《ᠬᠦᠯᠡᠮᠵᠢ᠎ᠲᠠᠢ ᠲᠦᠬᠦᠷᠵᠢᠭᠦᠯᠦᠭᠰᠡᠨ ᠭᠡᠷ ᠪᠠᠢ᠌ᠰᠢᠩ》᠂ ᠲᠠᠷᠢᠶᠠᠯᠠᠬᠤ ᠭᠠᠵᠠᠷ᠎ᠢ ᠡᠵᠡᠯᠡᠵᠦ 《ᠨᠠᠭᠤᠷ ᠮᠠᠯᠲᠠᠵᠤ ᠦᠵᠡᠮᠵᠢ ᠪᠦᠲᠦᠭᠰᠡᠨ》᠂ ᠲᠠᠷᠢᠶᠠᠯᠠᠬᠤ ᠭᠠᠵᠠᠷ᠎ᠢ ᠳᠤᠷ᠎ᠠ᠎ᠪᠠᠷ ᠵᠶ᠋ᠠᠨ ᠡᠵᠡᠯᠡᠨ ᠬᠡᠷ ᠪᠠᠶ᠋ᠢᠰᠢᠩ ᠪᠠᠷᠢᠭᠰᠠᠨ ᠵᠡᠷᠭᠡ 《ᠲᠠᠷᠢᠶᠠᠯᠠᠩ᠎ᠤᠨ ᠪᠤᠰᠤ ᠪᠣᠯᠭ᠋ᠠᠬᠤ》 ᠠᠰᠠᠭᠤᠳᠠᠯ᠎ᠳᠤ ᠦᠷᠭᠦᠯᠵᠢᠯᠡᠨ ᠴᠡᠭᠴᠡᠯᠡᠨ ᠵᠠᠰᠠᠬᠤ ᠠᠵᠢᠯ᠎ᠢ ᠰᠠᠢ᠌ᠲᠤᠷ ᠠᠳᠬᠤᠵᠤ᠂ ᠡᠢ᠌ᠮᠦᠷᠬᠦᠦ ᠪᠠᠢ᠌ᠳᠠᠯ ᠢᠯᠡᠷᠡᠪᠡᠯ ᠬᠣᠷᠢᠭᠯᠠᠨ ᠵᠣᠭᠰᠣᠭ᠋ᠠᠬᠤ ᠬᠡᠷᠡᠭᠲᠡᠢ
ᠲᠠᠷᠢᠶᠠᠯᠠᠬᠤ ᠭᠠᠵᠠᠷ᠎ᠤᠨ ᠬᠡᠷᠡᠭᠯᠡᠯᠲᠡ ᠵᠢ ᠬᠠᠮᠢᠶᠠᠷᠬᠤ᠎ᠳᠤ᠂ ᠭᠣᠣᠯᠳᠠᠯᠭ᠎ᠠ᠎ᠨᠢ ᠡᠨᠡ ᠬᠡᠳᠦᠨ ᠵᠢᠯ᠎ᠳᠤ ᠣᠯᠠᠨᠲᠠ ᠶᠠᠷᠢᠭ᠋ᠠᠳ ᠪᠠᠢ᠌ᠭᠰᠠᠨ ᠲᠠᠷᠢᠶᠠᠯᠠᠬᠤ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》᠂ 《ᠠᠮᠤ ᠪᠤᠳᠠᠭ᠋ᠠᠨ᠎ᠠᠴᠠ ᠪᠤᠰᠤᠳ ᠲᠠᠷᠢᠮᠠᠯ ᠲᠠᠷᠢᠬᠤ》 ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠶᠠᠪᠤᠳᠠᠯ ᠪᠣᠯᠣᠨ᠎ᠠ᠃ ᠨᠢᠭᠡ ᠲᠠᠯ᠎ᠠ᠎ᠪᠠᠷ᠂ 《ᠬᠦᠯᠡᠮᠵᠢ᠎ᠲᠠᠢ ᠲᠦᠬᠦᠷᠵᠢᠭᠦᠯᠦᠭᠰᠡᠨ ᠭᠡᠷ ᠪᠠᠢ᠌ᠰᠢᠩ》᠂ ᠲᠠᠷᠢᠶᠠᠯᠠᠬᠤ ᠭᠠᠵᠠᠷ᠎ᠢ ᠡᠵᠡᠯᠡᠨ 《ᠨᠠᠭᠤᠷ ᠮᠠᠯᠲᠠᠵᠤ ᠦᠵᠡᠮᠵᠢ ᠪᠦᠲᠦᠭᠡᠭᠰᠡᠨ》᠂ ᠲᠠᠷᠢᠶᠠᠯᠠᠬᠤ ᠭᠠᠵᠠᠷ᠎ᠢ ᠳᠤᠷ᠎ᠠ᠎ᠪᠠᠷ ᠵᠶ᠋ᠠᠨ ᠡᠵᠡᠯᠡᠵᠦ ᠬᠡᠷ ᠪᠠᠶ᠋ᠢᠰᠢᠩ ᠪᠠᠷᠢᠬᠤ ᠵᠡᠷᠭᠡ 《ᠲᠠᠷᠢᠶᠠᠯᠠᠩ᠎ᠤᠨ ᠪᠤᠰᠤ ᠪᠣᠯᠭ᠋ᠠᠬᠤ》 ᠠᠰᠠᠭᠤᠳᠠᠯ᠎ᠳᠤ ᠦᠷᠭᠦᠯᠵᠢᠯᠡᠨ ᠴᠡᠭᠴᠡᠯᠡᠨ ᠵᠠᠰᠠᠬᠤ ᠠᠵᠢᠯ᠎ᠢ ᠰᠠᠢ᠌ᠲᠤᠷ ᠠᠳᠬᠤᠵᠤ᠂ ᠡᠢ᠌ᠮᠦᠷᠬᠦᠦ ᠪᠠᠢ᠌ᠳᠠᠯ ᠢᠯᠡᠷᠡᠪᠡᠯ ᠬᠣᠷᠢᠭᠯᠠᠨ ᠵᠣᠭᠰᠣᠭ᠋ᠠᠵᠤ᠂ ᠲᠠᠷᠢᠶᠠᠯᠠᠬᠤ ᠭᠠᠵᠠᠷ᠎ᠢ ᠰᠦᠢ᠍ᠳᠬᠡᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠡᠷᠡᠰ ᠬᠣᠷᠢᠭᠯᠠᠬᠤ ᠬᠡᠷᠡᠭᠲᠡᠢ᠃ ᠨᠥᠭᠥᠭᠡ ᠲᠠᠯ᠎ᠠ᠎ᠪᠠᠷ᠂ ᠲᠠᠷᠢᠶᠠᠯᠠᠬᠤ ᠭᠠᠵᠠᠷ᠎ᠢ 《ᠠᠮᠤ ᠪᠤᠳᠠᠭ᠋ᠠᠨ᠎ᠠᠴᠠ ᠪᠤᠰᠤᠳ ᠲᠠᠷᠢᠮᠠᠯ ᠲᠠᠷᠢᠬᠤ》 ᠠᠰᠠᠭᠤᠳᠠᠯ᠎ᠳᠤ᠂ ᠭᠣᠣᠯᠳᠠᠯᠭ᠎ᠠ᠎ᠨᠢ ᠲᠠᠷᠢᠶᠠᠯᠠᠬᠤ ᠭᠠᠵᠠᠷ᠎ᠤᠨ ᠲᠠᠷᠢᠮᠠᠯ᠎ᠤᠨ ᠬᠡᠷᠡᠭᠴᠡᠭᠡ ᠵᠢ᠎ᠨᠢ ᠰᠢᠨᠵᠢᠨ ᠬᠡᠮᠵᠢᠬᠦ ᠲᠣᠭᠲᠠᠯᠴᠠᠭ᠎ᠠ ᠵᠢ ᠪᠠᠢ᠌ᠭᠤᠯᠵᠤ᠂ ᠦᠨᠳᠦᠰᠦᠨ ᠲᠠᠷᠢᠮᠠᠯ᠎ᠤᠨ ᠵᠦᠢ᠍ᠯ᠎ᠤᠨ ᠭᠠᠷᠴᠠᠭ᠎ᠢ ᠲᠣᠭᠲᠠᠭ᠋ᠠᠨ᠂ ᠲᠠᠷᠢᠶᠠᠯᠠᠬᠤ ᠭᠠᠵᠠᠷ᠎ᠲᠤ ᠶᠠᠭᠤ ᠳᠠᠷᠢᠬᠤ ᠵᠢ᠎ᠨᠢ ᠵᠥᠪᠰᠢᠶᠡᠷᠡᠬᠦ ᠲᠤᠬᠠᠢ ᠵᠥᠪ ᠲᠠᠯ᠎ᠠ ᠵᠢᠨ ᠨᠠᠷᠢᠨ ᠲᠠᠩᠰᠠ ᠵᠢ ᠲᠣᠳᠣᠷᠬᠠᠢ᠌ᠯᠠᠵᠤ᠂ ᠲᠠᠷᠢᠶᠠᠯᠠᠬᠤ ᠭᠠᠵᠠᠷ᠎ᠢ ᠡᠩ ᠲᠡᠷᠢᠭᠦᠨ᠎ᠳᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠳᠤ ᠬᠡᠷᠡᠭᠯᠡᠬᠦ ᠵᠢ᠎ᠨᠢ ᠪᠠᠲᠤᠯᠠᠬᠤ ᠶᠠᠪᠤᠳᠠᠯ ᠪᠣᠯᠣᠨ᠎ᠠ᠃
ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ᠎ᠨᠢ ᠲᠤᠯᠪᠠᠯ ᠳᠠᠬᠢᠭ᠋ᠠᠳ ᠭᠤᠴᠢᠨ ᠵᠢᠯ ᠤᠷᠲᠤᠳᠬᠠᠬᠤ ᠲᠤᠷᠰᠢᠯᠲᠠ ᠵᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ
ᠬᠥᠳᠡᠭᠡ ᠲᠣᠰᠬᠣᠨ᠎ᠤ ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠬᠠᠷᠢᠴᠠᠭ᠎ᠠ ᠵᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠬᠣᠶᠠᠳᠤᠭ᠋ᠠᠷ ᠡᠭᠡᠯᠵᠢ ᠵᠢᠨ ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ᠎ᠨᠢ ᠲᠤᠯᠪᠠᠯ ᠳᠠᠬᠢᠭ᠋ᠠᠳ ᠭᠤᠴᠢᠨ ᠵᠢᠯ ᠤᠷᠲᠤᠳᠬᠠᠬᠤ ᠲᠤᠷᠰᠢᠯᠲᠠ ᠵᠢ ᠡᠮᠬᠢ ᠵᠢᠷᠤᠮ᠎ᠲᠠᠢ ᠠᠬᠢᠭᠤᠯᠤᠨ᠎ᠠ᠃ ᠥᠨᠥ ᠵᠢᠯ ᠪᠦᠬᠦᠢ ᠯᠠ ᠮᠤᠵᠢ᠎ᠪᠠᠷ ᠲᠤᠷᠰᠢᠯᠲᠠ ᠵᠢᠨ ᠴᠡᠭ ᠭᠠᠷᠭ᠋ᠠᠬᠤ ᠬᠡᠪᠴᠢᠶ᠎ᠡ᠎ᠪᠠᠨ ᠥᠷᠭᠡᠳᠬᠡᠨ᠂ 《ᠶᠡᠬᠡ ᠬᠡᠪᠴᠢᠶᠡᠨ᠎ᠳᠤ ᠳᠣᠭᠲᠠᠭᠤᠨ ᠪᠠᠢ᠌ᠯᠭ᠋ᠠᠵᠤ᠂ ᠪᠠᠭ᠎ᠠ ᠬᠡᠪᠴᠢᠶᠡᠨ᠎ᠳᠤ ᠳᠣᠬᠢᠷᠠᠭᠤᠯᠤᠯᠲᠠ ᠬᠢᠬᠦ》 ᠶᠡᠷᠦᠩᠬᠡᠢ ᠵᠠᠷᠴᠢᠮ ᠵᠶ᠋ᠠᠷ᠂ ᠤᠷᠲᠤᠳᠬᠠᠨ ᠳᠠᠭ᠋ᠠᠭ᠋ᠠᠴᠢᠯᠠᠭᠤᠯᠬᠤ ᠠᠵᠢᠯ ᠳᠤᠮᠳᠠᠬᠢ ᠵᠥᠷᠢᠴᠡᠯ ᠵᠢᠭᠤᠷᠠᠯᠳᠤᠭ᠋ᠠᠨ᠎ᠢ ᠲᠣᠬᠢᠲᠠᠢ ᠰᠢᠢ᠍ᠳᠪᠦᠷᠢᠯᠡᠨ᠂ ᠵᠣᠩᠬᠢᠯᠠᠬᠤ ᠣᠯᠠᠨ ᠲᠣᠭ᠋ᠠᠨ᠎ᠤ ᠲᠠᠷᠢᠶᠠᠴᠢᠨ ᠡᠷᠦᠬᠡ ᠵᠢᠨ ᠳᠠᠭ᠋ᠠᠭ᠋ᠠᠴᠢᠯᠠᠭᠰᠠᠨ ᠭᠠᠵᠠᠷ᠎ᠢ ᠶᠡᠷᠦᠩᠬᠡᠶ᠎ᠳᠤᠨᠢ ᠤᠷᠲᠤᠳᠬᠠᠬᠤ ᠪᠠ ᠲᠣᠭᠲᠠᠭᠤᠨ ᠪᠠᠶ᠋ᠢᠯᠭ᠋ᠠᠬᠤ ᠵᠢ ᠦᠨᠡᠨ ᠬᠦ᠌ ᠪᠠᠲᠤᠯᠠᠨ᠎ᠠ᠂ ᠡᠮᠬᠢ ᠵᠠᠮᠪᠠᠷᠠᠭ᠎ᠠ ᠦᠭᠡᠢ ᠪᠣᠯᠭ᠋ᠠᠭ᠋ᠠᠳ ᠳᠠᠬᠢᠨᠲᠠ ᠬᠤᠪᠢᠶᠠᠵᠤ ᠪᠣᠯᠬᠤ ᠦᠭᠡᠢ᠂ ᠬᠠᠮᠲᠤ ᠨᠡᠶ᠋ᠢᠲᠡ ᠵᠢᠨ᠎ᠬᠢ ᠵᠢ ᠬᠣᠷᠢᠶᠠᠨ ᠠᠪᠴᠤ ᠪᠣᠯᠬᠤ ᠦᠭᠡᠢ ᠪᠤᠶᠤ ᠵᠠᠪᠰᠢᠶᠠᠨ᠎ᠢ ᠳᠠᠯᠢᠮᠳᠠᠭᠤᠯᠤᠨ ᠬᠠᠤᠯᠢ᠎ᠠᠴᠠ ᠵᠥᠷᠢᠴᠡᠨ ᠲᠣᠬᠢᠷᠠᠭᠤᠯᠵᠤ ᠨᠡᠩ ᠪᠣᠯᠬᠤ ᠦᠭᠡᠢ᠃ 《ᠬᠡᠨ ᠲᠠᠷᠢᠬᠤ ᠪᠣᠢ》 ᠭᠡᠳᠡᠭ ᠠᠰᠠᠭᠤᠳᠠᠯ᠎ᠢ ᠰᠢᠢ᠍ᠳᠪᠦᠷᠢᠯᠡᠬᠦ ᠵᠢᠨ ᠲᠣᠭᠣᠷᠢᠨ᠎ᠳᠤ᠂ ᠲᠠᠷᠢᠶᠠᠯᠠᠩ᠎ᠤᠨ ᠡᠵᠡᠩᠨᠡᠯᠲᠡ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠤᠤᠯ ᠴᠣᠭᠴᠠ ᠵᠢ ᠪᠣᠶ᠋ᠢᠵᠢᠭᠤᠯᠤᠨ᠂ ᠲᠠᠷᠢᠶᠠᠯᠠᠩ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠵᠢᠵᠢᠭ ᠲᠠᠷᠢᠶᠠᠴᠢᠨ ᠡᠷᠦᠭᠡ ᠵᠢ ᠤᠳᠤ ᠦᠶ᠎ᠡ ᠵᠢᠨ ᠲᠠᠷᠢᠶᠠᠯᠠᠩ᠎ᠤᠨ ᠬᠥᠭᠵᠢᠯᠲᠡ᠎ᠯᠦᠭᠡ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠠᠬᠢᠭᠤᠯᠤᠨ᠎ᠠ᠃
ᠲᠠᠷᠢᠶᠠᠴᠢᠳ᠎ᠤᠨ ᠣᠷᠣᠨ ᠰᠠᠭᠤᠴᠠ ᠵᠢᠨ ᠰᠠᠭᠤᠷᠢ ᠭᠠᠵᠠᠷ᠎ᠤᠨ ᠦᠨᠳᠦᠰᠦᠨ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠨ᠎ᠠ
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯᠳᠤᠭ᠋ᠠᠨ᠎ᠤ 《ᠲᠣᠭᠲᠠᠭ᠋ᠠᠯ》᠎ᠳᠤ᠂ ᠲᠠᠷᠢᠶᠠᠴᠢᠨ ᠡᠷᠦᠭᠡ ᠵᠢᠨ ᠬᠠᠤᠯᠢ ᠶᠣᠰᠣᠭ᠋ᠠᠷ ᠡᠵᠡᠮᠰᠢᠵᠤ ᠪᠠᠢ᠌ᠭ᠎ᠠ ᠣᠷᠣᠨ ᠰᠠᠭᠤᠴᠠ᠎ᠪᠠᠨ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠤᠷᠰᠢᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠵᠤ ᠭᠦᠢ᠍ᠯᠭᠡᠭᠡᠨ᠎ᠳᠤ ᠣᠷᠣᠭᠤᠯᠤᠨ ᠠᠰᠢᠭᠯᠠᠬᠤ ᠵᠢ ᠵᠥᠪᠰᠢᠶᠡᠷᠡᠨ᠎ᠡ ᠭᠡᠵᠦ ᠲᠣᠳᠣᠷᠬᠠᠢ ᠳᠤᠷᠠᠳᠤᠨ ᠭᠠᠷᠭ᠋ᠠᠵᠠᠢ᠃ ᠡᠨᠡ ᠬᠦ᠌ ᠲᠠᠯ᠎ᠠ᠎ᠪᠠᠷ ᠴᠢᠩᠭ᠎ᠠ ᠵᠢᠷᠤᠮᠯᠠᠨ ᠬᠡᠷᠡᠭᠵᠢᠭᠦᠯᠵᠦ᠂ ᠣᠷᠣᠨ ᠰᠠᠭᠤᠴᠠ ᠵᠢᠨ ᠰᠠᠭᠤᠷᠢ ᠭᠠᠵᠠᠷ᠎ᠤᠨ ᠡᠷᠬᠡ ᠵᠢ ᠲᠣᠳᠣᠯᠠᠨ ᠳᠣᠭᠲᠠᠭ᠋ᠠᠵᠤ ᠳᠠᠩᠰᠠᠯᠠᠨ ᠦᠨᠡᠮᠯᠡᠯ ᠣᠯᠭᠣᠬᠤ ᠠᠵᠢᠯ᠎ᠢ ᠯᠠᠪᠳᠠᠭᠤᠨ ᠵᠶ᠋ᠠᠷ ᠰᠠᠶ᠋ᠢᠲᠤᠷ ᠬᠢᠵᠦ᠂ ᠬᠥᠳᠡᠭᠡ ᠲᠣᠰᠬᠣᠨ᠎ᠤ ᠭᠡᠷ ᠪᠠᠢ᠌ᠰᠢᠩ᠎ᠢ ᠭᠦᠢ᠍ᠯᠭᠡᠭᠡᠨ᠎ᠳᠤ ᠣᠷᠣᠭᠤᠯᠵᠤ ᠠᠰᠢᠭᠯᠠᠬᠤ ᠵᠢᠨ ᠪᠦᠲᠦᠮᠵᠢᠲᠡᠶ ᠪᠡᠶᠡᠯᠡᠭᠳᠡᠬᠦ ᠬᠡᠯᠪᠡᠷᠢ ᠵᠢ ᠬᠠᠢ᠌ᠨ ᠰᠦᠪᠡᠭᠴᠢᠯᠡᠨ᠎ᠡ᠃ ᠣᠷᠣᠨ ᠰᠠᠭᠤᠴᠠ ᠵᠢᠨ ᠰᠠᠭᠤᠷᠢ ᠭᠠᠵᠠᠷ᠎ᠤᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠲᠠᠷᠢᠶᠠᠴᠢᠳ᠎ᠤᠨ ᠣᠷᠣᠨ ᠰᠠᠭᠤᠴᠠ ᠵᠢᠨ ᠰᠠᠭᠤᠷᠢ ᠭᠠᠵᠠᠷ᠎ᠤᠨ ᠦᠨᠳᠦᠰᠦᠨ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠨ᠎ᠠ᠃ ᠲᠥᠪ ᠬᠣᠷᠢᠶᠠᠨ᠎ᠤ ᠱᠠᠭ᠋ᠠᠷᠳᠠᠯᠭ᠎ᠠ ᠮᠠᠰᠢ ᠲᠣᠳᠣᠷᠬᠠᠢ ᠪᠠᠢ᠌ᠨ᠎ᠠ᠂ ᠬᠤᠳᠠ ᠪᠠᠯᠭ᠋ᠠᠰᠤᠨ᠎ᠤ ᠰᠠᠭᠤᠭ᠋ᠠᠯᠢ ᠠᠷᠠᠳ ᠬᠥᠳᠡᠭᠡ ᠲᠣᠰᠬᠣᠨ᠎ᠠᠴᠠ ᠲᠠᠷᠢᠶᠠᠴᠢᠨ᠎ᠤ ᠭᠡᠷ ᠪᠠᠶ᠋ᠢᠰᠢᠩ᠂ ᠣᠷᠣᠨ ᠰᠠᠭᠤᠴᠠ ᠵᠢᠨ ᠰᠠᠭᠤᠷᠢ ᠭᠠᠵᠠᠷ ᠬᠤᠳᠠᠯᠳᠤᠨ ᠠᠪᠬᠤ ᠵᠢ ᠵᠥᠪᠰᠢᠶᠡᠷᠡᠬᠦ ᠦᠭᠡᠢ᠂ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ ᠬᠥᠳᠡᠭᠡ ᠲᠣᠰᠬᠣᠨ᠎ᠳᠤ ᠣᠴᠢᠵᠤ ᠭᠠᠵᠠᠷ ᠡᠵᠡᠯᠡᠨ ᠭᠡᠷ ᠪᠠᠢ᠌ᠰᠢᠩ ᠪᠠᠷᠢᠬᠤ ᠵᠢ ᠵᠥᠪᠰᠢᠶᠡᠷᠡᠬᠦ ᠦᠭᠡᠢ᠂ ᠡᠨᠡ ᠬᠣᠶᠠᠷ ᠲᠥᠷᠥ ᠵᠢᠨ ᠪᠣᠳᠣᠯᠭ᠎ᠠ ᠵᠢᠨ ᠬᠢᠵᠠᠭ᠋ᠠᠷᠯᠠᠬᠤ ᠱᠤᠭᠤᠮ᠎ᠢ ᠡᠷᠬᠡᠪᠰᠢ ᠪᠠᠲᠤ ᠰᠠᠬᠢᠬᠤ ᠬᠡᠷᠡᠭᠲᠡᠢ᠂ ᠡᠨᠡ ᠬᠦ᠌ ᠬᠢᠵᠠᠭ᠋ᠠᠷᠯᠠᠬᠤ ᠱᠤᠭᠤᠮ᠎ᠢ ᠳᠠᠪᠠᠵᠤ ᠪᠣᠯᠬᠤ ᠦᠭᠡᠢ᠃
