ᠬᠠᠪᠤᠳᠠᠷ᠎ᠤᠨ ᠪᠡᠲᠡᠭᠢᠲᠦ ᠡᠮ ᠪᠤᠯ ᠤᠨᠴᠠᠭᠠᠢ ᠴᠢᠨᠠᠷ᠎ᠢᠶᠠᠷ ᠬᠠᠪᠤᠳᠠᠷ᠎ᠤᠨ ᠵᠠᠩᠬᠢᠯᠠᠭ᠎ᠠ᠎ᠶ᠋ᠢᠨ ᠮᠤᠯᠧᠺᠦ᠋ᠯ᠎ᠤᠨ ᠲᠥᠪᠯᠡᠷᠡᠩᠭᠦᠢ ᠴᠡᠭ᠎ᠢ ᠬᠣᠷᠢᠭ᠍ᠯᠠᠵᠤ᠂ ᠤᠨᠤᠪᠴᠢᠳᠠᠢ᠎ᠪᠠᠷ ᠡᠮᠨᠡᠨ ᠵᠠᠰᠠᠬᠤ ᠬᠠᠪᠤᠳᠠᠷ᠎ᠤᠨ ᠡᠮ ᠪᠤᠯᠤᠨ᠎ᠠ᠃ ᠬᠠᠪᠤᠳᠠᠷ᠎ᠤᠨ ᠪᠡᠲᠡᠭᠢᠲᠦ ᠡᠮ᠎ᠢ ᠬᠡᠷᠡᠭ᠌ᠯᠡᠬᠦ᠌᠎ᠳᠤ ᠡᠮ᠎ᠤᠨ ᠵᠦᠢᠯᠡᠰ᠎ᠤᠨ ᠲᠣᠳᠣᠷᠬᠠᠢᠯᠠᠯᠲᠠ᠎ᠳᠤ ᠲᠣᠭ᠍ᠲᠠᠭᠠᠭ᠍ᠰᠠᠨ ᠵᠣᠬᠢᠴᠠᠬᠤ ᠭᠡᠮ ᠵᠢᠴᠢ ᠬᠤᠯᠪᠣᠭ᠍ᠳᠠᠯ ᠪᠦᠬᠦᠢ ᠭᠧᠨ᠎ᠤ ᠣᠷᠣᠨ ᠪᠠᠢᠷᠢ᠎ᠶ᠋ᠢᠨ ᠭᠡᠨᠡᠳᠲᠡ᠎ᠶ᠋ᠢᠨ ᠬᠤᠪᠢᠷᠠᠯᠲᠠ ᠵᠡᠷᠭᠡ ᠡᠮ ᠬᠡᠷᠡᠭ᠌ᠯᠡᠬᠦ᠌ ᠨᠥᠬᠦᠴᠡᠯ᠎ᠢ ᠴᠢᠩᠭ᠎ᠠ ᠵᠢᠷᠤᠮᠯᠠᠵᠤ᠂ ᠵᠢᠱ᠌ᠢᠭ᠌ᠰᠡᠨ ᠪᠡᠲᠡᠭᠢᠲᠦ ᠡᠮᠨᠡᠨ ᠵᠠᠰᠠᠬᠤ ᠦᠷ᠎ᠡ ᠪᠦᠲᠦᠮᠵᠢ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠬᠡᠷᠪᠡ ᠲᠣᠭ᠍ᠲᠠᠭᠠᠯ ᠶᠣᠰᠣᠭᠠᠷ ᠡᠮ ᠬᠡᠷᠡᠭ᠌ᠯᠡᠬᠦ᠌ ᠦᠭᠡᠢ ᠪᠣᠯ ᠡᠮᠨᠡᠨ ᠵᠠᠰᠠᠬᠤ ᠦᠷ᠎ᠡ ᠪᠦᠲᠦᠮᠵᠢ᠎ᠳᠤ ᠬᠦᠷᠴᠦ᠍ ᠳᠡᠢᠯᠬᠦ᠌ ᠦᠭᠡᠢ ᠮᠥᠷᠲᠡᠭᠡᠨ ᠪᠠᠰᠠ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠡᠭᠦᠷᠭᠡᠯᠡᠵᠦ᠍᠂ ᠡᠮᠨᠡᠨ ᠵᠠᠰᠠᠬᠤ ᠴᠠᠭ ᠲᠣᠬᠢᠶᠠᠯ᠎ᠢ ᠰᠠᠭᠠᠲᠠᠭᠠᠬᠤ᠎ᠶ᠋ᠢᠨ ᠬᠠᠮᠲᠤ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠪᠦᠷᠢᠯᠭᠡᠨ ᠰᠦᠢᠳᠭᠡᠵᠦ᠍᠂ ᠡᠪᠡᠳᠴᠢᠲᠡᠨ᠎ᠤ ᠳᠠᠷᠤᠭᠠᠰᠤ᠎ᠶ᠋ᠢ ᠨᠡᠮᠡᠭ᠌ᠳᠡᠭᠦᠯᠦᠨ᠎ᠡ᠃
ᠡᠣᠢᠷ᠎ᠠ᠎ᠶᠢᠨ ᠬᠤᠭᠤᠴᠠᠭᠠᠨ᠎ᠳ᠋ᠤ᠂ ᠳᠤᠮᠳᠠᠳᠤ ᠡᠣᠯᠣᠰ᠎ᠤ᠋ᠨ ᠲᠠᠰᠤᠯᠤᠨ ᠲᠣᠭ᠍ᠲᠠᠭᠠᠯᠲᠠ᠎ᠶ᠋ᠢᠨ ᠪᠢᠴᠢᠭ ᠬᠠᠷ᠎ᠠ᠎ᠶᠢᠨ ᠰᠦᠯᠵᠢᠶ᠎ᠡ ᠨᠢᠭᠡ ᠬᠤᠪᠢ ᠡᠷᠡᠭᠦᠦ᠍ᠶᠢᠨ ᠬᠡᠷᠡᠭ᠎ᠦ᠋ᠨ ᠱᠢᠭᠦᠨ ᠲᠠᠰᠤᠯᠤᠯᠲᠠ᠎ᠶᠢᠨ ᠪᠢᠴᠢᠭ᠎ᠢ᠋ ᠪᠣᠯᠭᠠᠵᠠᠢ᠂ ᠵᠠᠷᠢᠮ ᠡᠮ ᠡᠮᠨᠡᠯᠭᠡ᠎ᠶᠢᠨ ᠺᠣᠮᠫᠠᠨᠢ᠎ᠶᠢᠨ ᠡᠮ ᠡᠮᠨᠡᠯᠭᠡ᠎ᠶᠢᠨ ᠲᠥᠯᠥᠭᠡᠯᠡᠭ᠌ᠴᠢ᠂ ᠬᠤᠪᠢ ᠬᠥᠮᠦᠨ᠎ᠦ᠌ ᠪᠣᠷᠣᠯᠠᠭᠤᠯᠭ᠎ᠠ᠎ᠶᠢᠨ ᠬᠢᠷᠢ ᠪᠦᠲᠦᠮᠵᠢ᠎ᠶᠢ ᠬᠥᠭᠡᠭᠡᠴᠡᠯᠳᠦᠬᠦ᠌᠎ᠶᠢᠨ ᠲᠤᠰᠠᠳᠠ᠂ ᠡᠪᠡᠳᠴᠢᠲᠡᠨᠦ᠌ ᠭᠧᠨᠦ᠌ ᠱᠢᠯᠭᠠᠨ ᠪᠠᠢᠴᠠᠭᠠᠯᠲᠠ᠎ᠶᠢᠨ ᠮᠡᠳᠡᠭᠦᠯᠦᠯᠲᠡ᠎ᠶᠢ ᠥᠭᠡᠷᠡᠳᠡᠭᠦᠯᠵᠦ᠍᠂ ᠡᠮ ᠬᠡᠷᠡᠭ᠌ᠯᠡᠬᠦ᠌ ᠨᠥᠬᠥᠴᠡᠯᠳ᠋ᠦ᠍ ᠨᠡᠢᠴᠡᠬᠦ᠌ ᠦᠭᠡᠢ ᠡᠪᠡᠳᠴᠢᠲᠡᠨᠳ᠋ᠦ᠍ ᠬᠠᠪᠤᠳᠠᠷ᠎ᠤᠨ ᠪᠡᠲᠡᠭᠢᠲᠦ ᠡᠮ᠎ᠢ ᠬᠡᠷᠡᠭ᠌ᠯᠡᠭᠦᠯᠵᠦ᠍᠂ ᠡᠮᠴᠢᠯᠡᠭᠡᠨ᠎ᠦ ᠳᠠᠭᠠᠳᠭᠠᠯ᠎ᠤ᠋ᠨ ᠰᠠᠭᠤᠷᠢ ᠮᠥᠩᠭᠥ᠎ᠶᠢ ᠬᠣᠬᠢᠷᠠᠭᠤᠯᠵᠤ᠂ ᠡᠴᠦᠰ᠎ᠲᠤ᠎ᠪᠠᠨ ᠮᠡᠬᠡᠯᠡᠭ᠌ᠰᠡᠨ ᠶᠠᠯ᠎ᠠ᠎ᠪᠠᠷ ᠭᠢᠨᠳᠠᠨᠳ᠋ᠤ ᠣᠷᠣᠵᠠᠢ᠃ ᠡᠨᠡ ᠬᠦ᠌ ᠬᠡᠷᠡᠭ᠎ᠤᠨ ᠵᠢᠱ᠌ᠢᠶ᠎ᠡ ᠨᠢ ᠬᠠᠤᠯᠢ ᠴᠠᠭᠠᠵᠠ᠎ᠶ᠋ᠢᠨ ᠵᠠᠯᠬᠠᠭᠠᠨ ᠴᠡᠭᠡᠷᠯᠡᠭᠦᠯᠬᠦ᠌ ᠬᠠᠳᠠᠨ ᠴᠢᠨᠠᠷ᠎ᠢᠶᠠᠷ 《 ᠤᠯᠠᠭᠠᠨ ᠱᠤᠭᠤᠮ᠎ᠢ ᠶᠠᠭᠠᠬᠢᠭ᠍ᠰᠠᠨ ᠴᠤ᠌ ᠬᠦᠨᠳᠡᠵᠦ᠍ ᠪᠣᠯᠬᠤ ᠦᠭᠡᠢ᠂ ᠬᠤᠷᠢᠭ᠎ᠠ ᠱᠤᠭᠤᠮ᠎ᠢ ᠶᠠᠭᠠᠬᠢᠭ᠍ᠰᠠᠨ ᠴᠤ᠌ ᠡᠪᠳᠡᠵᠦ᠍ ᠪᠣᠯᠬᠤ ᠦᠭᠡᠢ 》 ᠭᠡᠬᠦ᠌ ᠰᠡᠷᠡᠮᠵᠢ᠎ᠶ᠋ᠢᠨ ᠬᠤᠩᠬᠤ᠎ᠶ᠋ᠢ ᠴᠣᠬᠢᠪᠠ᠃
ᠵᠠᠭᠠᠯᠳᠣᠭ᠍ᠳᠠᠭ᠍ᠴᠢ ᠯᠦ᠍ ᠣᠪᠣᠭ᠍ᠲᠣ᠂ ᠵᠠᠷᠢᠮ ᠡᠮ ᠡᠮᠨᠠᠯᠭᠡ᠎ᠶ᠋ᠢᠨ ᠺᠤᠮᠫᠠᠨᠢ᠎ᠶ᠋ᠢᠨ ᠡᠮ ᠡᠮᠨᠠᠯᠭᠡ᠎ᠶ᠋ᠢᠨ ᠲᠥᠯᠥᠭᠡᠯᠡᠭ᠌ᠴᠢ᠂ ᠭᠣᠣᠯᠲᠠᠭᠤ ᠠᠭᠤᠰᠭᠢᠨ᠎ᠤ ᠦᠮᠡᠨ᠎ᠤ ᠪᠡᠳᠡᠬᠢ᠎ᠲᠦ ᠡᠮ ᠬᠦᠬᠦᠷᠲᠦ ᠬᠦᠴᠢᠯ᠎ᠤᠨ ᠣᠣ ᠰᠢ ᠲᠢ ᠨᠢ ᠬᠠᠪᠲᠠᠭᠠᠢ ᠡᠮ ( ᠳᠣᠷᠣᠭ᠍ᠰᠢ 《 ᠣᠣ ᠰᠢ ᠲᠢ ᠨᠢ 》 ᠭᠡᠵᠦ᠍ ᠲᠣᠪᠴᠢᠯᠠᠨ᠎ᠠ )᠎ᠢ ᠲᠡᠯᠬᠡᠷᠡᠭᠦᠯᠭᠦ᠌ ᠠᠵᠢᠯ᠎ᠢ ᠬᠠᠷᠢᠭᠤᠴᠠᠵᠦ᠍ ᠪᠠᠢᠪᠠ᠃ ᠣᠣ ᠰᠢ ᠲᠢ ᠨᠢ ᠱᠢᠯᠭᠠᠨ ᠪᠠᠢᠴᠠᠭᠠᠯᠲᠠ᠎ᠪᠠᠷ ᠳᠠᠮᠵᠢᠨ EGFRT790M ᠭᠡᠨᠡᠳᠲᠡ᠎ᠶ᠋ᠢᠨ ᠬᠤᠪᠢᠷᠠᠯᠲᠠ᠎ᠶ᠋ᠢᠨ ᠠᠷᠭ᠎ᠠ ᠴᠢᠨᠠᠷ ᠣᠷᠣᠱᠢᠵᠤ ᠪᠠᠢᠬᠤ ᠬᠡᠰᠡᠭ ᠲᠠᠯ᠎ᠠ᠎ᠶ᠋ᠢᠨ ᠰᠡᠭᠦᠯᠴᠢ᠎ᠶ᠋ᠢᠨ ᠦᠶ᠎ᠡ ᠪᠤᠶᠤ ᠱᠢᠯᠵᠢᠯᠲᠡ᠎ᠶ᠋ᠢᠨ ᠴᠢᠨᠠᠷᠲᠠᠢ ᠵᠢᠵᠢᠭ ᠡᠰ᠎ᠤᠨ ᠪᠤᠰᠤ ᠠᠭᠤᠰᠭᠢᠨ ᠦᠮᠡᠨ᠎ᠤ ᠨᠠᠰᠤᠨ᠎ᠳᠤ ᠬᠦᠷᠦᠭ᠌ᠰᠡᠨ ᠡᠪᠡᠳᠴᠢᠲᠡᠨ᠎ᠢ ᠡᠮᠨᠡᠨ ᠵᠠᠰᠠᠬᠤ᠎ᠳᠤ ᠬᠡᠷᠡᠭ᠌ᠯᠡᠵᠦ᠍ ᠪᠣᠯᠬᠤ᠎ᠶ᠋ᠢ ᠨᠣᠲᠠᠯᠠᠪᠠ᠃ 2020 ᠣᠨ᠎ᠤ 10 ᠳ᠋ᠤᠭᠠᠷ ᠰᠠᠷ᠎ᠠ᠎ᠠᠴᠠ 2021 ᠣᠨ᠎ᠤ 4 ᠳ᠋ᠤᠭᠡᠷ ᠰᠠᠷ᠎ᠠ ᠪᠣᠯᠲᠠᠯᠠᠬᠢ ᠬᠤᠭᠤᠴᠠᠭᠠᠨ᠎ᠳᠤ᠂ ᠯᠦ᠍ ᠣᠪᠣᠭ᠍ᠲᠤ ᠪᠣᠷᠣᠯᠠᠭᠤᠯᠭ᠎ᠠ᠎ᠶᠢᠨ ᠢᠯᠡᠳᠭᠡᠪᠦᠷᠢ᠎ᠪᠡᠨ ᠪᠡᠶᠡᠯᠡᠭᠦᠯᠬᠦ᠌᠎ᠶ᠋ᠢᠨ ᠲᠥᠯᠥᠭᠡ᠂ ᠡᠪᠡᠳᠴᠢᠲᠡᠨ ᠱᠢᠤᠢ ᠣᠪᠣᠭ᠍ᠲᠤ᠂ ᠵᠤᠤ ᠣᠪᠣᠭ᠍ᠲᠤ᠂ ᠰᠦᠩ ᠣᠪᠣᠭ᠍ᠲᠤ EGFRT790M ᠭᠧᠨ᠎ᠤ ᠭᠡᠨᠡᠳᠲᠡ᠎ᠶ᠋ᠢᠨ ᠬᠤᠪᠢᠷᠠᠯᠲᠠ᠎ᠶ᠋ᠢᠨ ᠪᠠᠢᠴᠠᠭᠠᠯᠲᠠ᠎ᠶ᠋ᠢᠨ ᠳ᠋ᠦᠩ᠎ᠨᠢ ᠪᠢᠯᠢᠭ ᠴᠢᠨᠠᠷᠲᠠᠢ᠂ ᠤᠣ ᠰᠢ ᠲᠢ ᠨᠢᠶ᠋ᠢᠨ ᠬᠡᠷᠡᠭ᠌ᠯᠡᠯᠲᠡ᠎ᠶ᠋ᠢᠨ ᠨᠥᠬᠦᠴᠡᠯ᠎ᠳᠤ ᠨᠡᠢᠴᠡᠬᠦ᠌ ᠦᠭᠡᠢ ᠪᠠᠢᠬᠤ᠎ᠶ᠋ᠢ ᠮᠡᠳᠡᠭ᠌ᠰᠡᠨ ᠪᠠᠢᠳᠠᠯ ᠳᠣᠣᠷ᠎ᠠ᠂ ᠮᠥᠨ ᠯᠡ 《 WPS 》 ᠵᠥᠭᠡᠯᠡᠨ ᠲᠣᠨᠤᠭ᠎ᠢ ᠳᠤᠷ᠎ᠠ᠎ᠪᠠᠷ᠎ᠢᠶᠠᠨ ᠬᠡᠷᠡᠭ᠌ᠯᠡᠵᠦ᠍ ᠭᠤᠷᠪᠠᠨ ᠡᠪᠡᠳᠴᠢᠲᠡᠨ᠎ᠤ ᠪᠠᠢᠴᠠᠭᠠᠯᠲᠠ᠎ᠶ᠋ᠢᠨ ᠮᠡᠳᠡᠭᠦᠯᠦᠯᠲᠡ᠎ᠳᠠᠬᠢ ᠭᠧᠨ᠎ᠤ ᠭᠡᠨᠡᠳᠲᠡ᠎ᠶ᠋ᠢᠨ ᠬᠤᠪᠢᠷᠠᠯᠲᠠ᠎ᠶ᠋ᠢᠨ 《 ᠪᠢᠯᠢᠭ ᠴᠢᠨᠠᠷ 》᠎ᠢ 《 ᠠᠷᠭ᠎ᠠ ᠴᠢᠨᠠᠷ 》 ᠪᠣᠯᠭᠠᠨ ᠵᠠᠰᠠᠪᠠ᠃ ᠰᠡᠭᠦᠯᠡᠷ᠎ᠨᠢ ᠵᠠᠷᠢᠮ ᠡᠮᠨᠡᠯᠭᠡ᠎ᠶ᠋ᠢᠨ ᠬᠤᠷᠢᠶᠠᠨ᠎ᠤ ᠠᠮᠢᠰᠭᠤᠯ᠎ᠤᠨ ᠳᠣᠲᠤᠷ᠎ᠠ ᠡᠮᠨᠡᠯᠭᠡ᠎ᠶ᠋ᠢᠨ ᠡᠮᠴᠢ ᠯᠦ᠍ ᠣᠪᠣᠭ᠍ᠲᠤ 2020 ᠣᠨ᠎ᠤ 10 ᠳ᠋ᠤᠭᠠᠷ ᠰᠠᠷ᠎ᠠ᠎ᠳᠤ᠂ ᠬᠤᠳᠠᠯ ᠬᠠᠭᠤᠷᠮᠠᠭ ᠠᠷᠭ᠎ᠠ ᠴᠢᠨᠠᠷᠲᠠᠶ ᠮᠡᠳᠡᠭᠦᠯᠦᠯᠲᠡᠶᠣᠰᠣᠭᠠᠷ ᠡᠪᠡᠳᠴᠢᠲᠡᠨ ᠱᠢᠤᠢ ᠣᠪᠣᠭ᠍ᠲᠤ᠎ᠳᠤ ᠡᠮᠴᠢᠯᠡᠭᠡᠨ᠎ᠤ ᠳᠠᠭᠠᠳᠭᠠᠯ᠎ᠢᠶᠡᠷ ᠲᠠᠩᠰᠠ ᠲᠠᠢᠯᠵᠤ 1 ᠬᠠᠢᠷᠴᠠᠭ ᠣᠣ ᠰᠢ ᠲᠢᠨᠢ ᠡᠮ ᠨᠡᠭᠡᠭᠡᠵᠦ᠍ ᠥᠭ᠌ᠪᠡ; ᠵᠠᠷᠢᠮ ᠡᠮᠨᠡᠯᠭᠡ᠎ᠶ᠋ᠢᠨ ᠬᠤᠷᠢᠶᠠᠨ᠎ᠤ ᠠᠮᠢᠰᠭᠤᠯ᠎ᠤᠨ ᠳᠣᠲᠣᠷ᠎ᠠ ᠡᠮᠨᠡᠯᠭᠡ᠎ᠶ᠋ᠢᠨ ᠡᠮᠴᠢ ᠶᠢᠨ ᠣᠪᠣᠭ᠍ᠲᠤ 2021 ᠣᠨ᠎ᠤ 3 ᠳ᠋ᠤᠭᠠᠷ ᠰᠠᠷ᠎ᠠ᠂ 4 ᠳ᠋ᠤᠭᠡᠷ ᠰᠠᠷ᠎ᠠ᠎ᠳᠤ᠂ ᠬᠤᠳᠠᠯ ᠬᠠᠭᠤᠷᠮᠠᠭ ᠠᠷᠭ᠎ᠠ ᠴᠢᠨᠠᠷᠲᠠᠶ ᠮᠡᠳᠡᠭᠦᠯᠦᠯᠲᠡᠶᠣᠰᠣᠭᠠᠷ ᠡᠪᠡᠳᠴᠢᠲᠡᠨ ᠵᠣᠣ ᠣᠪᠣᠭ᠍ᠲᠤ᠎ᠳᠤ᠂ ᠡᠮᠴᠢᠯᠡᠭᠡᠨ᠎ᠤ ᠳᠠᠭᠠᠳᠭᠠᠯ᠎ᠢᠶᠡᠷ ᠲᠠᠩᠰᠠ ᠲᠠᠢᠯᠵᠤ 2 ᠬᠠᠢᠷᠴᠠᠭ ᠣᠣ ᠰᠢ ᠲᠢᠨᠢ ᠡᠮ ᠨᠡᠭᠡᠭᠡᠵᠦ᠍ ᠥᠭ᠌ᠪᠡ; ᠵᠠᠷᠢᠮ ᠡᠮᠨᠡᠯᠭᠡ᠎ᠶ᠋ᠢᠨ ᠬᠤᠷᠢᠶᠠᠨ᠎ᠤ ᠠᠮᠢᠰᠭᠤᠯ᠎ᠤᠨ ᠳᠣᠲᠣᠷ᠎ᠠ ᠡᠮᠨᠡᠯᠭᠡ᠎ᠶ᠋ᠢᠨ ᠡᠮᠴᠢ ᠬᠤ᠌ ᠣᠪᠣᠭ᠍ᠲᠤ 2021 ᠣᠨ᠎ᠤ 1 ᠳ᠋ᠤᠭᠡᠷ ᠰᠠᠷ᠎ᠠ᠎ᠠᠴᠠ 4 ᠳ᠋ᠤᠭᠡᠷ ᠰᠠᠷ᠎ᠠ ᠪᠣᠯᠲᠠᠯ᠎ᠠ᠂ ᠬᠤᠳᠠᠯ ᠬᠠᠭᠤᠷᠮᠠᠭ ᠠᠷᠭ᠎ᠠ ᠴᠢᠨᠠᠷᠲᠠᠶ ᠮᠡᠳᠡᠭᠦᠯᠦᠯᠲᠡ ᠶᠣᠰᠣᠭᠠᠷ ᠡᠪᠡᠳᠴᠢᠲᠡᠨ ᠰᠦᠩ ᠣᠪᠣᠭ᠍ᠲᠤ᠎ᠳᠤ ᠡᠮᠴᠢᠯᠡᠭᠡᠨ᠎ᠤ ᠳᠠᠭᠠᠳᠭᠠᠯ᠎ᠢᠶᠡᠷ ᠲᠠᠩᠰᠠ ᠲᠠᠢᠯᠵᠤ 5 ᠬᠠᠢᠷᠴᠠᠭ ᠣᠣ ᠰᠢ ᠲᠢᠨᠢ ᠡᠮ ᠨᠡᠭᠡᠭᠡᠵᠦ᠍ ᠥᠭ᠌ᠪᠡ᠃ ᠨᠡᠢᠲᠡ ᠡᠮᠴᠢᠯᠡᠭᠡᠨ᠎ᠦ ᠳᠠᠭᠠᠳᠭᠠᠯ᠎ᠤ᠋ᠨ ᠰᠠᠭᠤᠷᠢ ᠮᠥᠩᠭᠥᠨ᠎ᠦ᠌ ᠬᠣᠬᠢᠷᠠᠯ 27540 ᠲᠥᠭᠥᠷᠢᠭ ᠪᠣᠯᠪᠠ᠃
ᠱᠢᠭᠦᠬᠦ᠌ ᠬᠤᠷᠢᠶ᠎ᠠ᠎ᠠᠴᠠ ᠱᠢᠭᠦᠨ ᠱᠢᠢᠳᠪᠦᠷᠢᠯᠡᠬᠦ᠌᠎ᠳᠤ᠎ᠪᠠᠨ᠂ ᠯᠦ᠍ ᠣᠪᠣᠭ᠍ᠲᠤ ᠬᠠᠤᠯᠢ ᠪᠤᠰᠤ᠎ᠪᠠᠷ ᠡᠵᠡᠮᠱᠢᠬᠦ᠌᠎ᠪᠠᠷ ᠵᠣᠷᠢᠯᠭ᠎ᠠ ᠪᠣᠯᠭᠠᠵᠤ᠂ ᠬᠤᠳᠠᠯ ᠬᠠᠭᠤᠷᠮᠠᠭ᠎ᠢᠶᠠᠷ ᠪᠣᠳᠠᠲᠤ ᠶᠠᠪᠤᠳᠠᠯ᠎ᠢ ᠵᠣᠬᠢᠶᠠᠬᠤ ᠠᠷᠭ᠎ᠠ᠎ᠪᠠᠷ ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠪᠡᠯᠡ ᠮᠥᠩᠭᠦ᠎ᠶ᠋ᠢ ᠮᠡᠬᠡᠯᠡᠨ ᠠᠪᠤᠭ᠍ᠰᠠᠨ ᠲᠤᠭ᠎ᠠ᠎ᠨᠢ ᠨᠡᠯᠢᠶᠡᠳ ᠶᠡᠭᠡ ᠪᠠᠢᠵᠤ᠂ ᠲᠡᠭᠦᠨ᠎ᠤ ᠦᠢᠯᠡ ᠠᠵᠢᠯᠯᠠᠭ᠎ᠠ᠎ᠨᠢ ᠨᠢᠭᠡᠨᠲᠡ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ᠍᠎ᠶ᠋ᠢᠨ ᠬᠠᠤᠯᠢ 》᠎ᠶ᠋ᠢᠨ ᠬᠤᠶᠠᠷ ᠵᠠᠭᠤ ᠵᠢᠷᠠᠨ ᠵᠢᠷᠭᠤᠳᠤᠭᠠᠷ ᠵᠤᠷᠪᠤᠰ᠎ᠲᠤ ᠲᠣᠭ᠍ᠲᠠᠭᠠᠭ᠍ᠰᠠᠨ ᠮᠡᠬᠡᠯᠡᠭ᠌ᠰᠡᠨ ᠶᠠᠯ᠎ᠠ᠎ᠶ᠋ᠢ ᠪᠦᠷᠢᠯᠳᠦᠭᠦᠯᠦᠭ᠌ᠰᠡᠨ ᠪᠠᠢᠨ᠎ᠠ᠃ ᠲᠡᠭᠦᠨ᠎ᠤ ᠪᠡᠶ᠎ᠡ᠎ᠪᠠᠨ ᠲᠤᠱᠢᠶᠠᠭ᠍ᠰᠠᠨ᠂ ᠰᠠᠢᠨ ᠳᠤᠷ᠎ᠠ᠎ᠠᠴᠠ᠎ᠪᠠᠨ ᠶᠠᠯ᠎ᠠ᠎ᠪᠠᠨ ᠮᠡᠳᠡᠷᠡᠵᠦ᠍ ᠱᠢᠢᠳᠭᠡᠯ᠎ᠢ ᠮᠡᠳᠡᠷᠡᠬᠦ᠂ ᠢᠳᠡᠪᠬᠢᠲᠡᠶ᠎ᠪᠠᠷ ᠲᠥᠯᠦᠵᠦ᠍ ᠥᠭ᠌ᠬᠦ ᠵᠡᠷᠭᠡ ᠦᠢᠯᠡ ᠪᠠᠢᠳᠠᠯ᠎ᠢ ᠶᠡᠷᠦᠩᠬᠡᠢᠯᠡᠨ ᠪᠣᠳᠣᠯᠬᠢᠯᠠᠵᠤ᠂ ᠬᠠᠤᠯᠢ ᠶᠣᠰᠣᠭᠠᠷ ᠬᠥᠩᠭᠡᠨ᠎ᠢᠶᠠᠷ ᠱᠢᠢᠳᠭᠡᠵᠦ᠍ ᠪᠣᠯᠤᠨ᠎ᠠ; ᠭᠡᠪᠡᠴᠦ ᠡᠮ ᠡᠮᠨᠡᠯᠭᠡ᠎ᠶ᠋ᠢᠨ ᠲᠥᠯᠥᠭᠡᠯᠡᠭ᠌ᠴᠢ ᠪᠣᠯᠣᠭ᠍ᠰᠠᠨ᠎ᠤ ᠬᠤᠪᠢ᠎ᠳᠤ ᠡᠮ ᠬᠡᠷᠡᠭ᠌ᠯᠡᠬᠦ᠌᠎ᠶ᠋ᠢ ᠳᠡᠯᠭᠡᠷᠡᠭᠦᠯᠬᠦ᠌᠎ᠪᠠᠷ ᠳᠠᠮᠵᠢᠵᠤ ᠠᠵᠢᠯ᠎ᠤᠨ ᠠᠮᠵᠢᠯᠲᠠ ᠪᠠ ᠬᠤᠪᠢᠳᠠᠯ ᠠᠪᠴᠤ᠌᠂ ᠡᠮᠴᠢᠯᠡᠭᠡᠨ᠎ᠦ ᠳᠠᠭᠠᠳᠭᠠᠯ᠎ᠤᠨ ᠪᠡᠯᠡ ᠮᠥᠩᠭᠦ᠎ᠶ᠋ᠢᠨ ᠠᠮᠤᠷ ᠲᠦᠪᠱᠢᠨ᠎ᠢ ᠬᠠᠮᠢᠶᠠᠷᠬᠤ ᠦᠭᠡᠢ᠂ ᠲᠡᠭᠦᠨ᠎ᠤ ᠦᠢᠯᠡ ᠠᠵᠢᠯᠯᠠᠭ᠎ᠠ᠎ᠶ᠋ᠢᠨ ᠨᠡᠢᠭᠡᠮ᠎ᠤᠨ ᠬᠥᠨᠥᠭᠡᠯᠲᠦ ᠶᠡᠭᠡ ᠪᠣᠯᠬᠤᠷ ᠡᠷᠡᠭᠦᠦ ᠱᠢᠢᠳᠭᠡᠯ ᠬᠤᠢᠱᠢᠯᠠᠭᠤᠯᠬᠤ᠎ᠳᠤ ᠲᠣᠬᠢᠷᠠᠬᠤ ᠦᠭᠡᠢ᠃ ᠡᠴᠦᠰ᠎ᠦᠨ ᠱᠢᠭᠦᠨ ᠲᠠᠰᠤᠯᠤᠯᠲᠠ᠄ ᠵᠠᠭᠠᠯᠳᠤᠭ᠍ᠳᠠᠭ᠍ᠴᠢ ᠯᠦ᠍ ᠣᠪᠣᠭ᠍ᠲᠤ ᠮᠡᠬᠡᠯᠡᠭ᠌ᠰᠡᠨ ᠶᠠᠯ᠎ᠠ ᠬᠢᠵᠦ᠍᠂ ᠨᠠᠢ᠍ᠮᠠᠨ ᠰᠠᠷ᠎ᠠ ᠬᠤᠭᠤᠴᠠᠭ᠎ᠠ᠎ᠲᠠᠢ ᠬᠣᠷᠢᠬᠤ᠎ᠪᠠᠷ ᠱᠢᠢᠳᠭᠡᠵᠦ᠍᠂ ᠠᠷᠠᠳ᠎ᠤᠨ ᠵᠣᠭᠣᠰ᠎ᠢᠶᠠᠷ ᠳᠣᠯᠣᠭᠠᠨ ᠮᠢᠩᠭᠠᠨ ᠲᠦᠭᠦᠷᠢᠭ ᠵᠣᠭᠣᠰ᠎ᠢᠶᠠᠷ ᠲᠣᠷᠭᠠᠨ᠎ᠠ ; ᠪᠠᠷᠢᠪᠴᠢᠯᠠᠭ᠍ᠳᠠᠭ᠍ᠰᠠᠨ ᠬᠠᠤᠯᠢ᠎ᠶ᠋ᠢ ᠵᠥᠷᠢᠴᠡᠵᠦ᠍ ᠣᠯᠣᠭ᠍ᠰᠠᠨ ᠣᠯᠵᠠᠪᠤᠷᠢ᠎ᠶ᠋ᠢ ᠪᠤᠴᠠᠭᠠᠨᠡ ( ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠦᠩᠭᠦ᠌᠎ᠶ᠋ᠢ ᠪᠤᠴᠠᠭᠠᠨ᠎ᠠ )᠃