ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2022-08-03

   6 ᠳ᠋ᠤᠭ᠋ᠠᠷ ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠳᠡᠳ᠋ ᠲᠣᠪᠴᠢᠶᠠᠨ ᠳᠠᠷᠤᠭ᠎ᠠ ᠬᠤᠤ ᠮᠧᠩ ᠭᠤᠤᠯ ᠰᠡᠳᠦᠪ᠎ᠢ ᠨᠡᠶ᠋ᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠳᠡᠳ᠋ ᠲᠣᠪᠴᠢᠶᠠᠨ ᠳᠠᠷᠤᠭ᠎ᠠ ᠼᠠᠢ ᠾᠥᠩ ᠢᠦᠶ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠠᠷᠠᠭ᠋ᠠᠯᠵᠠᠯ᠎ᠢ ᠪᠠᠲᠤᠯᠠᠬᠤ ᠭᠠᠵᠠᠷ᠎ᠤᠨ ᠳᠠᠷᠤᠭ᠎ᠠ ᠪᠦᠦ ᠴᠦᠨ ᠿᠥᠩ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


微信图片_20220815091446.jpg

 

    ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠢ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷᠡᠬᠢ ᠨᠡᠢ᠌ᠲᠡᠯᠡᠯ᠎ᠤᠨ ᠦᠭᠡ

 

    ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ  ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠲᠣᠪᠴᠢᠶ᠎ᠠ ᠵᠢᠨ ᠳᠡᠳ᠋ ᠳᠠᠷᠤᠭ᠎ᠠ   ᠬᠤᠤ ᠮᠧᠩ

 

ᠡᠯ᠎ᠡ ᠵᠠᠭᠤᠴᠢᠯᠠᠭᠤᠷ᠎ᠤᠨ ᠨᠠᠶ᠋ᠢᠵᠠ ᠨᠠᠷ ᠡ᠂ ᠣᠯᠠᠨ ᠵᠶ᠋ᠠᠷ ᠵᠶ᠋ᠠᠨ ᠰᠠᠶ᠋ᠢᠨ ᠪᠠᠶ᠋ᠢᠵᠠᠭ᠋ᠠᠨ᠎ᠠ ᠦᠦ!

    ᠡᠩ ᠲᠡᠷᠢᠭᠦᠨ᠎ᠳᠤ᠂ ᠨᠡᠶ᠋ᠢᠭᠡᠮ᠎ᠤᠨ ᠡᠯ᠎ᠡ ᠡᠲᠡᠭᠡᠳ ᠪᠠ ᠵᠠᠭᠤᠴᠢᠯᠠᠭᠤᠷ᠎ᠤᠨ ᠨᠠᠶ᠋ᠢᠵᠠ ᠨᠠᠷ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠰ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠶ᠋ᠢᠨ᠎ᠠ!

    ᠳᠤᠤᠷ᠎ᠠ ᠪᠢ 《ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ》᠎ᠤᠨ ᠬᠣᠯᠪᠣᠭᠳᠠᠯ ᠪᠥᠬᠥᠶ ᠪᠠᠶ᠋ᠢᠳᠠᠯ᠎ᠢ ᠣᠯᠠᠨ᠎ᠳᠤ ᠲᠠᠨᠢᠯᠴᠠᠭᠤᠯᠤᠶ᠎ᠠ᠃

    ᠨᠢᠭᠡ᠂ 《ᠬᠡᠷᠡᠭᠵᠢᠭᠦᠯᠬᠦ ᠰᠠᠨᠠᠯ》᠎ᠢ ᠨᠡᠶ᠋ᠢᠲᠡᠯᠡᠭᠰᠡᠨ ᠠᠬᠤᠶ ᠪᠠᠶ᠋ᠢᠳᠠᠯ ᠪᠠ ᠠᠴᠢ ᠬᠣᠯᠪᠣᠭᠳᠠᠯ

    ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠨᠢ ᠣᠯᠠᠨ ᠲᠦᠮᠡᠨ᠎ᠤ ᠡᠪᠡᠳᠴᠢᠨ ᠦᠵᠡᠭᠦᠯᠬᠦ᠂ ᠠᠷᠠᠳ᠎ᠤᠨ ᠠᠮᠢᠳᠤᠷᠠᠯ᠎ᠳᠤ ᠪᠤᠶᠠᠨ ᠦᠢ᠍ᠯᠡᠳᠬᠦ᠂ ᠨᠡᠶ᠋ᠢᠭᠡᠮ᠎ᠤᠨ ᠡᠶ᠎ᠡ ᠵᠣᠬᠢᠴᠠᠯ ᠲᠣᠭᠲᠠᠭᠤᠨ᠎ᠲᠠᠢ ᠬᠣᠯᠪᠣᠭᠳᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 2018 ᠣᠨ᠎ᠤ ᠰᠡᠭᠦᠯᠴᠢ᠎ᠪᠠᠷ ᠪᠠᠶ᠋ᠢᠭᠤᠯᠤᠭᠳᠠᠭᠰᠠᠨ᠎ᠠᠴᠠ ᠨᠠᠭ᠋ᠠᠰᠢ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠲᠥᠪ        ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠡᠪᠡᠳᠴᠢᠨ ᠦᠵᠡᠭᠦᠯᠬᠦ᠎ᠳᠤ ᠬᠦᠴᠢᠷᠲᠡᠢ᠂ ᠡᠪᠡᠳᠴᠢᠨ ᠦᠵᠡᠭᠦᠯᠬᠦ᠎ᠳᠤ ᠦᠨᠡᠲᠡᠶ ᠠᠰᠠᠭᠤᠳᠠᠯ᠎ᠢ ᠰᠢᠢ᠍ᠳᠪᠦᠷᠢᠯᠡᠬᠦ ᠲᠠᠯ᠎ᠠ᠎ᠪᠠᠷ ᠰᠢᠪᠲᠤᠯᠤᠯᠲᠠ ᠵᠢᠨ ᠴᠢᠨᠠᠷᠲᠠᠶ ᠠᠬᠢᠴᠠ᠎ᠲᠠᠢ ᠪᠣᠯᠵᠣ᠂ ᠣᠯᠠᠨ ᠲᠦᠮᠡᠨ᠎ᠤ ᠭᠦᠷᠲᠡᠭᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠤᠶ᠋ᠢᠯ᠎ᠤᠨ ᠶᠡᠬᠡ᠎ᠪᠠᠷ ᠳᠡᠭᠡᠭᠰᠢᠯᠡᠭᠦᠯᠪᠡ᠃

    ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠳᠠᠭ᠋ᠠᠯᠳᠤᠨ᠂ ᠠᠷᠠᠳ ᠣᠯᠠᠨ᠎ᠤ ᠡᠷᠡᠭᠦᠯ ᠮᠡᠨᠳᠦ ᠠᠵᠠ ᠵᠢᠷᠭ᠋ᠠᠯ᠎ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠳᠤ ᠨᠠᠩ ᠥᠨᠳᠥᠷ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠬᠠᠷᠢᠯᠴᠠᠨ ᠳᠤᠰᠠᠯᠠᠬᠤ ᠴᠢᠨᠠᠷ ᠬᠦᠷᠦᠯᠴᠡᠬᠦ ᠥᠬᠡᠶ ᠪᠠᠶ᠋ᠢᠬᠤ᠂ ᠡᠭᠦᠳᠡᠨ ᠡᠮᠨᠡᠯᠭᠡ ᠵᠢᠨ ᠪᠠᠲᠤᠯᠠᠭ᠎ᠠ ᠵᠢᠨ ᠴᠢᠳᠠᠮᠵᠢ ᠬᠦᠷᠦᠯᠴᠡᠬᠦ ᠥᠬᠡᠶ ᠪᠠᠶ᠋ᠢᠬᠤ ᠵᠡᠷᠭᠡ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠠᠴᠠ 《ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠡᠭᠦᠳᠡᠨ ᠡᠮᠨᠡᠯᠭᠡ ᠵᠢᠨ ᠵᠠᠷᠤᠳᠠᠯ᠎ᠢ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦᠨ᠎ᠤ ᠳᠥᠯᠥᠬᠦ ᠬᠡᠪᠴᠢᠶᠡᠨ᠎ᠳᠤ ᠣᠷᠣᠭᠤᠯᠵᠤ᠂ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠎ᠳᠤ ᠥᠭᠡᠷᠡᠴᠢᠯᠡᠯᠲᠡ ᠬᠢᠵᠦ᠂ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠭᠠᠵᠠᠷ᠎ᠤᠨ᠎ᠬᠢᠨ᠎ᠢ ᠡᠨᠡ ᠵᠢᠯ᠎ᠠᠴᠠ ᠡᠬᠢᠯᠡᠨ ᠬᠡᠷᠡᠭᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠲᠦᠷᠦᠭᠦᠯᠡᠨ᠂ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠪᠠᠶ᠋ᠢᠴᠠᠭ᠋ᠠᠨ ᠰᠣᠳᠤᠯᠬᠤ ᠵᠢ ᠭᠦᠨᠵᠡᠭᠡᠶ ᠥᠷᠨᠢᠭᠦᠯᠵᠦ᠂ ᠥᠷᠭᠡᠨ ᠵᠶ᠋ᠠᠷ ᠰᠠᠨᠠᠯ ᠰᠣᠨᠣᠰᠴᠤ᠂ ᠳᠠᠬᠢᠨ ᠳᠠᠪᠲᠠᠨ ᠰᠤᠳᠤᠯᠤᠨ ᠨᠤᠲᠠᠯᠠᠭᠰᠠᠨ ᠰᠠᠭᠤᠷᠢᠨ ᠳᠡᠭᠡᠷ᠎ᠡ ᠤᠯᠤᠰ᠎ᠠᠴᠠ ᠲᠣᠭᠲᠠᠭ᠋ᠠᠭᠰᠠᠨ ᠪᠣᠷᠣ ᠲᠥᠯᠥᠪ᠎ᠤᠨ ᠬᠡᠪᠴᠢᠶᠡᠨ᠎ᠳᠤ ᠮᠠᠨ᠎ᠤ ᠣᠷᠣᠨ᠎ᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠰᠠᠨᠠᠯ᠎ᠢ ᠲᠣᠳᠣᠷᠬᠠᠶ᠋ᠢᠯᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠴᠢᠬᠤᠯᠠ ᠠᠴᠢ ᠬᠣᠯᠪᠣᠭᠳᠠᠯ᠎ᠨᠢ ᠭᠣᠣᠯᠳᠠᠭᠤ ᠳᠣᠣᠷᠠᠬᠢ ᠭᠤᠷᠪᠠᠨ ᠲᠠᠯ᠎ᠠ᠎ᠪᠠᠷ ᠢᠯᠡᠷᠡᠵᠦ ᠪᠠᠶ᠋ᠢᠨ᠎ᠠ᠃