ᠨᠥᠬᠥᠴᠡᠯ᠎ᠲᠠᠢ ᠬᠤᠳᠠ ᠵᠢᠨ᠎ᠬᠢᠨ᠎ᠢ ᠵᠣᠷᠢᠭᠵᠢᠭᠤᠯᠵᠤ ᠪᠠᠢ᠌ᠭ᠋ᠠᠳ ᠲᠣᠭᠲᠠᠪᠤᠷᠢᠲᠠᠢ ᠠᠵᠢᠯ ᠣᠯᠵᠤ ᠠᠮᠢᠳᠤᠷᠠᠵᠤ ᠪᠠᠶ᠋ᠢᠭ᠎ᠠ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠤᠳᠠ ᠵᠢᠨ ᠣᠷᠣᠨ ᠰᠠᠭᠤᠴᠠ ᠵᠢᠨ ᠪᠠᠲᠤᠯᠠᠭ᠎ᠠ ᠵᠢᠨ ᠲᠦᠷᠦ ᠵᠢᠨ ᠪᠣᠳᠣᠯᠭ᠎ᠠ ᠵᠢᠨ ᠬᠡᠪᠴᠢᠶᠡᠨ᠎ᠳᠤ ᠠᠯᠬᠤᠮ ᠠᠯᠬᠤᠮ ᠵᠶ᠋ᠠᠷ ᠣᠷᠣᠭᠤᠯᠤᠨ᠎ᠠ
ᠪᠠᠶ᠋ᠢᠩᠭᠤ ᠰᠠᠭᠤᠭ᠎ᠠ ᠭᠠᠵᠠᠷ᠎ᠤᠨ᠎ᠬᠢᠨ ᠡᠷᠦᠬᠡ ᠠᠮᠠ ᠵᠢᠨ ᠳᠠᠩᠰᠠ ᠵᠢ ᠳᠠᠩᠰᠠᠯᠠᠵᠤ ᠲᠡᠮᠳᠡᠭᠯᠡᠬᠦ ᠣᠯᠠᠨ ᠨᠡᠢ᠍ᠢ᠍ᠲᠡ ᠵᠢᠨ ᠦᠨᠳᠦᠰᠦᠨ ᠦᠢ᠍ᠯᠡᠴᠢᠯᠡᠭᠡ ᠬᠠᠩᠭ᠋ᠠᠬᠤ ᠳᠦᠷᠢᠮ᠎ᠢ ᠬᠡᠷᠡᠭᠵᠢᠭᠦᠯᠦᠨ᠎ᠡ᠃ ᠪᠢᠴᠢᠭ ᠮᠠᠲ᠋ᠧᠷᠢᠶᠠᠯ᠎ᠳᠤ᠂ ᠪᠦᠬᠦ ᠤᠯᠤᠰ᠎ᠲᠤ ᠢᠯᠡ ᠪᠥᠭᠡᠳ ᠨᠢᠭᠡᠳᠦᠯᠲᠡᠢ ᠡᠷᠦᠬᠡ ᠠᠮᠠ ᠵᠢᠨ ᠳᠠᠩᠰᠠ ᠵᠢᠨ ᠬᠠᠮᠢᠶᠠᠷᠤᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠲᠡᠭᠦᠯᠳᠡᠷᠵᠢᠭᠦᠯᠵᠦ᠂ ᠨᠥᠬᠥᠴᠡᠯ᠎ᠲᠠᠢ ᠬᠤᠳᠠ ᠵᠢᠨ᠎ᠬᠢᠨ᠎ᠢ ᠵᠣᠷᠢᠭᠵᠢᠭᠤᠯᠵᠤ ᠪᠠᠢ᠌ᠭ᠋ᠠᠳ ᠲᠣᠭᠲᠠᠪᠤᠷᠢᠲᠠᠢ ᠠᠵᠢᠯ ᠣᠯᠵᠤ ᠠᠮᠢᠳᠤᠷᠠᠵᠤ ᠪᠠᠶ᠋ᠢᠭ᠎ᠠ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠤᠳᠠ ᠵᠢᠨ ᠣᠷᠣᠨ ᠰᠠᠭᠤᠴᠠ ᠵᠢᠨ ᠪᠠᠲᠤᠯᠠᠭ᠎ᠠ ᠵᠢᠨ ᠲᠦᠷᠦ ᠵᠢᠨ ᠪᠣᠳᠣᠯᠭ᠎ᠠ ᠵᠢᠨ ᠬᠡᠪᠴᠢᠶᠡᠨ᠎ᠳᠤ ᠠᠯᠬᠤᠮ ᠠᠯᠬᠤᠮ ᠵᠶ᠋ᠠᠷ ᠣᠷᠣᠭᠤᠯᠵᠤ᠂ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠠᠬᠢ ᠳᠠᠭ᠋ᠠᠵᠤ ᠨᠡᠭᠦᠭᠰᠡᠨ ᠦᠷ᠎ᠡ ᠬᠡᠦᠬᠡᠳ᠎ᠤᠨ ᠨᠡᠭᠦᠵᠦ ᠣᠴᠢᠭᠰᠠᠨ ᠭᠠᠵᠠᠷ᠎ᠲᠠᠬᠢ ᠠᠯᠪᠠᠨ᠎ᠠᠴᠠ ᠡᠷᠬᠢᠯᠡᠭᠰᠡᠨ ᠰᠤᠷᠭ᠋ᠠᠭᠤᠯᠢ᠎ᠳᠤ ᠰᠤᠷᠤᠯᠴᠠᠬᠤ ᠬᠠᠷᠢᠴᠠᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠣᠯᠣᠭᠰᠠᠨ ᠭᠠᠵᠠᠷ᠎ᠤᠨ ᠳᠠᠭ᠋ᠠᠳᠬᠠᠯ᠎ᠳᠤ ᠣᠷᠣᠬᠤ ᠡᠷᠦᠬᠡ ᠠᠮᠠ ᠵᠢᠨ ᠬᠢᠵᠠᠭ᠋ᠠᠷᠯᠠᠯ᠎ᠢ᠎ᠨᠢ ᠪᠥᠬᠥ ᠲᠠᠯ᠎ᠠ᠎ᠪᠠᠷ ᠬᠦᠴᠦᠨ ᠦᠭᠡᠢ ᠪᠣᠯᠭ᠋ᠠᠬᠤ ᠵᠡᠷᠭᠡ ᠵᠢ ᠳᠤᠷᠠᠳᠪᠠ᠃ ᠡᠳᠡᠭᠡᠷ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠬᠤᠳᠠ᠎ᠳᠤ ᠣᠷᠣᠭᠰᠠᠨ ᠲᠠᠷᠢᠶᠠᠴᠢᠳ᠎ᠲᠤ ᠨᠡᠢ᠌ᠭᠡᠮ᠎ᠤᠨ ᠳᠠᠭ᠋ᠠᠳᠬᠠᠯ᠂ ᠣᠷᠣᠨ ᠰᠠᠭᠤᠴᠠ ᠵᠢᠨ ᠪᠠᠲᠤᠯᠠᠭ᠎ᠠ᠂ ᠳᠠᠭ᠋ᠠᠵᠤ ᠨᠡᠭᠦᠭᠰᠡᠨ ᠦᠷ᠎ᠡ ᠬᠡᠦᠬᠡᠳ᠎ᠤᠨ ᠬᠢᠨᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ ᠵᠡᠷᠭᠡ ᠲᠠᠯ᠎ᠠ᠎ᠳᠤ᠂ ᠠᠯᠬᠤᠮ ᠠᠯᠬᠤᠮ ᠵᠶ᠋ᠠᠷ ᠨᠡᠭᠦᠵᠦ ᠣᠴᠢᠭᠰᠠᠨ ᠭᠠᠵᠠᠷ᠎ᠲᠠᠬᠢ ᠡᠷᠦᠭᠡ ᠠᠮᠠ ᠵᠢᠨ ᠬᠠᠷᠢᠶ᠎ᠠ᠎ᠲᠠᠢ ᠬᠥᠮᠥᠨ ᠠᠮᠠ᠎ᠯᠤᠭ᠎ᠠ ᠠᠳᠠᠯᠢ ᠲᠡᠭᠰᠢ ᠪᠠᠢ᠌ᠬᠤ ᠡᠷᠬᠡ ᠵᠢ ᠡᠳ᠋ᠯᠡᠬᠦ ᠪᠣᠯᠭ᠋ᠠᠨ᠎ᠠ᠃
ᠬᠤᠳᠠ᠎ᠳᠤ ᠡᠷᠦᠭᠡ ᠠᠮᠠ᠎ᠪᠠᠨ ᠣᠷᠣᠭᠤᠯᠤᠭᠰᠠᠨ ᠲᠠᠷᠢᠶᠠᠴᠢᠳ᠎ᠤᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠡᠷᠬᠡ᠂ ᠣᠷᠣᠨ ᠰᠠᠭᠤᠴᠠ ᠵᠢᠨ ᠰᠠᠭᠤᠷᠢ ᠭᠠᠵᠠᠷ ᠬᠡᠷᠡᠭᠯᠡᠬᠦ ᠡᠷᠬᠡ᠂ ᠬᠠᠮᠲᠤ ᠵᠢᠨ ᠠᠰᠢᠭ ᠣᠷᠣᠯᠭ᠎ᠠ ᠬᠤᠪᠢᠶᠠᠷᠢᠯᠠᠬᠤ ᠡᠷᠬᠡ ᠵᠢ᠎ᠨᠢ ᠬᠠᠤᠯᠢ ᠶᠣᠰᠣᠭ᠋ᠠᠷ ᠬᠠᠮᠠᠭ᠋ᠠᠯᠠᠨ᠎ᠠ
