ᠪᠠᠭ᠎ᠠ ᠬᠡᠷ ᠪᠦᠯᠢ ᠱᠢᠨ᠎ᠡ ᠠᠮᠢ ᠨᠠᠰᠤ᠎ᠶ᠋ᠢ ᠤᠭ᠍ᠲᠤᠬᠤ ᠶᠠᠪᠤᠴᠠ᠎ᠳᠤ᠂ ᠦᠷᠡᠵᠢᠯ᠎ᠤᠨ ᠡᠮᠴᠢᠯᠡᠭᠡᠨ᠎ᠦ ᠵᠤᠭᠤᠰ ᠨᠢ ᠪᠠᠭ᠎ᠠ ᠪᠤᠰᠤ ᠵᠠᠷᠤᠳᠠᠯ ᠪᠣᠯᠤᠨ᠎ᠠ᠃ ᠣᠢᠷ᠎ᠠ᠎ᠶ᠋ᠢᠨ ᠵᠢᠯ᠎ᠤᠳ᠎ᠲᠤ᠌᠂ ᠥᠪᠥᠷ ᠮᠣᠩᠭᠤᠯ ᠣᠯᠭᠤᠮᠵᠢ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠂ ᠭᠠᠷᠲᠠᠨ ᠭᠦᠢᠴᠡᠳᠭᠡᠬᠦ᠌ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠡᠮᠴᠢᠯᠡᠭᠡᠨ᠎ᠤ ᠳᠠᠭᠠᠳᠭᠠᠯ᠎ᠢᠶᠠᠷ ᠬᠡᠤᠬᠡᠳ ᠠᠪᠬᠤ᠎ᠶ᠋ᠢ ᠳᠡᠮᠵᠢᠬᠦ᠌ ᠰᠠᠭᠤᠷᠢ ᠴᠢᠨᠠᠷᠲᠠᠶ᠂ ᠣᠷᠳᠣ ᠬᠤᠭᠤᠴᠠᠭᠠᠨ᠎ᠤ ᠴᠢᠨᠠᠷᠲᠠᠶ ᠲᠦᠷᠢᠮ᠎ᠤᠨ ᠪᠠᠲᠤᠯᠠᠭ᠎ᠠ᠎ᠶ᠋ᠢᠨ ᠴᠢᠳᠠᠮᠵᠢ᠎ᠶ᠋ᠢ ᠪᠠᠳᠠᠷᠠᠭᠤᠯᠵᠤ᠂ ᠵᠣᠬᠢᠬᠤ ᠨᠠᠰᠤᠨ᠎ᠤ ᠬᠥᠮᠦᠰ᠎ᠲᠤ 《 ᠲᠦᠷᠦᠵᠦ ᠳᠡᠢ᠌ᠯᠬᠦ᠂ ᠵᠣᠷᠢᠭ᠍ᠲᠠᠶ᠎ᠪᠠᠷ ᠲᠦᠷᠦᠬᠦ ᠂ ᠱᠢᠯᠢᠳᠡᠭ ᠲᠥᠷᠥᠬᠦ᠌》 ᠰᠥᠰᠥ᠍ ᠵᠣᠷᠢᠭ᠎ᠢ ᠭᠦᠢᠴᠡᠳ ᠬᠥᠭ᠌ᠵᠢᠭᠡᠪᠡ᠃
《 ᠵᠢᠷᠮᠦᠰᠦᠯᠡᠭᠰᠡᠨ᠎ᠡᠴᠡ ᠠᠪᠤᠭᠠᠳ ᠬᠡᠦᠬᠡᠳ᠎ᠢᠶᠡᠨ ᠲᠦᠷᠦᠭᠦ ᠪᠣᠯᠲᠠᠯ᠎ᠠ ᠥᠪᠡᠷ᠎ᠢᠶᠡᠨ ᠪᠠᠷᠤᠭ ᠵᠣᠭᠣᠰ ᠵᠠᠷᠤᠭᠰᠠᠨ ᠦᠭᠡᠢ ᠭᠡᠳᠡᠭ᠎ᠢ ᠲᠥᠰᠥᠭᠡᠯᠡᠬᠦ᠎ᠶᠢᠨ ᠠᠷᠭ᠎ᠠ ᠦᠭᠡᠢ ᠶᠤᠮ》 ᠃ 8 ᠳ᠋ᠤᠭ᠋ᠠᠷ ᠰᠠᠷ᠎ᠠ᠎ᠶ᠋ᠢᠨ ᠡᠬᠢ᠎ᠪᠠᠷ᠂ ᠯᠢᠦ ᠴᠢᠶᠠᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠤᠷᠢᠶᠠᠨ᠎ᠳᠤ ᠬᠥᠩᠭᠡᠵᠢᠵᠦ᠍᠂ ᠡᠨᠡ ᠬᠡᠳᠦᠨ ᠡᠳᠦᠷ ᠪᠦᠬᠦ᠋ᠢᠯᠡ ᠬᠡᠤᠬᠡᠳ᠎ᠤᠨ ᠦᠶᠡᠯᠡᠯ᠎ᠤᠨ ᠬᠤᠭᠤᠴᠠᠭᠠᠨ᠎ᠤ ᠡᠮᠴᠢᠯᠡᠭᠡᠨ᠎ᠤ ᠵᠠᠷᠤᠳᠠᠯ᠎ᠢ ᠲᠣᠭᠠᠴᠠᠭ᠎ᠠ ᠬᠢᠭ᠌ᠰᠡᠨ᠎ᠤ ᠳᠠᠷᠠᠭ᠎ᠠ᠂ ᠬᠤᠪᠢ ᠬᠥᠮᠦᠨ᠎ᠤ ᠡᠭᠦᠷᠭᠡᠯᠡᠬᠦ᠌ ᠵᠠᠷᠤᠳᠠᠯ᠎ᠢ ᠪᠠᠷᠤᠭ ᠣᠮᠲᠣᠭᠠᠢᠯᠠᠵᠤ ᠪᠣᠯᠣᠨ᠎ᠠ ᠭᠡᠳᠡᠭ᠎ᠢ ᠲᠡᠷᠡ ᠶᠡᠬᠡᠳᠡ ᠭᠠᠢᠬᠠᠪᠠ᠃ 《 ᠵᠢᠷᠮᠦᠰᠦᠯᠡᠭᠡᠳ 6 ᠭᠠᠷᠠᠭ ᠪᠤᠯᠵᠦ ᠲᠠᠩᠰᠠ ᠡᠪᠬᠡᠮᠡᠯ ᠪᠠᠢᠭᠤᠯᠤᠭ᠍ᠰᠠᠨ᠎ᠠᠴᠠ 37 ᠭᠠᠷᠠᠭ ᠪᠤᠯᠤᠭ᠋ᠠᠳ ᠬᠡᠥᠬᠡᠳ ᠭᠠᠷᠴᠦ ᠢᠷᠡᠬᠦ ᠬᠦᠷᠲᠡᠯ᠎ᠡ᠂ 8 ᠤᠳᠠᠭᠠᠨ᠎ᠤ ᠬᠥᠩᠭᠡᠵᠢᠭ᠌ᠰᠡᠨ ᠪᠠᠢᠴᠠᠭᠠᠯᠲᠠ᠎ᠶ᠋ᠢᠨ ᠵᠠᠷᠤᠳᠠᠯ᠎ᠨᠢ 6081.59 ᠲᠥᠭᠦᠷᠢᠭ᠂ 6041.59 ᠲᠥᠭᠦᠷᠢᠭ᠎ᠤᠨ ᠡᠮᠴᠢᠯᠡᠭᠡᠨ᠎ᠦ ᠳᠠᠭᠠᠳᠭᠠᠯ᠎ᠤᠨ ᠳᠠᠩᠰᠠ ᠲᠠᠢ᠌ᠯᠠᠭᠰᠠᠨ ᠪᠠᠢᠨ᠎ᠠ᠃ 3 ᠡᠳᠦᠷ ᠬᠡᠦᠬᠡᠳ ᠡᠮᠨᠡᠯᠭᠡ᠎ᠳᠦ ᠰᠠᠭᠤᠭ᠍ᠰᠠᠨ ᠰᠦᠢᠳᠭᠡᠯ ᠨᠡᠢᠲᠡ 3192.05 ᠲᠥᠭᠥᠷᠢᠭ ᠂ 3131.05 ᠲᠥᠭᠦᠷᠢᠭ᠎ᠤᠨ ᠡᠮᠴᠢᠯᠡᠭᠡᠨ᠎ᠦ ᠳᠠᠭᠠᠳᠭᠠᠯ᠎ᠤᠨ ᠳᠠᠩᠰᠠ ᠲᠠᠢ᠌ᠯᠠᠭᠰᠠᠨ ᠪᠠᠢᠨ᠎ᠠ ᠃ ᠦᠯᠡᠳᠡᠭᠰᠡᠨ 101 ᠲᠥᠭᠥᠷᠢᠭ ᠢ᠋ ᠴᠦ᠍ ᠴᠥᠮ ᠡᠮᠴᠢᠯᠡᠭᠡᠨ᠎ᠦ ᠳᠠᠭᠠᠳᠬᠠᠯ᠎ᠤᠨ ᠬᠤᠪᠢ ᠬᠥᠮᠥᠨ᠎ᠦ ᠳᠠᠩᠰᠠᠨ ᠡᠷᠦᠬᠡ᠎ᠡᠴᠡ ᠭᠠᠷᠭᠠᠭᠰᠠᠨ ᠶᠤᠮ ᠂ ᠡᠨᠡ ᠨᠢ ᠪᠢ ᠥᠪᠡᠷ ᠢ᠋ᠶ᠋ᠡᠨ ᠬᠠᠷᠮᠠᠨ ᠠ᠋ᠴᠠ᠎ᠪᠠᠨ ᠨᠢᠭᠡ ᠮᠥᠩᠭᠥ ᠴᠦ᠍ ᠭᠠᠷᠭᠠᠭᠰᠠᠨ ᠦᠭᠡᠢ᠎ᠲᠠᠢ ᠲᠡᠩᠴᠡᠨ᠎ᠡ ᠭᠡᠪᠡ ᠃
ᠥᠪᠥᠷ ᠮᠣᠩᠭᠣᠯ ᠬᠥᠩᠭᠡᠵᠢᠯᠲᠡ᠎ᠶᠢᠨ ᠡᠪᠡᠳᠬᠦ᠎ᠶᠢ ᠵᠣᠭᠰᠤᠭᠠᠬᠤ᠂ ᠲᠥᠷᠥᠯ ᠰᠠᠳᠤᠨ ᠬᠥᠩᠭᠡᠵᠢᠯᠲᠡ᠎ᠳᠦ ᠪᠠᠷ᠎ᠠ ᠪᠣᠯᠬᠤ᠂ ᠬᠥᠭᠵᠢᠮ ᠬᠥᠲᠥᠯᠵᠦ ᠬᠥᠩᠭᠡᠵᠢᠭᠦᠯᠬᠦ ᠵᠡᠷᠭᠡ ᠡᠮᠴᠢᠯᠡᠭᠡᠨ᠎ᠦ ᠦᠢᠯᠡᠴᠢᠯᠡᠭᠡᠨ᠎ᠦ ᠲᠥᠷᠥᠯ ᠵᠦᠢᠯ᠎ᠢ ᠰᠢᠨ᠎ᠡ᠎ᠪᠡᠷ ᠲᠣᠬᠢᠷᠠᠭᠤᠯᠵᠤ ᠂ ᠬᠥᠩᠭᠡᠵᠢᠭᠴᠢ᠎ᠶᠢᠨ ᠣᠯᠠᠨ ᠡᠰᠢᠲᠦ ᠦᠢᠯᠡᠴᠢᠯᠡᠭᠡᠨ᠎ᠦ ᠬᠡᠷᠡᠭᠴᠡᠭᠡ᠎ᠶᠢ ᠬᠠᠩᠭ᠋ᠠᠪᠠ᠃ ᠡᠭᠦᠨ᠎ᠤ ᠬᠠᠮᠲᠤ᠌᠂ ᠬᠤᠢᠲᠤᠬᠢᠶ᠋ᠢᠨ ᠥᠰᠥᠯᠲᠡ᠎ᠶ᠋ᠢᠨ ᠦᠷᠡᠵᠢᠯ᠎ᠢ ᠪᠠᠢᠴᠠᠭᠠᠨ ᠱᠢᠯᠭᠠᠬᠤ᠂ ᠭᠧᠨ᠎ᠢ ᠪᠠᠢᠴᠠᠭᠠᠨ ᠱᠢᠯᠭᠠᠬᠤ ᠵᠡᠷᠭᠡ ᠬᠥᠩᠭᠡᠵᠢᠬᠦ᠌᠎ᠠᠴᠠ ᠡᠮᠦᠨᠡᠬᠢ ᠪᠠᠢᠴᠠᠭᠠᠯᠲᠠ᠎ᠶ᠋ᠢᠨ ᠲᠥᠷᠥᠯ ᠵᠦᠢᠯ ᠪᠠ ᠬᠥᠩᠭᠡᠵᠢᠬᠦ᠌᠎ᠶ᠋ᠢ ᠪᠠᠯᠭᠠᠰᠤᠨ᠎ᠤ ᠲᠥᠷᠥᠯ ᠵᠦᠢᠯ᠎ᠢ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠬᠡᠪᠴᠢᠶᠡᠨ᠎ᠳᠤ ᠣᠷᠣᠭᠤᠯᠵᠤ᠂ ᠡᠮᠴᠢᠯᠡᠭᠡ᠎ᠶ᠋ᠢ ᠳᠡᠮᠵᠢᠵᠦ᠍ ᠪᠠᠢᠭᠠᠳ ᠬᠡᠪᠡᠯᠢ᠎ᠳᠠᠬᠢ ᠬᠡᠦᠬᠡᠳ᠎ᠤᠨ ᠵᠡᠷᠡᠮᠳᠡᠭ ᠲᠦᠷᠦᠭᠦ᠎ᠶ᠋ᠢ ᠰᠡᠷᠭᠡᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠬᠥᠩᠭᠡᠵᠢᠭ᠌ᠰᠡᠨ ᠡᠮᠡᠭ᠌ᠲᠡᠢᠴᠦᠳ᠎ᠤᠨ ᠳᠠᠷᠤᠭᠠᠰᠤ᠎ᠶ᠋ᠢ ᠬᠥᠩᠭᠡᠯᠡᠬᠦ᠌ ᠮᠥᠷᠲᠡᠭᠡᠨ ᠡᠪᠡᠳᠬᠦ᠌᠎ᠶ᠋ᠢ ᠬᠥᠩᠭᠡᠷᠡᠭᠦᠯᠵᠦ᠍᠂ ᠰᠠᠢᠨ ᠲᠥᠷᠥᠵᠤ ᠰᠠᠢᠬᠠᠨ ᠬᠥᠭ᠌ᠵᠢᠬᠦ᠌ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃
ᠡᠭᠦᠨ᠎ᠠᠴᠠ ᠡᠮᠦᠨ᠎ᠡ᠂ ᠥᠪᠥᠷ ᠮᠣᠩᠭᠤᠯ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌ ᠬᠡᠪᠴᠢᠶ᠎ᠡ᠎ᠪᠠᠨ ᠲᠠᠰᠤᠷᠠᠯᠲᠠ ᠥᠬᠡᠶ ᠥᠷᠭᠡᠳᠭᠡᠵᠦ᠍᠂ ᠦᠨᠳᠦᠰᠦᠨ᠎ᠳᠡᠭᠡᠨ ᠦᠷᠭᠦᠯᠵᠢ ᠬᠡᠷᠡᠭ᠌ᠯᠡᠳᠡᠭ ᠪᠣᠶ ᠪᠥᠬᠦᠶ ᠦᠷᠡᠵᠢᠯ᠎ᠤᠨ ᠡᠮᠴᠢᠯᠡᠭᠡᠨ᠎ᠤ ᠦᠢᠯᠡᠴᠢᠯᠡᠭᠡᠨ᠎ᠤ ᠲᠥᠷᠥᠯ ᠵᠦᠢᠯ᠎ᠢ ᠬᠠᠮᠤᠷᠴᠠᠶ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ᠌᠂ ᠬᠥᠯᠥᠨ ᠪᠤᠢᠷ᠂ ᠤᠯᠠᠭᠠᠨᠬᠠᠳᠠ᠂ ᠪᠠᠶᠠᠨᠨᠠᠭᠤᠷ᠂ ᠣᠷᠳᠣᠰ᠂ ᠱᠢᠯᠢ᠎ᠶ᠋ᠢᠨ ᠭᠤᠤᠯ ᠵᠡᠷᠭᠡ ᠨᠢᠭᠡᠳᠦᠯᠲᠡᠶ ᠲᠥᠯᠥᠪᠯᠡᠬᠦ᠌ ᠣᠷᠣᠨ᠎ᠨᠢ ᠦᠷᠡᠵᠢᠯ᠎ᠤᠨ ᠳᠠᠭᠠᠳᠭᠠᠯ᠎ᠤᠨ ᠡᠮᠴᠢᠯᠡᠭᠡᠨ᠎ᠤ ᠬᠠᠷᠠᠭᠠᠯᠵᠠᠯ᠎ᠢ ᠵᠠᠯᠭᠠᠭ᠎ᠠ᠎ᠪᠠᠷ ᠳᠣᠭᠢᠷᠠᠭᠤᠯᠤᠨ ᠱᠢᠯᠢᠳᠡᠭ᠌ᠵᠢᠭᠦᠯᠪᠡ᠃ ᠡᠮᠨᠡᠯᠭᠡ᠎ᠳᠤ ᠰᠠᠭᠤᠬᠤ ᠲᠠᠯ᠎ᠠ᠎ᠪᠠᠷ᠂ ᠠᠵᠢᠯᠲᠠᠨ ᠠᠵᠢᠯᠴᠢᠨ᠎ᠤ ᠬᠥᠩᠭᠡᠵᠢᠯ᠎ᠤᠨ ᠡᠮᠨᠡᠯᠭᠡ᠎ᠳᠤ ᠰᠠᠭᠤᠭ᠍ᠰᠠᠨ ᠵᠠᠷᠤᠳᠠᠯ᠎ᠢ ᠡᠮᠴᠢᠯᠡᠭᠡᠨ᠎ᠤ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ᠎ᠳᠤ ᠨᠡᠢᠴᠡᠬᠦ᠌ ᠵᠠᠷᠤᠳᠠᠯ᠎ᠢ ᠬᠢᠵᠠᠭᠠᠷᠯᠠᠭ᠍ᠰᠠᠨ ᠲᠤᠭ᠎ᠠ᠎ᠪᠠᠷ ᠥᠭ᠌ᠬᠦ᠎ᠠᠴᠠ ᠪᠣᠳᠠᠲᠠᠶ᠎ᠪᠠᠷ ᠥᠭ᠌ᠬᠦ ᠪᠣᠯᠭᠠᠨ ᠳᠣᠭᠢᠷᠠᠭᠤᠯᠵᠤ᠂ ᠡᠬᠢᠯᠡᠵᠦ᠍ ᠥᠭ᠌ᠬᠦ ᠱᠤᠭᠤᠮ ᠭᠠᠷᠭᠠᠬᠤ ᠥᠬᠡᠶ᠃ ᠬᠥᠩᠭᠡᠵᠢᠬᠦ᠌ ᠪᠠᠢᠴᠠᠭᠠᠯᠲᠠ᠎ᠶ᠋ᠢᠨ ᠲᠠᠯ᠎ᠠ᠎ᠪᠠᠷ᠂ ᠡᠮᠡᠭ᠌ᠲᠡᠶ ᠠᠵᠢᠯᠲᠠᠨ ᠠᠵᠢᠯᠴᠢᠨ᠎ᠤ ᠵᠢᠷᠮᠦᠰᠦᠨ ᠬᠤᠭᠤᠴᠠᠭ᠎ᠠ᠂ ᠬᠥᠩᠭᠡᠵᠢᠬᠦ᠌ ᠬᠤᠭᠤᠴᠠᠭ᠎ᠠ᠂ ᠬᠥᠩᠭᠡᠵᠢᠬᠦ᠌ ᠳᠡᠪᠢᠰᠭᠡᠷ᠎ᠤᠨ ᠬᠤᠭᠤᠴᠠᠭᠠᠨ᠎ᠳᠤ ᠭᠠᠷᠤᠭ᠍ᠰᠠᠨ ᠡᠮᠴᠢᠯᠡᠭᠡᠨ᠎ᠦ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ᠎ᠳᠤ ᠨᠡᠢᠴᠡᠬᠦ᠌ ᠡᠭᠦᠳᠡᠨ ᠡᠮᠨᠡᠯᠭᠡ᠎ᠶ᠋ᠢᠨ ᠬᠥᠩᠭᠡᠵᠢᠯᠲᠡ᠎ᠶ᠋ᠢᠨ ᠪᠠᠢᠴᠠᠭᠠᠯᠲᠠ᠎ᠶ᠋ᠢᠨ ᠵᠠᠷᠤᠳᠠᠯ᠎ᠢ ᠬᠢᠵᠠᠭᠠᠷᠯᠠᠭ᠍ᠰᠠᠨ ᠲᠤᠭ᠎ᠠ 1000 ᠲᠥᠭᠦᠷᠢᠭ / ᠬᠥᠪᠦᠷᠡᠯ ᠪᠦᠷᠢ᠎ᠶ᠋ᠢ ᠪᠣᠳᠠᠲᠤ ᠪᠠᠢᠳᠠᠯ᠎ᠢ ᠦᠨᠳᠦᠰᠦᠯᠡᠨ ᠲᠥᠯᠥᠬᠦ᠌᠎ᠶ᠋ᠢᠨ ᠬᠠᠮᠲᠤ ᠡᠬᠢᠯᠡᠵᠦ᠍ ᠥᠭ᠌ᠬᠦ ᠱᠤᠭᠤᠮ ᠵᠢᠴᠢ ᠳᠡᠭᠡᠷ᠎ᠡ ᠲᠠᠯ᠎ᠠ᠎ᠶ᠋ᠢᠨ ᠬᠢᠵᠠᠭᠠᠷ ᠪᠣᠯᠭᠠᠨ ᠲᠣᠬᠢᠷᠠᠭᠤᠯᠵᠤ᠂ ᠠᠵᠢᠯᠲᠠᠨ ᠠᠵᠢᠯᠴᠢᠨ᠎ᠤ ᠡᠮᠴᠢᠯᠡᠭᠡᠨ᠎ᠦ ᠳᠠᠭᠠᠳᠭᠠᠯ᠎ᠤᠨ ᠡᠩ᠎ᠤᠨ ᠡᠭᠦᠳᠡᠨ ᠡᠮᠨᠡᠯᠭᠡ᠎ᠶ᠋ᠢᠨ ᠨᠢᠭᠡᠳᠦᠯᠲᠡᠶ ᠲᠥᠯᠥᠪᠯᠡᠬᠦ᠌ ᠰᠠᠭᠤᠷᠢ ᠮᠥᠩᠭᠦ᠎ᠶ᠋ᠢ ᠪᠠᠰᠠ ᠬᠥᠩᠭᠡᠵᠢᠯᠲᠡ᠎ᠶ᠋ᠢᠨ ᠪᠠᠢᠴᠠᠭᠠᠯᠲᠠ᠎ᠳᠤ ᠬᠡᠷᠡᠭ᠌ᠯᠡᠵᠦ᠍ ᠪᠣᠯᠤᠨ᠎ᠠ᠂ ᠬᠤᠪᠢ ᠬᠥᠮᠦᠨ᠎ᠤ ᠡᠭᠦᠷᠭᠡᠯᠡᠬᠦ᠌ ᠡᠮᠴᠢᠯᠡᠭᠡᠨ᠎ᠦ ᠵᠠᠷᠤᠳᠠᠯ᠎ᠢ ᠪᠠᠰᠠ ᠬᠤᠪᠢ ᠬᠥᠮᠦᠨ᠎ᠤ ᠲᠠᠩᠰᠠᠨ ᠡᠷᠦᠬᠡ᠎ᠪᠠᠷ ᠳᠠᠮᠵᠢᠭᠤᠯᠤᠨ ᠲᠥᠯᠥᠵᠦ᠍᠂ ᠦᠨᠳᠦᠰᠦᠨ᠎ᠳᠡᠭᠡᠨ 0 ᠲᠥᠭᠦᠷᠢᠭ᠎ᠤᠨ ᠬᠥᠩᠭᠡᠵᠢᠯᠲᠡ᠎ᠶ᠋ᠢ ᠪᠡᠶᠡᠯᠡᠭᠦᠯᠦᠨ᠎ᠡ᠃ ᠪᠤᠰᠤᠳ ᠭᠠᠵᠠᠷ ᠣᠷᠣᠨ᠎ᠤ ᠳᠣᠲᠣᠷ᠎ᠠ ᠂ ᠤᠯᠠᠭᠠᠨᠴᠠᠪ ᠬᠣᠲᠠ ᠂ ᠮᠠᠨᠵᠤᠤᠷ ᠬᠣᠲᠠ ᠮᠥᠨ ᠬᠦ᠌ ᠬᠢᠵᠠᠭᠠᠷᠯᠠᠭ᠍ᠰᠠᠨ ᠲᠣᠭ᠎ᠠ᠎ᠪᠠᠷ ᠣᠯᠭᠣᠬᠤ᠎ᠶ᠋ᠢ ᠬᠡᠷᠡᠭ᠌ᠵᠢᠭᠦᠯᠬᠦ᠌᠎ᠡᠴᠡ ᠪᠤᠰᠤᠳ᠂ ᠴᠥᠮ ᠪᠣᠳᠠᠲᠠᠶ ᠵᠠᠷᠤᠳᠠᠯ ᠪᠣᠯᠭᠠᠨ ᠲᠣᠬᠢᠷᠠᠭᠤᠯᠵᠤ ᠪᠠᠢᠭᠠᠳ ᠬᠠᠷᠢᠴᠠᠯ ᠶᠣᠰᠣᠭᠠᠷ ᠳᠠᠩᠰᠠ ᠲᠠᠢᠯᠵᠤ᠂ ᠳᠠᠩᠰᠠ ᠲᠠᠢᠯᠬᠤ ᠬᠠᠷᠢᠴᠠᠯ ᠨᠢ 90% ᠡᠴᠡ ᠳᠡᠭᠡᠭ᠌ᠰᠢ᠎ᠳᠦ ᠬᠦᠷᠪᠡ ᠃
《 ᠦᠩᠭᠡᠷᠡᠭᠰᠡᠨ᠎ᠦ 〈ᠥᠨᠳᠥᠷ ᠬᠡᠷᠡᠭ᠌ᠯᠡᠭᠡ〉 ᠶᠢ ᠣᠲᠣ ᠮᠠᠨ᠎ᠤ ᠡᠩ᠎ᠤᠨ ᠬᠦᠮᠦᠰ ᠪᠠᠰᠠ ᠡᠭᠦᠷᠭᠡᠯᠡᠵᠦ᠍ ᠳᠡᠢ᠌ᠯᠦᠨ᠎ᠡ ᠭᠡᠵᠦ ᠪᠤᠳᠤᠵᠦ ᠤᠯᠤᠭᠰᠠᠨ ᠦᠭᠡᠢ》᠃ ᠬᠠᠨ ᠵᠢᠶᠦ᠋ᠨ ( ᠬᠠᠭᠤᠷᠮᠠᠭᠯᠠᠭᠰᠠᠨ ᠨᠡᠷ᠎ᠡ ) ᠡᠷ᠎ᠡ ᠡᠮ᠎ᠡ ᠬᠣᠶᠠᠭᠤᠯᠠ ᠰᠠᠶᠢ ᠲᠤᠰᠠᠯᠠᠬᠤ ᠦᠷᠡᠵᠢᠯ᠎ᠦ᠋ᠨ ᠮᠡᠷᠭᠡᠵᠢᠯ ᠢᠶᠠᠷ ᠳᠠᠮᠵᠢᠨ ᠠᠮᠵᠢᠯᠲᠠ᠎ᠲᠠᠢ᠎ᠪᠠᠷ ᠬᠡᠦᠬᠡᠳ ᠤᠯᠤᠭᠰᠠᠨ ᠪᠠᠢᠨ᠎ᠠ᠃ ᠡᠭᠦᠨ᠎ᠡᠴᠡ ᠡᠮᠦᠨ᠎ᠡ ᠨᠠᠢᠵᠠ ᠨᠠᠷ᠎ᠤ᠋ᠨ ᠬᠡᠯᠡᠬᠦ᠌᠎ᠪᠡᠷ ᠲᠤᠰᠠᠯᠠᠬᠤ ᠦᠷᠡᠵᠢᠯ᠎ᠦ᠋ᠨ ᠨᠢᠭᠡ ᠦᠶᠡᠯᠡᠯᠦ᠋ᠨ ᠬᠤᠭᠤᠴᠠᠭ᠎ᠠ ᠨᠢ 4 ᠡᠴᠡ 5 ᠲᠦᠮᠡᠨ ᠲᠥᠭᠥᠷᠢᠭ ᠬᠡᠷᠡᠭ᠌ᠰᠡᠨ᠎ᠡ ᠭᠡᠨ᠎ᠡ ᠂ ᠡᠨᠡ ᠨᠢ ᠲᠤᠬᠠᠢ ᠶ᠋ᠢᠨ ᠦᠶ᠎ᠡ᠎ᠳᠦ ᠰᠠᠶᠢᠬᠠᠨ ᠭᠡᠷ ᠪᠦᠯᠢ ᠪᠠᠢᠭᠤᠯᠤᠭᠰᠠᠨ ᠬᠠᠨ ᠵᠢᠶᠦ᠋ᠨ ᠡᠷ᠎ᠡ ᠡᠮ᠎ᠡ ᠬᠣᠶᠠᠭᠤᠯᠠ ᠶ᠋ᠢ ᠵᠣᠷᠢᠭ ᠮᠣᠬᠤᠭ᠋ᠠᠭᠰᠠᠨ ᠪᠠᠢ᠌ᠵᠠᠢ᠃ ᠥᠪᠥᠷ ᠮᠣᠩᠭᠤᠯ᠎ᠤᠨ ᠡᠮᠴᠢᠯᠡᠭᠡᠨ᠎ᠤ ᠳᠠᠭᠠᠳᠭᠠᠯ᠎ᠨᠢ ᠲᠤᠰᠠᠯᠠᠬᠤ ᠦᠷᠡᠵᠢᠯ᠎ᠢ ᠡᠮᠴᠢᠯᠡᠭᠡᠨ᠎ᠦ ᠳᠠᠭᠠᠳᠭᠠᠯ᠎ᠤᠨ ᠲᠣᠭᠠᠴᠠᠭ᠎ᠠ ᠬᠢᠬᠦ᠌ ᠬᠡᠪᠴᠢᠶᠡᠨ᠎ᠳᠤ ᠣᠷᠣᠭᠤᠯᠤᠭ᠍ᠰᠠᠨ᠎ᠢ ᠮᠡᠳᠡᠭ᠌ᠰᠡᠨ᠎ᠤ ᠳᠠᠷᠠᠭ᠎ᠠ᠂ ᠬᠠᠨ ᠵᠢᠶᠦ᠋ᠨ ᠡᠷ᠎ᠡ ᠡᠮ᠎ᠡ ᠬᠤᠶᠠᠭᠤᠯᠠ ᠲᠡᠷᠡ ᠳᠠᠷᠤᠶᠳᠤᠨᠢ ᠡᠮᠴᠢᠯᠡᠭᠡ ᠭᠥᠯᠢᠶᠡᠨ ᠠᠪᠴᠤ᠌᠂ ᠪᠦᠬᠦ᠋ᠢᠯᠡ ᠡᠮᠴᠢᠯᠡᠭᠡᠨ᠎ᠤ ᠦᠶᠡᠯᠡᠯ᠎ᠤᠨ ᠵᠠᠷᠤᠳᠠᠯ᠎ᠨᠢ ᠡᠮᠴᠢᠯᠡᠭᠡᠨ᠎ᠦ ᠳᠠᠭᠠᠳᠭᠠᠯ᠎ᠤᠨ ᠲᠠᠩᠰᠠ ᠲᠠᠢ᠌ᠯᠠᠭᠰᠠᠨᠤ ᠳᠠᠷᠠᠭ᠎ᠠ᠂ ᠥᠪᠡᠷ᠎ᠢᠶᠠᠨ ᠵᠥᠪᠬᠡᠨ ᠬᠤᠶᠠᠷ ᠲᠦᠮᠡᠨ ᠲᠥᠭᠦᠷᠢᠭ ᠣᠷᠴᠢᠮ ᠡᠭᠦᠷᠭᠡᠯᠡᠪᠡ᠃
2024 ᠣᠨ᠎ᠠᠴᠠ ᠡᠬᠢᠯᠡᠨ᠂ ᠥᠪᠥᠷ ᠮᠣᠩᠭᠤᠯ ᠤᠤᠯ᠎ᠤᠨ 37 ᠵᠦᠢᠯ᠎ᠤᠨ ᠲᠤᠰᠠᠯᠠᠬᠤ ᠦᠷᠡᠵᠢᠯ᠎ᠤᠨ ᠲᠥᠷᠥᠯ᠎ᠤᠨ ᠡᠮᠴᠢᠯᠡᠭᠡᠨ᠎ᠤ ᠦᠢᠯᠡᠴᠢᠯᠡᠭᠡᠨ᠎ᠤ ᠲᠥᠷᠥᠯ ᠵᠦᠢᠯ᠎ᠢ 12 ᠵᠦᠢᠯ ᠪᠣᠯᠭᠠᠨ ᠡᠮᠬᠢᠯᠡᠨ ᠨᠡᠢᠯᠡᠭᠦᠯᠵᠦ᠍᠂ ᠦᠨ᠎ᠡ ᠲᠣᠭ᠍ᠲᠠᠭᠠᠬᠤ ᠵᠠᠭ᠍ᠪᠤᠷ᠎ᠢ ᠡᠮᠴᠢᠯᠡᠭᠡᠨ᠎ᠤ ᠪᠠᠢᠭᠤᠯᠤᠮᠵᠢ᠎ᠶ᠋ᠢᠨ ᠪᠡᠶ᠎ᠡ᠎ᠪᠠᠨ ᠳᠠᠭᠠᠭᠠᠵᠤ ᠦᠨ᠎ᠡ ᠲᠣᠭ᠍ᠲᠠᠭᠠᠵᠤ ᠪᠠᠢᠭ᠍ᠰᠠᠨ᠎ᠠᠴᠠ ᠵᠠᠰᠠᠭ᠎ᠤᠨ ᠣᠷᠳᠣᠨ᠎ᠤ ᠵᠢᠯᠣᠭᠤᠳᠭᠤ ᠦᠨ᠎ᠡ ᠪᠣᠯᠭᠠᠨ ᠳᠣᠭᠢᠷᠠᠭᠤᠯᠵᠤ᠂ ᠦᠨ᠎ᠡ ᠬᠠᠩᠰᠢ᠎ᠶ᠋ᠢ ᠲᠣᠬᠢᠷᠠᠭᠤᠯᠤᠭ᠍ᠰᠠᠨᠤ ᠳᠠᠷᠠᠭ᠎ᠠ ᠳᠤᠮᠳᠠᠴᠢ᠎ᠪᠠᠷ 20% ᠪᠠᠷ ᠪᠠᠭᠤᠷᠠᠭᠤᠯᠪᠠ᠃ ᠡᠭᠦᠨ᠎ᠤ ᠬᠠᠮᠲᠤ ᠥᠨᠳᠡᠭᠡ ᠠᠪᠬᠤ ᠮᠡᠷᠭᠡᠵᠢᠯ᠂ ᠬᠦᠪᠦᠷᠡᠯ ᠬᠥᠮᠦᠵᠢᠭᠦᠯᠬᠦ᠌ ᠵᠡᠷᠭᠡ 8 ᠵᠦᠢᠯ᠎ᠤᠨ ᠲᠤᠰᠠᠯᠠᠬᠤ ᠦᠷᠡᠵᠢᠯ᠎ᠤᠨ ᠲᠥᠷᠥᠯ ᠵᠦᠢᠯ᠎ᠢ ᠡᠮᠴᠢᠯᠡᠭᠡᠨ᠎ᠤ ᠳᠠᠭᠠᠳᠭᠠᠯ᠎ᠤᠨ ᠲᠠᠩᠰᠠ ᠲᠠᠢᠯᠬᠤ ᠬᠡᠪᠴᠢᠶᠡᠨ᠎ᠳᠤ ᠣᠷᠣᠭᠤᠯᠵᠤ᠂ ᠡᠮᠴᠢᠯᠡᠭᠡᠨ᠎ᠤ ᠳᠠᠭᠠᠳᠭᠠᠯ᠎ᠤᠨ ᠬᠥᠬᠡ ᠲᠥᠷᠥᠯ᠎ᠤᠨ ᠬᠠᠮᠢᠶᠠᠷᠤᠯᠲᠠ ᠶᠣᠰᠣᠭᠠᠷ᠂ ᠡᠭᠦᠳᠡᠨ ᠡᠮᠨᠡᠯᠭᠡ᠎ᠶ᠋ᠢᠨ ᠠᠰᠲᠤᠨᠢ ᠲᠣᠭᠠᠴᠠᠭ᠎ᠠ ᠬᠢᠬᠦ᠌᠎ᠶ᠋ᠢ ᠬᠡᠷᠡᠭ᠌ᠵᠢᠭᠦᠯᠵᠦ᠍᠂ ᠡᠬᠢᠯᠡᠵᠦ᠍ ᠳᠥᠯᠥᠬᠦ᠌ ᠱᠤᠭᠤᠮ ᠭᠠᠷᠭᠠᠬᠤ ᠦᠭᠡᠢ᠂ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭᠠᠳᠭᠠᠯ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠭᠠᠯ᠎ᠤᠨ ᠲᠠᠩᠰᠠ ᠲᠠᠢᠯᠬᠤ ᠬᠠᠷᠢᠴᠠᠯ ᠨᠢ ᠲᠣᠰ ᠲᠣᠰ 70%᠂ 50% ᠪᠣᠯᠤᠨ᠎ᠠ᠃ ᠡᠨᠡ ᠵᠢᠯ᠎ᠤᠨ 7 ᠳ᠋ᠤᠭᠠᠷ ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠦ᠌ ᠣᠷᠣᠨ᠎ᠳᠤ ᠲᠤᠰᠠᠯᠠᠬᠤ ᠦᠷᠡᠵᠢᠯ᠎ᠤᠨ ᠬᠠᠷᠠᠭᠠᠯᠵᠠᠯ 2.68 ᠲᠦᠮᠡᠨ ᠬᠥᠮᠦᠨ ᠤᠳᠠᠭ᠎ᠠ᠎ᠳᠤ ᠬᠦᠷᠴᠦ᠍᠂ ᠰᠠᠭᠤᠷᠢ ᠮᠥᠩᠭᠦ᠎ᠶ᠋ᠢᠨ ᠵᠠᠷᠤᠯᠭ᠎ᠠ ᠨᠢ 5415 ᠲᠦᠮᠡᠨ ᠲᠥᠭᠦᠷᠢᠭ ᠪᠣᠯᠤᠨ᠎ᠠ᠃
《 ᠶᠡᠬᠡ ᠬᠡᠥᠬᠡᠳ᠎ᠢ ᠲᠦᠷᠦᠬᠦ ᠦᠶ᠎ᠡ᠎ᠳᠦ ᠂ ᠬᠥᠩᠭᠡᠵᠢᠯ᠎ᠦᠨ ᠨᠥᠬᠥᠪᠦᠷᠢ ᠮᠥᠩᠭᠥ᠌ ᠭᠤᠶᠤᠴᠢᠯᠠᠬᠤ ᠂ ᠬᠡᠦᠬᠡᠳ᠎ᠲᠦ ᠡᠷᠦᠬᠡ ᠠᠮᠠ ᠣᠷᠣᠭᠤᠯᠬᠤ ᠂ ᠡᠮᠴᠢᠯᠡᠭᠡᠨ ᠦ ᠳᠠᠭᠠᠳᠭᠠᠯ ᠲᠤᠱᠢᠶᠠᠬᠤ ᠵᠡᠷᠭᠡ ᠲᠠᠯ᠎ᠠ᠎ᠪᠠᠷ ᠬᠡᠳᠦ ᠬᠡᠳᠦᠨ ᠰᠠᠯᠠᠭ᠎ᠠ ᠮᠥᠴᠢᠷ᠎ᠲᠤ ᠨᠠᠭ᠋ᠠᠰᠢ ᠴᠠᠭ᠋ᠠᠰᠢ ᠬᠦᠶᠦᠯᠳᠦᠵᠦ ᠪᠠᠢ᠌ᠪᠠ᠃ ᠣᠲᠣ ᠬᠤᠶᠠᠳᠤᠭᠠᠷ ᠬᠡᠦᠬᠡᠳ ᠲᠥᠷᠥᠭ᠌ᠰᠡᠨᠤ ᠳᠠᠷᠠᠭ᠎ᠠ᠂ ᠬᠥᠩᠭᠡᠵᠢᠯ᠎ᠤᠨ ᠨᠥᠬᠦᠪᠥᠷᠢ ᠮᠥᠩᠭᠦ᠎ᠶ᠋ᠢ ᠱᠢᠭᠤᠳ ᠮᠠᠨ᠎ᠤ ᠬᠤᠪᠢ ᠬᠥᠮᠦᠨ᠎ᠤ ᠪᠠᠩᠬᠢ᠎ᠶ᠋ᠢᠨ ᠺᠠᠷᠲ᠎ᠲᠤ ᠤᠷᠤᠭᠤᠯᠵᠦ᠂ ᠡᠷᠦᠬᠡ ᠠᠮᠠ᠎ᠶ᠋ᠢᠨ ᠳᠡᠪᠲᠡᠷ᠂ ᠡᠮᠴᠢᠯᠡᠭᠡᠨ᠎ᠦ ᠳᠠᠭᠠᠳᠭᠠᠯ᠎ᠤᠨ ᠺᠠᠷᠲ᠂ ᠬᠥᠩᠭᠡᠵᠢᠯ᠎ᠤᠨ ᠦᠨᠡᠮᠯᠡᠯ᠂ ᠸᠠᠺᠼᠢᠨ᠎ᠢ ᠱᠢᠭᠤᠳ ᠬᠡᠷ᠎ᠲᠤ ᠭᠣᠪᠢᠭᠤᠯᠪᠠ》᠃ ᠬᠥᠬᠡᠬᠣᠲᠠ᠎ᠶᠢᠨ ᠠᠷᠠᠳ ᠯᠢᠦ ᠰᠠᠢ᠌ᠨ ᠪᠣᠯ ᠬᠣᠶᠠᠷ ᠬᠡᠥᠬᠡᠳ᠎ᠦᠨ ᠡᠵᠢ ᠪᠤᠯᠤᠨ᠎ᠠ᠂ ᠬᠣᠶᠠᠷ ᠬᠡᠦᠬᠡᠳ᠎ᠢ ᠲᠥᠷᠥᠭᠰᠡᠨ᠎ᠦ ᠳᠠᠷᠠᠭᠠᠬᠢ ᠬᠣᠯᠪᠣᠭᠳᠠᠯ ᠪᠦᠬᠦᠢ ᠲᠤᠬᠠᠢᠯᠠᠭᠰᠠᠨ ᠠᠵᠢᠯ᠎ᠢ ᠭᠦᠢᠴᠡᠳᠬᠡᠬᠦ᠎ᠲᠠᠢ ᠬᠠᠷᠢᠴᠠᠭᠤᠯᠪᠠᠯ᠂ ᠲᠡᠭᠦᠨ᠎ᠳᠦ ᠨᠡᠯᠢᠶᠡᠳ ᠳᠥᠭᠥᠮ ᠪᠣᠯᠤᠭᠰᠠᠨ ᠨᠢ ᠢᠯᠡᠷᠬᠡᠢ ᠰᠠᠨᠠᠭᠳᠠᠨ᠎ᠠ᠃
《 ᠲᠥᠷᠥᠭᠰᠡᠨ᠎ᠦ᠎ᠪᠡᠨ 21 ᠡᠳᠦᠷ᠎ᠲᠦ ᠡᠮᠨᠡᠯᠭᠡ᠎ᠳᠦ ᠬᠦᠷᠴᠦ ᠳᠠᠬᠢᠨ ᠪᠠᠢᠴᠠᠭᠠᠯᠭᠠᠬᠤ ᠦᠶ᠎ᠡ᠎ᠳᠦ ᠂ ᠬᠡᠦᠬᠡᠳ᠎ᠦᠨ ᠰᠢᠷᠠᠯᠠᠯᠭᠠ ᠨᠢ ᠬᠦᠨᠳᠦ ᠨᠣᠴᠢᠲᠠᠢ ᠪᠠᠢᠬᠤ᠎ᠶᠢ ᠣᠯᠵᠤ ᠮᠡᠳᠡᠭᠡᠳ ᠡᠮᠨᠡᠭᠦᠯᠬᠦ ᠴᠢᠬᠤᠯᠠᠲᠠᠢ ᠪᠠᠢᠬᠤ᠎ᠶᠢ ᠡᠮᠴᠢ᠎ᠡᠴᠡ ᠡᠮᠴᠢᠯᠡᠭᠡᠨ᠎ᠦ ᠳᠠᠭᠠᠳᠬᠠᠯ᠎ᠳᠤ ᠲᠦᠷᠭᠡᠨ ᠣᠷᠣᠵᠤ᠂ ᠨᠢᠭᠡᠨᠲᠡ ᠵᠠᠷᠤᠭ᠍ᠰᠠᠨ ᠬᠠᠮᠢᠶ᠎ᠠ ᠪᠥᠬᠦᠶ ᠵᠠᠷᠤᠳᠠᠯ᠎ᠢ ᠪᠠᠰᠠ ᠲᠠᠩᠰᠠ ᠲᠠᠢᠯᠵᠤ ᠪᠣᠯᠤᠨ᠎ᠠ ᠭᠡᠵᠦ᠍ ᠰᠠᠨᠠᠭᠤᠯᠪᠠ》᠃ ᠠᠩᠬ᠎ᠠ ᠡᠵᠢ ᠪᠣᠯᠤᠭᠰᠠᠨ ᠮᠠ ᠯᠢ ᠲᠤᠬᠠᠢ᠎ᠶᠢᠨ ᠭᠠᠵᠠᠷ᠎ᠤᠨ ᠡᠮᠴᠢᠯᠡᠭᠡᠨ᠎ᠦ ᠳᠠᠭᠠᠳᠬᠠᠯ᠎ᠤᠨ ᠰᠠᠯᠠᠭ᠎ᠠ ᠮᠥᠴᠢᠷ᠎ᠡᠴᠡ ᠯᠠᠪᠯᠠᠨ ᠠᠰᠠᠭᠤᠬᠤ᠎ᠪᠠᠷ ᠳᠡᠮᠵᠢᠨ ᠣᠯᠵᠤ ᠮᠡᠳᠡᠭᠰᠡᠨ ᠨᠢ ᠂ ᠤᠤᠯ᠎ᠤᠨ ᠱᠢᠨ᠎ᠡ ᠲᠥᠷᠥᠭ᠌ᠰᠡᠨ ᠬᠡᠤᠬᠡᠳ᠎ᠤᠨ ᠡᠮᠴᠢᠯᠡᠭᠡᠨ᠎ᠦ ᠳᠠᠭᠠᠳᠭᠠᠯ᠎ᠢ ᠬᠡᠵᠢᠶ᠎ᠡ ᠴᠦ᠍ ᠭᠡᠰᠡᠨ ᠭᠦᠶ᠋ᠴᠡᠳᠭᠡᠬᠦ᠌᠎ᠪᠠᠷ ᠭᠤᠶᠤᠴᠢᠯᠠᠵᠤ ᠪᠣᠯᠤᠨ᠎ᠠ᠂ ᠲᠥᠪᠯᠡᠷᠡᠭᠦᠯᠦᠨ ᠰᠦᠶ᠋ᠳᠭᠡᠯ ᠲᠤᠱᠢᠶᠠᠬᠤ ᠬᠤᠭᠤᠴᠠᠭᠠᠨ᠎ᠳᠤ ᠬᠦᠯᠢᠶᠡᠬᠦ᠌ ᠥᠬᠡᠶ ᠮᠥᠷᠲᠡᠭᠡᠨ ᠬᠡᠷᠪᠡ 90 ᠡᠳᠦᠷ᠎ᠤᠨ ᠳᠣᠲᠣᠷ᠎ᠠ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠪᠠᠯ ᠲᠥᠷᠥᠭ᠌ᠰᠡᠨ ᠡᠳᠦᠷ᠎ᠠᠴᠠ ᠡᠬᠢᠯᠡᠨ ᠰᠠᠶᠢ ᠲᠥᠷᠥᠭ᠌ᠰᠡᠨ ᠬᠡᠤᠬᠡᠳ᠎ᠤᠨ ᠡᠮᠴᠢᠯᠡᠭᠡᠨ᠎ᠤ ᠵᠠᠷᠤᠳᠠᠯ᠎ᠨᠢ ᠲᠠᠩᠰᠠ ᠲᠠᠢᠯᠬᠤ᠎ᠪᠠᠷ ᠭᠤᠶᠤᠴᠢᠯᠠᠵᠤ ᠪᠣᠯᠤᠨ᠎ᠠ᠃
ᠥᠪᠥᠷ ᠮᠣᠩᠭᠤᠯ ᠲᠥᠷᠥᠭ᠌ᠰᠡᠨ ᠠᠨᠠᠭᠠᠬᠤ ᠤᠬᠠᠭᠠᠨ᠎ᠤ ᠭᠡᠷᠡᠴᠢ᠂ ᠰᠡᠷᠭᠡᠢᠯᠡᠬᠦ᠌ ᠲᠠᠷᠢᠯᠭ᠎ᠠ᠎ᠶ᠋ᠢᠨ ᠦᠨᠡᠮᠯᠡᠯ᠂ ᠡᠷᠦᠬᠡ ᠠᠮᠠ᠎ᠶ᠋ᠢᠨ ᠳᠡᠩᠰᠡᠯᠡᠯᠲᠡ᠂ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠬᠤ᠂ ᠡᠮᠴᠢᠯᠡᠭᠡᠨ᠎ᠦ ᠳᠠᠭᠠᠳᠭᠠᠯ᠎ᠤᠨ ᠰᠦᠢᠳᠭᠡᠯ ᠲᠤᠱᠢᠶᠠᠬᠤ᠂ ᠨᠡᠢᠭᠡᠮ᠎ᠤᠨ ᠳᠠᠭᠠᠳᠭᠠᠯ᠎ᠤᠨ ᠺᠠᠷᠲ᠎ᠢ ᠭᠤᠶᠤᠴᠢᠯᠠᠨ ᠠᠪᠬᠤ᠂ ᠱᠢᠨᠵᠢᠯᠡᠬᠦ᠌ ᠤᠬᠠᠭᠠᠨᠴᠢ᠎ᠪᠠᠷ ᠬᠡᠤᠬᠡᠳ ᠪᠤᠢᠵᠢᠭᠤᠯᠬᠤ᠎ᠶ᠋ᠢ ᠵᠢᠯᠣᠭᠤᠳᠭᠤ ᠦᠢᠯᠡᠴᠢᠯᠡᠭᠡ ᠵᠡᠷᠭᠡ 7 ᠵᠦᠢᠯ᠎ᠤᠨ ᠲᠤᠬᠠᠢᠯᠠᠭ᠍ᠰᠠᠨ ᠠᠵᠢᠯ᠎ᠤᠨ ᠬᠢᠨᠠᠨ ᠵᠥᠪᠱᠢᠶᠡᠷᠡᠬᠦ᠌ ᠭᠤᠭ᠍ᠴᠤᠭ᠎ᠠ᠎ᠶ᠋ᠢ 22 ᠪᠠᠢᠭ᠍ᠰᠠᠨ᠎ᠠᠴᠠ 2 ᠪᠣᠯᠭᠠᠨ ᠪᠠᠭᠠᠰᠭᠠᠵᠤ᠂ ᠬᠢᠨᠠᠨ ᠵᠥᠪᠱᠢᠶᠡᠷᠡᠬᠦ᠌ ᠴᠠᠭ᠎ᠤᠨ ᠬᠢᠵᠠᠭᠠᠷ᠎ᠢ 90 ᠡᠳᠦᠷ᠎ᠠᠴᠠ 7 ᠡᠳᠦᠷ ᠪᠣᠯᠭᠠᠨ ᠪᠠᠭᠠᠰᠭᠠᠵᠤ᠂ ᠲᠤᠱᠢᠶᠠᠬᠤ ᠮᠠᠲ᠋ᠧᠷᠢᠶᠠᠯ᠎ᠢ 24 ᠬᠤᠪᠢ ᠪᠠᠢᠭ᠍ᠰᠠᠨ᠎ᠠᠴᠠ 6 ᠬᠤᠪᠢ ᠪᠣᠯᠭᠠᠨ ᠪᠠᠭᠠᠰᠭᠠᠵᠤ᠂ ᠬᠤᠲᠠ᠎ᠶ᠋ᠢᠨ ᠠᠷᠠᠳ ᠴᠣᠩᠬᠤᠪᠴᠢ᠎ᠳᠤ ᠬᠦᠷᠴᠦ᠍ ᠭᠦᠶ᠋ᠴᠡᠳᠭᠡᠬᠦ᠌ ᠤᠳᠠᠭ᠎ᠠ᠎ᠶ᠋ᠢ 6 ᠤᠳᠠᠭ᠎ᠠ ᠪᠠᠢᠭ᠍ᠰᠠᠨ᠎ᠠᠴᠠ 《ᠬᠠᠮᠤᠭ ᠣᠯᠠᠨ᠎ᠳᠠᠭᠠᠨ ᠨᠢᠭᠡ ᠯᠡ ᠤᠳᠠᠭ᠎ᠠ ᠭᠦᠶᠦᠯᠭᠡᠬᠦ᠌》 ᠪᠣᠯᠭᠠᠨ ᠪᠠᠭᠠᠰᠭᠠᠵᠤ᠂ ᠨᠢᠷᠠᠢ ᠬᠡᠤᠬᠡᠳ᠎ᠢ ᠲᠥᠷᠥᠭᠦᠯᠬᠦ᠌ 《ᠨᠢᠭᠡ ᠶᠠᠪᠤᠳᠠᠯ》 ᠢ ᠰᠦᠯᠵᠢᠶᠡᠨ ᠳᠡᠭᠡᠷ᠎ᠡ ᠣᠯᠠᠨ ᠰᠠᠯᠠᠭ᠎ᠠ ᠮᠥᠴᠢᠷ ᠬᠠᠮᠲᠤᠷᠠᠨ ᠭᠦᠢᠴᠡᠳᠭᠡᠬᠦ᠌᠎ᠶ᠋ᠢ ᠪᠡᠶᠡᠯᠡᠭᠦᠯᠪᠡ᠃ ᠲᠣᠰ ᠭᠠᠵᠠᠷ᠎ᠲᠤ ᠲᠥᠷᠥᠭ᠌ᠰᠡᠨ ᠨᠢᠷᠠᠶ ᠬᠡᠤᠬᠡᠳ᠎ᠤᠨ ᠡᠴᠢᠭᠡ ᠡᠬᠡ᠎ᠨᠢ ᠡᠮᠨᠡᠯᠭᠡ᠎ᠶ᠋ᠢᠨ ᠬᠤᠷᠢᠶᠠᠨ᠎ᠳᠤ 《ᠨᠢᠭᠡ ᠥᠷᠲᠡᠭᠡᠨ᠎ᠤ ᠮᠠᠶᠢᠭ》 ᠢᠶᠠᠷ ᠲᠤᠬᠠᠢᠯᠠᠭ᠍ᠰᠠᠨ ᠠᠵᠢᠯ᠎ᠢᠶᠠᠨ ᠭᠦᠢᠴᠡᠳᠭᠡᠵᠦ᠍ ᠪᠣᠯᠤᠨ᠎ᠠ᠂ ᠡᠮᠨᠡᠯᠭᠡ᠎ᠠᠴᠠ ᠭᠠᠷᠤᠭ᠍ᠰᠠᠨ᠎ᠤ ᠳᠠᠷᠠᠭ᠎ᠠ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ᠎ᠢ ᠳᠠᠷᠤᠶ ᠭᠤᠶᠤᠴᠢᠯᠠᠬᠤ ᠦᠶ᠎ᠡ᠎ᠳᠤ ᠤᠷᠢᠳᠴᠢᠯᠠᠨ ᠦᠯᠡᠳᠡᠭᠡᠭ᠌ᠰᠡᠨ ᠬᠡᠷ ᠪᠦᠯᠢ᠎ᠶ᠋ᠢᠨ ᠰᠠᠭᠤᠭ᠎ᠠ ᠭᠠᠵᠠᠷ᠎ᠲᠤ ᠱᠢᠦᠳᠠᠨ᠎ᠢᠶᠠᠷ ᠢᠯᠡᠭᠡᠵᠦ᠍ ᠪᠣᠯᠤᠨ᠎ᠠ᠃ ᠣᠷᠣᠨ᠎ᠤ ᠳᠣᠲᠣᠷ᠎ᠠ ᠣᠨᠳᠣᠤ ᠭᠠᠵᠠᠷ ᠦᠢᠯᠡᠳᠪᠦᠷᠢᠯᠡᠬᠦ᠌᠎ᠶ᠋ᠢ ᠪᠠᠢᠴᠠᠭᠠᠬᠤ᠂ ᠬᠥᠩᠭᠡᠵᠢᠬᠦ᠂ ᠲᠥᠯᠥᠪᠯᠡᠭᠡᠲᠦ ᠦᠷᠡᠵᠢᠯ ᠵᠡᠷᠭᠡ ᠵᠠᠷᠤᠳᠠᠯ᠎ᠢ ᠳ᠋ᠦᠩᠨᠡᠨ ᠪᠣᠳᠣᠬᠤ᠎ᠳᠤ 《ᠪᠦᠬᠦ᠌ ᠣᠷᠣᠨ᠎ᠳᠤ ᠨᠡᠢᠳᠡᠮ ᠭᠦᠢᠴᠡᠳᠭᠡᠬᠦ᠌》 ᠶ᠋ᠢ ᠪᠡᠶᠡᠯᠡᠭᠦᠯᠵᠦ᠍᠂ ᠴᠥᠮ ᠴᠡᠭ ᠲᠣᠭ᠍ᠲᠠᠭᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠳᠤ ᠱᠢᠭᠤᠳ ᠳ᠋ᠦᠩᠨᠡᠨ ᠪᠣᠳᠣᠵᠤ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠦ 《ᠣᠢᠷ᠎ᠠ᠂ ᠳᠥᠭᠥᠮ ᠳᠦᠳᠡ᠂ ᠥᠨᠳᠥᠷ ᠦᠷ᠎ᠡ ᠪᠦᠲᠦᠮᠵᠢᠲᠡᠶ》 ᠪᠠᠢᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠨ᠎ᠠ᠃
ᠡᠳ᠋᠎ᠦᠨ ᠵᠠᠰᠠᠭ᠎ᠤᠨ ᠪᠤᠰᠤ ᠠᠰᠠᠷᠠᠨ ᠲᠡᠵᠢᠭᠡᠬᠦ᠌ ᠨᠢᠭᠡᠴᠢ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠡᠮᠡᠭ᠌ᠲᠡᠶ ᠠᠵᠢᠯᠲᠠᠨ ᠠᠵᠢᠯᠴᠢᠨ ᠤᠯᠤᠰ᠎ᠠᠴᠠ ᠲᠣᠭ᠍ᠲᠠᠭᠠᠭ᠍ᠰᠠᠨ 98 ᠡᠳᠦᠷ᠎ᠦᠨ ᠠᠮᠠᠷᠠᠯᠲᠠ᠎ᠶ᠋ᠢᠨ ᠬᠤᠭᠤᠴᠠᠭᠠᠨ᠎ᠳᠤ ᠬᠡᠦᠬᠡᠳ ᠠᠪᠬᠤ ᠳᠠᠭᠠᠳᠭᠠᠯ᠎ᠠᠴᠠ ᠦᠷᠡᠵᠢᠯ᠎ᠦᠨ ᠨᠡᠮᠡᠭᠦᠷᠢ ᠣᠯᠭᠣᠵᠤ ᠪᠣᠯᠤᠨ᠎ᠠ᠃ 2024 ᠣᠨ᠎ᠤ 5 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠩᠭᠡᠵᠢᠯ᠎ᠤᠨ ᠨᠥᠬᠦᠪᠥᠷᠢ ᠮᠥᠩᠭᠦ᠎ᠶ᠋ᠢ 《 ᠳᠠᠷᠤᠢ ᠭᠤᠶᠤᠴᠢᠯᠠᠵᠤ ᠳᠠᠷᠤᠶ ᠭᠥᠷᠳᠡᠬᠦ᠌》᠂ ᠬᠤᠪᠢ ᠬᠥᠮᠦᠨ᠎ᠢ ᠱᠢᠭᠤᠳ ᠲᠠᠷᠬᠠᠭᠠᠬᠤ᠎ᠶ᠋ᠢ ᠪᠡᠶᠡᠯᠡᠭᠦᠯᠵᠦ᠍᠂ ᠬᠥᠩᠭᠡᠵᠢᠯ᠎ᠤᠨ ᠡᠮᠡᠭ᠌ᠲᠡᠶ ᠠᠵᠢᠯᠲᠠᠨ ᠠᠵᠢᠯᠴᠢᠨ᠎ᠤ ᠲᠣᠭ᠍ᠲᠠᠭ᠍ᠰᠠᠨ ᠡᠮᠴᠢᠯᠡᠭᠡᠨ᠎ᠤ ᠪᠠᠢᠭᠤᠯᠤᠮᠵᠢ᠎ᠳᠤ ᠬᠥᠩᠭᠡᠵᠢᠯ᠎ᠤᠨ ᠡᠮᠨᠡᠯᠭᠡ᠎ᠳᠤ ᠰᠠᠭᠤᠭ᠍ᠰᠠᠨ ᠡᠮᠴᠢᠯᠡᠭᠡᠨ᠎ᠤ ᠵᠠᠷᠤᠳᠠᠯ᠎ᠢ ᠳ᠋ᠦᠩᠨᠡᠨ ᠪᠤᠳᠤᠬᠤ᠎ᠶ᠋ᠢ ᠪᠡᠶᠡᠯᠡᠭᠦᠯᠦᠭ᠌ᠰᠡᠨ᠎ᠤ ᠳᠠᠷᠠᠭ᠎ᠠ᠂ ᠬᠠᠮᠢᠶ᠎ᠠ ᠪᠥᠬᠦᠶ ᠬᠥᠩᠭᠡᠵᠢᠯ᠎ᠤᠨ ᠮᠡᠳᠡᠭᠡ ᠵᠠᠩᠭᠢ᠎ᠶ᠋ᠢ ᠡᠮᠴᠢᠯᠡᠭᠡᠨ᠎ᠤ ᠳᠠᠭᠠᠳᠭᠠᠯ᠎ᠤᠨ ᠮᠡᠳᠡᠭᠡ ᠵᠠᠩᠭᠢ᠎ᠶ᠋ᠢᠨ ᠲᠠᠪᠴᠠᠩ᠎ᠢᠶᠠᠷ ᠳᠠᠮᠵᠢᠭᠤᠯᠤᠨ ᠴᠠᠭ ᠲᠤᠬᠠᠶ᠎ᠳᠤᠨᠢ ᠭᠠᠷᠲᠠᠨ ᠭᠦᠢᠴᠡᠳᠭᠡᠬᠦ᠌ ᠪᠠᠢᠭᠤᠯᠤᠮᠵᠢ᠎ᠳᠤ ᠬᠦᠷᠭᠡᠵᠦ᠍᠂ ᠱᠢᠰᠲ᠋ᠧᠮ᠎ᠤᠨ ᠠᠦ᠋ᠲ᠋ᠣ᠋ ᠬᠢᠨᠠᠨ ᠱᠢᠯᠭᠠᠯᠲᠠ᠎ᠪᠠᠷ ᠨᠥᠬᠦᠴᠡᠯ᠎ᠳᠤ ᠨᠡᠢᠴᠡᠬᠦ᠌ ᠳᠠᠭᠠᠳᠭᠠᠯ᠎ᠳᠤ ᠣᠷᠣᠯᠴᠠᠭ᠍ᠰᠠᠳ᠎ᠤᠨ ᠮᠡᠳᠡᠭᠡ ᠵᠠᠩᠭᠢ᠎ᠶ᠋ᠢ ᠬᠠᠷᠭᠤᠭᠤᠯᠤᠨ ᠱᠢᠯᠭᠠᠬᠤ᠎ᠶ᠋ᠢᠨ ᠬᠠᠮᠲᠤ ᠬᠥᠩᠭᠡᠵᠢᠯ᠎ᠤᠨ ᠨᠡᠮᠡᠭᠦᠷᠢ᠎ᠶ᠋ᠢ ᠲᠣᠭᠠᠴᠠᠭ᠎ᠠ ᠬᠢᠵᠦ᠍᠂ 10 ᠠᠵᠢᠯᠯᠠᠬᠤ ᠡᠳᠦᠷ᠎ᠤᠨ ᠳᠣᠲᠣᠷ᠎ᠠ ᠨᠡᠮᠡᠭᠦᠷᠢ᠎ᠶ᠋ᠢ ᠰᠠᠯᠭᠠᠨ ᠥᠭ᠌ᠬᠦ᠎ᠶ᠋ᠢ ᠪᠡᠶᠡᠯᠡᠭᠦᠯᠵᠦ᠍᠂ ᠶᠠᠮᠠᠷᠪᠠ ᠮᠠᠲ᠋ᠧᠷᠢᠶᠠᠯ᠎ᠢ ᠲᠤᠱᠢᠶᠠᠬᠤ ᠴᠢᠬᠤᠯᠠ ᠥᠬᠡᠶ ᠶᠤᠮ᠃
