ᠤᠯᠠᠩᠬᠢ ᠬᠦᠮᠦᠰ ᠪᠡᠶ᠎ᠡ ᠵᠢᠨ ᠪᠠᠶ᠋ᠢᠴᠠᠭ᠋ᠠᠯᠳᠠ ᠵᠢ ᠬᠡᠳᠦᠢ ᠠᠷᠪᠢᠨ ᠬᠢᠪᠡᠯ ᠪᠠᠶ᠋ᠢᠴᠠᠭ᠋ᠠᠯᠳᠠ᠎ᠨᠢ ᠬᠡᠳᠦᠢ ᠪᠦᠷᠢᠨ ᠬᠦᠢ᠍ᠴᠡᠳ ᠭᠡᠵᠤ ᠦᠵᠡᠳᠡᠭ᠂ ᠦᠨᠡᠨ᠎ᠳᠡᠭᠡᠨ ᠳᠡᠶ᠋ᠢᠮᠦ ᠪᠢᠰᠢ ᠪᠠᠶ᠋ᠢᠬ᠎ᠠ᠃ ᠠᠳᠠᠯᠢ ᠪᠤᠰᠤ ᠨᠠᠰᠤᠨ᠎ᠤ ᠬᠦᠮᠦᠰ᠎ᠲᠤ ᠠᠳᠠᠯᠢ ᠪᠤᠰᠤ ᠵᠢᠨ ᠪᠠᠶ᠋ᠢᠴᠠᠭ᠋ᠠᠯᠳᠠ ᠵᠢᠨ ᠭᠤᠤᠯᠳᠠᠯᠭ᠎ᠠ ᠪᠤᠢ᠃
ᠰᠤᠷᠭ᠋ᠠᠭᠤᠯᠢ ᠵᠢᠨ ᠨᠠᠰᠤᠨ᠎ᠤ ᠬᠡᠦᠭᠡᠳ ᠪᠠᠭ᠋ᠠᠴᠤᠳ ᠵᠠᠯᠠᠭᠤᠴᠤᠳ᠄ ᠰᠤᠷᠭ᠋ᠠᠭᠤᠯᠢ ᠵᠢᠨ ᠳᠤᠬᠢᠷᠠᠭᠤᠯᠤᠯᠳᠠ ᠵᠢ ᠦᠨᠳᠦᠰᠦᠯᠡᠨ ᠪᠡᠶ᠎ᠡ ᠵᠢᠨ ᠪᠠᠶ᠋ᠢᠴᠠᠭ᠋ᠠᠯᠳᠠ ᠬᠢᠵᠤ ᠪᠤᠯᠤᠨ᠎ᠠ᠃ ᠬᠡᠦᠭᠡᠳ᠎ᠤᠨ ᠪᠤᠶ᠋ᠢᠵᠢᠯᠳᠠ ᠵᠢᠨ ᠪᠠᠶ᠋ᠢᠳᠠᠯ᠂ ᠨᠢᠳᠤᠨ ᠬᠠᠷᠠᠭ᠎ᠠ ᠵᠢᠨ ᠪᠠᠶ᠋ᠢᠳᠠᠯ᠎ᠢ ᠪᠠᠶ᠋ᠢᠴᠠᠭ᠋ᠠᠬᠤ ᠵᠢ ᠬᠦᠨᠳᠦᠳᠭᠡᠵᠤ ᠮᠡᠳᠡᠨ᠎ᠡ᠃
18᠎ᠠᠴᠠ 30 ᠨᠠᠰᠤᠨ᠎ᠤ ᠬᠦᠮᠦᠰ᠄ ᠡᠨᠡ ᠨᠠᠰᠤᠨ᠎ᠤ ᠬᠦᠮᠦᠰ᠎ᠤᠨ ᠪᠡᠶ᠎ᠠ ᠮᠠᠬᠠᠪᠤᠳ᠎ᠨᠢ ᠡᠷᠡᠭᠦᠯ ᠴᠢᠬᠢᠷᠠᠭ ᠪᠠᠶ᠋ᠢᠳᠠᠭ ᠪᠤᠯᠬᠤᠷ 1 — 2 ᠵᠢᠯ᠎ᠳᠤ ᠨᠢᠭᠡ ᠤᠳᠠᠭ᠎ᠠ ᠵᠢᠨ ᠪᠡᠶ᠎ᠠ ᠵᠢᠨ ᠪᠠᠶ᠋ᠢᠴᠠᠭ᠋ᠠᠯᠳᠠ ᠬᠢᠵᠤ᠂ ᠴᠢᠰᠤᠨ ᠳᠠᠷᠤᠯᠳᠠ᠂ ᠴᠢᠰᠤᠨ ᠰᠢᠬᠢᠷ᠂ ᠴᠢᠰᠤᠨ᠎ᠤ ᠦᠭᠡᠭᠦ ᠵᠢᠴᠢ ᠡᠯᠢᠭᠡ ᠪᠦᠭᠡᠷ᠎ᠠ ᠵᠢᠨ ᠠᠵᠢᠯᠯᠠᠭ᠎ᠠ ᠵᠢᠨ ᠳᠤᠬᠠᠢ ᠡᠩ᠎ᠤᠨ ᠪᠠᠶ᠋ᠢᠴᠠᠭ᠋ᠠᠯᠳᠠ ᠬᠢᠵᠤ ᠪᠤᠯᠤᠨ᠎ᠠ᠃
30᠎ᠠᠴᠠ 40 ᠨᠠᠰᠤᠨ᠎ᠤ ᠬᠦᠮᠦᠰ᠄ ᠵᠢᠯ ᠪᠦᠷᠢ ᠨᠢᠭᠡ ᠤᠳᠠᠭ᠎ᠠ ᠵᠢᠨ ᠪᠡᠶ᠎ᠡ ᠵᠢᠨ ᠪᠠᠶ᠋ᠢᠴᠠᠭ᠋ᠠᠯᠳᠠ ᠬᠢᠬᠦ ᠵᠢ ᠰᠠᠨᠠᠭᠤᠯᠤᠶ᠎ᠠ᠃ ᠤᠨᠴᠠᠭ᠋ᠠᠶ᠋ᠢᠯᠠᠨ ᠡᠳᠦᠷ ᠳᠤᠳᠤᠮ᠎ᠤᠨ ᠢᠳᠡᠭᠡᠨ ᠤᠮᠳᠠᠭ᠋ᠠᠨ᠎ᠨᠢ ᠵᠢᠮ᠎ᠡ ᠭᠤᠷᠢᠮ ᠦᠭᠡᠢ᠂ ᠬᠦᠳᠡᠯᠭᠡᠭᠡᠨ ᠳᠤᠳᠠᠮᠠᠭ᠂ ᠠᠷᠢᠬᠢ ᠳᠠᠮᠠᠬᠢ᠎ᠳᠤ ᠪᠠᠭ᠍ᠠᠳᠠᠢ ᠬᠦᠮᠦᠰ᠎ᠨᠢ ᠵᠢᠷᠦᠭᠡ ᠴᠢᠰᠤᠨ ᠰᠤᠳᠠᠯ᠎ᠤᠨ ᠡᠷᠡᠭᠦᠯ ᠮᠡᠨᠳᠤ᠂ ᠪᠠᠮᠪᠠᠢ ᠪᠤᠯᠴᠢᠷᠬᠠᠢ ᠵᠢᠨ ᠠᠵᠢᠯᠯᠠᠭ᠎ᠠ ᠵᠡᠷᠭᠡ ᠵᠢᠨ ᠪᠠᠶ᠋ᠢᠴᠠᠭ᠋ᠠᠯᠳᠠ ᠵᠢ ᠨᠡᠮᠡᠨ ᠬᠢᠵᠤ᠂ ᠴᠢᠰᠤᠨ ᠳᠠᠷᠤᠯᠳᠠ᠂ ᠴᠢᠰᠤᠨ ᠰᠢᠬᠢᠷ᠎ᠤᠨ ᠬᠡᠮᠵᠢᠶ᠎ᠡ᠎ᠪᠠᠨ ᠡᠬᠢᠯᠡᠨ ᠠᠩᠬᠠᠷᠬᠤ ᠴᠢᠬᠤᠯᠠᠳᠠᠢ᠃
ᠢᠳᠡᠷ ᠨᠠᠰᠤᠨ᠎ᠤ ᠡᠷᠡᠭᠳᠡᠶ᠋ᠢᠴᠤᠳᠲᠤ ᠵᠢᠷᠦᠭᠡ ᠴᠢᠰᠤᠨ ᠰᠤᠳᠠᠯ᠎ᠤᠨ ᠡᠪᠡᠳᠴᠢᠨ᠂ ᠡᠯᠢᠭᠡ ᠦᠭᠡᠭᠦᠯᠡᠭᠦ᠂ ᠤᠷᠢᠳᠤ ᠪᠤᠯᠴᠢᠷᠬᠠᠢ ᠵᠢᠨ ᠡᠪᠡᠳᠴᠢᠨ᠎ᠤ ᠲᠦᠭᠰᠢᠭᠦᠷᠢ ᠨᠡᠮᠡᠭᠳᠡᠳᠡᠭ ᠪᠤᠯᠬᠤᠷ ᠭᠤᠤᠯᠳᠠᠭᠤ ᠴᠢᠰᠤᠨ᠎ᠤ ᠦᠭᠡᠭᠦ᠂ ᠡᠯᠢᠭᠡᠨ᠎ᠤ ᠠᠵᠢᠯᠯᠠᠭ᠎ᠠ᠂ ᠵᠢᠷᠦᠭᠡᠨ᠎ᠤ ᠴᠠᠬᠢᠯᠭ᠋ᠠᠨ ᠵᠢᠷᠤᠭ᠂ ᠤᠷᠢᠳᠤ ᠪᠤᠯᠴᠢᠷᠬᠠᠢ ᠵᠢᠨ ᠤᠨᠴᠠᠭ᠋ᠠᠢ ᠦᠳᠦᠭᠡᠭᠴᠢ (PSA) ᠵᠢᠨ ᠪᠠᠶ᠋ᠢᠴᠠᠭ᠋ᠠᠯᠳᠠ ᠬᠢᠯᠭᠡᠭᠦ ᠵᠢ ᠠᠩᠬᠠᠷᠬᠤ ᠬᠡᠷᠡᠭᠳᠠᠢ᠃
ᠢᠳᠡᠷ ᠨᠠᠰᠤᠨ᠎ᠤ ᠡᠮᠡᠭᠳᠠᠶ᠋ᠢᠴᠤᠳ ᠬᠦᠭ᠎ᠦᠨ ᠪᠤᠯᠴᠢᠷᠬᠠᠢ ᠵᠢᠨ ᠦᠮᠡᠨ᠂ ᠪᠠᠮᠪᠠᠢ ᠪᠤᠯᠴᠢᠷᠬᠠᠢ ᠵᠢᠨ ᠡᠪᠡᠳᠴᠢᠨ᠂ ᠶᠠᠰᠤ ᠰᠡᠶ᠋ᠢᠷᠡᠭᠵᠢᠭᠦ ᠵᠡᠷᠭᠡ ᠡᠪᠡᠳᠴᠢᠨ ᠡᠮᠭᠡᠭ᠎ᠤᠨ ᠲᠦᠭᠰᠢᠭᠦᠷᠢ ᠨᠡᠮᠡᠭᠳᠡᠳᠡᠭ ᠪᠤᠯᠬᠤᠷ ᠭᠤᠤᠯᠳᠠᠭᠤ ᠬᠦᠬᠦᠨ ᠪᠤᠯᠴᠢᠷᠬᠠᠢ ᠵᠢᠨ ᠦᠩᠭᠡᠳᠤ ᠬᠡᠳᠤ ᠳᠤᠯᠬᠢᠶᠠᠨ ᠪᠤᠶᠤ ᠮᠤᠯᠢᠪᠳᠧᠨ᠂ ᠪᠠᠮᠪᠠᠢ ᠪᠤᠯᠴᠢᠷᠬᠠᠢ ᠵᠢᠨ ᠴᠢᠳᠠᠮᠵᠢ᠂ ᠶᠠᠰᠤᠨ᠎ᠤ ᠨᠢᠭᠳᠠᠴᠠ ᠵᠢᠨ ᠪᠠᠶ᠋ᠢᠴᠠᠭ᠋ᠠᠯᠳᠠ ᠬᠢᠭᠦ ᠵᠢ ᠬᠦᠨᠳᠦᠳᠭᠡᠭᠦ ᠴᠢᠬᠤᠯᠠᠳᠠᠢ᠃
60 ᠨᠠᠰᠤᠨ᠎ᠠᠴᠠ ᠳᠡᠭᠡᠭᠰᠢᠬᠢ ᠬᠦᠮᠦᠰ᠄ ᠡᠷᠬᠡᠪᠰᠢ ᠵᠢᠯ ᠪᠦᠷᠢ ᠨᠢᠭᠡ ᠤᠳᠠᠭ᠎ᠠ ᠪᠡᠶ᠎ᠠ ᠵᠢᠨ ᠪᠠᠶ᠋ᠢᠴᠠᠭ᠋ᠠᠯᠳᠠ ᠬᠢᠭᠦ ᠬᠡᠷᠡᠭᠳᠠᠢ᠃ ᠳᠤᠰ ᠪᠡᠶ᠎ᠠ ᠵᠢᠨ ᠡᠪᠡᠳᠴᠢᠨ᠎ᠤ ᠳᠡᠦᠭᠡ᠎ᠲᠠᠢ᠎ᠪᠠᠨ ᠤᠶᠠᠯᠳᠤᠭᠤᠯᠤᠨ ᠭᠤᠤᠯᠳᠠᠯᠭ᠎ᠠ᠎ᠲᠠᠢ ᠵᠦᠢ᠍ᠯᠡᠰ᠂ ᠵᠢᠱ᠌ᠢᠶᠡᠯᠡᠪᠡᠯ ᠵᠢᠷᠦᠭᠡ ᠳᠠᠷᠢᠬᠢᠨ᠎ᠤ ᠴᠢᠰᠤᠨ ᠰᠤᠳᠠᠯ᠂ ᠬᠠᠪᠤᠳᠠᠷ᠎ᠢ ᠰᠢᠭᠰᠢᠨ ᠪᠠᠶ᠋ᠢᠴᠠᠭ᠋ᠠᠬᠤ ᠵᠡᠷᠭᠡ ᠪᠠᠶ᠋ᠢᠴᠠᠭ᠋ᠠᠯᠳᠠ ᠵᠢ ᠬᠢᠯᠭᠡᠵᠤ ᠪᠤᠯᠤᠨ᠎ᠠ᠃ ᠵᠢᠷᠦᠭᠡ ᠳᠠᠷᠢᠬᠢᠨ᠎ᠤ ᠴᠢᠰᠤᠨ ᠰᠤᠳᠠᠯ᠎ᠤᠨ ᠡᠪᠡᠳᠴᠢᠨ᠂ ᠰᠢᠬᠢᠷ ᠰᠢᠵᠢᠩ ᠡᠪᠡᠳᠴᠢᠨ᠂ ᠬᠠᠪᠤᠳᠠᠷ ᠵᠡᠷᠭᠡ ᠤᠯᠠᠨ ᠡᠭᠦᠰᠭᠦ ᠡᠪᠡᠳᠴᠢᠨ᠎ᠤ ᠵᠦᠢ᠍ᠯ ᠪᠤᠢ᠂ ᠬᠦᠵᠦᠭᠦᠨ᠎ᠤ ᠳᠠᠷᠬᠠᠭ᠋ᠠᠬᠤ ᠰᠤᠳᠠᠯ᠎ᠤᠨ ᠪᠤᠳᠤᠭᠳᠤ ᠬᠡᠳᠤ ᠳᠤᠯᠬᠢᠶᠠᠨ᠂ ᠰᠢᠬᠢᠷᠵᠢᠭᠰᠡᠨ ᠴᠢᠰᠤᠨ᠎ᠤ ᠤᠯᠠᠭ᠋ᠠᠨ ᠤᠭᠤᠷᠠᠭ᠂ ᠪᠠᠭ᠎ᠠ ᠬᠡᠮᠵᠢᠶᠡᠨ᠎ᠤ CT᠂ ᠬᠤᠳᠤᠭᠤᠳᠤ ᠭᠡᠳᠡᠰᠤᠨ᠎ᠤ ᠳᠤᠷᠠᠨ ᠵᠡᠷᠭᠡ ᠵᠦᠢ᠍ᠯᠡᠰ᠎ᠢ ᠪᠠᠰᠠ ᠬᠢᠪᠡᠯ ᠵᠤᠬᠢᠨ᠎ᠠ᠃
ᠡᠭᠦᠨ᠎ᠠᠴᠠ ᠭᠠᠳᠠᠨ᠎ᠠ᠂ ᠢᠳᠡᠷ ᠦᠳᠡᠯᠦᠭᠡ ᠨᠠᠰᠤᠨ᠎ᠤ ᠬᠦᠮᠦᠰ ᠦᠮᠡᠨ ᠡᠪᠡᠳᠴᠢᠨ᠎ᠤ ᠰᠢᠭᠰᠢᠨ ᠪᠠᠶ᠋ᠢᠴᠠᠭ᠋ᠠᠯᠳᠠ ᠵᠢ ᠬᠢᠪᠠᠯ ᠰᠠᠶ᠋ᠢᠨ᠃ ᠡᠬᠢᠨ᠎ᠤ ᠬᠤᠭᠤᠴᠠᠭ᠋ᠠᠨ᠎ᠤ ᠰᠢᠭᠰᠢᠨ ᠪᠠᠶ᠋ᠢᠴᠠᠭ᠋ᠠᠯᠳᠠ᠎ᠨᠢ ᠦᠮᠠᠨ ᠡᠪᠡᠳᠴᠢᠨ᠎ᠤ ᠡᠳᠡᠭᠡᠷᠡᠭᠦ ᠨᠤᠷᠮ᠎ᠠ ᠵᠢ ᠳᠡᠭᠡᠭᠰᠢᠯᠡᠭᠦᠯᠳᠡᠭ ᠪᠤᠯᠬᠤᠷ CEA (ᠡᠯ᠎ᠡ ᠲᠦᠷᠦᠯ᠎ᠤᠨ ᠦᠮᠡᠨ ᠡᠪᠡᠳᠴᠢᠨ)᠂ AFP (ᠡᠯᠢᠭᠡᠨ ᠦᠮᠡᠨ)᠂ CYFRA 21 — 1 (ᠠᠭᠤᠰᠭᠢᠨ ᠦᠮᠡᠨ)᠂ NSE (ᠠᠭᠤᠰᠭᠢᠨ ᠦᠮᠡᠨ)᠂ CA 19 — 9 (ᠨᠦᠢ᠍ᠷ᠎ᠤᠨ ᠪᠤᠯᠴᠢᠷᠬᠠᠢ᠂ ᠰᠦᠰᠤᠨ ᠴᠤᠷᠭᠤ ᠵᠢᠨ ᠦᠮᠡᠨ) ᠵᠡᠷᠭᠡ ᠪᠠᠶ᠋ᠢᠴᠠᠭ᠋ᠠᠯᠳᠠ ᠵᠢᠨ ᠵᠦᠢ᠍ᠯᠡᠰ᠎ᠢ ᠰᠤᠩᠭᠤᠨ ᠬᠢᠵᠤ ᠪᠤᠯᠤᠨ᠎ᠠ᠃ ᠡᠷᠡᠭᠳᠡᠢ ᠬᠦᠮᠦᠨ PSA (ᠤᠷᠢᠳᠤ ᠪᠤᠯᠴᠢᠷᠬᠠᠢ ᠵᠢᠨ ᠦᠮᠡᠨ) ᠵᠢᠨ ᠪᠠᠶ᠋ᠢᠴᠠᠭ᠋ᠠᠯᠳᠠ ᠵᠢ ᠨᠡᠮᠡᠨ ᠬᠢᠯᠭᠡᠵᠤ ᠪᠤᠯᠤᠨ᠎ᠠ᠃ ᠡᠮᠡᠭᠳᠡᠢ ᠬᠦᠮᠦᠨ CA125 (ᠦᠨᠳᠡᠭᠡᠪᠴᠢ ᠵᠢᠨ ᠦᠮᠡᠨ)᠂ CA 15 — 3 (ᠬᠦᠬᠦᠨ ᠪᠤᠯᠴᠢᠷᠬᠠᠢ ᠵᠢᠨ ᠦᠮᠡᠨ) ᠵᠢᠨ ᠪᠠᠶ᠋ᠢᠴᠠᠭ᠋ᠠᠯᠳᠠ ᠵᠢ ᠨᠡᠮᠡᠨ ᠬᠢᠵᠤ ᠪᠤᠯᠤᠨ᠎ᠠ᠃ ᠰᠢᠭᠰᠢᠨ ᠪᠠᠶ᠋ᠢᠴᠠᠭ᠋ᠠᠬᠤ ᠦᠶ᠎ᠡ᠎ᠳᠤ ᠬᠠᠪᠤᠳᠠᠷ᠎ᠤᠨ ᠳᠡᠮᠳᠡᠭ ᠪᠤᠳᠠᠰ᠎ᠢ ᠵᠢᠷᠤᠭ ᠳᠦᠷᠰᠦ ᠵᠢᠨ ᠤᠬᠠᠭ᠋ᠠᠨ᠎ᠤ ᠪᠠᠶ᠋ᠢᠴᠠᠭ᠋ᠠᠯᠳᠠ᠎ᠲᠠᠢ ᠤᠶᠠᠯᠳᠤᠭᠤᠯᠤᠨ ᠬᠢᠯᠪᠡᠯ ᠨᠡᠩ ᠤᠨᠤᠪᠴᠢᠳᠠᠢ ᠪᠤᠯᠤᠨ᠎ᠠ᠃