1. ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠮᠥᠩᠭᠦ ᠵᠢ ᠶᠠᠭ᠋ᠠᠬᠢᠵᠤ ᠬᠤᠷᠢᠶᠠᠭᠰᠠᠨ ᠪᠣᠢ?
ᠮᠠᠨ᠎ᠤ ᠤᠯᠤᠰ᠎ᠤᠨ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ ᠪᠣᠯ ᠡᠳ᠋᠎ᠤᠨ ᠵᠠᠰᠠᠭ᠎ᠤᠨ ᠨᠥᠬᠦᠪᠥᠷᠢ ᠪᠠ ᠬᠤᠪᠢ ᠬᠥᠮᠦᠨ᠎ᠤ ᠰᠦᠢ᠍ᠳᠭᠡᠯ ᠲᠤᠰᠢᠶᠠᠬᠤ ᠵᠢ ᠤᠶᠠᠯᠳᠤᠭᠤᠯᠬᠤ ᠵᠠᠭᠪᠤᠷ᠎ᠢ ᠬᠡᠷᠡᠭᠯᠡᠨ᠎ᠡ᠂ ᠵᠢᠱ᠌ᠢᠶᠡᠯᠡᠪᠡᠯ 2023 ᠣᠨ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠴᠤᠭᠯᠠᠭᠤᠯᠬᠤ ᠪᠠᠷᠢᠮᠵᠢᠶ᠎ᠠ 1020 ᠲᠥᠭᠦᠷᠢᠭ᠎ᠲᠤ ᠬᠦᠷᠦᠨ᠎ᠡ᠂ ᠡᠭᠦᠨ᠎ᠳᠤ ᠬᠤᠪᠢ ᠬᠥᠮᠦᠨ 380 ᠲᠥᠭᠦᠷᠢᠭ ᠲᠤᠰᠢᠶᠠᠬᠤ ᠪᠦᠷᠢ᠂ ᠵᠠᠰᠠᠭ᠎ᠤᠨ ᠣᠷᠳᠣᠨ ᠳᠠᠷᠤᠶ 640 ᠲᠥᠭᠦᠷᠢᠭ᠎ᠤᠨ ᠨᠥᠬᠦᠪᠥᠷᠢ ᠥᠭᠭᠦᠨ᠎ᠡ᠂ ᠮᠠᠨ᠎ᠤ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠵᠠᠰᠠᠭ᠎ᠤᠨ ᠣᠷᠳᠣᠨ᠎ᠤ ᠨᠥᠬᠦᠪᠥᠷᠢ ᠮᠥᠩᠭᠦ ᠶᠡᠭᠡ ᠲᠠᠯ᠎ᠠ ᠵᠢ ᠡᠵᠡᠯᠡᠵᠦ ᠪᠠᠶ᠋ᠢᠨ᠎ᠠ᠃ ᠤᠨᠴᠠ ᠬᠦᠴᠢᠷᠳᠡᠯᠳᠡᠢ ᠡᠷᠦᠬᠡ ᠵᠢᠨ ᠵᠠᠰᠠᠭ᠎ᠤᠨ ᠤᠷᠳᠤᠨ ᠪᠦᠬᠦ ᠲᠤᠭ᠎ᠠ᠎ᠪᠠᠷ ᠵᠤᠭᠤᠰ ᠳᠤᠰᠢᠶᠠᠵᠤ᠂ ᠬᠤᠪᠢ ᠬᠦᠮᠦᠨ᠎ᠤ ᠳᠤᠰᠢᠶᠠᠬᠤ ᠰᠦᠢ᠍ᠳᠬᠡᠯ᠎ᠢ ᠬᠡᠯᠳᠦᠷᠢᠭᠦᠯᠦᠨ᠎ᠡ᠃ ᠮᠠᠨ᠎ᠤ ᠠᠷᠠᠳ ᠣᠯᠠᠨ᠎ᠤ ᠠᠩᠬᠠᠷᠴᠤ ᠪᠠᠶ᠋ᠢᠭ᠎ᠠ 《ᠬᠤᠪᠢ ᠬᠥᠮᠦᠨ᠎ᠤ ᠲᠤᠰᠢᠶᠠᠭᠰᠠᠨ ᠵᠣᠭᠤᠰ ᠶᠠᠭᠤᠨ᠎ᠳᠤ ᠵᠢᠯ ᠪᠦᠷᠢ ᠴᠥᠮ ᠥᠰᠴᠦ ᠪᠤᠢ》 ᠭᠡᠰᠡᠨ᠎ᠳᠤ ᠭᠤᠤᠯ ᠰᠢᠯᠲᠠᠭ᠋ᠠᠨ᠎ᠨᠢ ᠮᠠᠨ᠎ᠤ ᠠᠷᠠᠳ ᠣᠯᠠᠨ᠎ᠤ ᠠᠮᠢᠳᠤᠷᠠᠯ ᠰᠠᠶ᠋ᠢᠵᠢᠷᠠᠭᠰᠠᠨ᠎ᠠᠴᠠ ᠪᠣᠯᠵᠤ᠂ ᠨᠠᠰᠤ ᠠᠬᠢᠭᠰᠠᠨ ᠬᠥᠮᠦᠨ ᠤᠯᠠᠮ᠎ᠠᠴᠠ ᠤᠯᠠᠮ ᠣᠯᠠᠰᠢᠷᠠᠵᠤ᠂ ᠨᠠᠶᠠ ᠶᠡᠷᠡᠨ ᠨᠠᠰᠤᠲᠠᠢ ᠬᠥᠮᠦᠰ ᠭᠠᠵᠠᠷ ᠰᠠᠢ ᠦᠭᠡᠢ ᠬᠠᠷᠠᠭᠳᠠᠨ᠎ᠠ᠂ ᠳᠤᠮᠳᠠᠴᠢ ᠠᠮᠢ ᠨᠠᠰᠤ ᠴᠤ᠌ ᠤᠷᠳᠤ᠂ ᠤᠳᠠᠭ᠋ᠠᠨ ᠴᠢᠨᠠᠷᠲᠠᠢ ᠡᠪᠡᠳᠴᠢᠨ ᠴᠦ᠍ ᠨᠠᠰᠤᠨ᠎ᠤ ᠨᠡᠮᠡᠭᠳᠡᠬᠦ ᠵᠢ ᠳᠠᠭ᠋ᠠᠯᠳᠤᠨ ᠠᠷᠪᠢᠨ ᠪᠣᠯᠵᠤ᠂ ᠲᠠᠩᠰᠠ ᠲᠠᠶ᠋ᠢᠯᠬᠤ ᠬᠡᠪᠴᠢᠶ᠎ᠡ ᠪᠠ ᠬᠠᠷᠢᠴᠠᠯ ᠴᠦ᠍ ᠥᠷᠭᠡᠳᠴᠦ ᠳᠡᠭᠡᠭᠰᠢᠯᠡᠵᠡᠢ᠂ ᠤᠤᠯ᠎ᠨᠢ ᠮᠡᠳᠡᠭᠦᠯᠵᠦ ᠳᠡᠶ᠋ᠢᠯᠬᠦ ᠦᠭᠡᠢ ᠪᠠᠶ᠋ᠢᠭᠰᠠᠨ᠎ᠨᠢ ᠮᠡᠳᠡᠭᠦᠯᠵᠦ ᠳᠡᠢ᠌ᠯᠬᠦ ᠪᠤᠯᠵᠠᠢ᠃ 《ᠤᠰᠤ ᠦᠰᠪᠡᠯ ᠣᠩᠭᠣᠴᠠ ᠳᠡᠭᠡᠭᠰᠢᠯᠡᠬᠦ》 ᠬᠤᠪᠢ ᠬᠥᠮᠦᠨ ᠵᠣᠬᠢᠬᠤ ᠬᠡᠮᠵᠢᠶ᠎ᠡ᠎ᠪᠠᠷ ᠵᠣᠭᠣᠰ ᠢᠯᠡᠭᠦᠦ ᠠᠪᠬᠤ᠎ᠨᠢ ᠪᠠᠰᠠ ᠵᠦᠢ ᠶᠣᠰᠣᠨ᠎ᠳᠤ ᠨᠡᠢ᠌ᠴᠡᠬᠦ ᠶᠤᠮ᠃
2. ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠮᠥᠩᠭᠥ ᠵᠠᠷᠤᠭᠰᠠᠨ ᠤᠤ?
