ᠰᠤᠷᠪᠤᠯᠵᠢᠯᠠᠨ ᠶᠠᠷᠢᠯᠴᠠᠭ᠍ᠰᠠᠨ ᠴᠠᠭ᠄ 2025-06-04
ᠰᠤᠷᠪᠤᠯᠵᠢᠯᠠᠭ᠍ᠳᠠᠭ᠍ᠴᠢ᠄ ᠷᠧᠨ ᠸᠧᠨ ᠬᠤᠤ
ᠲᠣᠪᠴᠢᠯᠠᠯ ᠄
ᠡᠮᠴᠢᠯᠡᠭᠡᠨ᠎ᠦ ᠳᠠᠭᠠᠳᠭᠠᠯ ᠪᠣᠯ ᠨᠢᠭᠡ ᠵᠦᠢᠯ᠎ᠤᠨ ᠨᠡᠢᠭᠡᠮ᠎ᠤᠨ ᠳᠠᠭᠠᠳᠭᠠᠯ᠎ᠤᠨ ᠳᠦᠷᠢᠮ ᠮᠥᠨ᠂ ᠡᠢᠮᠦ᠍᠎ᠠᠴᠠ ᠪᠠᠰᠠ ᠨᠡᠢᠭᠡᠮ᠎ᠤᠨ ᠳᠠᠭᠠᠳᠭᠠᠯ᠎ᠤᠨ ᠱᠢᠨᠵᠢ ᠴᠢᠨᠠᠷᠲᠠᠢ ᠶᠤᠮ᠃ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠥ᠌ ᠪᠣᠯ ᠬᠢᠵᠠᠭᠠᠷ᠎ᠲᠠᠶ ᠶᠤᠮ᠂ ᠡᠢᠮᠦ᠍᠎ᠡᠴᠡ ᠬᠠᠷᠠᠭ᠋ᠠᠯᠵᠠᠯ ᠬᠦᠷᠲᠡᠬᠦ᠌ ᠲᠠᠯ᠎ᠠ᠎ᠪᠠᠷ ᠬᠡᠮᠵᠢᠶ᠎ᠡ ᠬᠢᠵᠠᠭᠠᠷ ᠦᠭᠡᠶ ᠪᠠᠢᠵᠤ ᠴᠢᠳᠠᠬᠤ ᠦᠭᠡᠶ᠂ ᠬᠠᠷᠢᠨ ᠦᠨᠳᠦᠰᠦ᠎ᠶ᠋ᠢ ᠪᠠᠲᠤᠯᠠᠬᠤ᠂ ᠬᠦᠨᠳᠦ ᠡᠪᠡᠳᠴᠢᠨ᠎ᠢ ᠪᠠᠲᠤᠯᠠᠬᠤ᠂ ᠣᠷᠣᠱᠢᠨ ᠲᠣᠭ᠍ᠲᠠᠨᠢᠬᠤ᠎ᠶ᠋ᠢ ᠪᠠᠲᠤᠯᠠᠬᠤ ᠵᠠᠷᠴᠢᠮ᠎ᠤᠨ ᠶᠣᠰᠣᠭᠠᠷ᠂ ᠵᠣᠭᠣᠰ᠎ᠢ ᠬᠢᠳᠤᠭᠠᠨ ᠢᠷ ᠳᠡᠭᠡᠷ᠎ᠡ ᠬᠡᠷᠡᠭ᠌ᠯᠡᠵᠦ᠍᠂ ᠪᠦᠷᠢᠯᠭᠡᠨ ᠰᠦᠢᠳᠭᠡᠵᠦ᠍ ᠪᠣᠯᠬᠤ ᠦᠭᠡᠶ᠃ ᠣᠯᠠᠨ ᠲᠦᠮᠡᠨ᠎ᠤ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠴᠢᠩᠭ᠎ᠠ ᠬᠠᠮᠢᠶᠠᠷᠴᠤ᠌᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠦᠷᠭᠦᠯᠵᠢᠯᠡᠨ ᠠᠵᠢᠯᠯᠠᠬᠤ᠎ᠶ᠋ᠢ ᠦᠨᠡᠨ ᠬᠦ᠌ ᠪᠠᠲᠤᠯᠠᠬᠤ ᠪᠣᠯ ᠥᠷᠭᠡᠨ ᠣᠯᠠᠨ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠤ ᠲᠣᠰ ᠪᠡᠶ᠎ᠡ᠎ᠶ᠋ᠢᠨ ᠠᠱᠢᠭ ᠲᠤᠰᠠ᠎ᠳᠤ ᠬᠤᠯᠪᠣᠭ᠍ᠳᠠᠵᠤ᠂ ᠴᠢᠬᠤᠯᠠ ᠪᠣᠳᠠᠲᠤ ᠠᠴᠢ ᠬᠤᠯᠪᠣᠭ᠍ᠳᠠᠯ ᠪᠠ ᠠᠯᠤᠰ ᠬᠡᠲᠦ᠍᠎ᠶ᠋ᠢᠨ ᠲᠡᠦᠬᠡᠲᠦ ᠠᠴᠢ ᠬᠤᠯᠪᠣᠭ᠍ᠳᠠᠯ᠎ᠲᠠᠢ ᠶᠤᠮ᠃ ᠣᠯᠠᠨ ᠲᠦᠮᠡᠨ᠎ᠤ ᠲᠣᠰ ᠪᠡᠶ᠎ᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ᠎ᠶ᠋ᠢᠨ ᠲᠥᠯᠥᠭᠡ᠂ ᠡᠮᠴᠢᠯᠡᠭᠡᠨ᠎ᠦ ᠳᠠᠭᠠᠳᠭᠠᠯ᠎ᠤᠨ ᠲᠣᠪᠴᠢᠶ᠎ᠠ ᠡᠳᠦᠶ ᠲᠡᠳᠦᠶ ᠠᠵᠢᠯᠯᠠᠭ᠎ᠠ ᠠᠪᠴᠠᠶ᠄ ᠨᠢᠭᠡ᠎ᠳᠤ᠂ 《ᠬᠠᠭᠤᠷᠮᠠᠭ ᠡᠮ》᠂ 《ᠪᠤᠴᠠᠯᠲᠠ᠎ᠶ᠋ᠢᠨ ᠡᠮ》 ᠳᠤ ᠴᠢᠭ᠌ᠯᠡᠭᠦᠯᠦᠨ ᠡᠮ᠎ᠤᠨ ᠵᠦᠶ᠋ᠯ᠎ᠤᠨ ᠮᠥᠷᠳᠡᠨ ᠨᠡᠬᠡᠮᠵᠢᠯᠡᠬᠦ᠌ ᠨᠣᠮᠧᠷ᠎ᠢ ᠴᠤᠭ᠍ᠯᠠᠭᠤᠯᠤᠨ ᠬᠡᠷᠡᠭ᠌ᠯᠡᠬᠦ᠌᠎ᠶ᠋ᠢ ᠥᠷᠨᠢᠭᠦᠯᠵᠦ᠍᠂ 4 ᠳ᠋ᠦ᠍ᠭᠡᠷ ᠰᠠᠷ᠎ᠠ᠎ᠶ᠋ᠢᠨ 10 ᠤ ᠡᠳᠦᠷ᠎ᠠᠴᠠ ᠡᠬᠢᠯᠡᠨ᠂ ᠡᠮ᠎ᠦᠨ ᠳᠡᠯᠭᠡᠭᠦᠷ ᠨᠡᠬᠡᠮᠵᠢᠯᠡᠬᠦ ᠺᠣᠳ᠋᠎ᠢ ᠰᠢᠷᠪᠢᠬᠦ ᠦᠭᠡᠢ ᠪᠣᠯ ᠡᠮᠴᠢᠯᠡᠭᠡᠨ᠎ᠦ ᠳᠠᠭᠠᠳᠬᠠᠯ᠎ᠤᠨ ᠰᠠᠭᠤᠷᠢ ᠮᠥᠩᠭᠥ᠎ᠶᠢ ᠳ᠋ᠦᠩᠨᠡᠨ ᠪᠤᠳᠤᠬᠤ ᠦᠭᠡᠢ᠃ ᠬᠤᠶᠠᠷ᠎ᠲᠤ᠌᠂ ᠠᠵᠢᠯ ᠡᠷᠭᠢᠯᠡᠬᠦ᠌ ᠡᠮ ᠨᠠᠢᠷᠠᠭ᠍ᠴᠢ᠎ᠶ᠋ᠢᠨ ᠨᠢᠭᠡ ᠦᠨᠡᠮᠯᠡᠯ᠎ᠢ ᠤᠯᠠᠨ ᠳ᠋ᠤᠭ᠋ᠠᠷ ᠲᠠᠢ ᠪᠠᠢ᠌ᠯᠭ᠋ᠠᠬᠤ ᠠᠵᠢᠯᠯᠠᠭ᠎ᠠ᠎ᠳᠤ ᠴᠣᠬᠢᠯᠲᠠ ᠦᠭᠬᠦ᠎ᠶᠢ ᠥᠷᠨᠢᠭᠦᠯᠪᠡ᠃ ᠭᠤᠷᠪᠠ᠎ᠳᠤ᠂ ᠡᠮ᠎ᠤᠨ ᠵᠦᠢᠯᠡᠰ᠎ᠢ ᠰᠣᠯᠢᠬᠤ᠂ ᠡᠮᠴᠢᠯᠡᠭᠡᠨ᠎ᠤ ᠳᠠᠭᠠᠳᠭᠠᠯ᠎ᠢ ᠲᠤᠬᠤᠬᠤ᠂ ᠣᠷᠣᠯᠠᠨ ᠳ᠋ᠦᠩᠨᠡᠨ ᠪᠤᠳᠤᠬᠤ ( ᠲᠤᠭᠲᠠᠭ᠋ᠠᠭᠰᠠᠨ ᠴᠡᠭ᠎ᠤᠨ ᠬᠢᠷᠢ ᠬᠡᠮ ᠥᠬᠡᠶ ᠡᠮ᠎ᠤᠨ ᠳᠡᠯᠭᠡᠭᠦᠷ᠎ᠲᠤ ᠣᠷᠣᠯᠠᠨ ᠳ᠋ᠦᠩᠨᠡᠨ ᠪᠤᠳᠤᠬᠤ)᠂ ᠡᠮ ᠬᠤᠳᠠᠯᠳᠤᠨ ᠠᠪᠬᠤ ᠵᠡᠷᠭᠡ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠴᠣᠬᠢᠯᠲᠠ ᠥᠭ᠌ᠬᠦ ᠠᠵᠢᠯᠯᠠᠭ᠎ᠠ᠎ᠶ᠋ᠢ ᠥᠷᠨᠢᠭᠦᠯᠵᠦ᠍᠂ ᠨᠢᠭᠡ ᠪᠦᠯᠦᠭ ᠲᠣᠭ᠍ᠲᠠᠭᠠᠯ᠎ᠠᠴᠠ ᠵᠥᠷᠢᠴᠡᠭ᠌ᠰᠡᠨ ᠪᠠᠢᠭᠤᠯᠤᠮᠵᠢ᠎ᠶ᠋ᠢ ᠪᠠᠢᠴᠠᠭᠠᠨ ᠱᠢᠢᠳᠪᠦᠷᠢᠯᠡᠪᠡ᠃ ᠳᠥᠷᠪᠡ᠎ᠳᠤ᠂ ᠡᠮᠴᠢᠯᠡᠭᠡᠨ᠎ᠤ ᠳᠠᠭᠠᠳᠭᠠᠯ᠎ᠤᠨ ᠳ᠋ᠦᠩᠨᠡᠨ ᠪᠣᠳᠣᠯᠲᠠ᠎ᠶ᠋ᠢ ᠱᠠᠲᠤ ᠬᠤᠪᠢᠶᠠᠨ ᠬᠠᠮᠢᠶᠠᠷᠬᠤ᠎ᠶ᠋ᠢ ᠥᠷᠨᠢᠭᠦᠯᠵᠦ᠍᠂ ᠡᠮᠴᠢᠯᠡᠭᠡᠨ᠎ᠤ ᠳᠠᠭᠠᠳᠭᠠᠯ᠎ᠤᠨ ᠡᠬᠢ ᠪᠠᠶᠠᠯᠢᠭ᠎ᠢ ᠳᠣᠭᠢᠷᠠᠭᠤᠯᠬᠤ ᠲᠥᠯᠥᠪᠵᠢᠭᠦᠯᠭᠡ᠎ᠲᠠᠢ ᠤᠶᠠᠯᠳᠤᠭᠤᠯᠤᠨ᠂ ᠲᠣᠭ᠍ᠲᠠᠭᠠᠭ᠍ᠰᠠᠨ ᠴᠡᠭ᠎ᠤᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢ A᠂ B᠂ C ᠭᠤᠷᠪᠠᠨ ᠲᠠᠰ ᠬᠤᠪᠢᠶᠠᠨ ᠬᠠᠮᠢᠶᠠᠷᠴᠤ᠌᠂ ᠡᠯ᠎ᠡ ᠲᠠᠰ᠎ᠲᠤ ᠠᠳᠠᠯᠢ ᠪᠤᠰᠤ ᠵᠥᠪᠱᠢᠶᠡᠷᠡᠨ ᠣᠷᠣᠭᠤᠯᠬᠤ ᠨᠥᠬᠦᠴᠡᠯ᠎ᠢ ᠲᠣᠭ᠍ᠲᠠᠭᠠᠨ᠎ᠠ᠃