    ᠨᠢᠭᠡ᠎ᠳᠤ᠂ ᠬᠠᠷᠠᠭ᠋ᠠᠯᠵᠠᠯ᠎ᠢ ᠪᠠᠲᠤᠯᠠᠬᠤ ᠵᠠᠭᠪᠤᠷ᠎ᠢ ᠰᠢᠯᠢᠳᠡᠭᠵᠢᠭᠦᠯᠦᠨ᠎ᠡ᠃ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠡᠮᠨᠡᠯᠭᠡ᠎ᠳᠤ ᠰᠠᠭᠤᠬᠤ ᠵᠢ ᠪᠠᠲᠤᠯᠠᠬᠤ ᠪᠠ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠡᠪᠡᠳᠴᠢᠨ᠂ ᠣᠨᠴᠠᠭ᠋ᠠᠶ ᠡᠪᠡᠳᠴᠢᠨ ᠡᠮᠭᠡᠭ᠎ᠢ ᠪᠠᠲᠤᠯᠠᠬᠤ ᠰᠠᠭᠤᠷᠢᠨ ᠳᠡᠭᠡᠷ᠎ᠡ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠡᠩ᠎ᠤᠨ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠦᠪᠯᠡᠭᠰᠡᠨ ᠲᠦᠷᠢᠮ᠎ᠢ ᠪᠠᠶ᠋ᠢᠭᠤᠯᠵᠤ᠂ ᠠᠵᠢᠯᠲᠠᠨ ᠠᠵᠢᠯᠴᠢᠨ᠎ᠤ ᠡᠭᠦᠳᠡᠨ ᠡᠮᠨᠡᠯᠭᠡ᠎ᠳᠤ ᠣᠯᠠᠨ ᠡᠭᠦᠰᠳᠡᠭ ᠡᠪᠡᠳᠴᠢᠨ᠂ ᠪᠠᠶ᠋ᠢᠩᠭᠤ ᠲᠣᠬᠢᠶᠠᠯᠳᠤᠳᠠᠭ ᠡᠪᠡᠳᠴᠢᠨ᠎ᠢ ᠡᠮᠴᠢᠯᠡᠭᠡ ᠵᠢᠨ ᠳᠠᠭ᠋ᠠᠳᠬᠠᠯ᠎ᠤᠨ ᠨᠢᠭᠡᠳᠦᠯᠲᠡᠶ ᠲᠥᠯᠦᠪᠯᠡᠭᠰᠡᠨ ᠦᠨᠳᠦᠰᠦᠨ ᠳᠥᠯᠥᠬᠦ ᠬᠡᠪᠴᠢᠶᠡᠨ᠎ᠳᠤ ᠣᠷᠣᠭᠤᠯᠵᠤ᠂ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠵᠠᠷᠤᠳᠠᠯ᠎ᠢ ᠪᠠᠲᠤᠯᠠᠬᠤ ᠲᠦᠷᠢᠮ᠎ᠤᠨ ᠬᠦᠷᠦᠯᠴᠡᠬᠦ ᠦᠭᠡᠢ ᠲᠠᠯ᠎ᠠ ᠵᠢ ᠨᠥᠬᠥᠪᠥᠷᠢᠯᠡᠪᠡ᠃ ᠬᠣᠶᠠᠷ᠎ᠲᠤ᠂ ᠰᠠᠭᠤᠷᠢ ᠮᠥᠩᠭᠥ ᠵᠢ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠬᠤᠪᠢ ᠬᠥᠮᠦᠨ᠎ᠤ ᠲᠠᠩᠰᠠᠨ ᠡᠷᠦᠬᠡ᠎ᠳᠤ ᠪᠤᠳᠤᠵᠤ ᠣᠷᠣᠭᠤᠯᠬᠤ ᠠᠷᠭ᠎ᠠ ᠵᠢ ᠥᠭᠡᠷᠡᠴᠢᠯᠡᠨ᠂ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠥ ᠪᠠ ᠬᠤᠪᠢ ᠬᠥᠮᠦᠨ᠎ᠤ ᠲᠠᠩᠰᠠᠨ ᠡᠷᠦᠬᠡ ᠵᠢᠨ ᠪᠦᠲᠦᠴᠡ ᠵᠢ ᠲᠣᠬᠢᠷᠠᠭᠤᠯᠵᠤ᠂ ᠨᠡᠮᠡᠭᠳᠡᠭᠦᠯᠦᠭᠰᠡᠨ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠥ ᠵᠢ ᠭᠤᠤᠯᠳᠠᠭᠤ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢ ᠴᠢᠩᠭ᠋ᠠᠳᠬᠠᠬᠤ᠂ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠭᠰᠠᠳ᠎ᠤᠨ ᠡᠭᠦᠳᠡᠨ ᠡᠮᠨᠡᠯᠭᠡ ᠵᠢᠨ ᠬᠠᠷᠠᠭ᠋ᠠᠯᠵᠠᠯ᠎ᠢ ᠪᠠᠲᠤᠯᠠᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠬᠡᠷᠡᠭᠯᠡᠨ᠎ᠡ᠃ ᠬᠤᠪᠢ ᠬᠥᠮᠦᠨ᠎ᠤ ᠳᠠᠩᠰᠠᠨ ᠡᠷᠦᠬᠡ ᠵᠢᠨ ᠬᠡᠷᠡᠭᠯᠡᠬᠦ ᠬᠡᠪᠴᠢᠶ᠎ᠡ ᠵᠢ ᠥᠷᠭᠡᠳᠬᠡᠵᠦ᠂ ᠬᠤᠪᠢ ᠬᠥᠮᠦᠨ᠎ᠤ ᠳᠠᠩᠰᠠᠨ ᠡᠷᠦᠬᠡ ᠵᠢᠨ ᠭᠡᠷ ᠪᠦᠯᠢ ᠵᠣᠬᠢᠴᠠᠯᠳᠤᠨ ᠬᠡᠷᠡᠭᠯᠡᠬᠦ ᠰᠢᠨ᠎ᠡ ᠲᠣᠭᠲᠠᠴᠠ ᠵᠢ ᠪᠠᠶ᠋ᠢᠭᠤᠯᠤᠨ᠎ᠠ᠃ ᠭᠤᠷᠪᠠ᠎ᠳᠤ᠂ ᠡᠮᠴᠢᠯᠡᠭᠡᠨ᠎ᠤ ᠡᠬᠢ ᠪᠠᠶᠠᠯᠢᠭ᠎ᠢ ᠵᠦᠢ ᠵᠣᠬᠢᠰᠲᠠᠶ ᠲᠣᠬᠢᠷᠠᠭᠤᠯᠬᠤ ᠵᠢ ᠠᠬᠢᠭᠤᠯᠤᠨ᠎ᠠ᠃ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠦᠨᠳᠦᠰᠦᠨ ᠱᠠᠲᠤᠨ᠎ᠤ   ᠡᠮᠴᠢᠯᠡᠭᠡᠨ᠎ᠤ ᠦᠢ᠍ᠯᠡᠴᠢᠯᠡᠭᠡ ᠵᠢᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠳᠡᠮᠵᠢᠵᠦ᠂ ᠣᠯᠠᠨ ᠲᠦᠮᠡᠨ ᠣᠶ᠋ᠢᠷ᠎ᠠ ᠬᠠᠪᠢ᠎ᠳᠤ᠎ᠪᠠᠨ ᠡᠮᠴᠢᠯᠡᠭᠡᠨ᠎ᠤ ᠦᠢ᠍ᠯᠡᠴᠢᠯᠡᠭᠡ ᠬᠦᠷᠲᠡᠬᠦ᠎ᠳᠤ ᠳᠥᠭᠥᠮ ᠦᠵᠡᠭᠦᠯᠦᠨ᠎ᠡ᠃ ᠦᠨᠳᠦᠰᠦᠨ ᠱᠠᠲᠤᠨ᠎ᠤ ᠡᠮᠴᠢᠯᠡᠭᠡ᠎ᠳᠤ ᠪᠠᠶ᠋ᠢᠩᠭᠤ ᠲᠣᠬᠢᠶᠠᠯᠳᠤᠳᠠᠭ ᠡᠪᠡᠳᠴᠢᠨ᠂ ᠤᠳᠠᠭ᠋ᠠᠨ ᠴᠢᠨᠠᠷᠲᠠᠶ ᠡᠪᠡᠳᠴᠢᠨ᠎ᠢ ᠣᠨᠣᠰᠢᠯᠠᠨ ᠡᠮᠨᠡᠬᠦ ᠦᠢ᠍ᠯᠡᠴᠢᠯᠡᠭᠡ ᠵᠢ ᠰᠢᠯᠢᠳᠡᠭᠵᠢᠭᠦᠯᠬᠦ ᠵᠢ ᠠᠬᠢᠭᠤᠯᠵᠤ᠂ ᠤᠳᠠᠭ᠋ᠠᠨ ᠴᠢᠨᠠᠷᠲᠠᠶ ᠡᠪᠡᠳᠴᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠡᠷᠡᠭᠦᠯ ᠮᠡᠨᠳᠦ ᠵᠢᠨ ᠬᠠᠮᠢᠶᠠᠷᠤᠯᠲᠠ ᠵᠢ ᠠᠬᠢᠭᠤᠯᠤᠨ᠎ᠠ᠃ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠭᠤᠷᠪᠠᠨ ᠡᠮᠴᠢᠯᠡᠭᠡ ᠬᠣᠯᠪᠤᠯᠳᠤᠨ ᠬᠥᠳᠡᠯᠦᠯᠴᠡᠬᠦ ᠵᠢ ᠠᠬᠢᠭᠤᠯᠵᠤ᠂ ᠭᠡᠷ ᠪᠦᠯᠢ ᠵᠢᠨ ᠡᠮᠴᠢ ᠵᠢᠨ ᠭᠡᠷ᠎ᠡ ᠳᠣᠭᠲᠠᠵᠤ ᠦᠢ᠍ᠯᠡᠴᠢᠯᠡᠬᠦ᠂ ᠡᠮᠨᠡᠯᠭᠡ ᠵᠢᠨ ᠬᠣᠷᠢᠶᠠᠨ᠎ᠤ ᠵᠣᠷ᠎ᠢ ᠭᠠᠳᠠᠨ᠎ᠠ ᠨᠠᠢ᠌ᠷᠠᠭᠤᠯᠬᠤ ᠵᠡᠷᠭᠡ ᠵᠢ ᠬᠠᠮᠵᠢᠯᠴᠠᠨ ᠲᠡᠭᠦᠯᠳᠡᠷᠵᠢᠭᠦᠯᠵᠦ᠂ ᠪᠠᠲᠤᠯᠠᠬᠤ ᠴᠢᠳᠠᠮᠵᠢ ᠵᠢ ᠪᠦᠬᠦᠯᠢ ᠴᠣᠭᠴᠠ᠎ᠪᠠᠷ ᠳᠡᠭᠡᠭᠰᠢᠯᠡᠭᠦᠯᠦᠨ᠎ᠡ᠃

    ᠬᠣᠶᠠᠷ᠂ 《ᠬᠡᠷᠡᠭᠵᠢᠭᠦᠯᠬᠦ ᠰᠠᠨᠠᠯ》᠎ᠤᠨ ᠭᠤᠤᠯ ᠣᠨᠴᠠᠯᠢᠭ

   (ᠨᠢᠭᠡ) ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠋ᠠᠨ᠎ᠤ ᠴᠢᠳᠠᠮᠵᠢ ᠵᠢ ᠴᠢᠩᠭ᠋ᠠᠷᠠᠭᠤᠯᠤᠨ᠎ᠠ᠃ ᠨᠢᠭᠡ᠎ᠳᠤ᠂ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠡᠩ᠎ᠤᠨ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠦᠪᠯᠡᠬᠦ ᠳᠦᠷᠢᠮ᠎ᠢ ᠪᠠᠶ᠋ᠢᠭᠤᠯᠤᠨ᠎ᠠ᠃ ᠡᠭᠦᠳᠡᠨ ᠡᠮᠨᠡᠯᠭᠡ᠎ᠳᠤ ᠣᠯᠠᠨ ᠡᠭᠦᠰᠳᠡᠭ ᠡᠪᠡᠳᠴᠢᠨ᠂ ᠪᠠᠶ᠋ᠢᠩᠭᠤ ᠲᠣᠬᠢᠶᠠᠯᠳᠤᠳᠠᠭ ᠡᠪᠡᠳᠴᠢᠨ᠎ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦᠨ᠎ᠤ ᠲᠠᠩᠰᠠ ᠴᠠᠢ᠌ᠷᠠᠭᠤᠯᠬᠤ ᠬᠡᠪᠴᠢᠶᠡᠨ᠎ᠳᠤ ᠣᠷᠣᠭᠤᠯᠬᠤ ᠵᠢᠨ ᠬᠠᠮᠲᠤ ᠠᠵᠢᠯ᠎ᠠᠴᠠ᠎ᠪᠠᠨ ᠠᠮᠠᠷᠠᠭᠰᠠᠳ ᠲᠡᠢ᠌ᠰᠢ ᠵᠣᠬᠢᠰᠲᠠᠶ ᠬᠡᠯᠪᠡᠶ᠋ᠢᠯᠭᠡᠨ᠎ᠡ᠃ ᠬᠣᠶᠠᠷ᠎ᠲᠤ᠂ ᠣᠨᠴᠠᠭ᠋ᠠᠢ ᠡᠪᠡᠳᠴᠢᠨ᠂ ᠤᠳᠠᠭ᠋ᠠᠨ ᠴᠢᠨᠠᠷᠲᠠᠢ ᠡᠪᠡᠳᠴᠢᠨ᠎ᠤ ᠡᠭᠦᠳᠡᠨ ᠡᠮᠨᠡᠯᠭᠡ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠡᠭᠦᠳᠡᠨ ᠡᠮᠨᠡᠯᠭᠡ᠎ᠳᠤ ᠥᠷᠨᠢᠭᠦᠯᠬᠦ᠎ᠳᠤ ᠵᠣᠬᠢᠴᠠᠭᠰᠠᠨ᠂ ᠡᠮᠨᠡᠯᠭᠡ᠎ᠳᠤ ᠰᠠᠭᠤᠭᠰᠠᠨ᠎ᠠᠴᠠ ᠨᠠᠩ ᠬᠢᠮᠳᠠ ᠪᠥᠭᠡᠳ ᠲᠥᠬᠥᠮ ᠬᠡᠰᠡᠭ ᠪᠥᠯᠦᠭ ᠣᠨᠴᠠᠭ᠋ᠠᠶ ᠡᠮᠴᠢᠯᠡᠭᠡᠨ᠎ᠤ ᠡᠭᠦᠳᠡᠨ ᠡᠮᠨᠡᠯᠭᠡ ᠵᠢᠨ ᠵᠠᠷᠤᠳᠠᠯ᠎ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦᠨ᠎ᠤ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠵᠤ᠂ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ᠎ᠤ ᠡᠮᠨᠡᠯᠭᠡ᠎ᠳᠤ ᠰᠠᠭᠤᠬᠤ ᠲᠥᠷᠥ ᠵᠢᠨ ᠪᠣᠳᠣᠯᠭ᠎ᠠ᠎ᠪᠠᠷ ᠯᠠᠪᠯᠠᠯᠲᠠ ᠪᠣᠯᠭ᠋ᠠᠵᠤ ᠬᠠᠮᠢᠶᠠᠷᠤᠨ᠎ᠠ᠃ ᠬᠡᠰᠡᠭ ᠪᠥᠯᠦᠭ ᠡᠮᠨᠡᠨ ᠵᠠᠰᠠᠬᠤ ᠦᠶᠡᠯᠡᠯ᠎ᠤᠨ ᠬᠤᠭᠤᠴᠠᠭ᠎ᠠ᠎ᠨᠢ ᠣᠷᠳᠣ᠂ ᠡᠷᠡᠭᠦᠯ ᠮᠡᠨᠳᠦ᠎ᠳᠤ ᠬᠤᠤᠷ ᠬᠥᠨᠥᠭᠡᠯ ᠶᠡᠬᠡᠲᠡᠶ᠂ ᠵᠠᠷᠤᠳᠠᠯ᠎ᠤᠨ ᠳᠠᠷᠤᠭ᠋ᠠᠰᠤ ᠬᠦᠨᠳᠦ ᠡᠪᠡᠳᠴᠢᠨ᠎ᠤ ᠡᠭᠦᠳᠡᠨ ᠡᠮᠨᠡᠯᠭᠡ ᠵᠢᠨ ᠵᠠᠷᠤᠳᠠᠯ᠎ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦᠨ᠎ᠤ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠤᠨ᠎ᠠ᠃ ᠭᠤᠷᠪᠠ᠎ᠳᠤ᠂ ᠴᠡᠭ ᠳᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠢ ᠪᠠᠲᠤᠯᠠᠬᠤ ᠵᠠᠮ᠎ᠢ ᠨᠡᠪᠲᠡᠷᠡᠭᠦᠯᠦᠨ᠎ᠡ᠃ ᠳᠠᠭ᠋ᠠᠳᠬᠠᠯ᠎ᠳᠤ ᠣᠷᠣᠯᠴᠠᠭᠰᠠᠳ᠎ᠤᠨ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠭᠠᠳᠠᠨ᠎ᠠ ᠨᠠᠢ᠌ᠷᠠᠭᠤᠯᠬᠤ ᠵᠣᠷ᠎ᠢ ᠠᠪᠴᠤ ᠴᠡᠭ ᠳᠣᠭᠲᠠᠭ᠋ᠠᠭᠰᠠᠨ ᠡᠮ᠎ᠤᠨ ᠳᠡᠯᠭᠡᠭᠦᠷ᠎ᠲᠤ ᠳ᠋ᠦᠩᠨᠡᠨ ᠪᠤᠳᠤᠬᠤ ᠪᠠ ᠡᠮ ᠨᠠᠶ᠋ᠢᠷᠠᠭᠤᠯᠬᠤ ᠵᠢ ᠳᠡᠮᠵᠢᠨ᠎ᠡ᠃ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠡᠭᠦᠳᠡᠨ ᠡᠮᠨᠡᠯᠭᠡ ᠵᠢᠨ ᠪᠠᠲᠤᠯᠠᠭ᠎ᠠ ᠵᠢᠴᠢ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃

   (ᠬᠣᠶᠠᠷ)  ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠬᠤᠪᠢ ᠬᠥᠮᠦᠨ᠎ᠤ ᠳᠠᠩᠰᠠᠨ ᠡᠷᠦᠬᠡ ᠵᠢ ᠥᠭᠡᠷᠡᠴᠢᠯᠡᠨ᠎ᠡ᠃ ᠨᠢᠭᠡ᠎ᠳᠤ᠂ ᠪᠤᠳᠤᠵᠤ ᠣᠷᠣᠭᠤᠯᠬᠤ ᠠᠷᠭ᠎ᠠ ᠵᠢ ᠥᠭᠡᠷᠡᠴᠢᠯᠡᠨ᠎ᠡ᠃ ᠠᠵᠢᠯ᠎ᠳᠤ ᠪᠠᠶ᠋ᠢᠭ᠎ᠠ ᠠᠵᠢᠯᠲᠠᠨ ᠠᠵᠢᠯᠴᠢᠨ ᠬᠤᠪᠢ ᠬᠥᠮᠦᠨ᠎ᠤ ᠳᠠᠭ᠋ᠠᠳᠬᠠᠯ᠎ᠳᠤ ᠣᠷᠣᠯᠴᠠᠵᠤ ᠰᠦᠢ᠍ᠳᠭᠡᠯ ᠳᠤᠰᠢᠶᠠᠭᠰᠠᠨ ᠦᠨᠳᠦᠰᠦᠨ ᠲᠣᠭ᠎ᠠ ᠵᠢᠨ 2 % ᠵᠶ᠋ᠠᠷ ᠲᠤᠰᠢᠶᠠᠭᠰᠠᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠰᠦᠢ᠍ᠳᠭᠡᠯ᠎ᠢ ᠬᠤᠪᠢ ᠬᠥᠮᠦᠨ᠎ᠤ ᠲᠠᠩᠰᠠᠨ ᠡᠷᠦᠬᠡ᠎ᠳᠤ ᠪᠤᠳᠤᠵᠤ ᠣᠷᠣᠭᠤᠯᠤᠨ᠎ᠠ᠃ ᠠᠵᠢᠯ᠎ᠠᠴᠠ᠎ᠪᠠᠨ ᠠᠮᠠᠷᠠᠭᠰᠠᠳ᠎ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠥ᠎ᠠᠴᠠ ᠲᠣᠭᠲᠠᠭᠰᠠᠨ ᠨᠣᠷᠮ᠎ᠠ᠎ᠪᠠᠷ ᠬᠤᠪᠢᠶᠠᠷᠢᠯᠠᠨ ᠣᠷᠣᠭᠤᠯᠬᠤ ᠪᠣᠯᠭ᠋ᠠᠨ ᠠᠯᠬᠤᠮ ᠠᠯᠬᠤᠮ ᠵᠶ᠋ᠠᠷ ᠲᠣᠬᠢᠷᠠᠭᠤᠯᠤᠨ᠎ᠠ᠃ ᠬᠣᠶᠠᠷ᠎ᠲᠤ᠂ ᠲᠣᠭ᠋ᠠᠴᠠᠭ᠎ᠠ ᠬᠢᠬᠦ ᠬᠦᠷᠢᠶ᠎ᠡ ᠬᠡᠪᠴᠢᠶ᠎ᠡ ᠵᠢ ᠥᠷᠭᠡᠳᠬᠡᠨ᠎ᠡ᠃ ᠬᠤᠪᠢ ᠬᠥᠮᠦᠨ᠎ᠤ ᠳᠠᠩᠰᠠᠨ ᠡᠷᠦᠬᠡ ᠵᠢ ᠬᠤᠪᠢ ᠬᠥᠮᠦᠨ ᠬᠡᠷᠡᠭᠯᠡᠵᠦ ᠪᠠᠶ᠋ᠢᠭᠰᠠᠨ᠎ᠠᠴᠠ ᠬᠣᠯᠪᠣᠰᠤ᠂ ᠡᠴᠢᠭᠡ ᠡᠬᠡ᠂ ᠦᠷ᠎ᠡ ᠬᠡᠦᠬᠡᠳ ᠬᠡᠷᠡᠭᠯᠡᠵᠦ ᠪᠣᠯᠬᠤ ᠪᠣᠯᠭ᠋ᠠᠨ ᠥᠷᠭᠡᠳᠬᠡᠪᠡ᠃ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠪᠡᠳᠴᠢᠨ ᠦᠵᠡᠭᠦᠯᠬᠦ᠎ᠳᠤ ᠡᠭᠦᠰᠦᠭᠰᠡᠨ ᠬᠤᠪᠢ ᠬᠥᠮᠦᠨ᠎ᠤ ᠡᠭᠦᠷᠭᠡᠯᠡᠬᠦ ᠡᠮᠴᠢᠯᠡᠭᠡᠨ᠎ᠤ ᠵᠠᠷᠤᠳᠠᠯ ᠵᠢᠴᠢ ᠴᠡᠭ ᠳᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠡᠮ᠎ᠤᠨ ᠵᠦᠢ᠍ᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠬᠤ᠎ᠳᠤ ᠡᠭᠦᠰᠦᠭᠰᠡᠨ ᠬᠤᠪᠢ ᠬᠥᠮᠦᠨ᠎ᠤ ᠡᠭᠦᠷᠭᠡᠯᠡᠬᠦ ᠵᠠᠷᠤᠳᠠᠯ᠎ᠳᠤ ᠬᠡᠷᠡᠭᠯᠡᠵᠦ ᠪᠣᠯᠤᠨ᠎ᠠ᠂ ᠪᠠᠰᠠ ᠬᠣᠯᠪᠤᠰᠤ᠂ ᠡᠴᠢᠭᠡ ᠡᠬᠡ᠂ ᠦᠷ᠎ᠡ ᠬᠡᠦᠬᠡᠳ᠎ᠤᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠵᠡᠷᠭᠡ ᠬᠤᠪᠢ ᠬᠥᠮᠦᠨ᠎ᠤ ᠲᠤᠰᠢᠶᠠᠬᠤ ᠵᠠᠷᠤᠳᠠᠯ᠎ᠳᠤ ᠬᠡᠷᠡᠭᠯᠡᠵᠦ ᠪᠣᠯᠤᠨ᠎ᠠ᠃ ᠭᠤᠷᠪᠠ᠎ᠳᠤ᠂ ᠬᠤᠪᠢ ᠬᠥᠮᠦᠨ᠎ᠤ ᠲᠠᠩᠰᠠᠨ ᠡᠷᠦᠬᠡ ᠵᠢᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠪᠣᠯ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠬᠤᠪᠢ ᠬᠥᠮᠦᠨ᠎ᠤ ᠲᠠᠩᠰᠠᠨ ᠡᠷᠦᠬᠡ ᠵᠢ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠵᠠᠷᠤᠳᠠᠯ᠂ ᠪᠡᠶ᠎ᠡ ᠵᠢᠨ ᠲᠠᠮᠢᠷ ᠪᠡᠶ᠎ᠡ ᠪᠣᠯᠪᠠᠰᠤᠷᠠᠭᠤᠯᠤᠯᠲᠠ ᠪᠤᠶᠤ ᠪᠡᠶ᠎ᠡ ᠰᠤᠪᠢᠯᠠᠯᠲᠠ ᠡᠷᠡᠭᠦᠯᠵᠢᠯ᠎ᠤᠨ ᠬᠡᠷᠡᠭᠯᠡᠭᠡ ᠵᠡᠷᠭᠡ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠪᠠᠲᠤᠯᠠᠭ᠎ᠠ ᠵᠢᠨ ᠬᠡᠪᠴᠢᠶᠡᠨ᠎ᠳᠤ ᠪᠠᠭᠲᠠᠬᠤ ᠥᠬᠡᠶ ᠵᠠᠷᠤᠯᠭ᠎ᠠ᠎ᠳᠤ ᠬᠡᠷᠡᠭᠯᠡᠵᠦ ᠪᠣᠯᠬᠤ ᠥᠬᠡᠶ᠃

   (ᠭᠤᠷᠪᠠ) ᠬᠠᠷᠢᠯᠴᠠᠨ ᠳᠤᠰᠠᠯᠠᠬᠤ ᠪᠠᠲᠤᠯᠠᠭ᠋ᠠᠨ᠎ᠤ ᠲᠣᠭᠲᠠᠴᠠ ᠵᠢ ᠬᠠᠮᠵᠢᠯᠴᠠᠨ ᠠᠬᠢᠭᠤᠯᠤᠨ᠎ᠠ᠃ ᠨᠢᠭᠡ᠎ᠳᠤ᠂ ᠡᠭᠦᠳᠡᠨ ᠡᠮᠨᠡᠯᠭᠡ ᠵᠢᠨ ᠪᠠᠲᠤᠯᠠᠭ᠎ᠠ᠎ᠯᠤᠭ᠎ᠠ ᠬᠠᠷᠢᠯᠴᠠᠨ ᠵᠣᠬᠢᠴᠠᠭᠰᠠᠨ ᠰᠦᠢ᠍ᠳᠬᠡᠯ ᠲᠤᠰᠢᠶᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠨᠥᠬᠥᠴᠡᠯ᠎ᠳᠤ ᠨᠡᠢ᠌ᠴᠡᠭᠰᠡᠨ 《ᠢᠨᠲ᠋ᠧᠷ ᠰᠦᠯᠵᠢᠶ᠎ᠡ +》 ᠡᠮᠴᠢᠯᠡᠭᠡᠨ᠎ᠤ ᠦᠢ᠍ᠯᠡᠴᠢᠯᠡᠭᠡ ᠵᠢ ᠡᠮᠴᠢᠯᠡᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠬᠤ ᠵᠢ ᠰᠦᠪᠡᠭᠴᠢᠯᠡᠨ᠎ᠡ᠃ ᠬᠣᠶᠠᠷ᠎ᠲᠤ᠂ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠮᠤᠷ ᠲᠦᠪᠰᠢᠨ᠎ᠢ ᠰᠡᠷᠭᠡᠶ᠋ᠢᠯᠡᠨ ᠡᠵᠡᠮᠳᠡᠬᠦ ᠲᠣᠭᠲᠠᠴᠠ ᠵᠢ ᠪᠠᠶ᠋ᠢᠭᠤᠯᠤᠨ᠎ᠠ᠃ ᠡᠮᠴᠢᠯᠡᠭᠡᠨ᠎ᠤ ᠠᠵᠢᠯᠯᠠᠭ᠎ᠠ ᠪᠠ ᠡᠮᠴᠢᠯᠡᠭᠡᠨ᠎ᠤ ᠵᠠᠷᠤᠳᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠳᠠᠭ᠋ᠠᠳᠬᠠᠯ᠎ᠢ ᠮᠡᠬᠡᠯᠡᠨ ᠠᠪᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠰᠠᠭᠤᠷᠢ ᠮᠥᠩᠭᠥ ᠵᠢ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ᠂ ᠵᠦᠶ ᠵᠣᠬᠢᠰᠲᠠᠶ ᠬᠡᠷᠡᠭᠯᠡᠬᠦ ᠵᠢ ᠦᠨᠡᠨ ᠬᠦ᠌ ᠪᠠᠲᠤᠯᠠᠨ᠎ᠠ᠃ ᠭᠤᠷᠪᠠ᠎ᠳᠤ᠂ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠬᠠᠮᠢᠶᠠᠷᠤᠯᠲᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠦᠨ᠎ᠡ᠃ ᠡᠭᠦᠳᠡᠨ ᠡᠮᠨᠡᠯᠭᠡ ᠵᠢᠨ ᠪᠠᠲᠤᠯᠠᠭ᠎ᠠ ᠬᠠᠮᠢᠶᠠᠷᠤᠯᠲᠠ ᠦᠢ᠍ᠯᠡᠴᠢᠯᠡᠭᠡᠨ᠎ᠤ ᠠᠷᠭ᠎ᠠ᠎ᠳᠤ ᠰᠢᠨ᠎ᠡ ᠵᠢ ᠡᠭᠦᠳᠴᠦ᠂ ᠴᠡᠭ ᠳᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠣᠨᠣᠰᠢᠯᠠᠨ ᠡᠮᠨᠡᠬᠦ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ ᠵᠢ ᠲᠦᠷᠭᠡᠳᠬᠡᠵᠦ᠂ ᠡᠭᠦᠳᠡᠨ ᠡᠮᠨᠡᠯᠭᠡ ᠵᠢᠨ ᠵᠠᠷᠤᠳᠠᠯ᠎ᠤᠨ ᠤᠨᠳᠤᠤ ᠭᠠᠵᠠᠷ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠵᠢ ᠠᠬᠢᠭᠤᠯᠤᠨ᠎ᠠ᠃

    ᠳᠠᠷᠠᠭ᠎ᠠ ᠠᠯᠬᠤᠮ᠎ᠳᠤ᠂ ᠪᠢᠳᠡ ᠰᠠᠯᠠᠭ᠎ᠠ ᠮᠥᠴᠢᠷ᠎ᠤᠨ᠎ᠬᠢᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠵᠤ᠂ ᠡᠯ᠎ᠡ ᠭᠠᠵᠠᠷ᠎ᠤᠨ ᠬᠢᠨᠠᠯᠲᠠ ᠵᠢᠯᠣᠭᠣᠳᠣᠯᠭ᠎ᠠ ᠵᠢ ᠴᠢᠩᠭ᠋ᠠᠳᠬᠠᠵᠤ᠂ 2022 ᠣᠨ᠎ᠤ 10 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠬᠦ ᠵᠢ ᠦᠨᠡᠨ ᠬᠦ᠌ ᠪᠠᠲᠤᠯᠠᠨ᠎ᠠ᠃ 2023 ᠣᠨ᠎ᠤ ᠰᠡᠭᠦᠯᠴᠢ᠎ᠠᠴᠠ ᠡᠮᠦᠨ᠎ᠡ᠂ ᠡᠯ᠎ᠡ ᠭᠠᠵᠠᠷ᠎ᠤᠨ᠎ᠬᠢᠨ ᠥᠭᠡᠷᠡᠴᠢᠯᠡᠯᠲᠡ ᠵᠢ ᠬᠡᠷᠡᠭᠵᠢᠭᠦᠯᠦᠭᠰᠡᠨ ᠪᠠᠢ᠌ᠳᠠᠯ᠎ᠢ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠣᠭᠲᠠᠴᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃

    ᠣᠯᠠᠨ᠎ᠳᠤ ᠪᠠᠶᠠᠷᠯᠠᠯ᠎ᠠ!

 

 

    ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ  ᠬᠠᠷᠢᠯᠴᠠᠨ ᠳᠤᠰᠠᠯᠠᠠᠬᠤ ᠪᠠᠲᠤᠯᠠᠭ᠋ᠠᠨ᠎ᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ  ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ

 

    ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠠᠵᠢᠯᠲᠠᠨ ᠠᠵᠢᠯᠴᠢᠨ᠎ᠤ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠋ᠠᠨ᠎ᠤ ᠲᠦᠷᠢᠮ᠎ᠢ ᠪᠣᠳᠠᠲᠠᠶ ᠶᠠᠭ᠋ᠠᠬᠢᠵᠤ ᠳᠣᠭᠲᠠᠭ᠋ᠠᠭᠰᠠᠨ ᠪᠣᠶ? ᠳᠠᠭ᠋ᠠᠳᠬᠠᠯ᠎ᠳᠤ ᠣᠷᠣᠯᠴᠠᠭᠰᠠᠳ ᠡᠭᠦᠳᠡᠨ ᠡᠮᠨᠡᠯᠭᠡ᠎ᠳᠤ ᠡᠪᠡᠳᠴᠢᠨ ᠦᠵᠡᠭᠦᠯᠦᠭᠰᠡᠨ᠎ᠤ ᠳᠠᠷᠠᠭ᠎ᠠ ᠶᠠᠮᠠᠷ ᠡᠮᠴᠢᠯᠡᠭᠡ ᠵᠢᠨ ᠳᠠᠭ᠋ᠠᠳᠬᠠᠯ᠎ᠤᠨ ᠬᠠᠷᠠᠭ᠋ᠠᠯᠵᠠᠯ᠎ᠢ ᠭᠥᠷᠳᠡᠵᠦ ᠪᠣᠯᠬᠤ ᠪᠣᠶ?

