ᠠᠷᠠᠳ ᠲᠦᠮᠡᠨ᠎ᠤ ᠡᠷᠡᠭᠦᠯ ᠮᠡᠨᠳᠦ ᠪᠣᠯ ᠠᠷᠠᠳ᠎ᠤᠨ ᠠᠮᠢᠳᠤᠷᠠᠯ᠎ᠤᠨ ᠠᠰᠠᠭᠤᠳᠠᠯ ᠪᠣᠯᠬᠤ᠎ᠪᠠᠷ ᠪᠠᠷᠠᠬᠤ ᠦᠭᠡᠢ ᠪᠠᠰᠠ ᠴᠤ᠌ ᠨᠡᠶ᠋ᠢᠭᠡᠮ᠎ᠤᠨ ᠤᠯᠤᠰ ᠲᠦᠷᠦ ᠵᠢᠨ ᠠᠰᠠᠭᠤᠳᠠᠯ ᠪᠣᠯᠤᠨ᠎ᠠ᠃ ᠡᠮᠴᠢᠯᠡᠭᠡᠨ᠎ᠤ ᠳᠠᠭ᠋ᠠᠳᠬᠠᠯ ᠪᠣᠯ ᠲᠦᠭ ᠲᠦᠮᠡᠨ ᠭᠡᠷ ᠪᠦᠯᠢ ᠵᠢᠨ ᠬᠦᠴᠢᠷ ᠵᠣᠪᠠᠭᠤᠷᠢ ᠵᠢ ᠰᠢᠢ᠍ᠳᠪᠦᠷᠢᠯᠡᠬᠦ ᠨᠢᠭᠡ ᠵᠦᠢ᠍ᠯ᠎ᠤᠨ ᠠᠷᠠᠳ᠎ᠲᠤ ᠠᠰᠢᠭ ᠬᠦᠷᠲᠡᠭᠡᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃
2003 ᠣᠨ᠎ᠠᠴᠠ 2022 ᠣᠨ ᠪᠣᠯᠲᠠᠯ᠎ᠠ ᠮᠠᠨ᠎ᠤ ᠤᠯᠤᠰ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠶᠡᠷᠦᠩᠬᠡᠢ ᠡᠮᠴᠢᠯᠡᠭᠡᠨ᠎ᠤ ᠬᠥᠮᠥᠨ ᠤᠳᠠᠭ᠎ᠠ 20.96 ᠳ᠋ᠦᠩᠰᠢᠭᠤᠷ ᠪᠠᠶ᠋ᠢᠭᠰᠠᠨ᠎ᠠᠴᠠ 84.2 ᠳ᠋ᠦᠩᠰᠢᠭᠤᠷ ᠪᠣᠯᠵᠤ ᠨᠡᠮᠡᠭᠳᠡᠪᠡ᠃ ᠲᠤᠰ ᠬᠤᠭᠤᠴᠠᠭ᠋ᠠᠨ᠎ᠳᠤ ᠪᠦᠬᠦ ᠤᠯᠤᠰ᠎ᠤᠨ ᠡᠷᠡᠭᠦᠯ ᠬᠠᠮᠠᠭ᠋ᠠᠯᠠᠯ᠎ᠤᠨ ᠶᠡᠷᠦᠩᠬᠡᠢ ᠵᠠᠷᠤᠳᠠᠯ᠎ᠳᠤ ᠬᠤᠪᠢ ᠬᠦᠮᠦᠨ᠎ᠤ ᠡᠷᠡᠭᠦᠯ ᠬᠠᠮᠠᠭ᠋ᠠᠯᠠᠯ᠎ᠤᠨ ᠵᠠᠷᠤᠳᠠᠯ᠎ᠤᠨ ᠡᠵᠡᠯᠡᠬᠦ ᠬᠤᠪᠢ ᠵᠢᠨ ᠵᠢᠩ᠎ᠨᠢ 55.8% ᠪᠠᠢ᠌ᠭᠰᠠᠨ᠎ᠠᠴᠠ 27% ᠪᠣᠯᠤᠨ ᠪᠠᠭᠤᠷᠠᠪᠠ᠃
ᠡᠭᠦᠨ᠎ᠤ ᠠᠷᠤ᠎ᠳᠤ᠂ ᠨᠢᠭᠡ ᠲᠠᠯ᠎ᠠ᠎ᠨᠢ ᠤᠯᠤᠰ᠎ᠤᠨ ᠵᠢᠪ ᠵᠢᠩᠬᠢᠨᠢ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠪᠣᠯᠤᠨ᠎ᠠ᠂ ᠨᠥᠭᠦᠭᠡ ᠲᠠᠯ᠎ᠠ᠎ᠨᠢ ᠤᠯᠤᠰ᠎ᠤᠨ ᠪᠠᠶ᠋ᠢᠳᠠᠯ᠎ᠳᠤ ᠨᠡᠶ᠋ᠢᠴᠡᠭᠰᠡᠨ ᠡᠮᠴᠢᠯᠡᠭᠡᠨ᠎ᠤ ᠳᠠᠭ᠋ᠠᠳᠬᠠᠯ᠎ᠤᠨ ᠲᠦᠷᠢᠮ᠎ᠤᠨ ᠰᠢᠨ᠎ᠡ ᠡᠭᠦᠳᠦᠯᠲᠡ ᠮᠥᠨ᠂ ᠨᠠᠩ ᠴᠤ᠌ ᠲᠦᠭ ᠲᠦᠮᠡᠨ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠤ ᠠᠰᠢᠭ ᠭᠥᠷᠳᠡᠭᠰᠡᠨ ᠦᠢ᠍ᠯᠡᠳᠦᠯᠭᠡ ᠮᠥᠨ᠃
