ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠎ᠤ ᠲᠡᠷᠢᠭᠦᠨ ᠨᠢᠭᠤᠷ᠄ ᠰᠡᠳᠬᠢᠯ ᠵᠢᠷᠦᠬᠡᠨ᠎ᠦ ᠤᠶᠠᠭ᠎ᠠ᠂ ᠦᠢ᠍ᠯᠡ ᠠᠵᠢᠯᠯᠠᠭ᠋ᠠᠨ᠎ᠤ ᠵᠣᠷᠢᠯᠲᠠ
ᠨᠡᠶ᠋ᠢᠲᠡᠯᠡᠭᠰᠡᠨ ᠴᠠᠭ᠄ 2026-01-10

ᠰᠤᠷᠪᠤᠯᠵᠢᠯᠠᠭ᠍ᠴᠢ᠄ ᠰᠦᠨ ᠱᠢᠤ ᠶᠠᠨ


  1 ᠳ᠋ᠤᠭᠡᠷ ᠰᠠᠷ᠎ᠠ᠎ᠶ᠋ᠢᠨ 9 ᠎ᠤ ᠡᠳᠦᠷ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠤᠪᠴᠢᠶ᠎ᠠ ᠡᠳ᠋᠎ᠦᠨ ᠵᠠᠰᠠᠭ᠎ᠤᠨ ᠶᠠᠮᠤᠨ᠎ᠲᠠᠢ ᠬᠠᠮᠲᠤᠷᠠᠨ ᠮᠡᠲᠡᠭ᠌ᠲᠡᠯ ᠨᠡᠢᠲᠡᠯᠡᠵᠦ᠍᠂ ᠠᠵᠢᠯᠲᠠᠨ ᠠᠵᠢᠯᠴᠢᠨ᠎ᠤ ᠦᠨᠲᠤᠰᠤᠨ ᠡᠮᠴᠢᠯᠡᠭᠡᠨ᠎ᠦ ᠲᠠᠭᠠᠳᠭᠠᠯ᠎ᠤᠨ ᠬᠤᠪᠢ ᠬᠦᠮᠦᠨ᠎ᠤ ᠲᠠᠩᠰᠠᠨ ᠡᠷᠦᠭᠡ᠎ᠶ᠋ᠢᠨ ᠬᠠᠷᠢᠯᠴᠠᠨ ᠲᠤᠰᠠᠯᠠᠯᠴᠠᠬᠤ ᠬᠦᠷᠢᠶ᠎ᠠ ᠬᠡᠪᠴᠢᠶ᠎ᠠ᠎ᠶ᠋ᠢ ᠮᠤᠵᠢ᠎ᠶ᠋ᠢᠨ ᠲᠤᠲᠤᠷ᠎ᠠ᠎ᠡᠴᠡ ᠪᠦᠭᠦ᠌ ᠤᠯᠤᠰ᠎ᠲᠤ ᠬᠦᠷᠲᠡᠯ᠎ᠡ ᠦᠷᠬᠡᠳᠭᠡᠪᠡ᠃ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠲᠠᠱᠢᠷᠠᠮ᠎ᠳᠤ᠂ ᠡᠨᠡ ᠬᠦ᠌ ᠭᠠᠵᠠᠷ ᠣᠷᠣᠨ᠎ᠤ ᠬᠢᠵᠠᠭᠠᠷᠯᠠᠯ᠎ᠢ ᠡᠪᠳᠡᠭ᠌ᠰᠡᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠨᠢ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠱᠢᠨ᠎ᠡ ᠬᠠᠨᠳᠤᠰᠢ᠎ᠳᠤ ᠨᠡᠢᠴᠡᠵᠦ᠍᠂ ᠠᠷᠠᠳ᠎ᠤᠨ ᠠᠮᠢᠳᠤᠷᠠᠯ᠎ᠤᠨ ᠱᠢᠨ᠎ᠡ ᠬᠡᠷᠡᠭ᠌ᠴᠡᠭᠡ᠎ᠳᠤ ᠨᠡᠢᠴᠡᠵᠦ᠍᠂ ᠰᠡᠩᠬᠡᠷᠡᠭᠦᠯᠦᠯ᠎ᠤᠨ ᠠᠴᠢ ᠬᠤᠯᠪᠣᠭ᠍ᠳᠠᠯ᠎ᠲᠠᠢ ᠶᠤᠮ᠃

  ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠵᠤ᠂ ᠣᠨᠣᠪᠴᠢᠲᠠᠶ ᠬᠦᠴᠦᠯᠡᠨ ᠴᠢᠷᠮᠠᠢ᠌ᠨ᠎ᠠ᠃ ᠶᠠᠭᠤ᠎ᠶ᠋ᠢ ᠰᠠᠢᠨ ᠶᠠᠪᠤᠳᠠᠯ ᠪᠣᠳᠠᠲᠤ ᠶᠠᠪᠤᠳᠠᠯ ᠭᠡᠬᠦ᠌ ᠪᠤᠢ᠂ ᠤᠯᠠᠨ ᠲᠦᠮᠡᠨ᠎ᠤ ᠲᠤᠰ ᠪᠡᠶ᠎ᠡ᠎ᠶ᠋ᠢᠨ ᠬᠡᠷᠡᠭ᠌ᠴᠡᠭᠡ᠎ᠠᠴᠠ ᠪᠣᠳᠣᠯᠬᠢᠯᠠᠬᠤ ᠬᠡᠷᠡᠭ᠌ᠲᠡᠢ᠃ ᠠᠵᠢᠯᠲᠠᠨ ᠠᠵᠢᠯᠴᠢᠨ᠎ᠤ ᠡᠮᠴᠢᠯᠡᠭᠡᠨ᠎ᠦ ᠳᠠᠭᠠᠳᠭᠠᠯ᠎ᠤᠨ ᠬᠤᠪᠢ ᠬᠥᠮᠦᠨ᠎ᠤ ᠳᠠᠩᠰᠠᠨ ᠡᠷᠦᠬᠡ᠎ᠳᠠᠬᠢ ᠪᠡᠯᠡ ᠮᠥᠩᠭᠦ᠎ᠶ᠋ᠢ 《 ᠭᠡᠷ ᠪᠦᠯᠢ᠎ᠶ᠋ᠢᠨ ᠡᠷᠡᠭᠦᠯ ᠮᠡᠨᠳᠦ᠍᠎ᠶ᠋ᠢᠨ ᠮᠥᠩᠭᠦ᠌ 》 ᠪᠣᠯᠭᠠᠨ ᠬᠤᠪᠢᠷᠠᠭᠤᠯᠵᠤ᠂ ᠬᠡᠦᠬᠡᠳ ᠪᠤᠢᠵᠢᠭᠤᠯᠬᠤ ᠭᠡᠷ ᠪᠦᠯᠢ᠎ᠶ᠋ᠢᠨ ᠬᠡᠦᠬᠡᠳ ᠨᠢᠭᠡᠪᠦᠷᠢ᠎ᠳᠤ ᠰᠠᠷ᠎ᠠ ᠪᠦᠷᠢ 300 ᠲᠥᠭᠦᠷᠢᠭ᠎ᠤᠨ ᠨᠥᠬᠦᠪᠥᠷᠢ ᠣᠯᠭᠤᠵᠤ᠂ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ᠎ᠨᠢ ᠨᠠᠰᠤᠲᠠᠢᠴᠤᠳ᠎ᠲᠤ ᠳᠥᠭᠥᠮ ᠦᠵᠡᠭᠦᠯᠵᠦ ᠁ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠳᠤ ᠠᠷᠠᠳ ᠲᠦᠮᠡᠨ ᠶᠠᠭᠤ᠎ᠶ᠋ᠢ ᠬᠠᠯᠠᠮᠵᠢᠯᠠᠬᠤ᠂ ᠶᠠᠭᠤ᠎ᠶ᠋ᠢ ᠬᠦᠰᠡᠨ ᠡᠷᠡᠮᠡᠯᠵᠡᠬᠦ᠌᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠳᠤ ᠶᠠᠭᠤ᠎ᠶᠢ ᠠᠳᠬᠤᠪᠠᠯ᠂ ᠶᠠᠭᠤ᠎ᠶ᠋ᠢ ᠠᠬᠢᠭᠤᠯᠤᠨ᠎ᠠ᠃

  ᠵᠠᠩᠭᠢᠯᠠᠭ᠎ᠠ᠎ᠶ᠋ᠢᠨ ᠪᠠᠭ᠎ᠠ ᠶᠠᠪᠤᠳᠠᠯ᠂ ᠯᠠᠪᠳᠠᠭᠤᠨ ᠪᠠᠲᠤᠲᠠᠢ ᠬᠢᠨ᠎ᠡ᠃ ᠤᠯᠠᠨ ᠲᠦᠮᠡᠨ᠎ᠤ ᠵᠠᠩᠭᠢᠯᠠᠭ᠎ᠠ᠎ᠶ᠋ᠢᠨ ᠪᠠᠭ᠎ᠠ ᠶᠠᠪᠤᠳᠠᠯ ᠪᠣᠯ ᠳᠠᠷᠤᠢ ᠮᠠᠨ᠎ᠤ ᠲᠡᠷᠢᠭᠦᠨ ᠴᠢᠬᠤᠯᠠ ᠶᠠᠪᠤᠳᠠᠯ ᠪᠣᠯᠤᠨ᠎ᠠ᠂ ᠰᠠᠢᠨ ᠶᠠᠪᠤᠳᠠᠯ᠎ᠢ ᠰᠠᠢᠲᠤᠷ ᠬᠢᠵᠦ᠍᠂ ᠪᠣᠳᠠᠲᠠᠢ ᠶᠠᠪᠤᠳᠠᠯ᠎ᠢ ᠪᠣᠳᠠᠲᠠᠢ ᠬᠢᠵᠦ᠍᠂ ᠬᠦᠴᠢᠷ ᠶᠠᠪᠤᠳᠠᠯ᠎ᠢ ᠵᠣᠬᠢᠰᠲᠠᠢ ᠰᠢᠢ᠍ᠳᠪᠦᠷᠢᠯᠡᠨ᠎ᠡ᠃ ᠮᠤᠵᠢ᠎ᠶ᠋ᠢᠨ ᠳᠣᠲᠣᠭᠠᠳᠤ᠎ᠠᠴᠠ ᠬᠠᠷᠢᠯᠴᠠᠨ ᠲᠤᠰᠠᠯᠠᠯᠴᠠᠬᠤ᠎ᠶ᠋ᠢ ᠥᠷᠨᠢᠭᠦᠯᠬᠦ᠌᠎ᠠᠴᠠ ᠲᠤᠷᠱᠢᠯᠲᠠ᠎ᠶ᠋ᠢᠨ ᠴᠡᠭ᠎ᠤᠨ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠬᠦᠷᠲᠡᠯ᠎ᠡ᠂ ᠳᠠᠬᠢᠨ ᠥᠷᠭᠡᠳᠬᠡᠬᠦ᠎ᠡᠴᠡ ᠪᠥᠬᠦ᠌ ᠤᠯᠤᠰ᠎ᠲᠤ ᠬᠦᠷᠲᠡᠯ᠎ᠡ᠂ ᠠᠵᠢᠯᠲᠠᠨ ᠠᠵᠢᠯᠴᠢᠨ᠎ᠤ ᠡᠮᠴᠢᠯᠡᠭᠡᠨ᠎ᠦ ᠳᠠᠭᠠᠳᠭᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠎ᠶ᠋ᠢᠨ ᠬᠠᠷᠢᠯᠴᠠᠨ ᠲᠤᠰᠠᠯᠠᠯᠴᠠᠬᠤ ᠥᠭᠡᠷᠡᠴᠢᠯᠡᠯᠲᠡ᠎ᠶ᠋ᠢ ᠭᠡᠷᠡᠴᠢᠯᠡᠭ᠌ᠰᠡᠨ᠎ᠨᠢ ᠭᠠᠭ᠍ᠴᠠ ᠬᠦ᠌ ᠪᠣᠳᠠᠲᠠᠢ᠎ᠠᠴᠠ ᠡᠭᠦᠰᠴᠦ᠍᠂ ᠵᠢᠮ᠎ᠡ ᠶᠣᠰᠣ᠎ᠪᠠᠷ ᠠᠵᠢᠯᠯᠠᠵᠤ᠂ ᠬᠤᠷᠳᠤᠴᠠ ᠪᠠ ᠠᠢᠵᠠᠮ᠎ᠢ ᠡᠵᠡᠮᠳᠡᠪᠡᠯ ᠰᠠᠶᠢ ᠲᠣᠭ᠍ᠲᠠᠭᠤᠨ᠎ᠤ ᠳᠤᠮᠳᠠ ᠤᠷᠤᠭ᠍ᠰᠢᠯᠠᠵᠤ᠂ ᠯᠠᠪᠳᠠᠭᠤᠨ᠎ᠢᠶᠠᠷ ᠬᠤᠯᠠ ᠠᠶᠠᠯᠠᠵᠤ ᠴᠢᠳᠠᠨ᠎ᠠ᠃

   ᠰᠡᠳᠬᠢᠯ ᠵᠢᠷᠦᠬᠡᠨ᠎ᠦ ᠤᠶᠠᠭ᠎ᠠ᠂ ᠦᠢ᠍ᠯᠡ ᠠᠵᠢᠯᠯᠠᠭ᠋ᠠᠨ᠎ᠤ ᠵᠣᠷᠢᠯᠲᠠ᠃ ᠥᠭᠡᠷᠡᠴᠢᠯᠡᠯᠲᠡ᠎ᠪᠠᠷ ᠪᠢᠷ ᠪᠣᠯᠭᠠᠵᠤ᠂ ᠪᠣᠳᠠᠲᠤ ᠠᠵᠢᠯᠯᠠᠭ᠎ᠠ᠎ᠪᠠᠷ ᠪᠢᠷ ᠪᠣᠯᠭᠠᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠤᠯᠠᠨ ᠲᠦᠮᠡᠨ᠎ᠤ ᠵᠣᠯ ᠵᠢᠷᠭᠠᠯᠲᠤ ᠠᠮᠢᠳᠤᠷᠠᠯ᠎ᠤᠨ ᠱᠢᠨ᠎ᠡ ᠬᠠᠭᠤᠳᠠᠰᠤ᠎ᠶ᠋ᠢ ᠪᠢᠴᠢᠭᠯᠡᠨ᠎ᠡ᠃

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            