    ᠼᠠᠢ ᠾᠥᠩ ᠢᠦᠶ ᠄ ᠡᠨᠡ ᠤᠳᠠᠭ᠋ᠠᠨ᠎ᠤ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠪᠠᠲᠤᠯᠠᠭ᠋ᠠᠨ᠎ᠤ ᠥᠭᠡᠷᠡᠴᠢᠯᠡᠯᠲᠡ ᠪᠣᠯ ᠭᠤᠤᠯᠳᠠᠭᠤ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠪᠠᠲᠤᠯᠠᠭ᠎ᠠ ᠵᠢ ᠤᠤᠯ᠎ᠤᠨ ᠬᠤᠪᠢ ᠬᠥᠮᠦᠨ᠎ᠤ ᠬᠤᠷᠠᠮᠳᠤᠭᠤᠯᠬᠤ ᠮᠠᠶᠢᠭ ᠪᠠᠶ᠋ᠢᠭᠰᠠᠨ᠎ᠠᠴᠠ ᠬᠠᠷᠢᠯᠴᠠᠨ ᠬᠠᠪᠰᠤᠷᠴᠤ ᠬᠠᠷᠢᠯᠴᠠᠨ ᠳᠤᠰᠠᠯᠠᠬᠤ ᠮᠠᠶᠢᠭ ᠪᠣᠯᠭ᠋ᠠᠬᠤ ᠵᠢ ᠠᠬᠢᠭᠤᠯᠵᠤ᠂ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦᠨ᠎ᠤ ᠪᠠᠲᠤᠯᠠᠭ᠋ᠠᠨ᠎ᠤ ᠴᠢᠳᠠᠮᠵᠢ ᠵᠢ ᠴᠢᠩᠭ᠋ᠠᠷᠠᠭᠤᠯᠵᠤ᠂ ᠣᠯᠠᠨ ᠲᠦᠮᠡᠨ᠎ᠤ ᠡᠭᠦᠳᠡᠨ ᠡᠮᠨᠡᠯᠭᠡ ᠵᠢᠨ ᠡᠮᠴᠢᠯᠡᠭᠡ ᠵᠢᠨ ᠵᠠᠷᠤᠳᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠶᠠᠪᠤᠳᠠᠯ ᠪᠣᠯᠤᠨ᠎ᠠ᠂ ᠡᠨᠡ ᠪᠣᠯ ᠨᠢᠭᠡ ᠵᠦᠢ᠍ᠯ᠎ᠤᠨ ᠲᠦᠷᠢᠮ᠎ᠤᠨ ᠴᠢᠨᠠᠷᠲᠠᠶ ᠥᠭᠡᠷᠡᠴᠢᠯᠡᠯᠲᠡ᠂ ᠠᠯᠤᠰ ᠬᠡᠲᠦ ᠵᠢᠨ ᠲᠦᠷᠢᠮ᠎ᠤᠨ ᠬᠥᠭᠵᠢᠯᠲᠡ᠎ᠳᠤ ᠬᠣᠯᠪᠣᠭᠳᠠᠬᠤ ᠶᠤᠮ᠃ ᠣᠳᠣᠬᠠᠨ᠎ᠳᠤ᠂ 《ᠣᠷᠣᠯᠭ᠎ᠠ᠎ᠪᠠᠷ ᠵᠠᠷᠤᠯᠭ᠎ᠠ ᠵᠢ ᠲᠣᠭᠲᠠᠭ᠋ᠠᠬᠤ᠂ ᠣᠷᠣᠯᠭ᠎ᠠ ᠵᠠᠷᠤᠯᠭ᠎ᠠ ᠵᠢ ᠲᠡᠩᠴᠡᠭᠦᠷᠢᠲᠡᠶ ᠪᠠᠶ᠋ᠢᠯᠭ᠋ᠠᠬᠤ᠂ ᠵᠢᠭ᠋ᠠᠬᠠᠨ ᠦᠯᠡᠳᠡᠪᠦᠷᠢ᠎ᠲᠠᠢ ᠪᠠᠶ᠋ᠢᠯᠭ᠋ᠠᠬᠤ》 ᠵᠠᠷᠴᠢᠮ ᠶᠣᠰᠣᠭ᠋ᠠᠷ ᠦᠨᠳᠦᠰᠦᠨ ᠡᠮᠴᠢᠯᠡᠭᠡᠨ᠎ᠤ ᠪᠠᠲᠤᠯᠠᠭ᠎ᠠ ᠵᠢᠨ ᠪᠠᠯᠠ ᠮᠥᠩᠭᠦ ᠴᠤᠭᠯᠠᠭᠤᠯᠬᠤ ᠪᠠ ᠬᠠᠷᠠᠭ᠋ᠠᠯᠵᠠᠯ᠎ᠢ ᠪᠠᠲᠤᠯᠠᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠨ᠎ᠠ᠃ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠵᠠᠷᠤᠳᠠᠯ᠎ᠢ ᠬᠥᠮᠦᠨ ᠬᠡᠷᠡᠭᠯᠡᠬᠦ ᠨᠢᠭᠡᠴᠢ ᠪᠠ ᠠᠵᠢᠯᠲᠠᠨ ᠠᠵᠢᠯᠴᠢᠨ ᠬᠠᠷᠢᠴᠠᠯ ᠶᠣᠰᠣᠭ᠋ᠠᠷ ᠬᠠᠮᠲᠤ᠎ᠪᠠᠷ ᠲᠤᠰᠢᠶᠠᠨ᠎ᠠ᠂ ᠬᠡᠷᠪᠡ ᠥᠭᠡᠷᠡᠴᠢᠯᠡᠯᠲᠡ᠎ᠨᠢ ᠬᠥᠮᠦᠨ ᠬᠡᠷᠡᠭᠯᠡᠬᠦ ᠨᠢᠭᠡᠴᠢ ᠪᠠ ᠬᠤᠪᠢ ᠬᠥᠮᠦᠨ᠎ᠤ ᠵᠠᠷᠤᠳᠠᠯ ᠲᠤᠰᠢᠶᠠᠬᠤ ᠬᠠᠷᠢᠴᠠᠯ᠎ᠢ ᠨᠡᠮᠡᠭᠳᠡᠭᠦᠯᠪᠡᠯ ᠬᠥᠮᠦᠨ ᠬᠡᠷᠡᠭᠯᠡᠬᠦ ᠨᠢᠭᠡᠴᠢ ᠪᠠ ᠬᠤᠪᠢ ᠬᠥᠮᠦᠨ᠎ᠤ ᠳᠠᠷᠤᠭ᠋ᠠᠰᠤ ᠵᠢ ᠬᠦᠨᠳᠦᠷᠡᠭᠦᠯᠬᠦ ᠪᠣᠯᠤᠨ᠎ᠠ᠃ ᠡᠨᠡ ᠤᠳᠠᠭ᠋ᠠᠨ᠎ᠤ ᠥᠭᠡᠷᠡᠴᠢᠯᠡᠯᠲᠡ᠎ᠳᠤ ᠰᠦᠢ᠍ᠳᠭᠡᠯ ᠲᠤᠰᠢᠶᠠᠬᠤ ᠵᠢ ᠰᠢᠨ᠎ᠡ᠎ᠪᠠᠷ ᠨᠡᠮᠡᠭᠳᠡᠭᠦᠯᠬᠦ ᠥᠬᠡᠶ᠂ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠥ ᠪᠠ ᠬᠤᠪᠢ ᠬᠥᠮᠦᠨ᠎ᠤ ᠲᠠᠩᠰᠠᠨ ᠡᠷᠦᠬᠡ ᠵᠢᠨ ᠪᠦᠲᠦᠴᠡ ᠵᠢ ᠲᠣᠬᠢᠷᠠᠭᠤᠯᠬᠤ᠎ᠪᠠᠷ ᠳᠠᠮᠵᠢᠭᠤᠯᠤᠨ᠂ ᠣᠲᠣ ᠵᠢᠨ ᠪᠠᠶ᠋ᠢᠭ᠎ᠠ ᠨᠥᠬᠥᠴᠡᠯ ᠳᠤᠤᠷ᠎ᠠ ᠲᠦᠷᠢᠮ᠎ᠢ ᠬᠤᠪᠢᠷᠠᠭᠤᠯᠤᠨ᠂ ᠡᠭᠦᠳᠡᠨ ᠡᠮᠨᠡᠯᠭᠡ ᠵᠢᠨ ᠵᠠᠷᠤᠳᠠᠯ᠎ᠤᠨ ᠪᠠᠲᠤᠯᠠᠭ᠎ᠠ ᠵᠢᠨ ᠲᠦᠷᠢᠮ᠎ᠤᠨ ᠳᠤᠲᠠᠭᠤᠳᠠᠯ᠎ᠢ ᠨᠥᠬᠥᠪᠥᠷᠢᠯᠡᠨ᠎ᠡ᠃

   ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠬᠠᠮᠤᠷᠬᠤ ᠬᠡᠪᠴᠢᠶ᠎ᠡ ᠪᠣᠯ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠭᠰᠠᠳ ᠪᠠᠢ᠌ᠵᠤ᠂ ᠲᠣᠭ᠋ᠠᠴᠠᠭ᠎ᠠ ᠬᠢᠬᠦ ᠬᠡᠪᠴᠢᠶ᠎ᠡ᠎ᠨᠢ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠠ ᠡᠮᠴᠢᠯᠡᠭᠡᠨ᠎ᠤ ᠦᠢ᠍ᠯᠡᠴᠢᠯᠡᠭᠡ ᠵᠢᠨ ᠲᠥᠰᠦᠯ ᠪᠣᠯᠤᠨ᠎ᠠ᠃ ᠠᠵᠢᠯ᠎ᠠᠴᠠ᠎ᠪᠠᠨ ᠠᠮᠠᠷᠠᠭᠰᠠᠳ᠎ᠤᠨ ᠰᠠᠭᠤᠷᠢ ᠴᠢᠨᠠᠷᠲᠠᠶ ᠡᠪᠡᠳᠴᠢᠨ ᠡᠮᠭᠡᠭ ᠣᠯᠠᠨ᠂ ᠡᠪᠡᠳᠴᠢᠨ ᠦᠵᠡᠭᠦᠯᠬᠦ ᠳᠠᠪᠲᠠᠮᠵᠢ ᠥᠨᠳᠥᠷ ᠪᠠᠶ᠋ᠢᠬᠤ ᠣᠨᠴᠠᠯᠢᠭ᠎ᠲᠤ ᠴᠢᠭᠯᠡᠭᠦᠯᠦᠨ᠂ ᠲᠠᠩᠰᠠ ᠴᠠᠢ᠌ᠷᠠᠭᠤᠯᠬᠤ ᠲᠥᠷᠥ ᠵᠢᠨ ᠪᠣᠳᠣᠯᠭ᠎ᠠ ᠵᠢ ᠠᠵᠢᠯ᠎ᠠᠴᠠ᠎ᠪᠠᠨ ᠠᠮᠠᠷᠠᠭᠰᠠᠳ ᠲᠡᠢ᠌ᠰᠢ ᠵᠣᠬᠢᠰᠲᠠᠶ ᠬᠡᠯᠪᠡᠶ᠋ᠢᠯᠭᠡᠵᠦ᠂ ᠡᠭᠦᠨ᠎ᠳᠤ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠡᠮᠴᠢᠯᠡᠭᠡᠨ᠎ᠤ ᠵᠠᠷᠤᠳᠠᠯ᠎ᠤᠨ ᠵᠢᠯ᠎ᠤᠨ ᠡᠬᠢᠯᠡᠵᠦ ᠥᠭᠬᠦ ᠪᠠᠷᠢᠮᠵᠢᠶ᠎ᠠ ᠵᠢ 1000 ᠲᠥᠭᠥᠷᠢᠭ᠎ᠠᠴᠠ ᠳᠤᠤᠷ᠎ᠠ ᠪᠠᠶ᠋ᠢᠯᠭ᠋ᠠᠬᠤ ᠥᠬᠡᠶ᠂ ᠵᠢᠯ᠎ᠤᠨ ᠬᠠᠮᠤᠭ᠎ᠤᠨ ᠥᠨᠳᠥᠷ ᠥᠭᠬᠦ ᠬᠢᠵᠠᠭ᠋ᠠᠷ ᠲᠣᠭ᠎ᠠ ᠵᠢ ᠠᠵᠢᠯ᠎ᠤᠨ ᠪᠠᠶ᠋ᠢᠷᠢ᠎ᠳᠤ ᠪᠠᠶ᠋ᠢᠭ᠎ᠠ ᠠᠵᠢᠯᠲᠠᠨ ᠠᠵᠢᠯᠴᠢᠨ᠎ᠳᠤ 4000 ᠲᠥᠭᠥᠷᠢᠭ᠎ᠠᠴᠠ ᠳᠤᠤᠷ᠎ᠠ ᠪᠠᠶ᠋ᠢᠯᠭ᠋ᠠᠬᠤ ᠥᠬᠡᠶ᠂ ᠠᠵᠢᠯ᠎ᠠᠴᠠ᠎ᠪᠠᠨ ᠠᠮᠠᠷᠠᠭᠰᠠᠳ᠎ᠲᠤ 5000 ᠲᠥᠭᠥᠷᠢᠭ᠎ᠠᠴᠠ ᠳᠤᠤᠷ᠎ᠠ ᠪᠠᠶ᠋ᠢᠯᠭ᠋ᠠᠬᠤ ᠥᠬᠡᠶ᠃ ᠠᠳᠠᠯᠢ ᠪᠤᠰᠤ ᠲᠠᠰ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠲᠣᠭ᠋ᠠᠴᠠᠭ᠎ᠠ ᠬᠢᠬᠦ ᠬᠠᠷᠢᠴᠠᠯ᠎ᠤᠨ ᠵᠥᠷᠢᠶ᠎ᠡ ᠵᠢ ᠶᠡᠬᠡᠰᠬᠡᠵᠦ᠂ ᠭᠤᠷᠪᠠᠳᠤᠭ᠋ᠠᠷ ᠳᠡᠰ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢ 50 %᠎ᠠᠴᠠ ᠳᠤᠤᠷ᠎ᠠ ᠪᠠᠶ᠋ᠢᠯᠭ᠋ᠠᠵᠤ ᠪᠣᠯᠬᠤ ᠥᠬᠡᠶ᠂ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠣᠷᠣᠭᠰᠢᠬᠢ ᠡᠮᠴᠢᠯᠡᠭᠡᠨ᠎ᠤ ᠪᠠᠶ᠋ᠢᠭᠤᠯᠤᠮᠵᠢ ᠵᠢ 60 %᠎ᠠᠴᠠ ᠳᠤᠤᠷ᠎ᠠ ᠪᠠᠶ᠋ᠢᠯᠭ᠋ᠠᠵᠤ ᠪᠣᠯᠬᠤ ᠥᠬᠡᠶ᠂ ᠠᠵᠢᠯ᠎ᠠᠴᠠ᠎ᠪᠠᠨ ᠠᠮᠠᠷᠠᠭᠰᠠᠳ᠎ᠢ 5 ᠵᠠᠭᠤᠨ᠎ᠤ ᠬᠤᠪᠢ ᠨᠡᠮᠡᠭᠳᠡᠭᠦᠯᠦᠨ᠎ᠡ᠃

    ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶᠠᠨ᠎ᠤ ᠰᠤᠷᠪᠤᠯᠵᠢᠯᠠᠭᠴᠢ᠄ 《ᠬᠡᠷᠡᠭᠵᠢᠭᠦᠯᠬᠦ ᠰᠠᠨᠠᠯ》᠎ᠳᠤ ᠬᠤᠪᠢ ᠬᠥᠮᠦᠨ᠎ᠤ ᠲᠠᠩᠰᠠᠨ ᠡᠷᠦᠬᠡ ᠵᠢᠨ ᠥᠭᠡᠷᠡᠴᠢᠯᠡᠯᠲᠡ ᠵᠢᠨ ᠲᠤᠬᠠᠶ ᠶᠠᠷᠢᠪᠠ᠃ ᠲᠡᠭᠡᠪᠡᠯ᠂ ᠬᠤᠪᠢ ᠬᠥᠮᠦᠨ᠎ᠤ ᠲᠠᠩᠰᠠᠨ ᠡᠷᠦᠬᠡ᠎ᠳᠤ ᠶᠠᠮᠠᠷ ᠲᠣᠬᠢᠷᠠᠭᠤᠯᠤᠯᠲᠠ ᠬᠢᠭᠰᠡᠨ ᠪᠣᠶ? ᠭᠡᠷ ᠪᠦᠯᠢ ᠵᠢᠨ ᠬᠠᠷᠢᠯᠴᠠᠨ ᠳᠤᠰᠠᠯᠠᠬᠤ ᠵᠢ ᠶᠠᠭ᠋ᠠᠬᠢᠵᠤ ᠪᠡᠶᠡᠯᠡᠭᠦᠯᠬᠦ ᠪᠤᠢ?

