠡ ᠪᠦᠬᠦᠢ ᠰᠣᠨᠢᠨ
 
            