2015 ᠣᠨ᠎ᠠᠴᠠ ᠡᠬᠢᠯᠡᠨ᠂ ᠤᠯᠤᠰ᠎ᠠᠴᠠ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠡᠷᠭᠡ ᠭᠤᠷᠪᠠᠨ ᠳᠠᠪᠬᠤᠷ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ ᠶᠡᠷᠦᠩᠬᠡᠶ᠋ᠢᠯᠡᠭᠰᠡᠨ ᠪᠠᠲᠤᠯᠠᠭ᠎ᠠ ᠬᠢᠵᠦ᠂ ᠣᠯᠠᠨ ᠲᠦᠮᠡᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠱᠠᠲᠤ ᠳᠠᠷᠠᠭ᠋ᠠᠯᠠᠨ ᠬᠥᠩᠭᠡᠷᠡᠭᠦᠯᠵᠦ᠂ ᠠᠷᠠᠳ ᠣᠯᠠᠨ᠎ᠳᠤ ᠡᠷᠡᠭᠦᠯ ᠮᠡᠨᠳᠦ ᠵᠢᠨ 《ᠬᠤᠲᠠ ᠬᠠᠮᠠᠭ᠋ᠠᠯᠠᠬᠤ ᠭᠤᠣᠯ》᠎ᠢ ᠪᠣᠶ ᠪᠣᠯᠭ᠋ᠠᠪᠠ᠃
ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠨᠢ 《ᠦᠨᠳᠦᠰᠦᠨ ᠰᠠᠭᠤᠷᠢ》 ᠵᠢ ᠰᠠᠬᠢᠵᠤ ᠪᠠᠶ᠋ᠢᠨ᠎ᠠ
ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ ᠪᠠ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠢ ᠪᠠᠭᠲᠠᠭ᠋ᠠᠨ᠎ᠠ᠃ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ 1994 ᠣᠨ᠎ᠠᠴᠠ ᠡᠬᠢᠯᠡᠨ ᠲᠤᠷᠰᠢᠯᠲᠠ ᠬᠢᠵᠦ᠂ 1998 ᠣᠨ᠎ᠠᠴᠠ ᠵᠢᠩᠬᠢᠨᠢ ᠪᠠᠢ᠌ᠭᠤᠯᠵᠤ᠂ ᠳᠦᠷᠢᠮ᠎ᠨᠢ ᠭᠤᠣᠯᠳᠠᠭᠤ ᠠᠵᠢᠯ ᠣᠯᠤᠭᠰᠠᠳ᠎ᠢ ᠬᠠᠮᠤᠷᠪᠠ᠃ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠢ 2003 ᠣᠨ᠎ᠠᠴᠠ ᠡᠬᠢᠯᠡᠨ ᠪᠠᠶ᠋ᠢᠭᠤᠯᠤᠭᠰᠠᠨ 《ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠬᠣᠷᠰᠢᠭᠰᠠᠨ ᠡᠮᠨᠡᠯᠭᠡ》 ᠪᠣᠯᠤᠨ 2007 ᠣᠨ᠎ᠠᠴᠠ ᠡᠬᠢᠯᠡᠨ ᠪᠠᠶ᠋ᠢᠭᠤᠯᠤᠭᠰᠠᠨ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠢ ᠨᠡᠶ᠋ᠢᠯᠡᠭᠦᠯᠦᠭᠰᠡᠨ᠎ᠠᠴᠠ ᠢᠷᠡᠨ᠂ ᠭᠣᠤᠯᠳᠠᠭᠤ ᠠᠵᠢᠯ ᠣᠯᠤᠭᠰᠠᠨ ᠪᠤᠰᠤ ᠬᠥᠮᠦᠰ᠎ᠢ ᠬᠠᠮᠤᠷᠪᠠ᠃
《ᠮᠢᠨᠦ ᠠᠪᠤ᠂ ᠪᠢ ᠥᠪᠡᠷ ᠵᠶ᠋ᠠᠨ᠂ ᠮᠢᠨᠤ ᠥᠬᠢᠨ ᠳᠡᠭᠦᠦ ᠪᠦᠷ ᠴᠢᠰᠤᠨ ᠳᠠᠷᠤᠯᠲᠠ ᠥᠨᠳᠥᠷ᠂ ᠴᠢᠰᠤᠨ ᠰᠢᠬᠢᠷ ᠥᠨᠳᠥᠷ》᠃ ᠡᠮᠴᠢᠯᠡᠭᠡᠨ᠎ᠤ ᠳᠠᠭ᠋ᠠᠳᠬᠠᠯ᠎ᠤᠨ ᠲᠤᠬᠠᠶ ᠶᠠᠷᠢᠪᠠᠯ᠂ ᠾᠧᠪᠸᠢ ᠮᠤᠵᠢ ᠵᠢᠨ ᠴᠢᠨ ᠬᠤᠸᠠᠩ ᠳ᠋ᠤᠤ ᠬᠤᠲᠠ᠎ᠳᠤ ᠰᠠᠭᠤᠵᠤ ᠪᠠᠶ᠋ᠢᠭ᠎ᠠ ᠮᠠ ᠠᠪᠤᠭ᠋ᠠᠶ ᠮᠠᠰᠢ ᠭᠦᠨ ᠲᠥᠷᠥᠭᠳᠡᠯ᠎ᠲᠠᠢ᠄ 《ᠡᠶ᠋ᠢᠮᠦ ᠤᠯᠠᠨ ᠵᠢᠯ᠂ ᠰᠢᠷᠣᠢ ᠬᠤᠷᠠᠮᠳᠤᠭᠤᠯᠤᠨ ᠠᠭᠤᠯᠠ ᠪᠤᠯᠤᠮᠤᠢ᠂ ᠵᠥᠪᠬᠡᠨ ᠳᠠᠷᠤᠯᠲᠠ ᠪᠠᠭᠤᠷᠠᠭᠤᠯᠬᠤ ᠡᠮ᠎ᠤᠨ ᠲᠠᠯ᠎ᠠ᠎ᠪᠠᠷ᠂ ᠡᠮᠴᠢᠯᠡᠭᠡᠨ᠎ᠤ ᠳᠠᠭ᠋ᠠᠳᠬᠠᠯ ᠮᠠᠨ᠎ᠤ ᠭᠡᠷ᠎ᠲᠤ ᠮᠠᠰᠢ ᠣᠯᠠᠨ ᠵᠣᠭᠤᠰ ᠠᠷᠪᠢᠯᠠᠵᠤ ᠥᠭᠪᠡ》᠃