    ᠪᠦᠦ ᠴᠦᠨ ᠿᠥᠩ ᠄ ᠬᠤᠪᠢ ᠬᠥᠮᠦᠨ᠎ᠤ ᠲᠠᠩᠰᠠᠨ ᠡᠷᠦᠬᠡ ᠵᠢᠨ ᠥᠭᠡᠷᠡᠴᠢᠯᠡᠯᠲᠡ᠎ᠳᠤ ᠭᠤᠤᠯᠳᠠᠭᠤ ᠠᠵᠢᠯᠲᠠᠨ ᠠᠵᠢᠯᠴᠢᠨ᠎ᠤ ᠡᠮᠴᠢᠯᠡᠭᠡ ᠵᠢᠨ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠎ᠳᠤ ᠪᠤᠳᠤᠵᠤ ᠣᠷᠣᠭᠤᠯᠬᠤ ᠪᠦᠲᠦᠴᠡ ᠵᠢ ᠲᠣᠬᠢᠷᠠᠭᠤᠯᠵᠤ᠂ ᠬᠤᠪᠢ ᠬᠥᠮᠦᠨ᠎ᠤ ᠲᠠᠩᠰᠠᠨ ᠡᠷᠦᠬᠡ ᠵᠢᠨ ᠬᠡᠷᠡᠭᠯᠡᠬᠦ ᠬᠡᠪᠴᠢᠶ᠎ᠡ ᠵᠢ ᠥᠷᠭᠡᠳᠬᠡᠨ᠎ᠡ᠃ 2022 ᠣᠨ᠎ᠤ 10 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠪᠠᠢ᠌ᠭᠤᠯᠭ᠎ᠠ ᠵᠢᠨ ᠳᠤᠰᠢᠶᠠᠬᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠵᠠᠷᠤᠳᠠᠯ᠎ᠢ ᠪᠦᠬᠦᠨ᠎ᠢ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ᠎ᠳᠤ ᠪᠤᠳᠤᠵᠤ ᠣᠷᠣᠭᠤᠯᠤᠨ᠎ᠠ᠃ ᠠᠵᠢᠯ᠎ᠳᠤ ᠪᠠᠶ᠋ᠢᠭ᠎ᠠ ᠠᠵᠢᠯᠲᠠᠨ ᠠᠵᠢᠯᠴᠢᠨ᠎ᠤ ᠬᠤᠪᠢ ᠬᠥᠮᠦᠨ᠎ᠤ ᠲᠠᠩᠰᠠᠨ ᠡᠷᠦᠬᠡ᠎ᠳᠤ᠂ ᠬᠤᠪᠢ ᠬᠥᠮᠦᠨ᠎ᠤ ᠳᠠᠭ᠋ᠠᠳᠬᠠᠯ᠎ᠳᠤ ᠣᠷᠣᠯᠴᠠᠵᠤ ᠰᠦᠢ᠍ᠳᠭᠡᠯ ᠲᠤᠰᠢᠶᠠᠬᠤ ᠦᠨᠳᠦᠰᠦᠨ ᠲᠤᠭ᠎ᠠ ᠵᠢᠨ 2 % ᠵᠶ᠋ᠠᠷ ᠲᠤᠰᠢᠶᠠᠭᠰᠠᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠰᠦᠢ᠍ᠳᠭᠡᠯ᠎ᠢ ᠪᠤᠳᠤᠵᠤ ᠣᠷᠣᠭᠤᠯᠤᠨ᠎ᠠ᠃ ᠠᠵᠢᠯ᠎ᠠᠴᠠ᠎ᠪᠠᠨ ᠠᠮᠠᠷᠠᠭᠰᠠᠳ᠎ᠤᠨ ᠬᠤᠪᠢ ᠬᠥᠮᠦᠨ᠎ᠤ ᠲᠠᠩᠰᠠᠨ ᠡᠷᠦᠬᠡ ᠎ᠳᠤ᠂ ᠨᠢᠭᠡᠳᠦᠯᠲᠡᠶ ᠲᠥᠯᠦᠪᠯᠡᠭᠰᠡᠨ ᠰᠠᠭᠤᠷᠢ ᠮᠥᠩᠭᠦ᠎ᠠᠴᠠ ᠲᠣᠭᠲᠠᠭᠰᠠᠨ ᠨᠣᠷᠮ᠎ᠠ᠎ᠪᠠᠷ ᠬᠤᠪᠢᠶᠠᠷᠢᠯᠠᠨ ᠣᠷᠣᠭᠤᠯᠵᠤ᠂ 2021 ᠣᠨ᠎ᠤ ᠪᠥᠬᠦ ᠣᠷᠣᠨ᠎ᠤ ᠳᠤᠮᠳᠠᠴᠢ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠦ᠎ᠪᠠᠷ ᠰᠠᠭᠤᠷᠢ ᠲᠤᠭ᠎ᠠ ᠪᠣᠯᠭ᠋ᠠᠵᠤ᠂ 2022 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ 3 % ᠵᠢᠨ ᠬᠠᠷᠢᠴᠠᠯ᠎ᠤᠨ ᠲᠣᠭᠲᠠᠭᠰᠠᠨ ᠨᠣᠷᠮ᠎ᠠ᠎ᠪᠠᠷ ᠬᠤᠪᠢ ᠬᠥᠮᠦᠨ᠎ᠤ ᠲᠠᠩᠰᠠᠨ ᠡᠷᠦᠬᠡ᠎ᠳᠤ ᠬᠤᠪᠢᠶᠠᠷᠢᠯᠠᠨ ᠣᠷᠣᠭᠤᠯᠵᠤ᠂ 2023 ᠣᠨ᠎ᠠᠴᠠ ᠡᠬᠢᠯᠡᠨ 2 %᠎ᠤᠨ ᠬᠠᠷᠢᠴᠠᠯ᠎ᠤᠨ ᠲᠣᠭᠲᠠᠭᠰᠠᠨ ᠨᠣᠷᠮ᠎ᠠ᠎ᠪᠠᠷ ᠬᠤᠪᠢ ᠬᠥᠮᠦᠨ᠎ᠤ ᠲᠠᠩᠰᠠᠨ ᠡᠷᠦᠬᠡ᠎ᠳᠤ ᠬᠤᠪᠢᠶᠠᠷᠢᠯᠠᠨ ᠣᠷᠣᠭᠤᠯᠤᠨ᠎ᠠ᠃

    ᠬᠤᠪᠢ ᠬᠥᠮᠦᠨ᠎ᠤ ᠳᠠᠩᠰᠠᠨ ᠡᠷᠦᠬᠡ ᠵᠢᠨ ᠲᠣᠭ᠋ᠠᠴᠠᠭ᠎ᠠ ᠬᠢᠬᠦ ᠬᠡᠪᠴᠢᠶ᠎ᠡ ᠵᠢ ᠤᠤᠯ᠎ᠤᠨ ᠬᠤᠪᠢ ᠬᠥᠮᠦᠨ ᠯᠡ ᠬᠡᠷᠡᠭᠯᠡᠬᠦ᠎ᠠᠴᠠ ᠭᠡᠷ ᠪᠦᠯᠢ ᠵᠢᠨ ᠬᠠᠷᠢᠯᠴᠠᠨ ᠳᠤᠰᠠᠯᠠᠵᠤ ᠬᠡᠷᠡᠭᠯᠡᠬᠦ ᠪᠣᠯᠭ᠋ᠠᠨ ᠥᠷᠭᠡᠳᠬᠡᠨ᠎ᠡ᠃ ᠬᠤᠪᠢ ᠬᠥᠮᠦᠨ᠎ᠤ ᠲᠠᠩᠰᠠᠨ ᠡᠷᠦᠬᠡ ᠵᠢ ᠳᠠᠭ᠋ᠠᠳᠬᠠᠯ᠎ᠳᠤ ᠣᠷᠣᠯᠴᠠᠭᠰᠠᠨ ᠲᠣᠰ ᠬᠥᠮᠦᠨ ᠵᠢᠴᠢ ᠲᠡᠭᠦᠨ᠎ᠤ ᠬᠣᠯᠪᠣᠰᠤ᠂ ᠡᠴᠢᠭᠡ ᠡᠬᠡ᠂ ᠦᠷ᠎ᠡ ᠬᠡᠦᠬᠡᠳ᠎ᠤᠨ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠪᠡᠳᠴᠢᠨ ᠦᠵᠡᠭᠦᠯᠦᠭᠰᠡᠨ᠎ᠠᠴᠠ ᠪᠣᠯᠤᠭᠰᠠᠨ ᠬᠤᠪᠢ ᠬᠥᠮᠦᠨ᠎ᠤ ᠡᠭᠦᠷᠭᠡᠯᠡᠬᠦ ᠡᠮᠴᠢᠯᠡᠭᠡᠨ᠎ᠤ ᠵᠠᠷᠤᠳᠠᠯ ᠵᠢᠴᠢ ᠴᠡᠭ ᠳᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠡᠮ᠎ᠤᠨ ᠵᠦᠢ᠍ᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠬᠤᠳᠠᠯᠳᠤᠨ ᠠᠪᠤᠭᠰᠠᠨ᠎ᠠᠴᠠ ᠪᠣᠯᠤᠭᠰᠠᠨ ᠬᠤᠪᠢ ᠬᠥᠮᠦᠨ᠎ᠤ ᠡᠭᠦᠷᠭᠡᠯᠡᠬᠦ ᠵᠠᠷᠤᠳᠠᠯ᠎ᠢ ᠳᠥᠯᠥᠬᠦ᠎ᠳᠤ ᠬᠡᠷᠡᠭᠯᠡᠵᠦ ᠪᠣᠯᠤᠨ᠎ᠠ᠃ ᠬᠤᠪᠢ ᠬᠥᠮᠦᠨ᠎ᠤ ᠳᠠᠩᠰᠠᠨ ᠡᠷᠦᠬᠡ ᠵᠢ ᠪᠠᠰᠠ ᠬᠣᠯᠪᠣᠰᠤ᠂ ᠡᠴᠢᠭᠡ ᠡᠬᠡ᠂ ᠦᠷ᠎ᠡ ᠬᠡᠦᠬᠡᠳ᠎ᠤᠨ ᠰᠠᠭᠤᠭ᠋ᠠᠯᠢ ᠠᠷᠠᠳ᠎ᠤᠨ ᠡᠮᠴᠢᠯᠡᠭᠡ ᠵᠢᠨ ᠳᠠᠭ᠋ᠠᠳᠬᠠᠯ᠎ᠳᠤ ᠣᠷᠣᠯᠴᠠᠬᠤ᠂ ᠠᠵᠢᠯᠲᠠᠨ ᠠᠵᠢᠯᠴᠢᠨ᠎ᠤ ᠦᠨᠡᠲᠡᠢ ᠡᠮ ᠡᠮᠨᠡᠯᠭᠡ ᠵᠢᠨ ᠵᠠᠷᠤᠳᠠᠯ᠎ᠤᠨ ᠨᠥᠬᠥᠪᠥᠷᠢ᠂ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ ᠵᠡᠷᠭᠡ ᠬᠤᠪᠢ ᠬᠥᠮᠦᠨ᠎ᠤ ᠲᠤᠰᠢᠶᠠᠬᠤ ᠵᠠᠷᠤᠳᠠᠯ᠎ᠳᠤ ᠬᠡᠷᠡᠭᠯᠡᠵᠦ ᠪᠣᠯᠤᠨ᠎ᠠ᠃

    ᠳᠠᠭ᠋ᠠᠳᠬᠠᠯ᠎ᠳᠤ ᠣᠷᠣᠯᠴᠠᠭᠰᠠᠳ ᠤᠯᠤᠰ᠎ᠤᠨ ᠡᠮᠴᠢᠯᠡᠭᠡ ᠵᠢᠨ ᠳᠠᠭ᠋ᠠᠳᠬᠠᠯ᠎ᠤᠨ APP ᠪᠤᠶᠤ 《ᠥᠪᠥᠷ ᠮᠣᠩᠭᠣᠯ᠎ᠤᠨ ᠡᠮᠴᠢᠯᠡᠭᠡ ᠵᠢᠨ ᠳᠠᠭ᠋ᠠᠳᠬᠠᠯ》᠎ᠤᠨ APP ᠳᠡᠭᠡᠷ᠎ᠡ ᠬᠤᠪᠢ ᠬᠥᠮᠦᠨ᠎ᠤ ᠲᠠᠩᠰᠠᠨ ᠡᠷᠦᠬᠡ ᠵᠢᠨ ᠬᠡᠷ ᠪᠦᠯᠢ ᠵᠢᠨ ᠬᠠᠷᠢᠯᠴᠠᠨ ᠲᠤᠰᠠᠯᠠᠬᠤ ᠲᠤᠬᠠᠶ᠋ᠢᠯᠠᠭᠰᠠᠨ ᠠᠵᠢᠯ᠎ᠢ ᠭᠤᠶᠤᠴᠢᠯᠠᠨ ᠭᠦᠢ᠍ᠴᠡᠳᠭᠡᠵᠦ ᠪᠣᠯᠤᠨ᠎ᠠ᠃ ᠡᠮᠴᠢᠯᠡᠭᠡ ᠵᠢᠨ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ᠎ᠪᠠᠷ ᠳᠠᠮᠵᠢᠭᠤᠯᠤᠨ ᠬᠡᠷ ᠪᠦᠯᠢ ᠵᠢᠨ ᠬᠠᠷᠢᠯᠴᠠᠨ ᠲᠤᠰᠠᠯᠠᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠭᠰᠡᠨ᠎ᠤ ᠳᠠᠷᠠᠭ᠎ᠠ᠂ ᠣᠷᠣᠨ᠎ᠤ ᠳᠣᠲᠣᠷᠠᠬᠢ ᠡᠯ᠎ᠡ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ᠎ᠤ ᠴᠡᠭ ᠳᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠬᠠᠷᠢᠯᠴᠠᠨ ᠲᠤᠰᠠᠯᠠᠬᠤ ᠲᠠᠩᠰᠠᠨ ᠡᠷᠦᠬᠡ ᠵᠢᠨ ᠪᠠᠯᠠ ᠮᠥᠩᠭᠥ ᠵᠢ ᠬᠡᠷᠡᠭᠯᠡᠵᠦ᠂ ᠬᠤᠪᠢ ᠬᠥᠮᠦᠨ᠎ᠤ ᠲᠠᠩᠰᠠᠨ ᠡᠷᠦᠬᠡ ᠵᠢᠨ 《ᠬᠡᠷ ᠪᠦᠯᠢ ᠵᠢᠨ ᠪᠢᠴᠢᠯ ᠬᠠᠷᠢᠯᠴᠠᠨ ᠲᠤᠰᠠᠯᠠᠬᠤ》 ᠵᠢ ᠪᠡᠶᠡᠯᠡᠭᠦᠯᠦᠨ᠎ᠡ᠃ ᠣᠳᠣ ᠪᠣᠯᠲᠠᠯ᠎ᠠ᠂ ᠪᠥᠬᠥ ᠣᠷᠣᠨ᠎ᠳᠤ ᠨᠢᠭᠡᠨᠲᠡ 843 . 42 ᠲᠦᠮᠡᠨ ᠬᠥᠮᠦᠨ᠎ᠤ ᠡᠮᠴᠢᠯᠡᠭᠡ ᠵᠢᠨ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ ᠵᠢ ᠠᠮᠢᠯᠠᠭᠤᠯᠵᠤ᠂ 29120 ᠡᠷᠦᠬᠡ ᠲᠥᠷᠥᠯ ᠰᠠᠳᠤᠨ᠎ᠤ ᠲᠠᠩᠰᠠᠨ ᠡᠷᠦᠬᠡ (ᠬᠡᠷ ᠪᠦᠯᠢ ᠵᠢᠨ ᠬᠠᠷᠢᠯᠴᠠᠨ ᠳᠤᠰᠠᠯᠠᠬᠤ ᠲᠠᠩᠰᠠᠨ ᠡᠷᠦᠬᠡ) ᠵᠢ ᠭᠤᠶᠤᠴᠢᠯᠠᠪᠠ᠃

    ᠬᠥᠬᠡᠬᠣᠲᠠ ᠵᠢᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄  ᠡᠮᠦᠨ᠎ᠡ ᠮᠠᠨ᠎ᠤ ᠣᠷᠣᠨ᠎ᠤ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠋ᠠᠨ᠎ᠤ ᠥᠭᠡᠷᠡᠴᠢᠯᠡᠯᠲᠡ ᠵᠢᠨ ᠠᠵᠢᠯ᠎ᠢ ᠲᠠᠨᠢᠯᠴᠠᠭᠤᠯᠵᠤ᠂ ᠡᠮᠴᠢᠯᠡᠭᠡ ᠵᠢᠨ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢᠨ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ ᠪᠠ ᠦᠷᠭᠦᠯᠵᠢᠯᠡᠬᠦ ᠴᠢᠨᠠᠷ᠎ᠢ ᠮᠠᠰᠢ ᠴᠢᠬᠤᠯᠠᠴᠢᠯᠠᠵᠤ᠂ ᠢᠳᠡᠪᠬᠢᠲᠡᠶ ᠪᠥᠭᠡᠳ ᠯᠠᠪᠳᠠᠭᠤᠨ ᠵᠶ᠋ᠠᠷ ᠠᠬᠢᠭᠤᠯᠤᠨ ᠬᠡᠷᠡᠭᠵᠢᠭᠦᠯᠵᠦ ᠪᠠᠶ᠋ᠢᠨ᠎ᠠ ᠭᠡᠵᠦ ᠲᠠᠨᠢᠯᠴᠠᠭᠤᠯᠪᠠ᠃ ᠪᠣᠳᠠᠲᠠᠶ᠎ᠪᠠᠷ ᠶᠠᠷᠢᠵᠤ ᠥᠭᠭᠦᠨ᠎ᠡ ᠦᠦ?

    ᠼᠠᠢ ᠾᠥᠩ ᠢᠦᠶ᠄  ᠭᠤᠤᠯᠳᠠᠭᠤ ᠳᠤᠤᠷᠠᠬᠢ ᠭᠤᠷᠪᠠᠨ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠪᠠᠶ᠋ᠢᠨ᠎ᠠ᠄ ᠨᠢᠭᠡ᠎ᠳᠤ᠂ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ᠎ᠯᠤᠭ᠎ᠠ ᠵᠣᠬᠢᠴᠠᠭᠰᠠᠨ ᠰᠦᠢ᠍ᠳᠭᠡᠯ ᠲᠤᠰᠢᠶᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠭᠦᠳᠡᠨ ᠡᠮᠨᠡᠯᠭᠡ ᠵᠢᠨ ᠬᠠᠷᠢᠯᠴᠠᠨ ᠳᠤᠰᠠᠯᠠᠬᠤ ᠪᠠᠲᠤᠯᠠᠭ᠎ᠠ᠎ᠯᠤᠭ᠎ᠠ ᠬᠠᠷᠢᠯᠴᠠᠨ ᠵᠣᠬᠢᠴᠠᠭᠰᠠᠨ ᠨᠡᠶ᠋ᠢᠯᠡᠮᠡᠯ ᠮᠠᠶᠢᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠠᠬᠢᠭᠤᠯᠤᠨ᠎ᠠ᠃ ᠡᠮᠴᠢᠯᠡᠭᠡ ᠵᠢᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠲᠣᠭᠲᠠᠭ᠋ᠠᠵᠤ᠂ ᠡᠮᠴᠢᠯᠡᠭᠡᠨ᠎ᠤ ᠪᠠᠶ᠋ᠢᠭᠤᠯᠤᠮᠵᠢ ᠪᠠ ᠡᠪᠡᠳᠴᠢᠲᠡᠨ᠎ᠢ ᠬᠥᠲᠥᠯᠥᠨ ᠵᠢᠯᠣᠭᠣᠳᠴᠤ ᠡᠮᠴᠢᠯᠡᠭᠡᠨ᠎ᠳᠤ ᠲᠤᠰᠠ ᠪᠣᠯᠬᠤ᠎ᠨᠢ ᠣᠨᠣᠴᠠᠲᠠᠢ᠂ ᠦᠨ᠎ᠡ ᠬᠠᠩᠰᠢ᠎ᠨᠢ ᠵᠣᠬᠢᠰᠲᠠᠶ ᠡᠮ᠎ᠤᠨ ᠵᠦᠢ᠍ᠯ᠎ᠢ ᠰᠠᠨᠠᠭ᠋ᠠᠴᠢᠯᠠᠭ᠎ᠠ᠎ᠠᠴᠠ᠎ᠪᠠᠨ ᠬᠡᠷᠡᠭᠯᠡᠭᠦᠯᠦᠨ᠎ᠡ᠃ ᠬᠣᠶᠠᠷ᠎ᠲᠤ᠂ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦᠨ᠎ᠤ ᠲᠥᠰᠦᠪ᠎ᠤᠨ ᠬᠠᠮᠢᠶᠠᠷᠤᠯᠲᠠ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠡᠮᠴᠢᠯᠡᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠬᠢᠨᠠᠨ ᠪᠤᠳᠤᠬᠤ ᠲᠦᠷᠢᠮ ᠪᠠ ᠳᠣᠲᠣᠭ᠋ᠠᠳᠤ ᠡᠵᠡᠮᠳᠡᠯ᠎ᠤᠨ ᠲᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠰᠠᠭᠤᠷᠢ ᠮᠥᠩᠭᠥᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠡᠭᠦᠳᠡᠨ ᠡᠮᠨᠡᠯᠭᠡ ᠵᠢᠨ ᠵᠠᠷᠤᠳᠠᠯ᠎ᠢ ᠣᠶᠤᠨᠴᠢ᠎ᠪᠠᠷ ᠬᠢᠨᠠᠨ ᠡᠵᠡᠮᠳᠡᠬᠦ ᠠᠷᠭ᠎ᠠ ᠪᠠᠷᠢᠯ᠎ᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠡᠭᠦᠳᠡᠨ ᠡᠮᠨᠡᠯᠭᠡ ᠵᠢᠨ ᠡᠮᠴᠢᠯᠡᠭᠡᠨ᠎ᠤ ᠦᠢ᠍ᠯᠡᠴᠢᠯᠡᠭᠡ ᠬᠦᠷᠲᠡᠯ᠎ᠡ ᠤᠷᠲᠤᠳᠬᠠᠨ᠎ᠠ᠃ ᠬᠤᠪᠢ ᠬᠥᠮᠦᠨ᠎ᠤ ᠳᠠᠩᠰᠠᠨ ᠡᠷᠦᠬᠡ ᠵᠢ ᠬᠡᠷᠡᠭᠯᠡᠬᠦ ᠬᠠᠮᠢᠶᠠᠷᠤᠯᠲᠠ ᠵᠢᠨ ᠠᠷᠭ᠎ᠠ ᠵᠢ ᠪᠥᠷᠢᠨ ᠭᠦᠢ᠍ᠴᠡᠳ ᠲᠡᠭᠦᠯᠳᠡᠷᠵᠢᠭᠦᠯᠵᠦ᠂ ᠬᠤᠪᠢ ᠬᠥᠮᠦᠨ᠎ᠤ ᠳᠠᠩᠰᠠᠨ ᠡᠷᠦᠬᠡ ᠵᠢᠨ ᠪᠦᠬᠦ ᠶᠠᠪᠤᠴᠠ ᠵᠢᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ᠎ᠠ᠃ ᠦᠨᠳᠦᠰᠦᠨ ᠱᠠᠲᠤᠨ᠎ᠤ ᠡᠮᠴᠢᠯᠡᠭᠡᠨ᠎ᠤ ᠦᠢ᠍ᠯᠡᠴᠢᠯᠡᠭᠡ ᠵᠢᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠬᠠᠮᠵᠢᠯᠴᠠᠨ ᠠᠬᠢᠭᠤᠯᠵᠤ᠂ ᠭᠡᠷ ᠪᠦᠯᠢ ᠵᠢᠨ ᠡᠮᠴᠢ ᠵᠢᠨ ᠭᠡᠷ᠎ᠡ ᠲᠣᠭᠲᠠᠨ ᠦᠢ᠍ᠯᠡᠴᠢᠯᠡᠬᠦ ᠵᠢ ᠲᠡᠭᠦᠯᠳᠡᠷᠵᠢᠭᠦᠯᠵᠦ᠂ ᠤᠷᠲᠤ ᠬᠤᠭᠤᠴᠠᠭ᠋ᠠᠨ᠎ᠤ ᠵᠣᠷ᠎ᠤᠨ ᠬᠠᠮᠢᠶᠠᠷᠤᠯᠲᠠ ᠵᠢ ᠵᠢᠷᠤᠮᠵᠢᠭᠤᠯᠵᠤ᠂ ᠳᠠᠭ᠋ᠠᠳᠬᠠᠯ᠎ᠳᠤ ᠣᠷᠣᠯᠴᠠᠭᠰᠠᠳ᠎ᠤᠨ ᠦᠨᠳᠦᠰᠦᠨ ᠱᠠᠲᠤᠨ᠎ᠳᠤ ᠡᠪᠡᠳᠴᠢᠨ ᠡᠮᠨᠡᠭᠦᠯᠬᠦ᠂ ᠠᠩᠬ᠎ᠠ ᠡᠮᠨᠡᠭᠦᠯᠬᠦ ᠵᠢ ᠬᠥᠲᠥᠯᠥᠨ ᠵᠢᠯᠣᠭᠣᠳᠤᠨ᠎ᠠ᠃ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠢ ᠣᠨᠴᠠ ᠡᠪᠡᠳᠴᠢᠨ᠎ᠤ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ᠎ᠲᠠᠢ ᠤᠶᠠᠯᠳᠤᠭᠤᠯᠤᠨ᠂ ᠦᠨᠳᠦᠰᠦᠨ ᠱᠠᠲᠤᠨ᠎ᠤ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠣᠨᠣᠰᠢᠯᠠᠨ ᠡᠮᠨᠡᠬᠦ ᠵᠢᠴᠢ ᠰᠢᠯᠵᠢᠭᠦᠯᠦᠨ ᠡᠮᠨᠡᠬᠦ ᠵᠡᠷᠭᠡ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃ ᠭᠤᠷᠪᠠ᠎ᠳᠤ᠂ ᠭᠠᠷᠲᠠᠨ ᠭᠦᠢ᠍ᠴᠡᠳᠭᠡᠬᠦ ᠦᠢ᠍ᠯᠡᠴᠢᠯᠡᠭᠡ ᠵᠢ ᠰᠢᠯᠢᠳᠡᠭᠵᠢᠭᠦᠯᠦᠨ᠎ᠡ᠃ ᠤᠯᠤᠰ᠎ᠤᠨ ᠡᠮᠴᠢᠯᠡᠭᠡ ᠵᠢᠨ ᠳᠠᠭ᠋ᠠᠳᠬᠠᠯ᠎ᠤᠨ APP᠎ᠠᠴᠠ ᠭᠠᠳᠠᠨ᠎ᠠ᠂ ᠪᠢᠳᠡ ᠪᠠᠰᠠ 《ᠥᠪᠥᠷ ᠮᠣᠩᠭᠣᠯ᠎ᠤᠨ ᠡᠮᠴᠢᠯᠡᠭᠡ ᠵᠢᠨ ᠳᠠᠭ᠋ᠠᠳᠬᠠᠯ》᠎ᠤᠨ APP ᠵᠢ ᠭᠠᠷᠭ᠋ᠠᠵᠤ᠂ ᠡᠮᠴᠢᠯᠡᠭᠡ ᠵᠢᠨ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ ᠵᠢᠨ ᠠᠷᠭ᠎ᠠ ᠵᠠᠮ᠎ᠢ ᠨᠡᠪᠲᠡᠷᠡᠭᠦᠯᠵᠦ᠂ 《ᠲᠥᠷᠥᠯ ᠰᠠᠳᠤᠨ᠎ᠤ ᠬᠠᠶ᠋ᠢᠷ᠎ᠠ ᠰᠡᠳᠬᠢᠯᠭᠡ ᠲᠠᠩᠰᠠᠨ ᠡᠷᠦᠬᠡ》 ᠵᠢᠨ ᠴᠢᠳᠠᠮᠵᠢ ᠵᠢᠨ ᠬᠡᠰᠡᠭ᠎ᠢ ᠬᠠᠩᠭ᠋ᠠᠵᠤ᠂ ᠳ᠋ᠤᠭ᠋ᠠᠷᠯᠠᠬᠤ᠂ ᠲᠣᠭ᠋ᠠᠴᠠᠭ᠎ᠠ ᠬᠢᠬᠦ᠂ ᠪᠠᠶ᠋ᠢᠴᠠᠭ᠋ᠠᠨ ᠯᠠᠪᠯᠠᠬᠤ᠂ ᠪᠦᠷᠢᠳᠬᠡᠨ ᠳᠠᠩᠰᠠᠯᠠᠬᠤ ᠵᠡᠷᠭᠡ ᠨᠡᠯᠢᠶᠡᠳ ᠪᠦᠷᠢᠨ ᠲᠡᠭᠦᠯᠳᠡᠷ ᠪᠥᠬᠥ ᠶᠠᠪᠤᠴᠠ ᠵᠢᠨ ᠴᠢᠳᠠᠮᠵᠢ ᠵᠢ ᠪᠦᠷᠢᠯᠳᠦᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ ᠵᠢ ᠲᠦᠷᠭᠡᠳᠬᠡᠵᠦ᠂ ᠡᠮᠨᠡᠯᠭᠡ᠎ᠳᠤ ᠰᠠᠭᠤᠬᠤ ᠵᠠᠷᠤᠳᠠᠯ ᠪᠣᠯᠤᠨ ᠡᠩ᠎ᠤᠨ ᠡᠭᠦᠳᠡᠨ ᠡᠮᠨᠡᠯᠭᠡ ᠵᠢᠨ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠵᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠬᠤᠤᠷᠲᠤ ᠬᠠᠪᠤᠳᠠᠷ᠎ᠤᠨ ᠡᠭᠦᠳᠡᠨ ᠡᠮᠨᠡᠯᠭᠡ ᠵᠢᠨ ᠡᠮᠴᠢᠯᠡᠭᠡ᠂ ᠰᠢᠭᠡᠰᠦᠨ ᠬᠤᠤᠷᠳᠠᠯ᠎ᠤᠨ ᠡᠪᠡᠳᠴᠢᠨ᠎ᠢ ᠨᠡᠪᠴᠢᠭᠦᠯᠦᠨ ᠢᠯᠭ᠋ᠠᠷᠠᠭᠤᠯᠬᠤ᠂ ᠡᠷᠬᠡᠲᠡᠨ ᠰᠢᠯᠵᠢᠭᠦᠯᠬᠦ ᠮᠡᠰᠡ ᠵᠠᠰᠠᠯ᠎ᠤᠨ ᠳᠠᠷᠠᠭ᠋ᠠᠬᠢ ᠤᠨᠳᠤᠤᠰᠢᠯ᠎ᠢ ᠡᠰᠡᠷᠭᠦᠴᠡᠬᠦ ᠡᠮᠴᠢᠯᠡᠭᠡ ᠵᠡᠷᠭᠡ 5 ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠢ ᠡᠪᠡᠳᠴᠢᠨ᠎ᠤ ᠲᠥᠷᠥᠯ᠎ᠤᠨ ᠵᠠᠷᠤᠳᠠᠯ ᠪᠣᠯᠤᠨ ᠠᠵᠢᠯᠲᠠᠨ ᠠᠵᠢᠯᠴᠢᠨ᠎ᠤ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠦᠪᠯᠡᠭᠰᠡᠨ ᠵᠠᠷᠤᠳᠠᠯ᠎ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠵᠢ ᠥᠳᠲᠡᠷ ᠲᠦᠷᠭᠡᠨ ᠠᠬᠢᠭᠤᠯᠤᠨ᠎ᠠ᠃ ᠤᠨᠳᠤᠤ ᠭᠠᠵᠠᠷ᠎ᠲᠤ ᠡᠮᠨᠡᠭᠦᠯᠦᠭᠰᠡᠨ᠎ᠢ ᠳᠠᠩᠰᠠᠯᠠᠬᠤ ᠶᠠᠪᠤᠴᠠ ᠵᠢ ᠦᠷᠭᠦᠯᠵᠢᠯᠡᠨ ᠳᠥᠭᠥᠮᠴᠢᠯᠡᠵᠦ ᠰᠢᠯᠢᠳᠡᠭᠵᠢᠭᠦᠯᠦᠨ᠂ ᠡᠪᠡᠳᠴᠢᠨ᠎ᠤ ᠲᠠᠩᠰᠠ ᠵᠢᠨ ᠣᠨᠣᠰᠢᠯᠠᠯᠲᠠ᠂ ᠣᠷᠣᠰᠢᠨ ᠰᠠᠭᠤᠭᠰᠠᠨ ᠭᠡᠷᠡᠴᠢ ᠵᠡᠷᠭᠡ ᠳᠠᠩᠰᠠᠯᠠᠬᠤ ᠮᠠᠲ᠋ᠧᠷᠢᠶᠠᠯ᠎ᠢ ᠪᠥᠬᠥ ᠲᠠᠯ᠎ᠠ᠎ᠪᠠᠷ ᠬᠦᠴᠦᠨ ᠥᠬᠡᠶ ᠪᠣᠯᠭ᠋ᠠᠵᠤ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ ᠵᠥᠪᠬᠡᠨ ᠪᠡᠶ᠎ᠡ ᠵᠢᠨ ᠭᠡᠷᠡᠴᠢ᠎ᠪᠠᠨ ᠠᠪᠴᠤ ᠰᠦᠯᠵᠢᠶᠡᠨ ᠳᠡᠭᠡᠷ᠎ᠡ ᠥᠪᠡᠰᠦᠪᠡᠨ ᠳᠠᠩᠰᠠᠯᠠᠬᠤ ᠵᠢ ᠪᠡᠶᠡᠯᠡᠭᠦᠯᠵᠦ᠂ ᠳᠠᠷᠤᠶ᠎ᠳᠤ᠎ᠨᠢ ᠭᠤᠶᠤᠴᠢᠯᠠᠵᠤ᠂ ᠳᠠᠷᠤᠶ᠎ᠳᠤ᠎ᠨᠢ ᠬᠦᠴᠦᠨ᠎ᠲᠠᠢ ᠪᠣᠯᠤᠨ᠎ᠠ᠃ ᠡᠨᠡ ᠵᠢᠯ᠎ᠠᠴᠠ ᠨᠠᠭ᠋ᠠᠰᠢ᠂ ᠪᠥᠬᠥ ᠣᠷᠣᠨ᠎ᠳᠤ ᠠᠦ᠋ᠲ᠋ᠣ᠋᠎ᠪᠠᠷ 87507 ᠬᠥᠮᠦᠨ ᠤᠳᠠᠭ᠎ᠠ ᠳᠠᠩᠰᠠᠯᠠᠭᠤᠯᠵᠤ᠂ ᠮᠤᠵᠢ ᠠᠯᠤᠰᠯᠠᠨ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠭᠰᠠᠨ᠎ᠨᠢ 391222 ᠬᠥᠮᠦᠨ ᠤᠳᠠᠭ᠎ᠠ᠎ᠳᠤ ᠬᠦᠷᠴᠡᠶ᠃ ᠪᠠᠶᠠᠷᠯᠠᠯ᠎ᠠ! 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
《ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠳᠠᠭ᠋ᠠᠳᠬᠠᠯ ᠪᠠ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢ ᠮᠡᠳᠡᠭᠳᠡᠬᠦ ᠬᠤᠷᠠᠯ
 
            