ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
[ᠦᠪᠦᠷ ᠮᠤᠩᠭᠤᠯ᠎ᠤᠨ ᠡᠳᠦᠷ᠎ᠤᠨ ᠰᠣᠨᠢᠨ] ᠡᠮᠴᠢᠯᠡᠭᠡᠨ᠎ᠦ ᠪᠠᠳᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠲᠡᠷᠡ ᠳᠠᠷᠤᠢ᠎ᠳᠤ᠎ᠨᠢ ᠳ᠋ᠦᠩᠨᠡᠨ ᠪᠣᠳᠣᠵᠤ ᠵᠤᠭᠤᠰ ᠪᠤᠴᠠᠭᠠᠬᠤ ᠬᠦᠴᠢᠷ ᠠᠰᠠᠭᠤᠳᠠᠯ
ᠨᠡᠶ᠋ᠢᠲᠡᠯᠡᠭᠰᠡᠨ ᠴᠠᠭ᠄ 2025-10-15

  《ᠤᠯᠠᠮᠵᠢᠯᠠᠯᠲᠤ ᠠᠵᠢᠯᠲᠠᠨ ᠠᠵᠢᠯᠴᠢᠨ᠎ᠤ ᠡᠮᠴᠢᠯᠡᠭᠡᠨ᠎ᠦ ᠳᠠᠭᠠᠳᠭᠠᠯ᠎ᠤᠨ ᠳ᠋ᠦᠩᠨᠡᠨ ᠪᠤᠳᠤᠬᠤ ᠲᠣᠭ᠍ᠲᠠᠴᠠ ᠳᠣᠤᠷ᠎ᠠ᠂ ᠰᠠᠷ᠎ᠠ ᠪᠦᠷᠢ᠎ᠶ᠋ᠢᠨ ᠡᠮᠴᠢᠯᠡᠭᠡᠨ᠎ᠦ ᠳᠠᠭᠠᠳᠭᠠᠯ᠎ᠤᠨ ᠲᠠᠩᠰᠠ ᠲᠠᠢᠯᠬᠤ ᠬᠡᠰᠡᠭ᠎ᠲᠤ ᠡᠮᠨᠡᠯᠭᠡ᠎ᠶ᠋ᠢᠨ ᠬᠤᠷᠢᠶ᠎ᠠ ᠤᠷᠢᠳᠠᠪᠠᠷ ᠣᠷᠣᠯᠠᠨ ᠥᠭ᠌ᠴᠦ᠂ ᠪᠠᠯᠠ ᠮᠥᠩᠭᠦ᠎ᠪᠠᠨ ᠪᠤᠴᠠᠭᠠᠬᠤ ᠦᠶᠡᠯᠡᠯ᠎ᠤᠨ ᠬᠤᠭᠤᠴᠠᠭ᠎ᠠ᠎ᠨᠢ ᠨᠡᠯᠢᠶᠡᠳ ᠣᠷᠳᠣ ᠪᠠᠢᠳᠠᠭ᠃ ᠤᠳᠤ ᠡᠮᠴᠢᠯᠡᠭᠡᠨ᠎ᠦ ᠳᠠᠭᠠᠳᠭᠠᠯ᠎ᠤᠨ ᠰᠠᠯᠠᠭ᠎ᠠ ᠮᠥᠴᠢᠷ ᠲᠡᠷᠡ ᠳᠠᠷᠤᠢ᠎ᠳᠤᠨᠢ ᠳ᠋ᠦᠩᠨᠡᠨ ᠪᠤᠳᠤᠬᠤ᠎ᠶ᠋ᠢ ᠬᠡᠷᠡᠭ᠌ᠵᠢᠭᠦᠯᠵᠦ᠍᠂ ᠰᠠᠭᠤᠷᠢ ᠮᠥᠩᠭᠦ᠎ᠶ᠋ᠢ 2 ᠠᠵᠢᠯᠯᠠᠬᠤ ᠡᠳᠦᠷ ᠰᠠᠯᠭᠠᠨ ᠥᠭ᠌ᠪᠡᠯ ᠳᠠᠩᠰᠠᠨ᠎ᠳᠤ ᠣᠷᠣᠭᠤᠯᠵᠤ᠂ ᠡᠮᠨᠡᠯᠭᠡ᠎ᠶ᠋ᠢᠨ ᠬᠤᠷᠢᠶᠠᠨ᠎ᠤ ᠪᠡᠯᠡ ᠮᠥᠩᠭᠦ᠎ᠶ᠋ᠢᠨ ᠳᠠᠷᠤᠯᠲᠠ᠎ᠶ᠋ᠢ ᠢᠯᠡᠳᠲᠡ ᠨᠠᠮᠳᠠᠭᠤᠯᠵᠠᠢ》᠃ 9 ᠳ᠋ᠦ᠍ᠭᠡᠷ ᠰᠠᠷ᠎ᠠ᠎ᠶ᠋ᠢᠨ 30 ᠎ᠤ ᠡᠳᠦᠷ᠂ ᠤᠯᠠᠭᠠᠨᠬᠠᠳᠠ ᠬᠤᠲᠠ᠎ᠶ᠋ᠢᠨ ᠬᠠᠪᠤᠳᠠᠷ᠎ᠦᠨ ᠡᠮᠨᠡᠯᠭᠡ᠎ᠶ᠋ᠢᠨ ᠬᠤᠷᠢᠶᠠᠨ᠎ᠤ ᠳᠡᠳ᠋ ᠬᠤᠷᠢᠶᠠᠨ ᠳᠠᠷᠤᠭ᠎ᠠ ᠯᠢᠦ ᠪᠠᠶ ᠱᠢᠦᠸᠠᠨ ᠰᠡᠳᠭᠢᠯ ᠳᠣᠭ᠍ᠳᠣᠯᠤᠨ᠂ ᠤᠯᠠᠭᠠᠨᠬᠠᠳᠠ ᠬᠤᠲᠠ᠎ᠶ᠋ᠢᠨ  ᠡᠮᠴᠢᠯᠡᠭᠡᠨ᠎ᠦ  ᠳᠠᠭᠠᠳᠭᠠᠯ᠎ᠤᠨ ᠰᠠᠭᠤᠷᠢ ᠮᠥᠩᠭᠦ᠎ᠶ᠋ᠢ ᠴᠠᠭ ᠲᠤᠬᠠᠶ᠎ᠳᠤ᠎ᠨᠢ ᠳ᠋ᠦᠩᠨᠡᠨ ᠪᠤᠳᠤᠬᠤ ᠥᠭᠡᠷᠡᠴᠢᠯᠡᠯᠲᠡ᠎ᠠᠴᠠ ᠪᠣᠯᠤᠭ᠍ᠰᠠᠨ ᠦᠨᠡᠨ ᠪᠣᠳᠠᠲᠠᠶ ᠬᠤᠪᠢᠷᠠᠯᠲᠠ᠎ᠶ᠋ᠢ  ᠬᠡᠯᠡᠭᠰᠡᠨ ᠪᠠᠢ᠌ᠨ᠎ᠠ᠃

  2025 ᠣᠨ᠎ᠤ 5 ᠳ᠋ᠤᠭ᠋ᠠᠷ ᠰᠠᠷ᠎ᠠ᠎ᠳᠤ᠂ ᠤᠯᠠᠭᠠᠨᠬᠠᠳᠠ ᠬᠤᠲᠠ᠎ᠨᠢ ᠤᠷᠢᠳᠴᠢᠯᠠᠨ ᠥᠭ᠌ᠬᠦ ᠮᠥᠩᠭᠦ᠎ᠶ᠋ᠢᠨ ᠬᠠᠮᠢᠶᠠᠷᠤᠯᠲᠠ᠎ᠶ᠋ᠢ ᠴᠢᠩᠭ᠎ᠠ ᠵᠢᠷᠤᠮᠵᠢᠭᠤᠯᠤᠭ᠍ᠰᠠᠨ ᠰᠠᠭᠤᠷᠢᠨ ᠳᠡᠭᠡᠷ᠎ᠡ᠂ 《ᠤᠷᠢᠳᠠᠪᠠᠷ ᠲᠤᠷᠱᠢᠨ ᠬᠡᠷᠡᠭ᠌ᠵᠢᠭᠦᠯᠵᠦ᠍᠂ ᠯᠠᠪᠳᠠᠭᠤᠨ᠎ᠢᠶᠠᠷ ᠳᠡᠯᠭᠡᠷᠡᠭᠦᠯᠬᠦ᠌》 ᠵᠠᠷᠴᠢᠮ ᠶᠣᠰᠣᠭᠠᠷ᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠴᠠᠭ ᠲᠤᠬᠠᠶ᠎ᠳᠤ᠎ᠨᠢ ᠳ᠋ᠦᠩᠨᠡᠨ ᠪᠤᠳᠤᠬᠤ ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠡᠬᠢᠯᠡᠭᠦᠯᠵᠦ᠍᠂ ᠪᠥᠬᠦ᠌ ᠬᠤᠲᠠ᠎ᠶ᠋ᠢᠨ ᠬᠤᠶᠠᠳᠤᠭᠠᠷ ᠳᠡᠰ ᠵᠢᠴᠢ ᠲᠡᠭᠦᠨ᠎ᠠᠴᠠ ᠳᠡᠭᠡᠭ᠌ᠰᠢᠬᠢ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠠᠵᠢᠯᠲᠠᠨ ᠠᠵᠢᠯᠴᠢᠨ᠎ᠤ ᠡᠮᠴᠢᠯᠡᠭᠡᠨ᠎ᠦ ᠳᠠᠭᠠᠳᠭᠠᠯ᠎ᠤᠨ ᠵᠠᠷᠤᠳᠠᠯ᠎ᠢ 《ᠡᠳᠦᠷ᠎ᠲᠤ ᠰᠠᠯᠭᠠᠨ ᠥᠭ᠌ᠬᠦ᠂ ᠰᠠᠷ᠎ᠠ᠎ᠳᠤ ᠳ᠋ᠦᠩᠨᠡᠨ ᠪᠤᠳᠤᠬᠤ᠂ ᠵᠢᠯ᠎ᠳᠤ ᠢᠯᠭᠠᠷᠠᠭᠤᠯᠤᠨ ᠪᠤᠳᠤᠬᠤ》 ᠴᠤ᠋ ᠱᠢᠨ᠎ᠡ ᠳ᠋ᠦᠩᠨᠡᠨ ᠪᠤᠳᠤᠬᠤ ᠵᠠᠭ᠍ᠪᠤᠷ᠎ᠢ ᠥᠨᠳᠥᠷ ᠦᠷ᠎ᠡ ᠪᠦᠲᠦᠮᠵᠢᠲᠡᠶ᠎ᠪᠠᠷ ᠪᠡᠶᠡᠯᠡᠭᠦᠯᠪᠡ᠃

  2025 ᠣᠨ᠎ᠤ 5 ᠳ᠋ᠤᠭ᠋ᠠᠷ ᠰᠠᠷ᠎ᠠ᠎ᠶ᠋ᠢᠨ 1 ᠎ᠤ ᠡᠳᠦᠷ᠎ᠠᠴᠠ 6  ᠳ᠋ᠤᠭ᠋ᠠᠷ ᠰᠠᠷ᠎ᠠ᠎ᠶ᠋ᠢᠨ 24 ᠎ᠤ ᠡᠳᠦᠷ ᠪᠣᠯᠲᠠᠯ᠎ᠠ ᠲᠤᠷᠱᠢᠯᠲᠠ᠎ᠶ᠋ᠢᠨ ᠴᠡᠭ᠎ᠤᠨ ᠠᠵᠢᠯ ᠥᠷᠨᠢᠭᠦᠯᠬᠦ᠌ ᠬᠤᠭᠤᠴᠠᠭᠠᠨ᠎ᠳᠤ᠂ ᠤᠯᠠᠭᠠᠨᠬᠠᠳᠠ ᠬᠤᠲᠠ᠎ᠶ᠋ᠢᠨ ᠡᠮᠴᠢᠯᠡᠭᠡᠨ᠎ᠦ ᠳᠠᠭᠠᠳᠭᠠᠯ᠎ᠤᠨ ᠦᠢᠯᠡᠴᠢᠯᠡᠭᠡᠨ᠎ᠤ ᠲᠥᠪ᠎ᠠᠴᠠ ᠲᠥᠯᠥᠭᠡᠯᠡᠬᠦ᠌ ᠴᠢᠨᠠᠷᠲᠠᠶ ᠬᠤᠶᠠᠳᠤᠭᠠᠷ ᠳᠡᠰ ᠵᠢᠴᠢ ᠲᠡᠭᠦᠨ᠎ᠠᠴᠠ ᠳᠡᠭᠡᠭ᠌ᠰᠢᠬᠢ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢ ᠰᠣᠩᠭᠤᠨ ᠲᠦᠷᠦᠭᠦᠦ ᠪᠦᠯᠦᠭ ᠲᠤᠷᠱᠢᠯᠲᠠ᠎ᠶ᠋ᠢᠨ ᠨᠢᠭᠡᠴᠢ ᠪᠣᠯᠭᠠᠵᠤ᠂ ᠡᠯ᠎ᠡ ᠬᠤᠱᠢᠭᠤ ᠱᠢᠶᠠᠨ ᠲᠣᠭᠤᠷᠢᠭ᠎ᠤᠨ ᠡᠮᠴᠢᠯᠡᠭᠡᠨ᠎ᠦ ᠳᠠᠭᠠᠳᠭᠠᠯ᠎ᠤᠨ ᠭᠠᠷᠲᠠᠨ ᠭᠦᠢᠴᠡᠳᠭᠡᠬᠦ᠌ ᠪᠠᠢᠭᠤᠯᠤᠮᠵᠢ ᠵᠢᠴᠢ ᠲᠣᠭ᠍ᠲᠠᠭ᠍ᠰᠠᠨ ᠡᠮᠴᠢᠯᠡᠭᠡᠨ᠎ᠤ ᠪᠠᠢᠭᠤᠯᠤᠮᠵᠢ᠎ᠳᠤ 《ᠴᠠᠭ ᠲᠤᠬᠠᠶ᠎ᠳᠤᠨᠢ ᠳ᠋ᠦᠩᠨᠡᠨ ᠪᠤᠳᠤᠬᠤ ᠶᠠᠪᠤᠴᠠ᠎ᠶ᠋ᠢᠨ ᠠᠵᠢᠯᠯᠠᠭᠠᠨ᠎ᠤ ᠵᠦᠭ᠌ᠯᠡᠭᠦᠷ》᠂ 《ᠪᠠᠢᠩᠭᠤ ᠲᠣᠬᠢᠶᠠᠯᠳᠤᠬᠤ ᠠᠰᠠᠭᠤᠳᠠᠯ᠎ᠢ ᠲᠦᠷᠭᠡᠨ ᠪᠠᠢᠴᠠᠭᠠᠬᠤ ᠭᠠᠷ ᠳᠡᠪᠲᠡᠷ》 ᠵᠡᠷᠭᠡ ᠮᠠᠲ᠋ᠧᠷᠢᠶᠠᠯ᠎ᠢ ᠨᠠᠷᠢᠯᠢᠭ ᠣᠨᠣᠴᠠᠲᠠᠶ᠎ᠪᠠᠷ ᠬᠦᠷᠭᠡᠵᠦ᠍ ᠥᠭ᠌ᠭᠦᠭ᠌ᠰᠡᠨ ᠪᠥᠭᠡᠳ ᠱᠢᠰᠲ᠋ᠧᠮ᠎ᠢ ᠵᠣᠯᠭᠠᠭᠤᠯᠬᠤ᠂ ᠲᠤᠭ᠎ᠠ ᠪᠠᠷᠢᠮᠲᠠ᠎ᠶ᠋ᠢ ᠠᠳᠭᠤᠬᠤ᠂ ᠲᠠᠩᠰᠠ ᠬᠠᠷᠭᠤᠭᠤᠯᠵᠤ ᠬᠠᠷᠭᠤᠭᠤᠯᠤᠨ ᠱᠢᠯᠭᠠᠬᠤ ᠵᠡᠷᠭᠡ ᠭᠤᠤᠯ ᠭᠤᠭ᠍ᠴᠤᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠣᠳᠠᠲᠠᠶ ᠠᠵᠢᠯᠯᠠᠭᠠᠨ᠎ᠤ  ᠪᠣᠯᠪᠠᠰᠤᠷᠠᠯ᠎ᠢ ᠴᠢᠩᠭᠠᠳᠭᠠᠪᠠ᠃ ᠲᠤᠷᠱᠢᠯᠲᠠ᠎ᠶ᠋ᠢᠨ ᠴᠡᠭ᠎ᠤᠨ ᠬᠤᠭᠤᠴᠠᠭᠠᠨ᠎ᠳᠤ ᠤᠯᠠᠭᠠᠨᠬᠠᠳᠠ ᠬᠤᠲᠠ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ 2972.37 ᠲᠦᠮᠡᠨ ᠲᠥᠭᠦᠷᠢᠭ ᠰᠠᠯᠭᠠᠨ ᠥᠭ᠌ᠪᠡ᠃

  《ᠥᠨᠳᠥᠷ ᠪᠦᠲᠦᠮᠵᠢᠲᠡᠶ᠎ᠪᠠᠷ ᠲᠥᠯᠥᠬᠦ᠌》 ᠪᠠ 《ᠰᠠᠭᠤᠷᠢ ᠮᠥᠩᠭᠦ᠎ᠶ᠋ᠢᠨ ᠠᠮᠤᠷ ᠲᠦᠪᠱᠢᠨ》 ᠎ᠤ ᠬᠤᠤᠰ ᠠᠮᠵᠢᠯᠲᠠ ᠤᠯᠬᠤ ᠬᠠᠷᠠᠯᠲᠠ᠎ᠶ᠋ᠢ ᠬᠡᠷᠬᠢᠨ ᠪᠡᠶᠡᠯᠡᠭᠦᠯᠬᠦ᠌ ᠪᠣᠶ? ᠲᠠᠰᠤᠷᠠᠯᠲᠠ ᠦᠭᠡᠢ ᠰᠦᠪᠡᠭ᠌ᠴᠢᠯᠡᠬᠦ᠌᠎ᠪᠠᠷ ᠳᠠᠮᠵᠢᠨ᠂ ᠤᠯᠠᠭᠠᠨᠬᠠᠳᠠ ᠬᠤᠲᠠ᠎ᠶ᠋ᠢᠨ ᠡᠮᠴᠢᠯᠡᠭᠡᠨ᠎ᠦ ᠳᠠᠭᠠᠳᠭᠠᠯ᠎ᠤᠨ ᠦᠢᠯᠡᠴᠢᠯᠡᠭᠡᠨ᠎ᠤ ᠲᠥᠪ᠎ᠨᠢ ᠬᠤᠲᠠ᠎ᠶ᠋ᠢᠨ ᠲᠣᠰ ᠱᠠᠲᠤ᠌᠂ ᠬᠤᠱᠢᠭᠤ ᠱᠢᠶᠠᠨ ᠲᠣᠭᠤᠷᠢᠭ᠂ ᠲᠣᠭ᠍ᠲᠠᠭ᠍ᠰᠠᠨ ᠴᠡᠭ᠎ᠤᠨ ᠪᠠᠢᠭᠤᠯᠤᠮᠵᠢ ᠭᠤᠷᠪᠠᠨ ᠱᠠᠲᠤ᠎ᠪᠠᠷ ᠬᠤᠯᠪᠣᠭᠠᠯᠠᠨ ᠬᠥᠳᠡᠯᠦᠯᠴᠡᠵᠦ᠍ ᠬᠢᠨᠠᠨ ᠬᠡᠮᠵᠢᠬᠦ᠌ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠳ᠋ᠦᠩᠨᠡᠨ ᠪᠤᠳᠤᠬᠤ ᠠᠬᠢᠴᠠ᠂ ᠪᠡᠯᠡ ᠮᠥᠩᠭᠦ᠎ᠶ᠋ᠢᠨ ᠭᠦᠢᠯᠭᠡᠭᠡ᠂ ᠱᠢᠰᠲ᠋ᠧᠮ᠎ᠤᠨ ᠪᠠᠢᠳᠠᠯ ᠵᠡᠷᠭᠡ ᠵᠠᠩᠭᠢᠯᠠᠭ᠎ᠠ᠎ᠶ᠋ᠢᠨ ᠮᠡᠳᠡᠭᠡ ᠵᠠᠩᠭᠢ᠎ᠶ᠋ᠢ ᠴᠠᠭ ᠲᠤᠬᠠᠢ᠎ᠳᠤᠨᠢ ᠡᠵᠡᠮᠳᠡᠬᠦ᠌ ᠬᠡᠷᠡᠭ᠌ᠲᠡᠢ᠃ ᠡᠭᠦᠨ᠎ᠤ ᠬᠠᠮᠲᠤ᠌᠂ ᠤᠯᠠᠭᠠᠨᠬᠠᠳᠠ ᠬᠤᠲᠠ 《ᠳᠥᠯᠥᠬᠦ᠌ ᠢᠯᠠᠭ᠍ᠳᠠᠯ᠎ᠳᠤ ᠲᠤᠱᠢᠶᠠᠬᠤ᠎ᠶ᠋ᠢ ᠲᠡᠪᠴᠢᠬᠦ᠂ ᠬᠡᠪ᠎ᠤᠨ ᠪᠤᠰᠤ ᠵᠠᠷᠤᠳᠠᠯ᠎ᠢ ᠥᠭ᠌ᠬᠦ᠎ᠶ᠋ᠢ ᠲᠡᠪᠴᠢᠬᠦ᠂ ᠤᠷᠢᠳᠴᠢᠯᠠᠨ ᠲᠤᠱᠢᠶᠠᠭ᠍ᠰᠠᠨ ᠪᠠᠯᠠ ᠮᠥᠩᠭᠦ᠎ᠶ᠋ᠢᠨ ᠠᠰᠠᠭᠤᠳᠠᠯ᠎ᠢ ᠲᠤᠱᠢᠶᠠᠬᠤ᠎ᠶ᠋ᠢ ᠲᠡᠪᠴᠢᠬᠦ᠌》 ᠭᠤᠷᠪᠠᠨ ᠲᠥᠷᠥᠯ᠎ᠤᠨ ᠲᠤᠱᠢᠶᠠᠬᠤ᠎ᠶ᠋ᠢ ᠲᠡᠪᠴᠢᠬᠦ᠌ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠱᠢᠰᠲ᠋ᠧᠮ᠎ᠤᠨ ᠠᠦ᠋ᠲ᠋ᠣ᠋ ᠱᠢᠭ᠌ᠰᠢᠨ ᠪᠠᠢᠴᠠᠭᠠᠬᠤ ᠪᠠ ᠲᠤᠰᠭᠠᠶ ᠮᠡᠷᠭᠡᠵᠢᠯ᠎ᠤᠨ ᠬᠥᠮᠦᠨ᠎ᠤ ᠬᠦᠴᠦ᠍᠎ᠪᠠᠷ ᠳᠠᠬᠢᠨ ᠬᠢᠨᠠᠬᠤ᠎ᠶ᠋ᠢ ᠤᠶᠠᠯᠳᠤᠭᠤᠯᠬᠤ ᠠᠷᠭ᠎ᠠ ᠮᠠᠶᠢᠭ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠡᠳᠦᠷ ᠪᠦᠷᠢ ᠶᠡᠭᠡ ᠬᠡᠮᠵᠢᠶᠡᠨ᠎ᠤ ᠳ᠋ᠦᠩᠨᠡᠨ ᠪᠤᠳᠤᠭ᠍ᠰᠠᠨ ᠲᠤᠭ᠎ᠠ ᠪᠠᠷᠢᠮᠲᠠ᠎ᠳᠤ 《ᠬᠤᠤᠰ ᠬᠢᠨᠠᠨ ᠱᠢᠯᠭᠠᠯᠲᠠ》 ᠬᠢᠵᠦ᠍᠂ ᠪᠠᠯᠠ ᠮᠥᠩᠭᠦ᠌ ᠥᠭ᠌ᠬᠦ᠎ᠳᠤ ᠴᠥᠮ ᠬᠠᠤᠯᠢ ᠲᠣᠭ᠍ᠲᠠᠭᠠᠯ᠎ᠳᠤ ᠨᠡᠢᠴᠡᠬᠦ᠂ ᠠᠶᠤᠯ ᠲᠦᠭ᠌ᠰᠢᠭᠦᠷᠢ᠎ᠶ᠋ᠢ ᠡᠵᠡᠮᠳᠡᠵᠦ᠍ ᠪᠣᠯᠬᠤ᠂ ᠠᠮᠤᠷ ᠲᠦᠪᠱᠢᠨ᠎ᠳᠤ ᠰᠠᠨᠠᠭ᠎ᠠ ᠠᠮᠤᠷ ᠪᠠᠢᠬᠤ᠎ᠶ᠋ᠢ ᠦᠨᠡᠨ ᠬᠦ᠌ ᠪᠠᠲᠤᠯᠠᠪᠠ᠃

  ᠣᠳᠣᠬᠠᠨ᠎ᠳᠤ᠂ ᠤᠯᠠᠭᠠᠨᠬᠠᠳᠠ ᠬᠤᠲᠠ᠎ᠶ᠋ᠢᠨ ᠬᠤᠶᠠᠳᠤᠭᠠᠷ ᠳᠡᠰ ᠵᠢᠴᠢ ᠲᠡᠭᠦᠨ᠎ᠠᠴᠠ ᠳᠡᠭᠡᠭ᠌ᠰᠢᠬᠢ 47 ᠬᠤᠶᠠᠳᠤᠭ᠋ᠠᠷ ᠳᠡᠰ᠎ᠦᠨ ᠠᠯᠪᠠᠨ᠎ᠠᠴᠠ ᠪᠠᠢᠭᠤᠯᠤᠭ᠍ᠰᠠᠨ ᠡᠮᠴᠢᠯᠡᠭᠡᠨ᠎ᠤ ᠪᠠᠢᠭᠤᠯᠤᠮᠵᠢ ᠴᠥᠮ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢ ᠴᠠᠭ ᠲᠤᠬᠠᠶ᠎ᠳᠤ᠎ᠨᠢ ᠳ᠋ᠦᠩᠨᠡᠨ ᠪᠤᠳᠤᠬᠤ ᠦᠢᠯᠡᠴᠢᠯᠡᠭᠡ᠎ᠶ᠋ᠢ ᠪᠥᠬᠦ᠌ ᠲᠠᠯ᠎ᠠ᠎ᠪᠠᠷ ᠬᠠᠮᠤᠷᠬᠤ᠎ᠶ᠋ᠢ ᠪᠡᠶᠡᠯᠡᠭᠦᠯᠵᠦ᠍᠂ ᠰᠠᠯᠭᠠᠨ ᠥᠭ᠌ᠭᠦᠭ᠌ᠰᠡᠨ ᠵᠣᠭᠤᠰ᠎ᠤᠨ ᠲᠤᠭ᠎ᠠ ᠨᠢ ᠨᠡᠢᠲᠡ 16508.61 ᠲᠦᠮᠡᠨ ᠲᠥᠭᠦᠷᠢᠭ ᠪᠤᠯᠤᠨ᠎ᠠ᠃

  《ᠴᠠᠭ ᠲᠤᠬᠠᠶ᠎ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ ᠬᠢᠵᠦ᠍᠂ ᠡᠮᠴᠢᠯᠡᠭᠡᠨ᠎ᠤ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠲᠥᠯᠥᠪᠦᠷᠢ᠎ᠶ᠋ᠢ 〈ᠰᠠᠷ᠎ᠠ᠎ᠪᠠᠷ ᠪᠣᠳᠣᠬᠤ〉 ᠎ᠠᠴᠠ 〈ᠳᠠᠷᠠᠭ᠎ᠠ ᠡᠳᠦᠷ᠎ᠲᠤ ᠬᠦᠷᠬᠦ〉 ᠪᠣᠯᠭᠠᠨ ᠬᠤᠪᠢᠷᠠᠭᠤᠯᠬᠤ᠎ᠶ᠋ᠢ ᠪᠡᠶᠡᠯᠡᠭᠦᠯᠵᠦ᠍᠂ ᠡᠮᠴᠢᠯᠡᠭᠡᠨ᠎ᠤ ᠪᠠᠢᠭᠤᠯᠤᠮᠵᠢ᠎ᠶ᠋ᠢᠨ ᠪᠡᠯᠡ ᠮᠥᠩᠭᠦ᠎ᠶ᠋ᠢᠨ ᠡᠷᠭᠢᠯᠲᠡ᠎ᠶ᠋ᠢᠨ ᠦᠷ᠎ᠡ ᠪᠦᠲᠦᠮᠵᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠡᠮᠴᠢᠯᠡᠭᠡᠨ᠎ᠤ ᠪᠠᠢᠭᠤᠯᠤᠮᠵᠢ᠎ᠶ᠋ᠢ ᠬᠠᠪᠰᠤᠷᠤᠨ ᠨᠡᠩ ᠤᠯᠠᠨ ᠣᠶᠤᠨ ᠴᠢᠳᠠᠯ᠎ᠢᠶᠠᠨ ᠡᠮᠴᠢᠯᠡᠭᠡᠨ᠎ᠤ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠳᠠᠭᠠᠳᠭᠠᠯ᠎ᠳᠤ ᠣᠷᠣᠯᠴᠠᠭ᠍ᠰᠠᠨ ᠡᠪᠡᠳᠴᠢᠲᠡᠨ᠎ᠤ ᠡᠪᠡᠳᠴᠢᠨ ᠦᠵᠡᠭᠦᠯᠬᠦ᠌ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠬᠤ ᠭᠤᠣᠯ ᠡᠭᠦᠷᠭᠡ ᠬᠠᠷᠢᠭᠤᠴᠠᠯᠭ᠎ᠠ ᠳᠡᠭᠡᠷ᠎ᠡ ᠲᠥᠪᠯᠡᠷᠡᠭᠦᠯᠪᠡ》 ᠃ ᠤᠯᠠᠭ᠋ᠠᠨᠬᠠᠳᠠ ᠬᠣᠲᠠ᠎ᠶ᠋ᠢᠨ ᠡᠮᠴᠢᠯᠡᠭᠡᠨ᠎ᠤ  ᠳᠠᠭᠠᠳᠭᠠᠯ᠎ᠤᠨ ᠦᠢᠯᠡᠴᠢᠯᠡᠭᠡᠨ᠎ᠦ ᠲᠥᠪ᠎ᠦᠨ ᠡᠷᠬᠢᠯᠡᠭ᠌ᠴᠢ ᠹᠠᠨ ᠲᠢ ᡁᠢ ᠬᠡᠯᠡᠪᠡ᠃

 

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
 
            