ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠨᠡᠮᠡᠭᠦᠷᠢ ᠠᠪᠬᠤ᠎ᠪᠠᠨ ᠪᠢᠲᠡᠭᠡᠢ ᠮᠠᠷᠲᠠᠭ᠋ᠠᠷᠠᠢ
ᠨᠡᠶ᠋ᠢᠲᠡᠯᠡᠭᠰᠡᠨ ᠴᠠᠭ᠄ 2025-06-18

    @ ᠪᠥᠬᠦ ᠤᠯᠤᠰ᠎ᠤᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ
     ᠡᠳᠡᠭᠡᠷ ᠠᠵᠢᠯ ᠣᠯᠵᠤ ᠦᠢ᠍ᠯᠡᠰ ᠪᠣᠰᠬᠠᠬᠤ ᠲᠦᠷᠦ ᠵᠢᠨ ᠪᠣᠳᠣᠯᠭ᠎ᠠ ᠵᠢᠨ ᠨᠡᠮᠡᠭᠦᠷᠢ ᠵᠢ ᠠᠩᠬᠠᠷᠤᠭ᠋ᠠᠷᠠᠢ
      

    ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠨᠡᠮᠡᠭᠦᠷᠢ
     ᠨᠡᠮᠡᠭᠦᠷᠢ ᠣᠯᠣᠭᠰᠠᠳ
     ᠠᠵᠢᠯ ᠣᠯᠭᠤᠯᠲᠠ ᠵᠢᠨ ᠤᠷ᠎ᠠ ᠮᠡᠷᠭᠡᠰᠢᠯ᠎ᠤᠨ ᠪᠣᠯᠪᠠᠰᠤᠷᠠᠯ ᠪᠠ ᠦᠢ᠍ᠯᠡᠰ ᠪᠤᠰᠬᠠᠬᠤ ᠪᠣᠯᠪᠠᠰᠤᠷᠠᠯ᠎ᠳᠤ ᠣᠷᠣᠯᠴᠠᠭᠰᠠᠨ ᠲᠡᠭᠦᠰᠬᠦ ᠣᠨ᠎ᠤ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ (ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠳᠡᠭᠡᠳᠦ ᠵᠡᠷᠭᠡ ᠵᠢᠨ ᠠᠵᠢᠯᠴᠢᠨ᠎ᠤ ᠠᠩᠭᠢ᠂ ᠪᠡᠯᠡᠳᠬᠡᠯ ᠮᠠᠰᠲ᠋ᠧᠷ᠎ᠤᠨ ᠠᠩᠭᠢ᠂ ᠮᠠᠰᠲ᠋ᠧᠷ᠎ᠤᠨ ᠠᠩᠭᠢ ᠪᠠ ᠣᠨᠴᠠᠭ᠋ᠠᠢ ᠰᠤᠷᠭ᠋ᠠᠨ ᠬᠥᠮᠦᠵᠢᠯ᠎ᠤᠨ ᠳᠡᠭᠡᠳᠦ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠷᠥᠯ᠎ᠤᠨ ᠲᠡᠭᠦᠰᠦᠭᠰᠡᠳ ᠪᠠᠭᠲᠠᠨ᠎ᠠ)
     ᠲᠦᠷᠦ ᠵᠢᠨ ᠪᠣᠳᠣᠯᠭ᠎ᠠ ᠵᠢᠨ ᠪᠠᠷᠢᠮᠵᠢᠶ᠎ᠠ
     ᠡᠯ᠎ᠡ ᠭᠠᠵᠠᠷ᠎ᠤᠨ᠎ᠬᠢᠨ ᠲᠤᠬᠠᠢ ᠵᠢᠨ ᠭᠠᠵᠠᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠣᠭᠲᠠᠭ᠋ᠠᠨ᠎ᠠ
     ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠦᠨᠡᠯᠡᠯᠲᠡ ᠵᠢᠨ ᠨᠡᠮᠡᠭᠦᠷᠢ
     ᠨᠡᠮᠡᠭᠦᠷᠢ ᠣᠯᠣᠭᠰᠠᠳ
     ᠠᠩᠬ᠎ᠠ ᠤᠳᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠦᠨᠡᠯᠡᠯᠲᠡ᠎ᠪᠠᠷ ᠳᠡᠮᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ (ᠠᠵᠢᠯ ᠮᠡᠷᠭᠡᠵᠢᠯ᠎ᠤᠨ ᠤᠷ᠎ᠠ ᠮᠡᠷᠭᠡᠰᠢᠯ᠎ᠤᠨ ᠵᠡᠷᠭᠡ ᠳᠡᠰ᠎ᠤᠨ ᠦᠨᠡᠮᠯᠡᠯ᠂ ᠲᠤᠰᠬᠠᠢ ᠲᠥᠷᠥᠯ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠦᠨᠡᠮᠯᠡᠯ ᠪᠠᠭᠲᠠᠨ᠎ᠠ᠂ ᠪᠣᠯᠪᠠᠰᠤᠷᠠᠯ᠎ᠳᠤ ᠬᠢᠷᠢ ᠲᠡᠩᠴᠡᠭᠰᠡᠨ ᠦᠨᠡᠮᠯᠡᠯ ᠪᠠᠭᠲᠠᠬᠤ ᠦᠭᠡᠢ) ᠣᠯᠣᠭᠰᠠᠨ ᠲᠡᠭᠦᠰᠬᠦ ᠣᠨ᠎ᠤ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ
     ᠲᠦᠷᠦ ᠵᠢᠨ ᠪᠣᠳᠣᠯᠭ᠎ᠠ ᠵᠢᠨ ᠪᠠᠷᠢᠮᠵᠢᠶ᠎ᠠ
     ᠡᠯ᠎ᠡ ᠭᠠᠵᠠᠷ᠎ᠤᠨ᠎ᠬᠢᠨ ᠲᠤᠬᠠᠢ ᠵᠢᠨ ᠭᠠᠵᠠᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠣᠭᠲᠠᠭ᠋ᠠᠨ᠎ᠠ
     ᠨᠡᠶ᠋ᠢᠭᠡᠮ᠎ᠤᠨ ᠳᠠᠭ᠋ᠠᠳᠬᠠᠯ᠎ᠤᠨ ᠨᠡᠮᠡᠭᠦᠷᠢ
     ᠨᠡᠮᠡᠭᠦᠷᠢ ᠣᠯᠣᠭᠰᠠᠳ
     ᠰᠤᠷᠭ᠋ᠠᠭᠤᠯᠢ ᠲᠡᠭᠦᠰᠦᠭᠡᠳ 2 ᠵᠢᠯ᠎ᠤᠨ ᠳᠣᠲᠣᠷ᠎ᠠ ᠠᠵᠢᠯ ᠣᠯᠣᠭ᠋ᠠᠳᠤᠢ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠠᠮᠢᠳᠤᠯᠢᠭ ᠵᠶ᠋ᠠᠷ ᠠᠵᠢᠯ ᠣᠯᠣᠭᠰᠠᠨ᠎ᠤ ᠳᠠᠷᠠᠭ᠎ᠠ ᠲᠤᠰᠢᠶᠠᠭᠰᠠᠨ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠳᠤ ᠵᠣᠬᠢᠬᠤ ᠲᠣᠭ᠋ᠠᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠨᠡᠮᠡᠭᠦᠷᠢ ᠣᠯᠭᠤᠨ᠎ᠠ
     ᠲᠦᠷᠦ ᠵᠢᠨ ᠪᠣᠳᠣᠯᠭ᠎ᠠ ᠵᠢᠨ ᠪᠠᠷᠢᠮᠵᠢᠶ᠎ᠠ
     ᠵᠠᠷᠴᠢᠮ ᠳᠡᠭᠡᠷ᠎ᠡ᠎ᠪᠠᠨ ᠲᠡᠭᠦᠨ᠎ᠤ ᠪᠣᠳᠠᠲᠠᠢ ᠲᠤᠰᠢᠶᠠᠭᠰᠠᠨ ᠵᠠᠷᠤᠳᠠᠯ᠎ᠤᠨ 2/3᠎ᠠᠴᠠ ᠬᠡᠲᠦᠷᠡᠭᠦᠯᠬᠦ ᠦᠭᠡᠢ
     ᠨᠡᠮᠡᠭᠦᠷᠢ ᠵᠢᠨ ᠬᠤᠭᠤᠴᠠᠭ᠎ᠠ ᠵᠢ 2 ᠵᠢᠯ᠎ᠠᠴᠠ ᠬᠡᠲᠦᠷᠡᠭᠦᠯᠬᠦ ᠦᠭᠡᠢ
     ᠠᠵᠢᠯ ᠡᠷᠢᠬᠦ ᠨᠢᠭᠡ ᠯᠡ ᠤᠳᠠᠭ᠎ᠠ ᠵᠢᠨ ᠴᠢᠨᠠᠷᠲᠠᠢ ᠨᠡᠮᠡᠭᠦᠷᠢ
     ᠨᠡᠮᠡᠭᠦᠷᠢ ᠣᠯᠣᠭᠰᠠᠳ
     ᠰᠤᠷᠤᠯᠭ᠎ᠠ ᠲᠡᠭᠦᠰᠦᠭᠰᠡᠨ ᠰᠤᠷᠤᠯᠭ᠎ᠠ ᠵᠢᠨ ᠵᠢᠯ᠎ᠳᠤ ᠢᠳᠡᠪᠬᠢᠲᠡᠢ᠎ᠪᠠᠷ ᠠᠵᠢᠯ ᠡᠷᠢᠵᠦ ᠦᠢ᠍ᠯᠡᠰ ᠪᠤᠰᠬᠠᠭᠰᠠᠨ ᠨᠠᠭ᠋ᠠᠲᠤ ᠵᠠᠬ᠎ᠠ ᠵᠢᠨ ᠪᠠᠲᠤᠯᠠᠭ᠋ᠠᠲᠤ ᠭᠡᠷ ᠪᠦᠯᠢ᠂ ᠨᠢᠭᠡ ᠬᠦᠮᠦᠨ᠎ᠨᠢ ᠴᠦ᠍ ᠠᠵᠢᠯ ᠣᠯᠣᠭᠰᠠᠨ ᠦᠭᠡᠢ ᠭᠡᠷ ᠪᠦᠯᠢ᠂ ᠳᠠᠬᠢᠨᠲᠠ ᠶᠠᠳᠠᠭᠤᠷᠠᠬᠤ᠎ᠠᠴᠠ ᠰᠡᠷᠭᠡᠶ᠋ᠢᠯᠡᠬᠦ ᠬᠡᠪᠴᠢᠶᠡᠨ᠎ᠳᠠᠬᠢ ᠵᠢ ᠬᠢᠨᠠᠨ ᠰᠢᠯᠭ᠋ᠠᠭᠳᠠᠭᠴᠢ ᠪᠠ ᠣᠨᠴᠠ ᠬᠦᠴᠢᠷᠳᠡᠯᠲᠡᠢ ᠬᠥᠮᠥᠰ᠎ᠤᠨ ᠳᠣᠲᠣᠷᠠᠬᠢ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠵᠡᠮᠳᠡᠭ ᠵᠢᠴᠢ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠣᠯᠣᠭᠰᠠᠨ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ
     ᠲᠦᠷᠦ ᠵᠢᠨ ᠪᠣᠳᠣᠯᠭ᠎ᠠ ᠵᠢᠨ ᠪᠠᠷᠢᠮᠵᠢᠶ᠎ᠠ
     ᠡᠯ᠎ᠡ ᠭᠠᠵᠠᠷ᠎ᠤᠨ᠎ᠬᠢᠨ ᠲᠤᠬᠠᠢ ᠵᠢᠨ ᠭᠠᠵᠠᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠣᠭᠲᠠᠭ᠋ᠠᠨ᠎ᠠ
     ᠦᠢ᠍ᠯᠡᠰ ᠪᠤᠰᠬᠠᠬᠤ ᠨᠢᠭᠡ ᠯᠡ ᠤᠳᠠᠭ᠎ᠠ ᠵᠢᠨ ᠴᠢᠨᠠᠷᠲᠠᠢ ᠨᠡᠮᠡᠭᠦᠷᠢ
     ᠨᠡᠮᠡᠭᠦᠷᠢ ᠣᠯᠣᠭᠰᠠᠳ
     ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶ᠋ᠢᠯᠠᠯ᠎ᠢ ᠡᠭᠦᠳᠦᠨ ᠪᠠᠶ᠋ᠢᠭᠤᠯᠤᠭᠰᠠᠨ ᠪᠤᠶᠤ ᠬᠤᠪᠢ ᠵᠢᠨ ᠡᠵᠡᠩᠨᠡᠯᠲᠡ ᠵᠢᠨ ᠠᠵᠤ ᠠᠬᠤᠶ᠋ᠢᠯᠠᠯ ᠡᠷᠬᠢᠯᠡᠵᠦ᠂ ᠡᠭᠦᠳᠦᠨ ᠪᠠᠶ᠋ᠢᠭᠤᠯᠤᠭᠰᠠᠨ ᠠᠵᠤ ᠠᠬᠤᠶ᠋ᠢᠯᠠᠯ ᠪᠤᠶᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠢ ᠦᠢ᠍ᠯᠡᠳᠪᠦᠷᠢ ᠬᠤᠳᠠᠯᠳᠤᠭ᠋ᠠᠨ᠎ᠤ ᠲᠡᠮᠳᠡᠭᠯᠡᠨ ᠳᠠᠩᠰᠠᠯᠠᠭᠤᠯᠤᠭᠰᠠᠨ ᠡᠳᠦᠷ᠎ᠠᠴᠠ ᠡᠬᠢᠯᠡᠨ 1 ᠵᠢᠯ᠎ᠠᠴᠠ ᠳᠡᠭᠡᠭᠰᠢ ᠬᠡᠪ᠎ᠤᠨ ᠡᠵᠡᠩᠨᠡᠯᠲᠡ ᠬᠢᠭᠰᠡᠨ ᠰᠤᠷᠭ᠋ᠠᠭᠤᠯᠢ ᠲᠡᠭᠦᠰᠦᠭᠡᠳ 2 ᠵᠢᠯ᠎ᠤᠨ ᠳᠣᠲᠣᠷ᠎ᠠ ᠪᠠᠶ᠋ᠢᠭ᠎ᠠ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ
     ᠲᠦᠷᠦ ᠵᠢᠨ ᠪᠣᠳᠣᠯᠭ᠎ᠠ ᠵᠢᠨ ᠪᠠᠷᠢᠮᠵᠢᠶ᠎ᠠ
     ᠡᠯ᠎ᠡ ᠭᠠᠵᠠᠷ᠎ᠤᠨ᠎ᠬᠢᠨ ᠲᠤᠬᠠᠢ ᠵᠢᠨ ᠭᠠᠵᠠᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠣᠭᠲᠠᠭ᠋ᠠᠨ᠎ᠠ
     ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ
     ᠨᠡᠮᠡᠭᠦᠷᠢ ᠣᠯᠣᠭᠰᠠᠳ