ᠵᠢᠯ ᠪᠦᠷᠢ ᠨᠡᠮᠡᠭᠳᠡᠭᠰᠡᠨ ᠵᠣᠭᠣᠰ᠎ᠢ ᠴᠥᠮ ᠮᠠᠨ᠎ᠤ ᠠᠷᠠᠳ ᠲᠦᠮᠡᠨ ᠪᠡᠶ᠎ᠡ᠎ᠳᠡᠭᠡᠨ ᠬᠡᠷᠡᠭᠯᠡᠵᠡᠢ᠃
ᠨᠢᠭᠡ᠎ᠳᠤ᠂ ᠳᠠᠭ᠋ᠠᠳᠬᠠᠯ᠎ᠳᠤ ᠣᠷᠣᠯᠴᠠᠭᠰᠠᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠭᠠᠷᠴᠠᠭ᠎ᠤᠨ ᠪᠠᠲᠤᠯᠠᠬᠤ ᠬᠡᠪᠴᠢᠶ᠎ᠡ ᠵᠢ ᠥᠷᠭᠡᠳᠬᠡᠨ᠎ᠡ᠃ ᠳᠠᠷᠤᠢ ᠳᠠᠩᠰᠠ ᠲᠠᠶ᠋ᠢᠯᠵᠤ ᠪᠣᠯᠬᠤ ᠡᠮ᠎ᠤᠨ ᠵᠦᠢ᠍ᠯ᠂ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠲᠥᠷᠥᠯ ᠵᠦᠢ᠍ᠯ ᠵᠡᠷᠭᠡ ᠵᠢ ᠨᠡᠮᠡᠭᠳᠡᠭᠦᠯᠬᠦ ᠶᠠᠪᠤᠳᠠᠯ ᠪᠣᠯᠤᠨ᠎ᠠ᠃ ᠵᠢᠯ ᠪᠦᠷᠢ ᠵᠢᠨ ᠡᠮᠴᠢᠯᠡᠭᠡᠨ᠎ᠤ ᠳᠠᠭ᠋ᠠᠳᠬᠠᠯ᠎ᠨᠢ ᠴᠥᠮ ᠠᠷᠠᠳ ᠣᠯᠠᠨ᠎ᠤ ᠬᠡᠷᠡᠭᠰᠡᠬᠦ ᠰᠢᠨ᠎ᠡ ᠡᠮ᠎ᠤᠨ ᠵᠦᠢ᠍ᠯᠡᠰ᠂ ᠰᠢᠨ᠎ᠡ ᠮᠡᠷᠭᠡᠵᠢᠯ᠂ ᠰᠢᠨ᠎ᠡ ᠬᠤᠷᠣᠭᠳᠠᠯ ᠮᠠᠲ᠋ᠧᠷᠢᠶᠠᠯ᠎ᠢ ᠡᠮᠴᠢᠯᠡᠭᠡᠨ᠎ᠤ ᠳᠠᠭ᠋ᠠᠳᠬᠠᠯ᠎ᠤᠨ ᠬᠡᠪᠴᠢᠶᠡᠨ᠎ᠳᠤ ᠣᠷᠣᠭᠤᠯᠵᠤ᠂ ᠮᠠᠰᠢ ᠣᠯᠠᠨ ᠦᠨ᠎ᠡ ᠬᠠᠩᠰᠢ᠎ᠨᠢ ᠥᠨᠳᠥᠷ ᠰᠢᠨ᠎ᠡ ᠵᠢ ᠡᠭᠦᠳᠦᠭᠰᠡᠨ ᠡᠮ ᠪᠠ ᠬᠤᠪᠣᠷ ᠲᠣᠬᠢᠶᠠᠯᠳᠤᠬᠤ ᠡᠪᠡᠳᠴᠢᠨ᠎ᠤ ᠡᠮ᠎ᠨᠢ ᠴᠥᠮ ᠲᠠᠩᠰᠠ ᠲᠠᠶ᠋ᠢᠯᠬᠤ ᠪᠣᠯᠤᠨ᠎ᠠ᠃ ᠥᠩᠭᠡᠷᠡᠭᠰᠡᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠴᠠᠭ᠎ᠤᠨ ᠳᠣᠲᠣᠷᠠᠬᠢ ᠡᠮ ᠲᠠᠩ ᠭᠠᠭᠴᠠ 300 ᠵᠦᠢ᠍ᠯ ᠪᠠᠶ᠋ᠢᠵᠤ᠂ 2023 ᠣᠨ᠎ᠳᠤ ᠨᠢᠭᠡᠨᠲᠡ 2967 ᠵᠦᠢ᠍ᠯ ᠪᠣᠯᠪᠠ᠃ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ 14114᠎ᠳᠤ ᠬᠦᠷᠴᠠᠢ᠃ 2023 ᠣᠨ᠎ᠳᠤ ᠨᠡᠩ 334 ᠵᠦᠢ᠍ᠯ᠎ᠤᠨ ᠤᠯᠤᠰ᠎ᠤᠨ ᠬᠡᠯᠡᠯᠴᠡᠭᠡᠷ᠎ᠤᠨ ᠡᠮ᠎ᠤᠨ ᠵᠦᠢ᠍ᠯ᠎ᠳᠤ ᠲᠤᠰᠠᠭ᠋ᠠᠷ ᠲᠣᠭ᠋ᠠᠴᠠᠭ᠎ᠠ ᠬᠢᠬᠦ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠡᠳᠡᠭᠡᠷ᠎ᠨᠢ ᠮᠠᠨ᠎ᠤ ᠠᠷᠠᠳ ᠣᠯᠠᠨ᠎ᠤ ᠡᠮᠴᠢᠯᠡᠭᠡᠨ᠎ᠤ ᠵᠠᠷᠤᠳᠠᠯ᠎ᠢ ᠪᠠᠭᠤᠷᠠᠭᠤᠯᠵᠠᠶ᠃
ᠬᠤᠶᠠᠷ᠎ᠲᠤ᠂ ᠳᠠᠭ᠋ᠠᠳᠬᠠᠯ᠎ᠳᠤ ᠣᠷᠣᠯᠴᠠᠭᠰᠠᠨ ᠰᠠᠭᠤᠭ᠋ᠠᠯᠢ ᠠᠷᠠᠳ᠎ᠤᠨ ᠬᠠᠷᠠᠭ᠋ᠠᠯᠵᠠᠯ᠎ᠢ ᠪᠠᠲᠤᠯᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠰᠢᠨ᠎ᠡ ᠮᠠᠶᠢᠭ᠎ᠤᠨ ᠬᠣᠷᠰᠢᠭᠰᠠᠨ ᠡᠮᠨᠡᠯᠭᠡ ᠵᠢᠨ ᠳᠦᠷᠢᠮ ᠪᠠᠶ᠋ᠢᠭᠤᠯᠤᠭᠳᠠᠭᠰᠠᠨ ᠡᠬᠢᠨ᠎ᠤ ᠦᠶ᠎ᠡ᠎ᠳᠤ ᠮᠠᠨ᠎ᠤ ᠠᠷᠠᠳ ᠲᠦᠮᠡᠨ ᠦᠨᠳᠦᠰᠦᠨ᠎ᠳᠡᠭᠡᠨ 100 ᠲᠦᠭᠦᠷᠢᠭ ᠵᠠᠷᠤᠴᠠᠭᠤᠯᠤᠨ 35 ᠲᠦᠭᠦᠷᠢᠭ᠎ᠤᠨ ᠳᠠᠩᠰᠠ ᠲᠠᠶ᠋ᠢᠯᠵᠤ ᠳᠡᠶ᠋ᠢᠯᠬᠦ ᠪᠣᠯᠵᠠᠶ᠃ ᠥᠩᠭᠡᠷᠡᠭᠰᠡᠨ᠎ᠳᠤ ᠵᠥᠪᠬᠡᠨ ᠡᠮᠨᠡᠯᠭᠡ᠎ᠳᠤ ᠰᠠᠭᠤᠭᠰᠠᠨ ᠡᠮᠴᠢᠯᠡᠭᠡᠨ᠎ᠤ ᠵᠠᠷᠤᠳᠠᠯ᠎ᠢ᠎ᠨᠢ ᠳᠠᠩᠰᠠᠨ᠎ᠠᠴᠠ ᠲᠠᠶ᠋ᠢᠯᠵᠤ ᠳᠡᠶ᠋ᠢᠯᠦᠨ᠎ᠡ᠂ ᠣᠳᠣ ᠡᠮ ᠬᠤᠳᠠᠯᠳᠤᠨ ᠠᠪᠬᠤ᠂ ᠳ᠋ᠤᠭ᠋ᠠᠷᠯᠠᠬᠤ᠂ ᠡᠭᠦᠳᠡᠨ ᠡᠮᠨᠡᠯᠭᠡ᠎ᠳᠤ ᠪᠠᠰᠠ ᠳᠠᠩᠰᠠ ᠲᠠᠶ᠋ᠢᠯᠵᠤ ᠳᠡᠶ᠋ᠢᠯᠦᠨ᠎ᠡ᠂ ᠰᠢᠬᠢᠷ ᠰᠢᠵᠢᠩ ᠡᠪᠡᠳᠴᠢᠨ ᠪᠠ ᠴᠢᠰᠤᠨ ᠳᠠᠷᠤᠯᠲᠠ ᠥᠨᠳᠥᠷ 《ᠬᠣᠶᠠᠷ ᠡᠪᠡᠳᠴᠢᠨ》 ᠪᠠᠶ᠋ᠢᠭ᠎ᠠ ᠡᠪᠡᠳᠴᠢᠲᠡᠨ ᠨᠡᠩ ᠬᠢᠮᠳᠠ ᠡᠮ ᠪᠠ ᠳᠠᠩᠰᠠ ᠲᠠᠶ᠋ᠢᠯᠵᠤ ᠪᠣᠯᠣᠨ᠎ᠠ᠃ ᠮᠠᠨ᠎ᠤ ᠠᠮᠢᠳᠤᠷᠠᠯ ᠬᠦᠴᠢᠷᠲᠡᠶ ᠣᠨᠴᠠ ᠬᠦᠴᠢᠷᠳᠡᠯᠲᠡᠶ ᠡᠷᠦᠬᠡ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠲᠤ ᠡᠷᠦᠬᠡ ᠴᠤ᠌ ᠵᠠᠰᠠᠭ᠎ᠤᠨ ᠣᠷᠳᠣᠨ᠎ᠤ ᠬᠠᠪᠰᠤᠷᠤᠯᠭ᠎ᠠ ᠳᠣᠣᠷ᠎ᠠ ᠳᠠᠭ᠋ᠠᠳᠬᠠᠯ᠎ᠳᠤ ᠣᠷᠣᠯᠴᠠᠨ ᠲᠤᠰᠠᠯᠠᠮᠵᠢ ᠦᠵᠡᠭᠦᠯᠵᠦ᠂ ᠡᠪᠡᠳᠴᠢᠨ ᠦᠵᠡᠭᠦᠯᠬᠦ᠎ᠳᠤ ᠠᠪᠤᠷᠠᠨ ᠲᠤᠰᠠᠯᠠᠯᠲᠠ᠎ᠲᠠᠢ ᠪᠣᠯᠵᠠᠶ᠃
ᠭᠤᠷᠪᠠ᠎ᠳᠤ᠂ ᠳᠠᠭ᠋ᠠᠳᠬᠠᠯ᠎ᠳᠤ ᠣᠷᠣᠯᠴᠠᠭᠰᠠᠨ ᠰᠠᠭᠤᠭ᠋ᠠᠯᠢ ᠠᠷᠠᠳ᠎ᠤᠨ ᠣᠨᠳᠣᠤ ᠭᠠᠵᠠᠷ᠎ᠲᠤ ᠡᠮᠨᠡᠭᠦᠯᠬᠦ ᠵᠢᠨ ᠳᠥᠭᠦᠮ ᠳᠥᠲᠡ ᠴᠢᠨᠠᠷ᠎ᠢ ᠳᠡᠭᠡᠭᠰᠢᠯᠡᠭᠦᠯᠦᠨ᠎ᠡ᠃ ᠤᠤᠯ᠎ᠨᠢ ᠮᠠᠨ᠎ᠤ ᠠᠷᠠᠳ ᠲᠦᠮᠡᠨ ᠡᠪᠡᠳᠴᠢᠨ ᠦᠵᠡᠭᠦᠯᠬᠦ᠎ᠳᠡᠭᠡᠨ ᠭᠠᠳᠠᠨ᠎ᠠ ᠣᠷᠣᠨ᠎ᠳᠤ ᠣᠴᠢᠵᠤ ᠴᠢᠳᠠᠬᠤ ᠦᠭᠡᠢ᠂ ᠨᠢᠭᠡ᠎ᠳᠤ᠂ ᠵᠣᠭᠤᠰ ᠢᠯᠡᠭᠦᠦ ᠵᠠᠷᠤᠬᠤ᠎ᠠᠴᠠ ᠠᠶᠤᠨ᠎ᠠ᠂ ᠬᠤᠶᠠᠷ᠎ᠲᠤ᠂ ᠳᠠᠩᠰᠠ ᠲᠠᠶ᠋ᠢᠯᠬᠤ ᠠᠷᠭ᠎ᠠ ᠦᠭᠡᠢ ᠪᠣᠯᠬᠤ᠎ᠠᠴᠠ ᠠᠶᠤᠨ᠎ᠠ᠃ ᠣᠳᠣ ᠪᠦᠬᠦ ᠤᠯᠤᠰ᠎ᠲᠤ ᠨᠢᠭᠡ ᠯᠡ ᠥᠷᠲᠡᠭᠡ᠎ᠲᠦ ᠬᠡᠯᠪᠡᠷᠢ ᠵᠢᠨ ᠳ᠋ᠦᠩᠨᠡᠨ ᠪᠣᠳᠣᠯᠲᠠ ᠬᠢᠵᠦ᠂ ᠮᠠᠨ᠎ᠤ ᠠᠷᠠᠳ ᠲᠦᠮᠡᠨ ᠡᠪᠡᠳᠴᠢᠨ ᠦᠵᠡᠭᠦᠯᠬᠦ᠎ᠳᠤ ᠬᠣᠯᠠ ᠡᠭᠦᠳᠡ ᠭᠠᠷᠬᠤ᠎ᠠᠴᠠ ᠠᠶᠤᠬᠤ ᠦᠭᠡᠢ ᠪᠣᠯᠵᠠᠢ᠂ ᠥᠪᠥᠷ ᠮᠣᠩᠭᠣᠯ᠎ᠤᠨ ᠶᠠᠮᠠᠷᠪᠠ ᠨᠢᠭᠡᠨ ᠲᠣᠭᠲᠠᠭᠰᠠᠨ ᠡᠮᠨᠡᠯᠭᠡ ᠵᠢᠨ ᠬᠣᠷᠢᠶ᠎ᠠ ᠡᠪᠡᠳᠴᠢᠨ ᠦᠵᠡᠵᠦ ᠡᠮᠨᠡᠯᠭᠡ᠎ᠠᠴᠠ ᠭᠠᠷᠤᠭᠰᠠᠨ ᠲᠤᠬᠠᠢ ᠵᠢᠨ ᠡᠳᠦᠷ ᠡᠮᠴᠢᠯᠡᠭᠡᠨ᠎ᠤ ᠳᠠᠭ᠋ᠠᠳᠬᠠᠯ᠎ᠨᠢ ᠰᠢᠭᠤᠳ ᠳᠠᠩᠰᠠᠨ᠎ᠠᠴᠠ ᠲᠠᠶ᠋ᠢᠯᠵᠤ᠂ ᠭᠠᠳᠠᠷ ᠮᠣᠵᠢ ᠵᠢᠨ ᠲᠣᠭᠲᠠᠭᠰᠠᠨ ᠡᠮᠨᠡᠯᠭᠡ ᠵᠢᠨ ᠬᠣᠷᠢᠶ᠎ᠠ ᠡᠮᠨᠡᠯᠭᠡ᠎ᠳᠤ ᠰᠠᠭᠤᠬᠤ ᠦᠶ᠎ᠡ᠎ᠳᠤ ᠵᠥᠪᠬᠡᠨ ᠭᠠᠷ ᠤᠲᠠᠰᠤ᠎ᠪᠠᠷ ᠪᠠᠭ᠎ᠠ ᠯᠠ ᠳᠠᠩᠰᠠᠨ᠎ᠠᠴᠠ ᠭᠠᠷᠭ᠋ᠠᠵᠤ᠂ ᠡᠮᠨᠡᠯᠭᠡ᠎ᠠᠴᠠ ᠭᠠᠷᠬᠤ ᠦᠶ᠎ᠡ᠎ᠳᠤ ᠡᠮᠴᠢᠯᠡᠭᠡᠨ᠎ᠤ ᠳᠠᠭ᠋ᠠᠳᠬᠠᠯ᠎ᠨᠢ ᠪᠠᠰᠠ ᠰᠢᠭᠤᠳ ᠳᠠᠩᠰᠠ ᠲᠠᠶ᠋ᠢᠯᠵᠤ; ᠦᠩᠭᠡᠷᠡᠭᠰᠡᠨ᠎ᠳᠤ ᠠᠳᠠᠯᠢ ᠨᠢᠭᠡ ᠤᠭᠤᠲᠠ ᠭᠠᠷᠭ᠋ᠠᠵᠤ᠂ ᠡᠯ᠎ᠡ ᠵᠦᠢ᠍ᠯ᠎ᠤᠨ ᠫᠢᠶᠣᠣ ᠪᠠᠷᠢᠮᠲᠠ ᠬᠢᠵᠦ ᠭᠦᠶᠦᠯᠳᠦᠵᠦ ᠪᠠᠢ᠌ᠵᠠᠢ᠃
3. ᠵᠠᠯᠠᠭᠤᠴᠤᠳ ᠳᠠᠭ᠋ᠠᠳᠬᠠᠯ᠎ᠤᠨ ᠵᠠᠷᠤᠳᠠᠯ ᠵᠶ᠋ᠠᠨ ᠨᠡᠩ ᠢᠯᠡᠭᠦᠦ ᠲᠤᠰᠢᠶᠠᠬᠤ ᠬᠡᠷᠡᠭᠲᠡᠢ!
