ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠴᠠᠬᠢᠮ ᠰᠣᠷᠪᠣᠯᠵᠢᠯᠠᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠬᠤᠪᠢ ᠬᠥᠮᠥᠨ᠎ᠤ ᠰᠡᠷᠭᠡᠢᠯᠡᠯᠲᠡ ᠪᠡᠨ ᠰᠠᠢᠨ ᠬᠢᠬᠦ ᠴᠢᠬᠤᠯᠠᠲᠠᠢ
ᠨᠡᠶ᠋ᠢᠲᠡᠯᠡᠭᠰᠡᠨ ᠴᠠᠭ᠄ 2026-01-20

ᠬᠥᠳᠡᠯᠮᠦᠷᠢᠴᠢᠳ ᠠᠵᠢᠯ᠎ᠤᠨ ᠪᠠᠢᠷᠢᠨ᠎ᠳᠤ ᠣᠷᠣᠰᠢᠵᠤ ᠪᠤᠢ ᠬᠣᠣᠷ ᠬᠥᠨᠥᠭᠡᠯ᠎ᠢ ᠣᠢᠯᠠᠭᠠᠵᠤ᠂ ᠠᠵᠢᠯᠯᠠᠬᠤ ᠳᠦᠷᠢᠮ᠎ᠢ ᠵᠢᠷᠤᠮᠯᠠᠨ ᠬᠤᠪᠢ ᠬᠥᠮᠥᠨ᠎ᠤ ᠰᠡᠷᠭᠡᠢᠯᠡᠯᠲᠡ ᠶ᠋ᠢ ᠠᠩᠬᠠᠷᠬᠤ ᠰᠠᠢᠨ ᠳᠠᠳᠬᠠᠯ᠎ᠢ ᠪᠤᠢ ᠪᠣᠯᠭᠠᠪᠠᠯ ᠵᠣᠬᠢᠨ᠎ᠠ᠃

ᠮᠠᠰᠢ ᠤᠯᠠᠨ ᠠᠵᠢᠯ᠎ᠤᠨ ᠪᠠᠢᠷᠢᠨ᠎ᠳᠤ ᠬᠢᠮᠢ᠂ ᠹᠢᠽᠢᠺ᠂ ᠠᠮᠢᠳᠤ ᠪᠣᠳᠠᠰ᠎ᠤᠨ ᠪᠣᠯᠣᠨ ᠪᠤᠰᠤᠳ ᠬᠣᠣᠷᠳᠠᠭᠳᠠᠯ᠎ᠤᠨ ᠡᠯᠧᠮᠧᠨ᠋ᠲ ᠣᠷᠣᠰᠢᠵᠤ ᠪᠠᠢᠳᠠᠭ᠃ ᠵᠢᠱ᠌ᠢᠶᠡᠯᠡᠪᠡᠯ ᠲᠣᠭᠣᠰᠣ᠌᠂ ᠱᠤᠤᠭᠢᠶᠠᠨ᠂ ᠬᠣᠣᠷ ᠬᠥᠨᠥᠭᠡᠯ ᠲᠠᠢ ᠬᠡᠢ ᠪᠡᠶᠡᠲᠦ᠂ ᠰᠠᠴᠤᠷᠠᠮᠠᠬᠠᠢ ᠪᠣᠳᠠᠰ ᠵᠡᠷᠭᠡ ᠪᠤᠢ᠃ ᠬᠥᠳᠡᠯᠮᠦᠷᠢᠴᠢᠳ ᠠᠵᠢᠯ᠎ᠤᠨ ᠵᠢᠠᠨ  ᠪᠠᠢᠷᠢᠨ᠎ᠳᠤ ᠣᠷᠣᠰᠢᠵᠤ ᠪᠤᠢ ᠬᠣᠣᠷᠳᠠᠭᠳᠠᠯ᠎ᠢ ᠣᠢᠯᠠᠭᠠᠵᠤ᠂ ᠬᠣᠣᠷᠳᠠᠭᠳᠠᠯ᠎ᠢ ᠡᠵᠡᠮᠳᠡᠬᠦ ᠵᠢᠨ ᠲᠤᠯᠠᠳᠠ ᠤᠭᠰᠠᠷᠠᠵᠤ ᠲᠠᠭᠠᠷᠠᠭᠤᠯᠤᠬ᠍ᠰᠠᠠ ᠰᠠᠯᠬᠢ ᠨᠡᠪᠲᠡᠷᠡᠬᠦ᠂ ᠬᠣᠣᠷ᠎ᠢ ᠵᠠᠢᠯᠠᠭᠤᠯᠬᠤ᠂ ᠲᠣᠭᠣᠰᠣ᠌ ᠠᠷᠢᠯᠭᠠᠬᠤ᠂ ᠬᠠᠯᠬᠠᠯᠠᠬᠤ᠂ ᠲᠤᠰᠠᠭᠠᠷᠯᠠᠬᠤ ᠵᠡᠷᠭᠡ ᠵᠢᠨ ᠦᠨᠳᠦᠰᠦᠨ ᠲᠥᠬᠦᠭᠡᠷᠦᠮᠵᠢ ᠶ᠋ᠢ ᠣᠢᠯᠠᠭᠠᠬᠤ ᠬᠡᠷᠡᠭᠲᠡᠢ᠃

ᠬᠥᠳᠡᠯᠮᠦᠷᠢᠴᠢᠳ ᠠᠵᠢᠯ ᠮᠡᠷᠭᠡᠵᠢᠯ᠎ᠤᠨ ᠡᠷᠡᠭᠦᠯ ᠬᠠᠮᠠᠭᠠᠯᠠᠯ᠎ᠤᠨ ᠰᠤᠷᠭᠠᠯᠲᠠ ᠪᠣᠯᠪᠠᠰᠤᠷᠠᠯ ᠬᠦᠷᠲᠡᠵᠦ᠂ ᠠᠵᠢᠯ᠎ᠤᠨ ᠨᠥᠯᠥᠭᠡᠨ᠎ᠤ ᠡᠪᠡᠳᠴᠢᠨ᠎ᠤ ᠡᠷᠡᠭᠦᠯ ᠮᠠᠨᠳᠤ ᠵᠢᠨ ᠪᠠᠢᠴᠠᠭᠠᠯᠲᠠ᠂ ᠠᠵᠢᠯ᠎ᠤᠨ ᠨᠥᠯᠥᠭᠡᠨ᠎ᠤ ᠡᠪᠡᠳᠴᠢᠲᠡᠨ᠎ᠤ ᠡᠮᠴᠢᠯᠡᠭᠡ᠂ ᠡᠷᠡᠭᠦᠯᠵᠢᠬᠦ ᠵᠡᠷᠭᠡ ᠰᠡᠷᠭᠡᠢᠯᠡᠨ ᠵᠠᠰᠠᠬᠤ ᠦᠢᠯᠡᠴᠢᠯᠡᠭᠡ ᠶ᠋ᠢ ᠬᠦᠯᠢᠶᠡᠬᠦ ᠡᠷᠬᠡ ᠲᠠᠢ᠃ ᠠᠳᠠᠯᠢ ᠪᠤᠰᠤ ᠠᠵᠢᠯ ᠲᠦᠷᠤᠯ᠎ᠤᠨ ᠭᠦᠳᠡᠯᠮᠤᠷᠢ ᠵᠢᠨ ᠬᠠᠮᠠᠭᠠᠯᠠᠯᠲᠠ ᠵᠢᠨ ᠱᠠᠭᠠᠷᠳᠠᠯᠭ᠎ᠠ ᠶ᠋ᠢ ᠦᠨᠳᠦᠰᠦᠯᠡᠨ ᠬᠥᠮᠥᠨ ᠬᠡᠷᠡᠭᠯᠡᠬᠦ ᠪᠠᠢᠭᠤᠯᠭ᠎ᠠ᠎ᠳᠤ ᠲᠤᠰᠠᠯᠠᠨ ᠭᠦᠳᠡᠯᠮᠤᠷᠢ ᠵᠢᠨ ᠬᠠᠮᠠᠭᠠᠯᠠᠯᠲᠠ ᠵᠢᠨ ᠠᠵᠢᠯ᠎ᠢ ᠰᠠᠢᠲᠤᠷ ᠬᠢᠬᠦ ᠬᠡᠷᠡᠭᠲᠡᠢ᠃ ᠠᠵᠤ ᠠᠬᠤᠢᠯᠠᠯ᠎ᠤᠨ ᠠᠵᠢᠯᠲᠠᠨ᠎ᠤ ᠬᠤᠪᠢ᠎ᠳᠤ ᠠᠶᠤᠯᠭᠦᠢ ᠦᠢᠯᠡᠳᠪᠦᠷᠢᠯᠡᠬᠦ ᠬᠠᠤᠯᠢ ᠳᠦᠷᠢᠮ᠎ᠢ ᠴᠢᠩᠳᠠᠯᠠᠨ ᠬᠡᠷᠡᠭᠵᠢᠭᠦᠯᠬᠦ ᠬᠡᠷᠡᠭᠲᠡᠢ᠃ ᠭᠦᠳᠡᠯᠮᠤᠷᠢ ᠵᠢᠨ ᠰᠠᠬᠢᠯᠭ᠎ᠠ ᠪᠣᠯᠣᠨ ᠠᠶᠤᠯᠭᠦᠢ ᠦᠢᠯᠡᠳᠪᠦᠷᠢᠯᠡᠯ᠎ᠤᠨ ᠠᠵᠢᠯᠯᠠᠬᠤ ᠳᠦᠷᠢᠮ᠎ᠢ ᠵᠢᠷᠤᠮᠯᠠᠬᠤ ᠬᠡᠷᠡᠭᠲᠡᠢ᠂ ᠬᠠᠮᠠᠭᠠᠯᠠᠯᠲᠠ ᠵᠢᠨ ᠲᠥᠬᠦᠭᠡᠷᠦᠮᠵᠢ᠂ ᠪᠠᠭᠠᠵᠢ᠂ ᠬᠡᠷᠡᠭᠰᠡᠯ᠎ᠢ ᠬᠠᠢᠷᠠᠯᠠᠵᠤ ᠵᠥᠪ ᠬᠡᠷᠡᠭᠯᠡᠨ᠎ᠡ᠃ ᠠᠵᠤ ᠠᠬᠤᠢᠯᠠᠯ᠎ᠤᠨ ᠠᠵᠢᠯᠲᠠᠨ᠎ᠳᠤ ᠭᠦᠳᠡᠯᠮᠤᠷᠢ ᠵᠢᠨ ᠬᠠᠮᠠᠭᠠᠯᠠᠯᠲᠠ ᠵᠢᠨ ᠡᠷᠬᠡ ᠲᠠᠢ᠃ ᠵᠢᠱ᠌ᠢᠶᠡᠯᠡᠪᠡᠯ ᠳᠦᠷᠢᠮ ᠡᠴᠨ ᠵᠥᠷᠢᠴᠡᠭᠰᠡᠨ ᠵᠢᠯᠣᠭᠣᠳᠤᠯᠭ᠎ᠠ ᠶ᠋ᠢ ᠬᠦᠯᠢᠶᠡᠬᠦ ᠦᠭᠡᠢ᠃ ᠲᠦᠭᠰᠢᠭᠦᠷᠢ ᠮᠠᠰᠢ ᠶᠡᠬᠡ ᠪᠠᠢᠪᠠᠯ ᠠᠵᠢᠯᠯᠠᠬᠤ ᠪᠡᠨ ᠵᠣᠭᠰᠣᠵᠤ᠂ ᠰᠡᠷᠭᠡᠢᠯᠡᠬᠦ ᠲᠦᠷᠭᠡᠨ ᠠᠷᠭ᠎ᠠ ᠬᠡᠮᠵᠢᠶ᠎ᠡ ᠠᠪᠴᠤ᠂ ᠠᠶᠤᠯ ᠲᠦᠭᠰᠢᠭᠦᠷᠢ ᠲᠠᠢ ᠪᠠᠢᠷᠢᠨ ᠡᠴᠨ ᠵᠠᠢᠯᠠᠬᠤ ᠡᠷᠬᠡ ᠲᠠᠢ᠃ ᠠᠵᠢᠯᠲᠠᠨ᠎ᠤ ᠡᠷᠡᠭᠦᠯ ᠮᠠᠨᠳᠤ ᠪᠣᠯᠣᠨ ᠠᠶᠤᠯᠭᠦᠢ ᠪᠠᠢᠳᠠᠯ᠎ᠢ ᠬᠥᠩᠭᠡᠪᠴᠢᠯᠡᠳᠡᠭ ᠤᠳᠤᠷᠢᠳᠤᠯᠭ᠎ᠠ ᠶ᠋ᠢ ᠰᠢᠭᠦᠮᠵᠢᠯᠡᠬᠦ᠂ ᠢᠯᠡᠴᠢᠯᠡᠬᠦ᠂ ᠵᠠᠭᠠᠯᠳᠤᠬᠤ ᠡᠷᠬᠡ ᠲᠠᠢ᠃

ᠬᠥᠳᠡᠯᠮᠦᠷᠢᠴᠢᠳ ᠠᠶᠤᠯᠭᠦᠢ ᠪᠠᠢᠳᠠᠯ᠎ᠤᠨ ᠲᠤᠬᠠᠢ ᠪᠠᠲᠤ ᠲᠠᠨᠢᠯᠲᠠ ᠶ᠋ᠢ ᠪᠤᠢ ᠪᠤᠯᠭᠠᠵᠤ᠂ ᠠᠶᠤᠯᠭᠦᠢ  ᠵᠢᠨ ᠡᠨᠳᠠᠯ᠎ᠢ ᠴᠠᠭ ᠢᠮᠠᠭᠲᠠ ᠰᠡᠷᠭᠡᠢᠯᠡᠵᠦ ᠪᠠᠢᠬᠤ ᠬᠡᠷᠡᠭᠲᠡᠢ᠃ ᠬᠡᠷᠡᠭᠴᠡᠭᠡ ᠪᠦᠬᠦᠢ ᠠᠶᠤᠯᠭᠦᠢ ᠪᠠᠢᠳᠠᠯ᠎ᠤᠨ ᠮᠡᠳᠡᠯᠭᠡ ᠪᠣᠯᠣᠨ ᠲᠦᠷᠭᠡᠨ ᠠᠪᠤᠷᠠᠯᠳᠠ ᠵᠢᠨ ᠮᠡᠳᠡᠯᠭᠡ ᠶ᠋ᠢ ᠡᠵᠡᠮᠰᠢᠵᠦ᠂ ᠠᠵᠢᠯ ᠮᠡᠷᠭᠡᠵᠢᠯ᠎ᠤᠨ ᠬᠠᠮᠠᠭᠠᠯᠠᠯᠲᠠ ᠶ᠋ᠢ ᠰᠠᠢᠲᠤᠷ ᠬᠢᠪᠡᠯ ᠵᠦᠢᠲᠡᠢ᠃

ᠠᠵᠢᠯ᠎ᠤᠨ ᠨᠥᠯᠥᠭᠡᠨ᠎ᠤ ᠡᠪᠡᠳᠴᠢᠨ᠎ᠤ ᠰᠡᠷᠭᠡᠢᠯᠡᠯᠲᠡ᠎ᠳᠤ ᠶᠡᠷᠦᠩᠬᠡᠢᠯᠡᠭᠰᠡᠨ ᠴᠢᠨᠠᠷᠲᠠᠢ ᠠᠷᠭ᠎ᠠ ᠬᠡᠮᠵᠢᠶ᠎ᠡ ᠠᠪᠬᠤ᠎ᠳᠠᠭᠠᠨ ᠲᠠᠭᠠᠷᠠᠨ᠎ᠠ᠃ ᠭᠦᠳᠡᠯᠮᠤᠷᠢ ᠵᠢᠨ ᠬᠠᠮᠠᠭᠠᠯᠠᠯᠲᠠ ᠵᠢᠨ ᠬᠡᠷᠡᠭᠰᠡᠯ᠎ᠢ ᠬᠡᠷᠡᠭᠯᠡᠬᠦ ᠨᠢ ᠠᠵᠢᠯᠲᠠᠨ ᠥᠪᠡᠷ᠎ᠢ ᠪᠠᠨ ᠬᠠᠮᠠᠭᠠᠯᠠᠬᠤ ᠦᠨᠳᠦᠰᠦᠨ ᠠᠷᠭ᠎ᠠ ᠪᠠᠷᠢᠯ ᠪᠣᠯᠣᠨ᠎ᠠ᠃ ᠠᠵᠢᠯᠲᠠᠨ ᠨᠢᠭᠡᠪᠦᠷᠢ ᠬᠤᠪᠢ ᠬᠥᠮᠥᠨ᠎ᠤ ᠬᠠᠮᠠᠭᠠᠯᠠᠯᠲᠠ ᠪᠡᠨ ᠰᠠᠢᠲᠤᠷ ᠬᠢᠵᠦ᠂ ᠭᠦᠳᠡᠯᠮᠤᠷᠢ ᠵᠢᠨ ᠬᠠᠮᠠᠭᠠᠯᠠᠯᠲᠠ ᠵᠢᠨ ᠬᠡᠷᠡᠭᠰᠡᠯ (ᠬᠠᠮᠠᠭᠠᠯᠠᠯᠲᠠ ᠵᠢᠨ ᠬᠤᠪᠴᠠᠰᠤ᠂ ᠬᠠᠮᠠᠭᠠᠯᠠᠯᠲᠠ ᠵᠢᠨ ᠭᠤᠳᠤᠯ ᠮᠠᠯᠠᠭᠠᠢ᠂ ᠬᠠᠮᠠᠭᠠᠯᠠᠯᠲᠠ ᠵᠢᠨ ᠪᠡᠭᠡᠯᠡᠢ᠂ ᠬᠠᠮᠠᠭᠠᠯᠠᠯᠲᠠ ᠵᠢᠨ ᠪᠠᠭ ᠵᠢᠴᠢ ᠨᠢᠳᠦᠨ ᠰᠢᠯ᠂ ᠲᠠᠭᠤ ᠬᠥᠨᠳᠡᠢᠷᠡᠭᠦᠯᠬᠦ ᠬᠡᠷᠡᠭᠰᠡᠯ᠂ ᠠᠮᠢᠰᠬᠤᠯ ᠬᠠᠮᠠᠭᠠᠯᠠᠬᠤ ᠬᠡᠷᠡᠭᠰᠡᠯ᠂ ᠠᠷᠠᠰᠤ ᠬᠠᠮᠠᠭᠠᠯᠠᠬᠤ ᠡᠮ ᠵᠡᠷᠭᠡ) ᠢ᠋ ᠵᠥᠪ ᠬᠡᠷᠡᠭᠯᠡᠵᠦ ᠰᠤᠷᠪᠠᠯ ᠵᠣᠬᠢᠨ᠎ᠠ᠃ ᠪᠦᠲᠦᠴᠡ ᠪᠣᠯᠣᠨ ᠬᠡᠷᠡᠭᠯᠡᠬᠦ ᠠᠷᠭ᠎ᠠ ᠪᠡᠷ ᠪᠤᠳᠤᠯᠢᠶᠠᠨᠲᠠᠢ ᠬᠡᠷᠡᠭᠰᠡᠯ᠎ᠢ ᠬᠡᠷᠡᠭᠯᠡᠬᠦ ᠡᠴᠨ ᠪᠡᠨ ᠡᠮᠦᠨ᠎ᠡ ᠪᠣᠯᠪᠠᠰᠤᠷᠠᠩᠭᠤᠢ ᠪᠤᠯᠳᠠᠯ᠎ᠠ ᠪᠡᠨ ᠠᠬᠢᠨ ᠲᠠᠭᠢᠨ ᠲᠤᠰᠬᠠᠯ ᠬᠢᠪᠡᠯ ᠵᠣᠬᠢᠨ᠎ᠠ᠃ 

ᠭᠦᠳᠡᠯᠮᠤᠷᠢ ᠵᠢᠨ ᠬᠠᠮᠠᠭᠠᠯᠠᠯᠲᠠ ᠵᠢᠨ ᠬᠡᠷᠡᠭᠰᠡᠯ᠎ᠢ ᠰᠣᠩᠭᠣᠬᠤ᠎ᠳᠠᠭᠠᠨ ᠡᠩ ᠲᠡᠷᠢᠭᠦᠨ᠎ᠳᠤ ᠦᠢᠯᠡᠳᠪᠦᠷᠢᠯᠡᠯ᠎ᠤᠨ ᠴᠢᠨᠠᠷᠲᠠᠢ ᠬᠣᠣᠷᠳᠠᠭᠳᠠᠯ ᠡᠴᠨ ᠬᠠᠮᠠᠭᠠᠯᠠᠬᠤ ᠴᠢᠳᠠᠮᠵᠢ ᠶ᠋ᠢ ᠨᠢ ᠪᠣᠳᠣᠯᠬᠢᠯᠠᠵᠤ᠂ ᠡᠭᠦᠨ᠎ᠤ ᠵᠡᠷᠭᠡᠴᠡᠭᠡ ᠪᠡᠷ ᠦᠢᠯᠡᠳᠪᠦᠷᠢᠯᠡᠯ᠎ᠤᠨ ᠣᠷᠴᠢᠨ᠂ ᠭᠦᠳᠡᠯᠮᠤᠷᠢ ᠵᠢᠨ ᠬᠦᠨᠳᠦ ᠬᠥᠩᠭᠡᠨ᠂ ᠬᠣᠣᠷᠳᠠᠭᠳᠠᠯ᠎ᠤᠨ ᠣᠷᠣᠰᠢᠵᠤ ᠪᠤᠢ ᠭᠡᠯᠪᠡᠷᠢ᠂ ᠴᠢᠨᠠᠷ᠂ ᠥᠳᠬᠡᠴᠡ (ᠬᠦᠴᠦᠯᠡᠴᠡ) ᠵᠢᠴᠢ ᠠᠵᠢᠯᠲᠠᠨ᠎ᠤ ᠥᠪᠡᠷ᠎ᠤᠨ ᠬᠢᠨᠢ ᠡᠷᠡᠭᠦᠯ ᠮᠠᠨᠳᠤ ᠵᠢᠨ ᠪᠠᠢᠳᠠᠯ ᠵᠡᠷᠭᠡ ᠶ᠋ᠢ ᠪᠣᠳᠣᠯᠬᠢᠯᠠᠪᠠᠯ ᠵᠣᠬᠢᠨ᠎ᠠ᠃ ᠰᠣᠩᠭᠣᠭᠰᠠᠨ ᠭᠦᠳᠡᠯᠮᠤᠷᠢ ᠵᠢᠨ ᠬᠠᠮᠠᠭᠠᠯᠠᠯᠲᠠ ᠵᠢᠨ ᠬᠡᠷᠡᠭᠰᠡᠯ᠎ᠤᠨ ᠴᠢᠨᠠᠷ᠎ᠢ ᠡᠷᠬᠡᠪᠰᠢ ᠪᠠᠲᠤᠯᠠᠨ᠂ ᠠᠶᠤᠯᠭᠦᠢ  ᠪᠠᠢᠳᠠᠯ ᠡᠷᠡᠭᠦᠯ ᠬᠠᠮᠠᠭᠠᠯᠠᠯ᠎ᠤᠨ ᠨᠥᠬᠥᠴᠡᠯ᠎ᠤᠨ ᠲᠤᠬᠠᠢ ᠤᠯᠤᠰ᠎ᠤᠨ ᠲᠣᠭᠲᠠᠭᠠᠯ᠎ᠳᠤ ᠨᠡᠢᠴᠡᠭᠦᠯᠵᠦ᠂ ᠡᠯ᠎ᠡ ᠲᠦᠷᠤᠯ᠎ᠤᠨ ᠮᠡᠷᠭᠡᠵᠢᠯ᠎ᠤᠨ ᠭᠦᠢᠴᠡᠳᠬᠡᠯ ᠲᠣᠭ᠎ᠠ ᠶ᠋ᠢ ᠤᠯᠤᠰ᠎ᠤᠨ ᠪᠠᠷᠢᠮᠵᠢᠶ᠎ᠠ ᠪᠤᠶᠤ ᠡᠯ᠎ᠡ ᠠᠵᠢᠯ ᠲᠦᠷᠤᠯ᠎ᠤᠨ ᠪᠠᠷᠢᠮᠵᠢᠶᠠᠨ᠎ᠳᠤ ᠨᠡᠢᠴᠡᠭᠦᠯᠬᠦ ᠮᠥᠷᠲᠡᠭᠡᠨ ᠡᠮᠦᠰᠴᠦ ᠵᠡᠭᠦᠬᠦ᠎ᠳᠤ ᠬᠠᠪᠤᠯᠢᠭ᠋᠂ ᠠᠵᠢᠯ᠎ᠢ ᠨᠥᠯᠥᠭᠡᠯᠡᠬᠦ ᠦᠭᠡᠢ ᠪᠠᠢᠬᠤ ᠬᠡᠷᠡᠭᠲᠡᠢ᠃

ᠬᠠᠮᠠᠭᠠᠯᠠᠯᠲᠠ ᠵᠢᠨ ᠬᠡᠷᠡᠭᠰᠡᠯ᠎ᠢ ᠬᠡᠷᠡᠭᠯᠡᠬᠦ ᠠᠵᠢᠯᠲᠠᠳ ᠬᠡᠷᠡᠭᠰᠡᠯ ᠵᠢᠠᠨ ᠰᠠᠢᠲᠤᠷ ᠠᠷᠠᠴᠢᠯᠠᠨ ᠬᠢᠮᠠᠭᠠᠳᠠᠪᠠᠯ ᠬᠡᠷᠡᠭᠰᠡᠯ᠎ᠤᠨ ᠬᠡᠷᠡᠭᠯᠡᠭᠡᠨ᠎ᠤ ᠬᠤᠭᠤᠴᠠᠭ᠎ᠠ ᠶ᠋ᠢ ᠨᠢ ᠤᠷᠲᠤᠳᠬᠠᠵᠤ ᠪᠤᠯᠬᠤ ᠪᠥᠭᠡᠳ ᠨᠠᠩ ᠴᠢᠬᠤᠯᠠ ᠨᠢ ᠬᠡᠷᠡᠭᠰᠡᠯ᠎ᠤᠨ ᠬᠠᠮᠠᠭᠠᠯᠠᠯᠲᠠ ᠵᠢᠨ ᠦᠷ᠎ᠡ ᠪᠦᠳᠤᠮᠵᠢ ᠶ᠋ᠢ ᠪᠠᠲᠤᠯᠠᠬᠤ ᠪᠣᠯᠣᠨ᠎ᠠ᠃ ᠴᠢᠬᠢᠨ᠎ᠤ ᠪᠥᠭᠯᠡᠭᠡ᠂ ᠠᠮᠠᠪᠴᠢ᠂ ᠪᠠᠭ ᠵᠡᠷᠭᠡ ᠪᠡᠨ ᠬᠡᠷᠡᠭᠯᠡᠭᠰᠡᠨ᠎ᠤ ᠲᠠᠷᠠᠭ᠎ᠠ ᠰᠠᠪᠤᠩ ᠲᠠᠢ ᠤᠰᠤ ᠪᠡᠷ ᠤᠬᠢᠶᠠᠵᠤ ᠴᠡᠪᠡᠷᠯᠡᠨ᠂ ᠰᠢᠩᠭᠡᠨ ᠡᠮ ᠵᠢᠡᠷ ᠠᠷᠢᠭᠤᠳᠬᠠᠵᠤ ᠬᠠᠳᠠᠭᠠᠪᠠᠯ ᠵᠣᠬᠢᠨ᠎ᠠ᠃ ᠠᠷᠢᠭᠤᠳᠬᠠᠬᠤ ᠮᠠᠶᠢᠭ᠋᠎ᠤᠨ ᠠᠮᠢᠰᠬᠤᠯ ᠬᠠᠮᠠᠭᠠᠯᠠᠬᠤ ᠬᠡᠷᠡᠭᠰᠡᠯ᠎ᠤᠨ ᠰᠢᠭᠦᠬᠦ ᠎ᠢ ᠲᠣᠭᠲᠠᠮᠠᠯ ᠬᠤᠭᠤᠴᠠᠭ᠎ᠠ ᠲᠠᠢ ᠰᠣᠯᠢᠵᠤ᠂ ᠴᠢᠳᠠᠮᠵᠢ ᠪᠡᠨ ᠠᠯᠳᠠᠬᠤ ᠶ᠋ᠢ ᠨᠢ ᠰᠡᠷᠭᠡᠢᠯᠡᠨ᠎ᠡ᠃ ᠠᠷᠠᠰᠤ ᠪᠣᠬᠢᠷᠲᠤᠬᠤ ᠡᠴᠨ ᠰᠡᠷᠭᠡᠢᠯᠡᠬᠦ ᠬᠤᠪᠴᠠᠰᠤ ᠶ᠋ᠢ ᠬᠡᠷᠡᠭᠯᠡᠭᠰᠡᠨ᠎ᠤ ᠲᠠᠷᠠᠭ᠎ᠠ ᠲᠥᠪᠯᠡᠷᠡᠭᠦᠯᠦᠨ ᠤᠬᠢᠶᠠᠵᠤ ᠠᠷᠢᠭᠤᠳᠬᠠᠪᠠᠯ ᠵᠣᠬᠢᠨ᠎ᠠ᠃   

ᠢᠷᠡᠯᠲᠡ᠄ ᠲᠤᠮᠳᠠᠳᠤ ᠤᠯᠤᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ᠎ᠶᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            