ᠮᠠᠰᠢ ᠣᠯᠠᠨ ᠬᠥᠮᠦᠨ᠎ᠤ ᠦᠵᠡᠬᠦ᠎ᠪᠠᠷ᠂ ᠴᠢᠰᠤᠨ᠎ᠤ ᠬᠡᠯᠪᠡᠷᠢ ᠵᠢ ᠭᠤᠤᠯᠳᠠᠭᠤ A ᠬᠡᠯᠪᠡᠷᠢ᠂ B ᠬᠡᠯᠪᠡᠷᠢ᠂ AB ᠬᠡᠯᠪᠡᠷᠢ᠂ O ᠬᠡᠯᠪᠡᠷᠢ ᠭᠡᠵᠦ 4 ᠲᠥᠷᠥᠯ᠎ᠳᠤ ᠬᠤᠪᠢᠶᠠᠨ᠎ᠠ᠃ ᠡᠭᠦᠨ᠎ᠳᠤ AB ᠬᠡᠯᠪᠡᠷᠢ ᠵᠢᠨ ᠬᠥᠮᠦᠨ ᠶᠠᠮᠠᠷ ᠴᠤ᠌ ᠬᠡᠯᠪᠡᠷᠢ ᠵᠢᠨ ᠴᠢᠰᠤ ᠶᠡᠭᠦᠯᠡᠬᠦ ᠵᠢ ᠬᠦᠯᠢᠶᠡᠨ ᠠᠪᠴᠤ ᠪᠣᠯᠤᠨ᠎ᠠ᠂ ᠬᠠᠷᠢᠨ O ᠬᠡᠯᠪᠡᠷᠢ ᠵᠢᠨ ᠴᠢᠰᠤ᠎ᠨᠢ ᠶᠠᠮᠠᠷ ᠴᠤ᠌ ᠬᠥᠮᠦᠨ᠎ᠳᠤ ᠶᠡᠭᠦᠯᠡᠨ ᠥᠭᠴᠦ ᠪᠣᠯᠤᠨ᠎ᠠ ᠭᠡᠳᠡᠭ᠃ ᠭᠡᠪᠡᠴᠦ ᠡᠶ᠋ᠢᠮᠦ ᠪᠤᠳᠤᠯ ᠪᠣᠯ ᠨᠡᠯᠢᠶᠡᠳ ᠥᠷᠥᠭᠡᠰᠦᠭᠡᠯ ᠶᠤᠮ᠃
ᠬᠡᠪ᠎ᠤᠨ ᠪᠠᠶ᠋ᠢᠳᠠᠯ ᠳᠣᠣᠷ᠎ᠠ᠂ A ᠬᠡᠯᠪᠡᠷᠢ ᠵᠢᠨ ᠴᠢᠰᠤᠲᠠᠢ ᠬᠥᠮᠦᠨ᠎ᠳᠤ A ᠬᠡᠯᠪᠡᠷᠢ ᠵᠢᠨ ᠴᠢᠰᠤ ᠶᠡᠭᠦᠯᠡᠨ᠎ᠡ᠂ B ᠬᠡᠯᠪᠡᠷᠢ ᠵᠢᠨ ᠴᠢᠰᠤᠲᠠᠢ ᠬᠥᠮᠦᠨ᠎ᠳᠤ B ᠬᠡᠯᠪᠡᠷᠢ ᠵᠢᠨ ᠴᠢᠰᠤ ᠶᠡᠭᠦᠯᠡᠨ᠎ᠡ᠃ ᠬᠡᠷᠪᠡ ᠪᠤᠰᠤᠳ ᠲᠥᠷᠥᠯ᠎ᠤᠨ ᠴᠢᠰᠤ ᠵᠢ ᠶᠡᠭᠦᠯᠡᠪᠡᠯ ᠴᠢᠰᠤᠨ᠎ᠳᠤ ᠤᠷᠪᠠᠯ ᠡᠭᠦᠰᠦᠨ᠎ᠡ᠃ ᠶᠠᠮᠠᠷ ᠴᠢᠰᠤᠨ ᠬᠡᠯᠪᠡᠷᠢ ᠪᠣᠯᠤᠭᠰᠠᠨ ᠴᠤ᠌ ᠪᠦᠷ ᠴᠢᠰᠤ ᠶᠡᠭᠦᠯᠡᠬᠦ᠎ᠠᠴᠠ ᠡᠮᠦᠨ᠎ᠡ ABO ᠪᠠ Rh ᠴᠢᠰᠤᠨ ᠬᠡᠯᠪᠡᠷᠢ ᠵᠢ ᠰᠣᠯᠪᠢᠴᠠᠨ ᠰᠢᠯᠭ᠋ᠠᠯᠲᠠ ᠬᠢᠨ᠎ᠡ᠂ ᠬᠡᠷᠪᠡ ᠴᠢᠰᠤᠨ ᠬᠡᠯᠪᠡᠷᠢ ᠵᠢ ᠪᠤᠷᠤᠭᠤ ᠶᠡᠭᠦᠯᠡᠪᠡᠯ᠂ ᠳᠠᠭ᠋ᠠᠷᠠᠳᠠᠰᠤ ᠬᠦᠷᠬᠦ᠂ ᠶᠡᠭᠡ ᠬᠠᠯᠠᠭᠤᠷᠠᠬᠤ᠂ ᠳᠤᠷ᠎ᠠ ᠪᠤᠯᠭᠢᠬᠤ᠂ ᠪᠥᠭᠡᠯᠵᠢᠬᠦ ᠵᠡᠷᠭᠡ ᠴᠢᠰᠤ ᠶᠡᠭᠦᠯᠡᠭᠰᠡᠨ ᠲᠤᠰᠬᠠᠯ ᠭᠠᠷᠴᠤ᠂ ᠬᠦᠨᠳᠦ᠎ᠨᠢ ᠦᠬᠦᠬᠦ ᠠᠶᠤᠯᠲᠠᠢ ᠪᠠᠶ᠋ᠢᠳᠠᠭ᠃
ᠡᠳᠦᠷ ᠲᠤᠲᠤᠮ᠎ᠤᠨ ᠠᠮᠢᠳᠤᠷᠠᠯ ᠳᠤᠮᠳᠠ᠂ ᠬᠥᠮᠦᠰ᠎ᠤᠨ ᠬᠡᠯᠡᠳᠡᠭ 《ᠲᠡᠭᠦᠰ ᠴᠢᠳᠠᠪᠤᠷᠢᠲᠤ ᠴᠢᠰᠤ》 ᠭᠡᠳᠡᠭ᠎ᠨᠢ O ᠬᠡᠯᠪᠡᠷᠢ ᠵᠢᠨ ᠴᠢᠰᠤ ᠵᠢ ᠵᠢᠭ᠋ᠠᠵᠤ ᠪᠠᠶ᠋ᠢᠨ᠎ᠠ᠃ O ᠬᠡᠯᠪᠡᠷᠢ ᠵᠢᠨ ᠴᠢᠰᠤ ᠵᠢ 《ᠲᠡᠭᠦᠰ ᠴᠢᠳᠠᠪᠤᠷᠢᠲᠤ ᠴᠢᠰᠤ》 ᠭᠡᠵᠦ ᠦᠵᠡᠵᠦ ᠪᠠᠶ᠋ᠢᠬᠤ ᠵᠢᠨ ᠤᠴᠢᠷ᠎ᠨᠢ᠂ O ᠬᠡᠯᠪᠡᠷᠢ ᠵᠢᠨ ᠴᠢᠰᠤᠨ᠎ᠤ ᠤᠯᠠᠭ᠋ᠠᠨ ᠡᠰ ᠳᠡᠭᠡᠷ᠎ᠡ A᠂ B ᠡᠰᠡᠷᠬᠦ ᠲᠦᠷᠦᠭᠴᠢ ᠪᠠᠶ᠋ᠢᠬᠤ ᠦᠭᠡᠢ᠂ O ᠬᠡᠯᠪᠡᠷᠢ ᠵᠢᠨ ᠴᠢᠰᠤᠨ᠎ᠤ ᠤᠯᠠᠭ᠋ᠠᠨ ᠡᠰᠢ A᠂ B᠂ AB ᠬᠡᠯᠪᠡᠷᠢ ᠵᠢᠨ ᠡᠪᠡᠳᠴᠢᠲᠡᠨ᠎ᠳᠤ ᠶᠡᠭᠦᠯᠡᠨ ᠥᠭᠬᠦ ᠵᠢ ᠲᠦᠷ ᠴᠠᠭ᠎ᠤᠨ ᠪᠠᠴᠢᠮ ᠠᠪᠤᠷᠠᠯᠲᠠ᠎ᠳᠤ ᠯᠡ ᠬᠡᠷᠡᠭᠯᠡᠵᠦ ᠪᠣᠯᠤᠨ᠎ᠠ᠃ ᠡᠭᠦᠨ᠎ᠠᠴᠠ ᠪᠣᠯᠵᠦ ᠡᠮᠴᠢᠯᠡᠭᠡᠨ ᠳᠡᠭᠡᠷ᠎ᠡ ᠦᠷᠭᠦᠯᠵᠢ O ᠬᠡᠯᠪᠡᠷᠢ ᠵᠢᠨ ᠴᠢᠰᠤᠨ᠎ᠤ 《ᠤᠯᠠᠭ᠋ᠠᠨ ᠡᠰᠢ ᠤᠬᠢᠶᠠᠬᠤ》᠎ᠪᠠᠷ A᠂ B᠂ AB ᠬᠡᠯᠪᠡᠷᠢ ᠵᠢᠨ ᠡᠪᠡᠳᠴᠢᠲᠡᠨ᠎ᠳᠤ ᠴᠢᠰᠤ ᠶᠡᠭᠦᠯᠡᠳᠡᠭ᠃ ᠭᠡᠲᠡᠯ᠎ᠡ ᠡᠶ᠋ᠢᠮᠦ ᠦᠵᠡᠯᠲᠡ ᠪᠣᠯ ᠲᠤᠩ ᠪᠤᠷᠤᠭᠤ ᠶᠤᠮ᠂ 《ᠲᠡᠭᠦᠰ ᠴᠢᠳᠠᠯᠲᠤ ᠴᠢᠰᠤ》 ᠭᠡᠳᠡᠭ᠎ᠨᠢ ᠦᠨᠡᠨ᠎ᠳᠡᠭᠡᠨ 《ᠲᠡᠭᠦᠰ ᠴᠢᠳᠠᠯᠲᠤ》 ᠪᠢᠰᠢ ᠮᠥᠷᠲᠡᠭᠡᠨ ᠲᠤᠩ ᠠᠶᠤᠯᠲᠠᠢ ᠶᠤᠮ᠃ O ᠬᠡᠯᠪᠡᠷᠢ ᠵᠢᠨ ᠴᠢᠰᠤᠨ ᠡᠭᠡᠳᠡᠩ᠎ᠳᠤ A᠂ B ᠵᠢᠨ ᠡᠰᠡᠷᠬᠦ ᠪᠡᠶ᠎ᠡ ᠠᠭᠤᠯᠤᠭᠳᠠᠨ᠎ᠠ᠂ O ᠬᠡᠯᠪᠡᠷᠢ ᠵᠢᠨ ᠴᠢᠰᠤᠨ ᠡᠭᠡᠳᠡᠩᠢ A᠂ B᠂ AB ᠬᠡᠯᠪᠡᠷᠢ ᠵᠢᠨ ᠡᠪᠡᠳᠴᠢᠲᠡᠨ᠎ᠤ ᠪᠡᠶ᠎ᠡ᠎ᠳᠤ ᠶᠡᠭᠦᠯᠡᠪᠡᠯ᠂ ᠲᠡᠷᠡ ᠳᠠᠷᠤᠶ ᠡᠭᠡᠳᠡᠬᠦ ᠤᠷᠪᠠᠯ ᠡᠭᠦᠰᠴᠦ᠂ ᠴᠢᠰᠤ ᠬᠦᠷᠲᠡᠭᠰᠡᠳ᠎ᠤᠨ ᠤᠯᠠᠭ᠋ᠠᠨ ᠡᠰ ᠬᠦᠨᠳᠦ ᠨᠣᠴᠢᠲᠠᠶ ᠡᠪᠳᠡᠯᠡᠭᠡ᠎ᠳᠤ ᠤᠴᠠᠷᠠᠵᠤ ᠴᠢᠰᠤ ᠬᠠᠶ᠋ᠢᠯᠬᠤ ᠪᠣᠯᠤᠨ᠎ᠠ᠃ ᠡᠶ᠋ᠢᠮᠦ᠎ᠠᠴᠠ O ᠬᠡᠯᠪᠡᠷᠢ ᠵᠢᠨ ᠴᠢᠰᠤᠨ ᠡᠭᠡᠳᠡᠩᠢ ᠪᠤᠰᠤᠳ ᠴᠢᠰᠤᠨ ᠬᠡᠯᠪᠡᠷᠢ ᠵᠢᠨ ᠴᠢᠰᠤ ᠬᠦᠯᠢᠶᠡᠭᠴᠢ᠎ᠳᠤ ᠶᠡᠭᠦᠯᠡᠨ ᠥᠭᠬᠦ ᠵᠢ ᠬᠤᠷᠢᠭᠯᠠᠪᠠᠯ ᠵᠤᠬᠢᠨ᠎ᠠ᠃