ᠬᠥᠮᠦᠨ ᠲᠠᠪᠤᠨ ᠲᠠᠷᠢᠶᠠᠨ᠎ᠤ ᠬᠣᠯᠢᠮᠠᠭ ᠠᠮᠤ ᠵᠢ ᠢᠳᠡᠪᠡᠯ ᠬᠡᠨ ᠴᠦ᠍ ᠡᠪᠡᠳᠴᠢᠨ ᠣᠯᠬᠤ ᠦᠭᠡᠢ ᠪᠠᠢ᠌ᠬᠤ ᠵᠢ ᠪᠠᠲᠤᠯᠠᠵᠤ ᠴᠢᠳᠠᠬᠤ ᠦᠭᠡᠢ᠃ ᠢᠯᠠᠩᠭᠤᠶ᠎ᠠ ᠮᠠᠨ᠎ᠤ ᠵᠠᠯᠠᠭᠤᠴᠤᠳ ᠪᠣᠯ ᠨᠡᠩ ᠴᠤ᠌ ᠭᠡᠷ᠎ᠤᠨ ᠲᠦᠰᠢᠭ ᠲᠤᠯᠭ᠋ᠠᠭᠤᠷᠢ᠂ ᠡᠪᠡᠳᠴᠢᠨ᠎ᠳᠤ ᠨᠡᠷᠪᠡᠭᠳᠡᠭᠡᠳ ᠪᠦᠬᠦ ᠭᠡᠷ ᠵᠶ᠋ᠠᠷ ᠵᠶ᠋ᠠᠨ ᠰᠠᠨᠠᠭ᠎ᠠ ᠵᠣᠪᠠᠵᠤ᠂ ᠡᠮᠴᠢᠯᠡᠭᠡᠨ᠎ᠤ ᠳᠠᠭ᠋ᠠᠳᠬᠠᠯ᠎ᠲᠠᠢ ᠪᠤᠯᠤᠭᠰᠠᠨ᠎ᠠᠴᠠ ᠨᠠᠭ᠋ᠠᠰᠢ ᠬᠣᠲᠠ ᠬᠥᠳᠡᠭᠡ ᠵᠢᠨ ᠡᠳᠡᠭᠡᠷ ᠠᠰᠠᠭᠤᠳᠠᠯ᠎ᠢ ᠰᠢᠢ᠍ᠳᠪᠦᠷᠢᠯᠡᠵᠡᠢ᠃ ᠬᠥᠬᠡᠬᠣᠲᠠ᠎ᠳᠤ ᠰᠠᠭᠤᠵᠤ ᠪᠠᠢ᠌ᠭ᠎ᠠ ᠸᠠᠩ ᠣᠪᠣᠭᠲᠤ ᠥᠪᠡᠷ᠎ᠢ᠎ᠪᠠᠨ ᠵᠠᠯᠠᠭᠤ ᠬᠦᠴᠦ ᠳᠣᠷᠪᠢᠲᠠᠢ ᠭᠡᠵᠦ ᠪᠣᠳᠣᠪᠠ᠂ ᠡᠪᠡᠳᠴᠢᠯᠡᠬᠦ ᠦᠭᠡᠢ᠂ ᠪᠤᠰᠤᠳ ᠬᠥᠮᠦᠨ ᠬᠡᠷᠬᠢᠨ ᠡᠢ᠍ᠢ᠍ᠮᠦ ᠪᠠᠭ᠎ᠠ ᠡᠮᠴᠢᠯᠡᠭᠡᠨ᠎ᠤ ᠳᠠᠭ᠋ᠠᠳᠭ᠋ᠠᠯᠤᠨ ᠵᠣᠭᠣᠰ᠎ᠢ ᠲᠤᠰᠢᠶᠠᠬᠤ ᠳᠤᠷ᠎ᠠ ᠦᠭᠡᠢ ᠪᠣᠢ? ᠵᠣᠯ ᠪᠤᠰᠤ᠎ᠪᠠᠷ ᠡᠮᠦᠨ᠎ᠡ ᠬᠡᠳᠦᠨ ᠵᠢᠯ ᠨᠢᠭᠡ ᠤᠳᠠᠭ᠎ᠠ ᠬᠦᠨᠳᠦ ᠡᠪᠡᠳᠴᠢᠯᠡᠭᠡᠳ 10 ᠭᠠᠷᠤᠢ ᠲᠦᠮᠡᠨ ᠲᠥᠭᠥᠷᠢᠭ ᠵᠠᠷᠤᠴᠠᠭᠤᠯᠵᠠᠢ᠃ ᠶᠡᠷᠦ᠎ᠨᠢ ᠬᠡᠳᠦᠨ ᠯᠣᠩᠬᠤ ᠠᠷᠢᠬᠢ ᠪᠠᠭ᠎ᠠ ᠤᠤᠭᠤᠬᠤ ᠤᠴᠢᠷ ᠲᠡᠳᠦᠢ ᠶᠤᠮ᠂ ᠦᠷ᠎ᠡ ᠳ᠋ᠦᠩ᠎ᠳᠤ ᠪᠦᠬᠦ ᠭᠡᠷ᠎ᠤᠨ ᠠᠮᠢᠳᠤᠷᠠᠯ᠎ᠢ ᠬᠦᠴᠢᠷᠳᠡᠯ᠎ᠳᠤ ᠣᠷᠣᠭᠤᠯᠵᠠᠢ᠂ ᠡᠭᠦᠨ᠎ᠠᠴᠠ ᠡᠬᠢᠯᠡᠨ ᠲᠡᠭᠦᠨ᠎ᠤ ᠦᠵᠡᠬᠦ᠎ᠪᠠᠷ ᠵᠢᠯ᠎ᠤᠨ ᠡᠴᠦᠰ᠎ᠠᠴᠠ ᠵᠢᠯ᠎ᠤᠨ ᠡᠬᠢᠨ᠎ᠤ ᠠᠩᠬᠠᠨ᠎ᠤ ᠶᠡᠭᠡ ᠶᠠᠪᠤᠳᠠᠯ ᠪᠣᠯ ᠳᠠᠷᠤᠶ ᠡᠮᠴᠢᠯᠡᠭᠡᠨ᠎ᠤ ᠳᠠᠭ᠋ᠠᠳᠬᠠᠯ ᠲᠤᠰᠢᠶᠠᠬᠤ ᠶᠠᠪᠤᠳᠠᠯ ᠪᠣᠯᠤᠨ᠎ᠠ᠂ ᠪᠠᠰᠠ ᠬᠤᠯᠠ ᠣᠶ᠋ᠢᠷ᠎ᠠ᠎ᠳᠤ ᠠᠯᠳᠠᠷᠰᠢᠭᠰᠠᠨ ᠡᠮᠴᠢᠯᠡᠭᠡᠨ᠎ᠤ ᠳᠠᠭ᠋ᠠᠳᠬᠠᠯ᠎ᠤᠨ ᠠᠯᠪᠠᠨ ᠵᠢᠷᠤᠮ᠎ᠤᠨ ᠤᠬᠠᠭᠤᠯᠤᠭᠴᠢ ᠪᠣᠯᠵᠤ᠂ ᠬᠡᠳᠦᠨ ᠭᠡᠷ ᠪᠦᠯᠢ ᠲᠡᠭᠦᠨ᠎ᠤ ᠦᠭᠡ ᠵᠢ ᠰᠣᠨᠣᠰᠤᠭ᠋ᠠᠳ ᠪᠦᠬᠦ ᠭᠡᠷ ᠵᠶ᠋ᠠᠷ ᠵᠶ᠋ᠠᠨ ᠳᠠᠭ᠋ᠠᠳᠬᠠᠯ᠎ᠳᠤ ᠣᠷᠤᠵᠤ᠂ ᠡᠪᠡᠳᠴᠢᠨ ᠦᠵᠡᠭᠦᠯᠵᠦ ᠭᠡᠷ᠎ᠤᠨ ᠬᠥᠮᠥᠰ ᠵᠶ᠋ᠠᠨ ᠬᠦᠨᠳᠦ ᠳᠠᠷᠤᠭ᠋ᠠᠰᠤ᠎ᠲᠠᠢ ᠪᠣᠯᠭ᠋ᠠᠬᠤ᠎ᠠᠴᠠ ᠵᠠᠶ᠋ᠢᠯᠠᠰᠬᠢᠪᠠ!