ᠡᠩ᠎ᠤᠨ ᠰᠠᠭᠤᠭ᠋ᠠᠯᠢ ᠠᠷᠠᠳ ᠪᠣᠯᠤᠨ ᠤᠳᠠᠭ᠋ᠠᠨ ᠴᠢᠨᠠᠷᠲᠠᠶ ᠡᠪᠡᠳᠴᠢᠲᠡᠨ᠎ᠳᠤ ᠠᠪᠴᠤ ᠬᠡᠯᠡᠪᠡᠯ᠂ ᠡᠮᠨᠡᠯᠭᠡ᠎ᠳᠤ ᠰᠠᠭᠤᠭᠰᠠᠨ ᠴᠤ᠌ ᠲᠡᠷᠡ᠂ ᠡᠮ ᠬᠡᠷᠡᠭᠯᠡᠬᠦ ᠴᠤ᠌ ᠲᠡᠷᠡ᠂ ᠡᠮᠴᠢᠯᠡᠭᠡᠨ᠎ᠤ ᠳᠠᠭ᠋ᠠᠳᠬᠠᠯ ᠪᠣᠯ ᠴᠥᠮ ᠡᠳᠦᠷ ᠲᠤᠲᠤᠮ᠎ᠤᠨ ᠠᠮᠢᠳᠤᠷᠠᠯ᠎ᠤᠨ 《ᠵᠠᠪᠠᠯ ᠬᠡᠷᠡᠭᠯᠡᠬᠦ ᠰᠣᠩᠭᠤᠯᠲᠠ》 ᠮᠥᠨ᠃ ᠡᠮᠴᠢᠯᠡᠭᠡᠨ᠎ᠤ ᠳᠠᠭ᠋ᠠᠳᠬᠠᠯ ᠵᠶ᠋ᠠᠷ ᠳᠠᠮᠵᠢᠭᠤᠯᠤᠨ᠂ ᠲᠦᠭ ᠲᠦᠮᠡᠨ ᠬᠡᠷ ᠪᠦᠯᠢ ᠵᠢᠨ ᠬᠤᠶ᠋ᠢᠰᠢᠳᠠ ᠵᠢᠨ ᠵᠣᠪᠠᠨᠢᠯ᠎ᠢ ᠪᠠᠭ᠋ᠠᠰᠬᠠᠵᠤ᠂ ᠵᠣᠯ ᠵᠢᠷᠭ᠋ᠠᠯ᠎ᠤᠨ ᠵᠢᠭ᠋ᠠᠯᠲᠠ ᠲᠤᠭ᠎ᠠ ᠵᠢ ᠳᠡᠭᠡᠭᠰᠢᠯᠡᠭᠦᠯᠪᠡ᠃
20 ᠭᠠᠷᠤᠢ ᠵᠢᠯ᠎ᠤᠨ ᠬᠤᠭᠤᠴᠠᠭ᠋ᠠᠨ᠎ᠳᠤ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠪᠠᠲᠤᠯᠠᠭ᠎ᠠ ᠵᠢᠨ ᠡᠮ᠎ᠤᠨ ᠵᠦᠢ᠍ᠯ᠎ᠤᠨ ᠬᠡᠪᠴᠢᠶ᠎ᠡ᠎ᠨᠢ ᠨᠢᠭᠡᠨᠲᠡ 《ᠬᠥᠳᠡᠭᠡ ᠲᠣᠰᠬᠣᠨ᠎ᠤ ᠰᠢᠨ᠎ᠡ ᠮᠠᠶᠢᠭ᠎ᠤᠨ ᠬᠣᠷᠰᠢᠭᠰᠠᠨ ᠡᠮᠨᠡᠯᠭᠡ》 ᠪᠠᠢ᠍ᠭᠤᠯᠤᠭᠳᠠᠭᠰᠠᠨ ᠠᠩᠬᠠᠨ᠎ᠤ ᠦᠶ᠎ᠡ ᠵᠢᠨ 300 ᠭᠠᠷᠤᠢ ᠵᠦᠢ᠍ᠯ᠎ᠤᠨ ᠡᠮ᠎ᠤᠨ ᠵᠦᠢ᠍ᠯᠡᠰ ᠪᠠᠢ᠌ᠭᠰᠠᠨ᠎ᠠᠴᠠ᠂ ᠣᠳᠣ ᠵᠢᠨ 3088 ᠵᠦᠢ᠍ᠯ ᠪᠣᠯᠵᠤ ᠥᠷᠭᠡᠳᠭᠡᠨ᠂ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠢ᠍ᠭᠤᠯᠤᠮᠵᠢ ᠵᠢᠨ ᠬᠡᠷᠡᠭᠯᠡᠬᠦ ᠡᠮ᠎ᠤᠨ ᠵᠣᠭᠣᠰ᠎ᠤᠨ ᠲᠣᠭ᠎ᠠ ᠵᠢᠨ 90%᠎ᠠᠴᠠ ᠳᠡᠭᠡᠭᠰᠢᠬᠢ ᠲᠥᠷᠥᠯ ᠵᠦᠢ᠍ᠯ᠎ᠢ ᠬᠠᠮᠤᠷᠤᠭᠰᠠᠨ ᠪᠥᠭᠡᠳ 74 ᠵᠦᠢ᠍ᠯ᠎ᠤᠨ ᠬᠣᠣᠷᠲᠤ ᠬᠠᠪᠤᠳᠠᠷ᠎ᠤᠨ ᠬᠠᠨᠳᠤᠯᠭ᠋ᠠᠲᠤ ᠡᠮ᠂ 80 ᠭᠠᠷᠤᠢ ᠵᠦᠢ᠍ᠯ᠎ᠤᠨ ᠬᠣᠪᠣᠷ ᠲᠣᠬᠢᠶᠠᠯᠳᠤᠬᠤ ᠡᠪᠡᠳᠴᠢᠨ᠎ᠤ ᠬᠡᠷᠡᠭᠯᠡᠬᠦ ᠡᠮ ᠪᠠᠭᠲᠠᠨ᠎ᠠ᠃
ᠲᠠᠰᠤᠷᠠᠯᠲᠠ ᠦᠭᠡᠢ ᠥᠷᠭᠡᠳᠴᠦ ᠪᠠᠢ᠌ᠭ᠎ᠠ 《ᠦᠨᠳᠦᠰᠦᠨ ᠰᠠᠭᠤᠷᠢ》᠎ᠨᠢ ᠣᠯᠠᠨ ᠲᠦᠮᠡᠨ᠎ᠤ ᠡᠮᠴᠢᠯᠡᠭᠦᠯᠵᠦ ᠡᠮ ᠬᠡᠷᠡᠭᠯᠡᠬᠦ ᠬᠡᠪᠴᠢᠶ᠎ᠡ ᠵᠢ ᠤᠯᠠᠮ ᠦᠷᠭᠡᠳᠭᠡᠪᠡ᠃
ᠡᠭᠦᠨ᠎ᠤ ᠬᠠᠮᠲᠤ᠂ ᠠᠷᠠᠳ ᠣᠯᠠᠨ᠎ᠳᠤ ᠨᠠᠩ ᠣᠯᠠᠨ ᠲᠥᠬᠦᠮ ᠪᠠ ᠪᠣᠳᠠᠲᠤ ᠠᠰᠢᠭ ᠬᠦᠷᠲᠡᠭᠡᠬᠦ ᠵᠢᠨ ᠲᠥᠯᠥᠭᠡ᠂ ᠡᠮᠴᠢᠯᠡᠭᠡᠨ᠎ᠤ ᠳᠠᠭ᠋ᠠᠳᠬᠠᠯ ᠴᠤ᠌ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠵᠠᠢ᠄ ᠡᠯᠧᠺᠲᠷᠣᠨ ᠡᠮᠴᠢᠯᠡᠭᠡᠨ᠎ᠤ ᠳᠠᠭ᠋ᠠᠳᠬᠠᠯ᠎ᠤᠨ ᠺᠠᠷᠲ᠂ ᠢᠨᠲ᠋ᠧᠷ ᠰᠦᠯᠵᠢᠶ᠎ᠡ᠎ᠪᠠᠷ ᠳ᠋ᠦᠩᠨᠡᠨ ᠪᠤᠳᠤᠬᠤ᠂ ᠣᠨᠳᠣᠤ ᠭᠠᠵᠠᠷ᠎ᠲᠤ ᠡᠮᠨᠡᠭᠦᠯᠬᠦ ᠵᠡᠷᠭᠡ ᠠᠷᠭ᠎ᠠ ᠮᠠᠶᠢᠭ ᠵᠶ᠋ᠠᠷ᠂ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ ᠵᠶ᠋ᠠᠷ ᠳᠠᠮᠵᠢᠭᠤᠯᠤᠨ ᠰᠢᠨ᠎ᠡ ᠠᠮᠢᠵᠢᠷᠠᠯ᠎ᠤᠨ ᠬᠦᠴᠦᠨ ᠢᠯᠡᠷᠡᠪᠡ᠃ ᠪᠤᠳᠤᠭᠲᠤ B ᠬᠡᠲᠦ ᠳᠣᠯᠭᠢᠶᠠᠨ᠂ CT᠂ ᠴᠥᠮ᠎ᠡ ᠰᠣᠷᠢᠨᠵᠢᠨ ᠴᠤᠤᠷᠢᠶ᠎ᠠ ᠵᠡᠷᠭᠡ ᠪᠠᠢ᠌ᠴᠠᠭ᠋ᠠᠯᠲᠠ᠂ ᠡᠪᠡᠳᠬᠦ ᠥᠬᠡᠢ᠂ ᠪᠢᠴᠢᠯ ᠰᠢᠷᠬ᠎ᠠ᠎ᠲᠤ ᠮᠡᠰᠡ ᠵᠠᠰᠠᠯ ᠵᠡᠷᠭᠡ᠂ ᠣᠯᠠᠨ ᠵᠦᠢ᠍ᠯ᠎ᠤᠨ ᠲᠥᠷᠥᠯ ᠵᠦᠢ᠍ᠯ᠎ᠢ ᠳᠠᠩᠰᠠ ᠴᠠᠢ᠌ᠷᠠᠭᠤᠯᠬᠤ᠎ᠳᠤ ᠵᠢᠭᠰᠠᠭ᠋ᠠᠨ ᠣᠷᠣᠭᠤᠯᠵᠤ᠂ ᠰᠢᠨ᠎ᠡ ᠪᠠᠢ᠌ᠷᠢᠰᠢᠯ᠎ᠢ ᠪᠣᠢ ᠪᠣᠯᠭ᠋ᠠᠪᠠ᠃
ᠣᠯᠠᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠨᠢ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠪᠠᠷ ᠦᠷᠭᠦᠯᠵᠢᠯᠡᠨ ᠤᠳᠤᠷᠢᠳᠤᠮᠵᠢ ᠪᠣᠯᠭ᠋ᠠᠵᠤ᠂ ᠪᠠᠲᠤᠯᠠᠭ᠎ᠠ ᠵᠢᠨ ᠴᠢᠳᠠᠪᠤᠷᠢ᠎ᠪᠠᠨ ᠳᠡᠭᠡᠭᠰᠢᠯᠡᠭᠦᠯᠬᠦ᠎ᠪᠠᠷ ᠬᠦᠴᠦᠯᠡᠨ ᠴᠢᠷᠮᠠᠶ᠋ᠢᠵᠤ᠂ ᠠᠷᠠᠳ ᠣᠯᠠᠨ᠎ᠳᠤ ᠨᠠᠩ ᠤᠶᠤᠨᠴᠢᠯᠠᠭᠰᠠᠨ᠂ ᠨᠠᠷᠢᠯᠢᠭᠵᠢᠭᠤᠯᠤᠭᠰᠠᠨ ᠦᠢ᠍ᠯᠡᠴᠢᠯᠡᠭᠡᠨ᠎ᠤ ᠣᠶ᠋ᠢᠯᠠᠭ᠋ᠠᠯᠲᠠ ᠬᠠᠩᠭ᠋ᠠᠪᠠ᠃
ᠬᠦᠨᠳᠦ ᠡᠪᠡᠳᠴᠢᠨ᠎ᠤ ᠳᠠᠭ᠋ᠠᠳᠬᠠᠯ᠎ᠨᠢ 《ᠭᠠᠯ ᠰᠡᠷᠭᠡᠶ᠋ᠢᠯᠡᠬᠦ ᠬᠡᠷᠡᠮ》᠎ᠢ ᠪᠠᠶ᠋ᠢᠭᠤᠯᠪᠠ
ᠬᠦᠨᠳᠦ ᠡᠪᠡᠳᠴᠢᠨ᠎ᠤ ᠳᠠᠭ᠋ᠠᠳᠬᠠᠯ ᠪᠣᠯ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢᠨ ᠳᠡᠭᠡᠷ᠎ᠡ᠂ ᠳᠠᠭ᠋ᠠᠳᠬᠠᠯ᠎ᠳᠤ ᠣᠷᠣᠯᠴᠠᠭᠰᠠᠨ ᠬᠦᠨᠳᠦ ᠡᠪᠡᠳᠴᠢᠲᠡᠨ᠎ᠤ ᠶᠡᠬᠡ ᠲᠣᠭ᠋ᠠᠨ᠎ᠤ ᠡᠮᠨᠡᠯᠭᠡ ᠵᠢᠨ ᠵᠠᠷᠤᠳᠠᠯ᠎ᠢ ᠤᠯᠠᠮ ᠨᠢᠭᠡ ᠠᠯᠬᠤᠮ ᠪᠠᠲᠤᠯᠠᠬᠤ ᠳᠦᠷᠢᠮ᠎ᠤᠨ ᠲᠣᠬᠢᠷᠠᠭᠤᠯᠤᠯᠲᠠ ᠪᠠᠢ᠌ᠵᠤ᠂ 2012 ᠣᠨ᠎ᠠᠴᠠ ᠡᠬᠢᠯᠡᠨ ᠲᠤᠷᠰᠢᠯᠲᠠ ᠬᠢᠵᠦ᠂ 2015 ᠣᠨ᠎ᠳᠤ ᠪᠦᠬᠦ ᠲᠠᠯ᠎ᠠ᠎ᠪᠠᠷ ᠬᠡᠷᠡᠭᠵᠢᠭᠦᠯᠪᠡ᠃ ᠡᠨᠡ ᠬᠦ᠌ ᠲᠦᠷᠢᠮ᠎ᠳᠤ ᠳᠠᠭ᠋ᠠᠳᠬᠠᠯ᠎ᠳᠤ ᠣᠷᠣᠯᠴᠠᠬᠤ᠎ᠪᠠᠷ ᠲᠤᠰᠠᠭ᠋ᠠᠷ ᠭᠤᠶᠤᠴᠢᠯᠠᠬᠤ ᠴᠢᠬᠤᠯᠠ ᠦᠭᠡᠢ᠂ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠪᠤᠢ ᠪᠦᠬᠦᠢ ᠤᠯᠠᠨ ᠲᠦᠮᠡᠨ ᠪᠣᠯ ᠴᠥᠮ ᠬᠦᠨᠳᠦ ᠡᠪᠡᠳᠴᠢᠨ᠎ᠤ ᠳᠠᠭ᠋ᠠᠳᠬᠠᠯ᠎ᠳᠤ ᠣᠷᠣᠯᠴᠠᠭᠴᠢ ᠮᠥᠨ᠂ ᠲᠤᠰᠠᠭ᠋ᠠᠷ᠎ᠨᠢ ᠰᠦᠢ᠍ᠳᠬᠡᠯ ᠲᠤᠰᠢᠶᠠᠬᠤ ᠴᠢᠬᠤᠯᠠ ᠦᠭᠡᠢ᠃
《ᠡᠮᠴᠢᠯᠡᠭᠡᠨ᠎ᠤ ᠳᠠᠭ᠋ᠠᠳᠬᠠᠯ᠎ᠤᠨ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ᠎ᠳᠤ ᠦᠨᠡᠬᠡᠷ ᠲᠠᠯᠠᠷᠬᠠᠵᠤ ᠪᠠᠶ᠋ᠢᠨ᠎ᠠ᠂ ᠮᠢᠨᠤ ᠬᠡᠷ ᠪᠦᠯᠢ ᠵᠢᠨ ᠠᠵᠤ ᠠᠬᠤᠶ ᠵᠢᠨ ᠳᠠᠷᠤᠭ᠋ᠠᠰᠤ ᠵᠢ ᠶᠡᠭᠡ᠎ᠪᠠᠷ ᠬᠥᠩᠭᠡᠷᠡᠭᠦᠯᠪᠡ᠃》 ᠰᠧᠴᠤᠸᠠᠨ ᠮᠣᠵᠢ ᠵᠢᠨ ᠳ᠋ᠠ ᠵᠧᠦ ᠬᠣᠲᠠ ᠵᠢᠨ ᠳᠠᠭ᠋ᠠᠳᠬᠠᠯ᠎ᠳᠤ ᠣᠷᠣᠯᠴᠠᠭᠰᠠᠨ ᠰᠠᠭᠤᠭ᠋ᠠᠯᠢ ᠠᠷᠠᠳ ᠾᠧ ᠠᠪᠤᠭ᠋ᠠᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠠᠩᠰᠠ ᠴᠠᠢ᠌ᠷᠠᠭᠤᠯᠬᠤ ᠲᠥᠷᠥ ᠵᠢᠨ ᠪᠣᠳᠣᠯᠭ᠎ᠠ᠎ᠳᠤ ᠶᠡᠬᠡᠳᠡ ᠲᠠᠯᠠᠷᠬᠠᠯ ᠵᠶ᠋ᠠᠨ ᠢᠯᠡᠳᠬᠡᠪᠡ᠃
ᠶᠠᠭ ᠢᠳᠡᠷ ᠨᠠᠰᠤᠨ᠎ᠳᠤ᠎ᠪᠠᠨ ᠪᠠᠢ᠌ᠭ᠎ᠠ ᠲᠡᠷᠡ ᠠᠪᠤ᠎ᠪᠠᠨ ᠳᠠᠭ᠋ᠠᠵᠤ ᠭᠠᠳᠠᠨ᠎ᠠ ᠣᠷᠣᠨ᠎ᠳᠤ ᠬᠥᠯᠥᠰᠥᠨ ᠠᠵᠢᠯ ᠬᠢᠭᠡᠳ ᠪᠠᠶᠠᠨ ᠴᠢᠨᠡᠭᠡᠯᠢᠭ ᠦᠭᠡᠢ ᠪᠣᠯᠪᠠᠴᠤ ᠠᠮᠢᠳᠤᠷᠠᠯ᠎ᠨᠢ ᠪᠠᠰᠠ ᠠᠮᠤᠷ ᠲᠣᠭᠲᠠᠭᠤᠨ ᠪᠠᠶ᠋ᠢᠵᠠᠢ᠃ ᠭᠡᠪᠡᠴᠦ ᠤᠳᠠᠭ᠋ᠠᠨ ᠡᠳᠦᠷ᠎ᠤᠨ ᠶᠠᠳᠠᠷᠠᠯ ᠵᠦᠳᠡᠷᠡᠯ᠎ᠠᠴᠠ ᠪᠣᠯᠵᠤ ᠲᠡᠷᠡ ᠰᠠᠯᠪᠤᠷᠢ ᠮᠥᠭᠡᠷᠰᠦᠨ ᠬᠤᠭᠤᠯᠠᠢ ᠵᠢᠨ ᠴᠡᠭᠡᠵᠢᠨ ᠪᠦᠷᠬᠦᠪᠴᠢ ᠵᠢᠨ ᠴᠣᠭᠤᠷᠬᠠᠢ ᠡᠪᠡᠳᠴᠢᠨ ᠣᠯᠵᠠᠢ᠂ ᠡᠮᠴᠢᠯᠡᠭᠡᠨ᠎ᠤ ᠵᠠᠷᠤᠳᠠᠯ᠎ᠤᠨ ᠶᠡᠷᠦᠩᠬᠡᠢ ᠵᠠᠷᠤᠳᠠᠯ ᠪᠠᠷᠤᠭ 100 ᠭᠠᠷᠤᠢ ᠲᠦᠮᠡ ᠬᠡᠷᠡᠭᠰᠡᠬᠦ ᠪᠣᠯᠤᠨ᠎ᠠ᠃