     ᠲᠡᠭᠦᠰᠦᠭᠰᠡᠨ ᠣᠨ᠎ᠳᠤ᠎ᠪᠠᠨ ᠬᠤᠪᠢ ᠵᠢᠨ ᠡᠵᠡᠩᠨᠡᠯᠲᠡ ᠬᠢᠵᠦ ᠪᠠᠶ᠋ᠢᠭ᠎ᠠ 《ᠠᠵᠢᠯ ᠣᠯᠵᠤ ᠦᠢ᠍ᠯᠡᠰ ᠪᠤᠰᠬᠠᠭᠰᠠᠨ ᠦᠨᠡᠮᠯᠡᠯ》 (《ᠪᠡᠶ᠎ᠡ᠎ᠪᠠᠨ ᠳᠠᠭ᠋ᠠᠭ᠋ᠠᠵᠤ ᠦᠢ᠍ᠯᠡᠰ ᠪᠤᠰᠬᠠᠬᠤ ᠲᠠᠯ᠎ᠠ᠎ᠪᠠᠷ᠎ᠬᠢ ᠭᠠᠶ᠋ᠢᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ》 ᠪᠤᠶᠤ 《ᠲᠡᠭᠦᠰᠬᠦ ᠣᠨ᠎ᠳᠤ ᠪᠡᠶ᠎ᠡ᠎ᠪᠠᠨ ᠳᠠᠭ᠋ᠠᠭ᠋ᠠᠵᠤ ᠦᠢ᠍ᠯᠡᠰ ᠪᠤᠰᠬᠠᠬᠤ ᠲᠠᠯ᠎ᠠ᠎ᠪᠠᠷ᠎ᠬᠢ ᠭᠠᠶ᠋ᠢᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ》 ᠵᠢ ᠲᠣᠳᠣᠷᠬᠠᠶ᠋ᠢᠯᠠᠨ᠎ᠠ) ᠪᠤᠶᠤ 《ᠠᠵᠢᠯ ᠣᠯᠣᠭᠰᠠᠨ ᠪᠠ ᠠᠵᠢᠯ ᠠᠯᠳᠠᠭᠰᠠᠨ ᠳᠠᠩᠰᠠᠯᠠᠯᠲᠠ ᠵᠢᠨ ᠦᠨᠡᠮᠯᠡᠯ》 (《ᠪᠡᠶ᠎ᠡ᠎ᠪᠠᠨ ᠳᠠᠭ᠋ᠠᠭ᠋ᠠᠵᠤ ᠦᠢ᠍ᠯᠡᠰ ᠪᠤᠰᠬᠠᠬᠤ ᠲᠠᠯ᠎ᠠ᠎ᠪᠠᠷ᠎ᠬᠢ ᠭᠠᠶ᠋ᠢᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ》 ᠵᠢ ᠲᠣᠳᠣᠷᠬᠠᠶ᠋ᠢᠯᠠᠨ᠎ᠠ)᠎ᠲᠠᠢ ᠪᠠᠶ᠋ᠢᠬᠤ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ
     ᠲᠦᠷᠦ ᠵᠢᠨ ᠪᠣᠳᠣᠯᠭ᠎ᠠ ᠵᠢᠨ ᠪᠠᠷᠢᠮᠵᠢᠶ᠎ᠠ
     ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠳᠠᠩᠰᠠᠯᠠᠯᠲᠠ ᠵᠢ ᠭᠦᠢ᠍ᠴᠡᠳᠬᠡᠭᠰᠡᠨ ᠲᠣᠰ ᠰᠠᠷ᠎ᠠ᠎ᠠᠴᠠ ᠡᠬᠢᠯᠡᠨ᠂ 3 ᠵᠢᠯ᠎ᠤᠨ ᠳᠣᠲᠣᠷ᠎ᠠ ᠡᠷᠦᠬᠡ ᠪᠦᠷᠢ᠎ᠳᠤ ᠵᠢᠯ ᠪᠦᠷᠢ 20000 ᠲᠥᠭᠦᠷᠢᠭ ᠵᠶ᠋ᠠᠷ ᠬᠢᠵᠠᠭ᠋ᠠᠷᠯᠠᠵᠤ᠂ ᠲᠣᠰ ᠵᠢᠯ᠎ᠤᠨ ᠪᠣᠳᠠᠲᠠᠢ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ᠎ᠤᠨ ᠭᠠᠶ᠋ᠢᠯᠢ᠂ ᠬᠤᠲᠠ ᠵᠢᠨ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢᠨ ᠭᠠᠶ᠋ᠢᠯᠢ᠂ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠨᠡᠮᠡᠯᠲᠡ᠂ ᠣᠷᠣᠨ ᠨᠤᠲᠤᠭ᠎ᠤᠨ ᠰᠤᠷᠭ᠋ᠠᠨ ᠬᠥᠮᠦᠵᠢᠯ᠎ᠤᠨ ᠨᠡᠮᠡᠯᠲᠡ ᠪᠠ ᠬᠤᠪᠢ ᠬᠥᠮᠥᠨ᠎ᠤ ᠠᠰᠢᠭ ᠣᠷᠣᠯᠭ᠎ᠠ ᠵᠢᠨ ᠭᠠᠶ᠋ᠢᠯᠢ ᠵᠢ ᠲᠠᠰ ᠳᠠᠷᠠᠭ᠋ᠠᠯᠠᠨ ᠬᠠᠰᠤᠨ᠎ᠠ᠃ ᠬᠢᠵᠠᠭ᠋ᠠᠷᠯᠠᠯ᠎ᠤᠨ ᠪᠠᠷᠢᠮᠵᠢᠶ᠎ᠠ ᠵᠢ ᠬᠠᠮᠤᠭ ᠥᠨᠳᠥᠷ᠎ᠲᠤ᠎ᠪᠠᠨ 20%᠎ᠪᠠᠷ ᠳᠡᠭᠡᠭᠰᠢᠯᠡᠭᠦᠯᠵᠦ ᠪᠣᠯᠣᠨ᠎ᠠ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠲᠤᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠢ ᠦᠨᠳᠦᠰᠦᠯᠡᠨ ᠲᠤᠰ ᠬᠡᠪᠴᠢᠶᠡᠨ᠎ᠳᠤ ᠬᠢᠵᠠᠭ᠋ᠠᠷᠯᠠᠯ᠎ᠤᠨ ᠪᠣᠳᠠᠲᠠᠢ ᠪᠠᠷᠢᠮᠵᠢᠶ᠎ᠠ ᠵᠢ ᠲᠣᠭᠲᠠᠭ᠋ᠠᠵᠤ ᠪᠣᠯᠣᠨ᠎ᠠ
    

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠳᠠᠷᠠᠭ᠎ᠠ ᠰᠠᠷ᠎ᠠ᠎ᠠᠴᠠ ᠡᠬᠢᠯᠡᠨ 《ᠰᠢᠨ᠎ᠡ ᠪᠡᠶ᠎ᠡ ᠵᠢᠨ ᠦᠨᠡᠮᠯᠡᠯ》᠎ᠢ ᠬᠡᠷᠡᠭᠵᠢᠭᠦᠯᠦᠨ᠎ᠡ
ᠴᠢᠰᠤᠨ᠎ᠤ ᠥᠭᠡᠬᠦ ᠪᠠᠭᠤᠷᠠᠬᠤ ᠦᠭᠡᠢ ᠪᠠᠶ᠋ᠢᠪᠠᠯ ᠡᠨᠡ ᠳᠥᠷᠪᠡᠨ ᠵᠦᠢ᠍ᠯ᠎ᠤᠨ ᠢᠳᠡᠭᠡᠨ᠎ᠢ ᠴᠡᠭᠡᠷᠯᠡᠬᠦ ᠬᠡᠷᠡᠭᠲᠡᠢ
           
ᠬᠡᠢ ᠴᠢᠰᠤ ᠵᠢ ᠬᠡᠮᠳᠦᠭᠡᠬᠦ 6 ᠤᠢ᠍ᠢ᠍ᠯᠡ ᠶᠠᠪᠤᠳᠠᠯ᠎ᠢ ᠲᠠᠬᠢᠵᠤ ᠪᠢᠳᠡᠬᠡᠢ ᠬᠢᠬᠡᠷᠡᠢ
ᠭᠠᠵᠠᠷ ᠬᠥᠳᠡᠯᠦᠯᠲᠡ ᠵᠢ ᠰᠡᠷᠭᠡᠢ᠌ᠯᠡᠨ ᠠᠶᠤᠯ᠎ᠠᠴᠠ ᠵᠠᠢ᠌ᠯᠠᠬᠤ ᠭᠠᠷ᠎ᠤᠨ ᠠᠪᠤᠯᠭ᠎ᠠ
 
            