ᠬᠤᠳᠠ᠎ᠳᠤ ᠡᠷᠦᠭᠡ ᠠᠮᠠ᠎ᠪᠠᠨ ᠣᠷᠣᠭᠤᠯᠤᠭᠰᠠᠨ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃ ᠪᠢᠴᠢᠭ ᠮᠠᠲ᠋ᠧᠷᠢᠶᠠᠯ᠎ᠳᠤ ᠳᠠᠬᠢᠨᠲᠠ ᠴᠢᠬᠤᠯᠠᠴᠢᠯᠠᠬᠤ᠎ᠳᠤ᠎ᠪᠠᠨ᠂ ᠬᠤᠳᠠ᠎ᠳᠤ ᠡᠷᠦᠭᠡ ᠠᠮᠠ᠎ᠪᠠᠨ ᠣᠷᠣᠭᠤᠯᠤᠭᠰᠠᠨ ᠲᠠᠷᠢᠶᠠᠴᠢᠳ᠎ᠤᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠡᠷᠬᠡ᠂ ᠣᠷᠣᠨ ᠰᠠᠭᠤᠴᠠ ᠵᠢᠨ ᠰᠠᠭᠤᠷᠢ ᠭᠠᠵᠠᠷ ᠬᠡᠷᠡᠭᠯᠡᠬᠦ ᠡᠷᠬᠡ᠂ ᠬᠠᠮᠲᠤ ᠵᠢᠨ ᠠᠰᠢᠭ ᠣᠷᠣᠯᠭ᠎ᠠ ᠬᠤᠪᠢᠶᠠᠷᠢᠯᠠᠬᠤ ᠡᠷᠬᠡ ᠵᠢ᠎ᠨᠢ ᠬᠠᠤᠯᠢ ᠶᠣᠰᠣᠭ᠋ᠠᠷ ᠬᠠᠮᠠᠭ᠋ᠠᠯᠠᠬᠤ ᠵᠢᠨ ᠬᠠᠮᠲᠤ᠂ ᠰᠠᠶ᠋ᠢᠨ ᠳᠤᠷ᠎ᠠ᠎ᠠᠴᠠ᠎ᠪᠠᠨ ᠲᠥᠯᠥᠪᠦᠷᠢ᠎ᠲᠠᠢ᠎ᠪᠠᠷ ᠪᠤᠴᠠᠨ ᠭᠠᠷᠬᠤ ᠠᠷᠭ᠎ᠠ ᠵᠢ ᠰᠦᠪᠡᠭᠴᠢᠯᠡᠨ ᠪᠣᠢ ᠪᠣᠯᠭ᠋ᠠᠬᠤ ᠬᠡᠷᠡᠭᠲᠡᠢ ᠭᠡᠵᠡᠢ᠃ ᠡᠨᠡ ᠲᠠᠯ᠎ᠠ᠎ᠪᠠᠷ᠎ᠬᠢ ᠭᠣᠣᠯ ᠪᠣᠳᠣᠯᠬᠢᠯᠠᠯ ᠪᠣᠯ᠂ ᠲᠠᠷᠢᠶᠠᠴᠢᠳ ᠪᠠ ᠭᠠᠵᠠᠷ ᠲᠠᠷᠢᠶᠠᠨ᠎ᠤ ᠠᠰᠠᠭᠤᠳᠠᠯ᠎ᠳᠤ᠂ ᠵᠠᠪᠠᠯ ᠲᠡᠦᠬᠡ ᠵᠢᠨ ᠬᠦᠯᠢᠴᠡᠩᠭᠦᠢ ᠣᠪᠣᠷ᠎ᠲᠠᠢ ᠪᠠᠢ᠌ᠬᠤ ᠬᠡᠷᠡᠭᠲᠡᠢ᠂ ᠲᠠᠷᠢᠶᠠᠴᠢᠳ ᠬᠤᠳᠠ᠎ᠳᠤ ᠲᠤᠢ᠌ᠯᠪᠤᠷᠢᠲᠠᠢ ᠲᠣᠭᠲᠠᠪᠤᠷᠢᠵᠢᠨ ᠰᠠᠭᠤᠷᠢᠰᠢᠬᠤ᠎ᠠᠴᠠ ᠡᠮᠦᠨ᠎ᠡ ᠲᠡᠳᠡᠨ᠎ᠤ ᠬᠥᠳᠡᠭᠡ ᠲᠣᠰᠬᠣᠨ᠎ᠳᠠᠬᠢ ᠠᠵᠤ ᠠᠮᠢᠳᠤᠷᠠᠯ᠎ᠤᠨ ᠬᠢᠨᠢ ᠵᠠᠮ᠎ᠢ ᠲᠠᠰᠤᠯᠬᠤ᠎ᠪᠠᠷ ᠶᠠᠭ᠋ᠠᠷᠠᠵᠤ ᠪᠣᠯᠬᠤ ᠦᠭᠡᠢ᠂ ᠲᠡᠳᠡᠨ᠎ᠢ ᠬᠣᠲᠠ᠎ᠳᠤ ᠣᠷᠣᠬᠤ᠂ ᠬᠥᠳᠡᠭᠡ᠎ᠳᠤ᠎ᠪᠠᠨ ᠪᠤᠴᠠᠬᠤ᠎ᠳᠤ ᠴᠥᠮ ᠪᠣᠯᠣᠮᠵᠢ᠎ᠲᠠᠢ ᠪᠠᠢ᠌ᠯᠭ᠋ᠠᠵᠤ᠂ ᠲᠡᠳᠡᠨ᠎ᠢ ᠢᠷᠡᠭᠰᠡᠨ ᠴᠤ᠌ ᠲᠡᠷᠡ ᠶᠠᠪᠤᠭᠰᠠᠨ ᠴᠤ᠌ ᠲᠡᠷᠡ ᠴᠥᠮ ᠦᠨᠳᠦᠰᠦ ᠪᠠᠷᠢᠮᠲᠠ ᠵᠢ᠎ᠨᠢ ᠦᠯᠡᠳᠡᠭᠡᠬᠦ ᠶᠠᠪᠤᠳᠠᠯ ᠪᠣᠯᠣᠨ᠎ᠠ᠃