ᠭᠦᠨᠳᠤ ᠡᠪᠡᠳᠴᠢᠨ᠎ᠤ ᠲᠠᠩᠰᠠ ᠴᠠᠢ᠌ᠷᠠᠭᠤᠯᠬᠤ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠳᠣᠤᠷ᠎ᠠ᠂ ᠲᠡᠷᠡ ᠡᠴᠦᠰ᠎ᠲᠡᠭᠡᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ ᠵᠶ᠋ᠠᠷ ᠳᠠᠮᠵᠢᠭᠤᠯᠤᠨ 18 ᠲᠦᠮᠡᠨ ᠲᠥᠭᠦᠷᠢᠭ ᠣᠷᠴᠢᠮ ᠲᠠᠩᠰᠠ ᠴᠠᠢ᠌ᠷᠠᠭᠤᠯᠵᠤ᠂ ᠬᠦᠨᠳᠦ ᠡᠪᠡᠳᠴᠢᠨ᠎ᠤ ᠳᠠᠭ᠋ᠠᠳᠬᠠᠯ ᠵᠶ᠋ᠠᠷ 57 ᠲᠦᠮᠡᠨ ᠲᠥᠭᠦᠷᠢᠭ ᠣᠷᠴᠢᠮ ᠲᠠᠩᠰᠠ ᠴᠠᠢ᠌ᠷᠠᠭᠤᠯᠵᠤ᠂ ᠨᠡᠶ᠋ᠢᠲᠡ 75 ᠲᠦᠮᠡᠨ ᠲᠥᠭᠦᠷᠢᠭ ᠣᠷᠴᠢᠮ ᠲᠠᠩᠰᠠ ᠴᠠᠢ᠌ᠷᠠᠭᠤᠯᠵᠤ᠂ ᠬᠦᠴᠢᠷ᠎ᠢ ᠠᠮᠵᠢᠯᠲᠠ᠎ᠲᠠᠢ ᠲᠤᠭᠤᠯᠪᠠ᠃
ᠣᠳᠣᠬᠠᠨ᠎ᠳᠤ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠠᠷᠢᠴᠠᠯ᠎ᠢ ᠨᠢᠭᠡᠨᠲᠡ 60 %᠎ᠠᠴᠠ ᠳᠣᠤᠷ᠎ᠠ ᠥᠬᠡᠶ᠂ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ ᠬᠦᠨᠳᠦ ᠡᠪᠡᠳᠴᠢᠨ᠎ᠤ ᠳᠠᠭ᠋ᠠᠳᠬᠠᠯ᠎ᠢ ᠳᠠᠪᠬᠤᠴᠠᠭᠤᠯᠤᠨ ᠬᠠᠮᠤᠭ᠎ᠤᠨ ᠥᠨᠳᠥᠷ ᠲᠣᠭ᠋ᠠᠴᠠᠭ᠎ᠠ ᠬᠢᠬᠦ ᠬᠢᠵᠠᠭ᠋ᠠᠷ ᠲᠤᠭ᠎ᠠ ᠵᠢ ᠵᠠᠷᠴᠢᠮ ᠳᠡᠭᠡᠷ᠎ᠡ᠎ᠪᠠᠨ ᠲᠤᠬᠠᠶ ᠵᠢᠨ ᠭᠠᠵᠠᠷ᠎ᠤᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ 6 ᠳᠠᠬᠢᠨ ᠣᠷᠴᠢᠮ ᠪᠤᠯᠭ᠋ᠠᠪᠠ᠃ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ ᠪᠣᠯᠤᠨ ᠳᠠᠬᠢᠨ ᠶᠠᠳᠠᠭᠤᠷᠠᠭᠰᠠᠨ ᠬᠥᠮᠦᠨ ᠠᠮᠠ᠎ᠳᠤ ᠥᠭᠬᠦ ᠬᠠᠷᠢᠴᠠᠯ᠎ᠢ 5 ᠵᠠᠭᠤᠨ᠎ᠤ ᠨᠢᠭᠡᠴᠢ ᠳᠡᠭᠡᠭᠰᠢᠯᠡᠭᠦᠯᠬᠦ ᠵᠢᠨ ᠬᠠᠮᠲᠤ ᠬᠠᠮᠤᠭ᠎ᠤᠨ ᠥᠨᠳᠥᠷ ᠥᠭᠬᠦ ᠬᠢᠵᠠᠭ᠋ᠠᠷ ᠲᠤᠭ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
2023 ᠣᠨ᠎ᠳᠤ ᠮᠠᠨ᠎ᠤ ᠤᠯᠤᠰ᠎ᠤᠨ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠠᠩᠰᠠ ᠴᠠᠢ᠌ᠷᠠᠭᠤᠯᠬᠤ᠎ᠨᠢ 1156 ᠲᠦᠮᠡᠨ ᠬᠥᠮᠦᠨ᠎ᠳᠤ ᠠᠰᠢᠭ ᠬᠦᠷᠲᠡᠭᠡᠵᠦ᠂ ᠬᠥᠮᠦᠨ ᠪᠦᠷᠢ᠎ᠳᠤ ᠳᠤᠮᠳᠠᠴᠢ᠎ᠪᠠᠷ 8 ᠮᠢᠩᠭ᠋ᠠᠨ ᠲᠥᠭᠦᠷᠢᠭ᠎ᠤᠨ ᠳᠠᠷᠤᠭ᠋ᠠᠰᠤ ᠵᠢ ᠬᠥᠩᠭᠡᠷᠡᠭᠦᠯᠪᠡ᠃ ᠬᠦᠨᠳᠦ ᠡᠪᠡᠳᠴᠢᠨ᠎ᠤ ᠠᠷᠤ᠎ᠳᠤ ᠨᠡᠩ ᠥᠨᠳᠥᠷ ᠲᠠᠩᠰᠠ ᠴᠠᠢ᠌ᠷᠠᠭᠤᠯᠬᠤ ᠲᠤᠭ᠎ᠠ᠂ ᠨᠡᠩ ᠶᠡᠭᠡ ᠪᠠᠲᠤᠯᠠᠭ᠎ᠠ ᠵᠢᠨ ᠡᠷᠴᠢᠮ ᠪᠠᠢ᠌ᠳᠠᠭ ᠪᠠᠢ᠌ᠨ᠎ᠠ᠃
ᠡᠮᠴᠢᠯᠡᠭᠡᠨ᠎ᠤ ᠠᠪᠤᠷᠠᠨ ᠲᠤᠰᠠᠯᠠᠯᠲᠠ᠎ᠨᠢ 《ᠦᠨᠳᠦᠰᠦᠨ ᠵᠦᠢ᠍ᠯ᠎ᠢ ᠪᠠᠲᠤᠯᠠᠬᠤ ᠲᠣᠤᠷ》᠎ᠢ ᠨᠢᠭᠲᠠ ᠰᠦᠯᠵᠢᠪᠡ
ᠡᠮᠴᠢᠯᠡᠭᠡᠨ᠎ᠤ ᠠᠪᠤᠷᠠᠨ ᠲᠤᠰᠠᠯᠠᠯᠲᠠ ᠪᠣᠯ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠰᠠᠭᠤᠷᠢᠨ ᠳᠡᠭᠡᠷ᠎ᠡ᠂ ᠰᠠᠭᠤᠷᠢ ᠵᠢ ᠪᠠᠲᠤᠯᠠᠬᠤ ᠦᠢ᠍ᠯᠡᠳᠦᠯ ᠦᠵᠡᠭᠦᠯᠬᠦ ᠳᠦᠷᠢᠮ᠎ᠤᠨ ᠲᠣᠬᠢᠷᠠᠭᠤᠯᠤᠯᠲᠠ ᠪᠣᠯᠤᠨ᠎ᠠ᠃ 2003 ᠣᠨ᠂ 2005 ᠣᠨ᠎ᠳᠤ ᠲᠤᠰ ᠲᠤᠰ ᠬᠥᠳᠡᠭᠡ ᠲᠣᠰᠬᠣᠨ᠂ ᠬᠣᠲᠠ᠎ᠳᠤ ᠲᠤᠷᠰᠢᠯᠲᠠ ᠬᠢᠵᠦ᠂ 2009 ᠣᠨ᠎ᠳᠤ ᠳᠦᠷᠢᠮ᠎ᠢ ᠪᠦᠬᠦ ᠲᠠᠯ᠎ᠠ᠎ᠪᠠᠷ ᠪᠠᠢ᠌ᠭᠤᠯᠤᠭᠳᠠᠵᠤ᠂ 《ᠬᠣᠲᠠ ᠵᠢ ᠬᠠᠮᠠᠭ᠋ᠠᠯᠠᠬᠤ ᠭᠣᠤᠯ》᠎ᠤᠨ ᠦᠨᠳᠦᠰᠦᠨ ᠪᠠᠶ᠋ᠢᠳᠠᠯ᠎ᠢ ᠪᠠᠲᠤᠯᠠᠬᠤ ᠰᠡᠷᠭᠡᠶ᠋ᠢᠯᠡᠯᠲᠡ ᠵᠢᠨ ᠱᠤᠭᠤᠮ ᠪᠠᠶ᠋ᠢᠵᠤ᠂ ᠡᠮᠴᠢᠯᠡᠭᠡᠨ᠎ᠤ ᠠᠪᠤᠷᠠᠨ ᠲᠤᠰᠠᠯᠠᠬᠤ ᠡᠲᠡᠭᠡᠳ᠎ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠬᠦᠷᠲᠡᠬᠦ ᠵᠢ ᠪᠠᠲᠤᠯᠠᠬᠤ᠎ᠨᠢ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠭᠦᠢ᠍ᠴᠡᠳ ᠬᠥᠮᠦᠨ᠎ᠤ ᠴᠢᠨᠠᠷᠲᠠᠶ ᠬᠠᠶ᠋ᠢᠷ᠎ᠠ ᠬᠠᠯᠠᠮᠵᠢ ᠵᠢ ᠬᠠᠷᠠᠭᠤᠯᠵᠤ ᠪᠠᠶ᠋ᠢᠬᠤ ᠶᠤᠮ᠃
ᠠᠪᠤᠷᠠᠨ ᠲᠤᠰᠠᠯᠠᠬᠤ ᠡᠲᠡᠭᠡᠳ᠎ᠨᠢ ᠣᠨᠴᠠ ᠬᠦᠴᠢᠷᠳᠡᠯᠲᠡᠶ ᠬᠥᠮᠦᠰ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠲᠡᠭᠰᠡᠳ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠢ᠌ᠷᠠᠯᠴᠠᠭ᠎ᠠ ᠬᠡᠷ ᠪᠦᠯᠢ ᠵᠢᠨ ᠪᠦᠷᠢᠯᠳᠦᠬᠦᠨ᠂ ᠬᠢᠨᠠᠨ ᠬᠡᠮᠵᠢᠬᠦ ᠬᠡᠪᠴᠢᠶᠡᠨ᠎ᠳᠤ ᠣᠷᠣᠭᠤᠯᠤᠭᠰᠠᠨ ᠬᠥᠳᠡᠭᠡ ᠲᠣᠰᠬᠤᠨ᠎ᠤ ᠠᠮᠠᠷᠬᠠᠨ ᠶᠠᠳᠠᠭᠤᠷᠠᠬᠤ ᠬᠥᠮᠦᠨ ᠠᠮᠠ ᠪᠠ ᠵᠠᠶ᠋ᠢᠯᠠᠰᠢ ᠥᠬᠡᠶ ᠵᠠᠷᠤᠯᠭ᠎ᠠ ᠵᠢᠨ ᠬᠦᠴᠢᠷᠳᠡᠯᠲᠡᠶ ᠬᠡᠷ ᠪᠦᠯᠢ ᠵᠢᠨ ᠨᠥᠬᠦᠴᠡᠯ᠎ᠳᠤ ᠨᠡᠶ᠋ᠢᠴᠡᠬᠦ ᠬᠦᠨᠳᠦ ᠡᠪᠡᠳᠴᠢᠲᠡᠨ᠎ᠢ ᠬᠠᠮᠤᠷᠪᠠ᠃ ᠡᠮᠴᠢᠯᠡᠭᠡᠨ᠎ᠤ ᠠᠪᠤᠷᠠᠨ ᠲᠤᠰᠠᠯᠠᠯᠲᠠ᠎ᠨᠢ ᠲᠡᠭᠦᠨ᠎ᠤ ᠡᠮᠴᠢᠯᠡᠭᠡᠨ᠎ᠤ ᠵᠠᠷᠤᠳᠠᠯ᠎ᠢ ᠲᠣᠭᠲᠠᠭ᠋ᠠᠯ ᠶᠣᠰᠣᠭ᠋ᠠᠷ ᠠᠪᠤᠷᠠᠨ ᠲᠤᠰᠠᠯᠠᠨ᠎ᠠ᠃
ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠲᠡᠭᠰᠡᠳ ᠴᠢᠦ ᠠᠪᠤᠭ᠋ᠠᠢ᠎ᠪᠠᠷ ᠵᠢᠱ᠌ᠢᠶᠡᠯᠡᠪᠡᠯ᠂ ᠲᠡᠷᠡ 2023 ᠣᠨ᠎ᠤ 1 ᠳ᠋ᠦ᠍ᠭᠡᠷ ᠰᠠᠷ᠎ᠠ᠎ᠠᠴᠠ 6 ᠳ᠋ᠤᠭ᠋ᠠᠷ ᠰᠠᠷ᠎ᠠ ᠵᠢᠨ ᠬᠤᠭᠤᠴᠠᠭ᠋ᠠᠨ᠎ᠳᠤ ᠨᠡᠶ᠋ᠢᠲᠡ 11.8 ᠲᠦᠮᠡᠨ ᠲᠥᠭᠦᠷᠢᠭ᠎ᠤᠨ ᠡᠮᠴᠢᠯᠡᠭᠡᠨ᠎ᠤ ᠵᠠᠷᠤᠳᠠᠯ ᠭᠠᠷᠭ᠋ᠠᠵᠠᠢ᠃ ᠡᠭᠦᠨ᠎ᠳᠤ᠂ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠴᠠᠢ᠌ᠷᠠᠭᠤᠯᠤᠭᠰᠠᠨ ᠲᠤᠭ᠎ᠠ 5.8 ᠲᠦᠮᠡᠨ ᠲᠥᠭᠦᠷᠢᠭ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠲᠠᠩᠰᠠ ᠴᠠᠢ᠌ᠷᠠᠭᠤᠯᠤᠭᠰᠠᠨ ᠲᠤᠭ᠎ᠠ 3.5 ᠲᠦᠮᠡᠨ ᠲᠥᠭᠦᠷᠢᠭ᠂ ᠡᠮᠴᠢᠯᠡᠭᠡᠨ᠎ᠤ ᠠᠪᠤᠷᠠᠨ ᠲᠤᠰᠠᠯᠠᠯᠲᠠ 1.5 ᠲᠦᠮᠡᠨ ᠲᠥᠭᠦᠷᠢᠭ ᠭᠠᠷᠭ᠋ᠠᠵᠤ᠂ ᠡᠴᠦᠰ᠎ᠲᠡᠭᠡᠨ 10.8 ᠲᠦᠮᠡᠨ ᠲᠥᠭᠦᠷᠢᠭ᠎ᠤᠨ ᠪᠣᠳᠠᠲᠠᠶ ᠲᠠᠩᠰᠠ ᠴᠠᠢ᠌ᠷᠠᠭᠤᠯᠪᠠ᠃ ᠴᠢᠦ ᠠᠪᠤᠭ᠋ᠠᠢ ᠵᠥᠪᠬᠡᠨ 1 ᠲᠦᠮᠡᠨ ᠲᠥᠭᠦᠷᠢᠭ ᠭᠠᠷᠭ᠋ᠠᠵᠤ᠂ ᠵᠠᠷᠤᠳᠠᠯ᠎ᠤᠨ ᠳᠠᠷᠤᠭ᠋ᠠᠰᠤ ᠵᠢ᠎ᠨᠢ ᠶᠡᠭᠡ ᠬᠥᠩᠭᠡᠷᠡᠭᠦᠯᠦᠭᠰᠡᠨ ᠪᠠᠶ᠋ᠢᠨ᠎ᠠ᠃
ᠨᠢᠭᠡ ᠬᠤᠪᠢ ᠡᠮᠴᠢᠯᠡᠭᠡᠨ᠎ᠤ ᠳᠠᠭ᠋ᠠᠳᠬᠠᠯ᠎ᠨᠢ ᠲᠦᠭ ᠲᠦᠮᠡᠨ ᠭᠡᠷ ᠪᠦᠯᠢ᠎ᠳᠤ ᠠᠰᠢᠭ ᠬᠦᠷᠲᠡᠭᠡᠪᠡ᠃ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠡᠷᠭᠡ ᠭᠤᠷᠪᠠᠨ ᠵᠦᠢ᠍ᠯ᠎ᠤᠨ ᠳᠦᠷᠢᠮ᠎ᠤᠨ ᠪᠠᠲᠤᠯᠠᠭ᠎ᠠ᠎ᠨᠢ᠂ ᠠᠷᠠᠳ ᠣᠯᠠᠨ᠎ᠤ 《ᠡᠪᠡᠳᠴᠢᠨ ᠦᠵᠡᠭᠦᠯᠬᠦ᠎ᠳᠤ ᠦᠨᠡᠲᠡᠢ》 ᠬᠦᠴᠢᠷ ᠠᠰᠠᠭᠤᠳᠠᠯ᠎ᠢ ᠲᠠᠰᠤᠷᠠᠯᠲᠠ ᠦᠭᠡᠢ ᠰᠢᠢ᠍ᠳᠪᠦᠷᠢᠯᠡᠵᠦ᠂ ᠬᠦᠷᠲᠡᠮᠵᠢ ᠵᠢᠨ ᠲᠥᠷᠥᠭᠳᠡᠯ ᠪᠣᠯᠤᠨ ᠵᠣᠯ ᠵᠢᠷᠭ᠋ᠠᠯᠲᠤ ᠲᠥᠷᠥᠭᠳᠡᠯ᠎ᠢ ᠡᠳᠦᠷ ᠢᠷᠡᠬᠦᠶ᠎ᠡ ᠨᠡᠮᠡᠭᠳᠡᠭᠦᠯᠵᠦ ᠪᠠᠶ᠋ᠢᠨ᠎ᠠ᠃