ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
ᠥᠪᠥᠷ ᠵᠠᠰᠠᠭ ᠦᠰᠦᠭ 〔2025〕 95 ᠳ᠋ᠤᠭᠠᠷ ᠲᠣᠭᠠᠲᠤ
《 ᠠᠯᠠᠱᠠ ᠠᠢᠮᠠᠭ᠎ᠤᠨ ᠠᠯᠠᠱᠠ ᠵᠡᠭᠦᠨ ᠬᠣᠰᠢᠭᠤᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ
(2022 ︱ 2024 ᠣᠨ) 》᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠣᠯᠠᠪᠤᠷᠢ
ᠠᠯᠠᠱᠠ ᠠᠢᠮᠠᠭ᠎ᠤᠨ ᠵᠠᠬᠢᠷᠭ᠎ᠠ᠎ᠳᠤ᠄
ᠲᠠᠨ᠎ᠤ ᠠᠢᠮᠠᠭ᠎ᠤᠨ《〈ᠠᠯᠠᠱᠠ ᠵᠡᠭᠦᠨ ᠬᠣᠰᠢᠭᠤᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠥᠰᠥᠯ ( 2022 - 2024 ᠣᠨ)〉᠎ᠢ ᠲᠣᠬᠢᠷᠠᠭᠤᠯᠬᠤ ᠲᠤᠬᠠᠢ ᠡᠰᠢᠯᠡᠯᠲᠡ》 ( ᠠᠯᠠᠱᠠ ᠵᠠᠬᠢᠷᠭ᠎ᠠ ᠮᠡᠳᠡᠭᠦᠯᠦᠯᠲᠡ 〔2025〕 25 ᠳ᠋ᠤᠭᠠᠷ ᠲᠣᠭᠠᠲᠤ)᠎ᠶᠢ ᠭᠥᠯᠢᠶᠡᠨ ᠠᠪᠴᠤ ᠣᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠣᠯᠠᠪᠤᠷᠢᠯᠠᠪᠠ᠄
ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠨᠤᠲᠠᠯᠠᠭᠤᠯᠬᠤ ᠪᠠ ᠬᠢᠨᠠᠨ ᠪᠠᠢᠴᠠᠭᠠᠯᠭᠠᠭᠠᠳ᠂ 《 ᠠᠯᠠᠱᠠ ᠠᠢᠮᠠᠭ᠎ᠤᠨ ᠠᠯᠠᠱᠠ ᠵᠡᠭᠦᠨ ᠬᠣᠰᠢᠭᠤᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022-2024 ᠣᠨ) 》 ᠨᠢ 《ᠪᠦᠭᠦᠳᠡ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠬᠠᠤᠯᠢ》᠂ 《〈ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ〉᠎ᠶᠢ ᠳᠠᠷᠤᠮᠠᠯᠯᠠᠨ ᠶᠠᠪᠤᠭᠤᠯᠬᠤ ᠲᠤᠬᠠᠢ ᠪᠠᠢᠭᠠᠯᠢ᠎ᠶᠢᠨ ᠡᠬᠢ ᠪᠠᠶᠠᠯᠢᠭ᠋᠎ᠤᠨ ᠶᠠᠮᠤᠨ᠎ᠤ ᠮᠡᠳᠡᠭᠳᠡᠯ》 ( ᠪᠠᠢᠭᠠᠯᠢ ᠡᠬᠢ ᠲᠣᠭᠲᠠᠭᠠᠯ 〔2023〕 7 ᠳ᠋ᠤᠭᠠᠷ ᠲᠣᠭᠠᠲᠤ) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ᠎ᠶᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠂ 《ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠥᠰᠥᠯ᠎ᠤᠨ ᠬᠣᠯᠪᠣᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠤᠨ ᠮᠡᠳᠡᠭᠳᠡᠯ》 (ᠥᠪᠥᠷ ᠪᠠᠢᠭᠠᠯᠢ ᠡᠬᠢ ᠦᠰᠦᠭ 〔2024〕 15 ᠳ᠋ᠤᠭᠠᠷ ᠲᠣᠭᠠᠲᠤ)᠎ᠤᠨ ᠱᠠᠭᠠᠷᠳᠠᠯᠭ᠎ᠠ᠎ᠳᠤ ᠨᠡᠢᠴᠡᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ᠎ᠶᠢᠨ ᠶᠡᠷᠦᠩᠬᠡᠢ ᠲᠥᠯᠦᠪᠵᠢᠭᠦᠯᠭᠡ᠎ᠶᠢᠨ ᠬᠠᠮᠢᠶᠠᠷᠤᠨ ᠡᠵᠡᠮᠳᠡᠬᠦ ᠳᠦᠷᠢᠮ᠎ᠳᠤ ᠨᠡᠢᠴᠡᠵᠦ ᠪᠠᠢᠨ᠎ᠠ᠂ ᠡᠢᠨ ᠬᠦ᠌ 《 ᠠᠯᠠᠱᠠ ᠠᠢᠮᠠᠭ᠎ᠤᠨ ᠠᠯᠠᠱᠠ ᠵᠡᠭᠦᠨ ᠬᠣᠰᠢᠭᠤᠨ᠎ᠤ ᠭᠠᠵᠠᠷ ᠰᠢᠷᠣᠢ᠎ᠶᠢ ᠲᠠᠲᠠᠪᠤᠷᠢᠯᠠᠨ ᠬᠤᠷᠢᠶᠠᠵᠤ ᠬᠡᠰᠡᠭ᠎ᠢᠶᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ᠎ᠶᠢᠨ ᠲᠥᠰᠥᠯ (2022-2024 ᠣᠨ) 》᠎ᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠂ ᠡᠯ᠎ᠡ ᠵᠦᠢᠯ᠎ᠤᠨ ᠠᠵᠢᠯ᠎ᠢᠶᠠᠨ ᠬᠠᠤᠯᠢ ᠲᠣᠭᠲᠠᠭᠠᠯ ᠶᠣᠰᠣᠭᠠᠷ ᠰᠠᠢᠲᠤᠷ ᠬᠢᠲᠦᠭᠡᠢ᠃
2025 ᠣᠨ᠎ᠤ 6 ᠳ᠋ᠤᠭᠠᠷ ᠰᠠᠷ᠎ᠠ᠎ᠶᠢᠨ15᠎ᠦ ᠡᠳᠦᠷ
( ᠲᠤᠰ ᠮᠠᠲᠸᠷᠢᠶᠠᠯ᠎ᠢ ᠢᠯᠡ ᠨᠡᠢᠲᠡᠯᠡᠨ᠎ᠡ)