ᠡᠨᠡ ᠵᠢᠯ᠎ᠤᠨ 6 ᠳ᠋ᠤᠭᠠᠷ ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠦ᠌ ᠣᠷᠣᠨ᠎ᠤ ᠦᠷᠡᠵᠢᠯ᠎ᠤᠨ ᠳᠠᠭᠠᠳᠭᠠᠯ᠎ᠤᠨ ᠬᠠᠷᠠᠭᠠᠯᠵᠠᠯ᠎ᠢ 33.67 ᠲᠦᠮᠡᠨ ᠬᠥᠮᠦᠨ ᠤᠳᠠᠭ᠎ᠠ ᠬᠦᠷᠲᠡᠪᠡ᠂ ᠡᠭᠦᠨ᠎ᠳᠤ ᠡᠮᠨᠡᠯᠭᠡ᠎ᠳᠤ ᠰᠠᠭᠤᠵᠤ ᠬᠥᠩᠭᠡᠵᠢᠬᠦ᠌᠎ᠠᠴᠠ ᠡᠮᠦᠨ᠎ᠡ 2.48 ᠲᠦᠮᠡᠨ ᠬᠥᠮᠦᠨ ᠤᠳᠠᠭ᠎ᠠ᠂ ᠬᠥᠩᠭᠡᠵᠢᠬᠦ᠌᠎ᠠᠴᠠ ᠡᠮᠦᠨ᠎ᠡ ᠪᠠᠢ᠌ᠴᠠᠭ᠋ᠠᠯᠲᠠ 24.83 ᠲᠦᠮᠡᠨ ᠬᠥᠮᠦᠨ ᠤᠳᠠᠭ᠎ᠠ᠂ 3. 53 ᠲᠦᠮᠡᠨ ᠬᠥᠮᠥᠨ ᠤᠳᠠᠭ᠎ᠠ ᠶ᠋ᠢᠨ ᠨᠥᠬᠥᠪᠦᠷᠢ ᠮᠥᠩᠭᠥ ᠭᠥᠷᠳᠡᠪᠡ; ᠡᠮᠴᠢᠯᠡᠭᠡᠨ᠎ᠤ ᠵᠠᠷᠤᠳᠠᠯ᠎ᠤᠨ ᠵᠠᠷᠤᠯᠭ᠎ᠠ 1.68 ᠳ᠋ᠦᠩᠱᠢᠭᠤᠷ ᠲᠥᠭᠦᠷᠢᠭ᠂ ᠦᠷᠡᠵᠢᠯ᠎ᠤᠨ ᠨᠥᠬᠦᠪᠥᠷᠢ ᠶᠢᠨ ᠵᠠᠷᠤᠯᠭ᠎ᠠ ᠨᠢ 5.07 ᠳ᠋ᠦᠩᠱᠢᠭᠤᠷ ᠲᠥᠭᠦᠷᠢᠭ ᠪᠤᠯᠤᠨ᠎ᠠ᠃
《ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠤᠯᠤᠰ᠎ᠤᠨ ᠱᠠᠭᠠᠷᠳᠠᠯᠭ᠎ᠠ ᠶᠣᠰᠣᠭᠠᠷ᠂ ᠰᠠᠭᠤᠷᠢ ᠮᠥᠩᠭᠦ᠎ᠶ᠋ᠢᠨ ᠳᠠᠭᠠᠭᠠᠬᠤ ᠴᠢᠳᠠᠪᠤᠷᠢ᠂ ᠣᠷᠣᠯᠭ᠎ᠠ᠎ᠶ᠋ᠢᠨ ᠬᠢᠷᠢ ᠲᠦᠪᠱᠢᠨ ᠪᠠ ᠦᠷᠡᠵᠢᠯ᠎ᠤᠨ ᠡᠮᠴᠢᠯᠡᠭᠡᠨ᠎ᠤ ᠬᠡᠷᠡᠭ᠌ᠯᠡᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠭᠦᠢᠴᠡᠳ ᠪᠣᠳᠣᠯᠬᠢᠯᠠᠵᠤ᠂ ᠦᠷᠡᠵᠢᠯ᠎ᠤᠨ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠤᠯᠠᠮ ᠨᠢᠭᠡ ᠠᠯᠬᠤᠮ ᠳᠣᠭᠢᠷᠠᠭᠤᠯᠤᠨ ᠱᠢᠯᠢᠳᠡᠭ᠌ᠵᠢᠭᠦᠯᠦᠨ᠎ᠡ᠃ ᠠᠮᠢᠳᠤᠯᠢᠭ᠎ᠢᠶᠠᠷ ᠠᠵᠢᠯ ᠣᠯᠤᠭ᠍ᠰᠠᠳ᠂ ᠮᠠᠯᠴᠢᠨ ᠲᠠᠷᠢᠶᠠᠴᠢᠨ ᠬᠦᠴᠦ᠍ ᠶᠠᠪᠤᠭ᠍ᠰᠠᠳ᠂ ᠱᠢᠨ᠎ᠡ ᠠᠵᠢᠯ ᠣᠯᠭᠤᠯᠲᠠ᠎ᠶ᠋ᠢᠨ ᠬᠡᠯᠪᠡᠷᠢ᠎ᠶ᠋ᠢᠨ ᠬᠥᠮᠦᠰ ᠵᠡᠷᠭᠡ ᠬᠠᠮᠲᠦ᠎ᠶᠢ ᠦᠷᠡᠵᠢᠯ᠎ᠤᠨ ᠳᠠᠭᠠᠳᠭᠠᠯ᠎ᠤᠨ ᠪᠠᠲᠤᠯᠠᠭ᠎ᠠ᠎ᠶ᠋ᠢᠨ ᠬᠡᠪᠴᠢᠶᠡᠨ᠎ᠳᠤ ᠣᠷᠣᠭᠤᠯᠬᠤ᠎ᠶ᠋ᠢ ᠰᠦᠪᠡᠭ᠌ᠴᠢᠯᠡᠨ᠎ᠡ; ᠪᠥᠬᠦ᠌ ᠣᠷᠣᠨ᠎ᠤ ᠡᠭᠦᠳᠡᠨ ᠡᠮᠨᠡᠯᠭᠡ᠂ ᠡᠮᠨᠡᠯᠭᠡ᠎ᠳᠤ ᠰᠠᠭᠤᠬᠤ ᠬᠥᠩᠭᠡᠵᠢᠯ᠎ᠤᠨ ᠣᠯᠭᠤᠮᠵᠢ᠎ᠶ᠋ᠢᠨ ᠨᠢᠭᠡᠳᠦᠯᠲᠡᠶ ᠪᠠᠢᠬᠤ᠎ᠶ᠋ᠢ ᠠᠬᠢᠭᠤᠯᠵᠤ᠂ ᠭᠠᠵᠠᠷ ᠣᠷᠣᠨ᠎ᠤ ᠬᠤᠭᠤᠷᠣᠨᠳᠣᠬᠢ ᠬᠠᠷᠠᠭᠠᠯᠵᠠᠯ᠎ᠤᠨ ᠵᠥᠷᠢᠶ᠎ᠡ᠎ᠶ᠋ᠢ ᠪᠠᠭᠠᠰᠭᠠᠨ᠎ᠠ》᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠢᠯᠡᠬᠦ᠌᠎ᠳᠦ᠎ᠪᠡᠨ᠂ ᠲᠥᠷᠥ᠎ᠶ᠋ᠢᠨ ᠪᠣᠳᠣᠯᠭ᠎ᠠ᠎ᠶ᠋ᠢ ᠲᠠᠰᠤᠷᠠᠯᠲᠠ ᠥᠬᠡᠶ ᠰᠦᠪᠡᠭ᠌ᠴᠢᠯᠡᠨ ᠲᠡᠭᠦᠯᠳᠡᠷᠵᠢᠭᠦᠯᠵᠦ᠍᠂ ᠳᠠᠭᠠᠳᠭᠠᠯ᠎ᠳᠤ ᠣᠷᠣᠯᠴᠠᠭ᠍ᠰᠠᠨ ᠬᠦᠮᠦᠰ᠎ᠦᠨ ᠠᠮᠢᠳᠤᠷᠠᠯ᠎ᠤᠨ ᠦᠷᠡᠵᠢᠯ᠎ᠤᠨ ᠪᠠᠲᠤᠯᠠᠭ᠎ᠠ᠎ᠶ᠋ᠢᠨ ᠡᠷᠬᠡ ᠠᠱᠢᠭ᠎ᠢ ᠨᠠᠩ ᠰᠠᠢᠲᠤᠷ ᠬᠠᠮᠠᠭᠠᠯᠠᠨ᠂ ᠦᠷᠡᠵᠢᠯ᠎ᠤᠨ ᠨᠥᠬᠦᠷᠰᠡᠭ ᠬᠡᠯᠪᠡᠷᠢ᠎ᠶ᠋ᠢᠨ ᠨᠡᠢᠭᠡᠮ᠎ᠢ ᠪᠠᠢᠭᠤᠯᠬᠤ᠎ᠶ᠋ᠢ ᠠᠬᠢᠭᠤᠯᠤᠨ᠎ᠠ ᠭᠡᠵᠡᠶ᠃
