《ᠣᠲᠣ ᠡᠮ ᠬᠤᠳᠠᠯᠳᠤᠨ ᠠᠪᠬᠤ᠎ᠳᠤ ᠰᠠᠨᠠᠭ᠎ᠠ ᠠᠮᠤᠷ ᠪᠣᠯᠣᠯ᠎ᠠ᠂ ᠭᠠᠷ ᠤᠲᠠᠰᠤ᠎ᠪᠠᠷ ᠡᠮ᠎ᠦᠨ ᠭᠠᠳᠠᠷ ᠪᠣᠭᠣᠳᠠᠯ ᠳᠡᠭᠡᠷᠡᠬᠢ ᠮᠥᠷᠳᠡᠬᠦ᠌ ᠨᠣᠮᠧᠷ᠎ᠢ ᠱᠢᠷᠪᠢᠵᠦ᠍᠂ ᠡᠮ᠎ᠤᠨ ᠵᠦᠢᠯ᠎ᠤᠨ ᠦᠢᠯᠡᠳᠪᠦᠷᠢᠯᠡᠯ᠎ᠤᠨ ᠦᠢᠯᠡᠳᠪᠦᠷᠢ᠂ ᠪᠠᠷᠠᠭ᠎ᠠ ᠣᠷᠣᠭᠤᠯᠬᠤ ᠠᠷᠭ᠎ᠠ ᠵᠠᠮ᠎ᠨᠢ ᠴᠥᠮ ᠲᠣᠳᠣᠷᠬᠠᠢ ᠬᠠᠷᠠᠭ᠍ᠳᠠᠨ᠎ᠠ》 ᠭᠡᠵᠡᠢ᠃ ᠠᠨᠾᠦ᠋ᠢ ᠮᠤᠵᠢ᠎ᠶ᠋ᠢᠨ ᡂᠢ ᠵᠧᠦ ᠬᠤᠳᠠ᠎ᠶ᠋ᠢᠨ ᠬᠦᠢ ᡂᠢ ᠲᠣᠭᠤᠷᠢᠭ᠎ᠤᠨ ᠺᠧ ᠶᠤᠸᠠᠨ ᠵᠠᠮ᠎ᠤᠨ ᠨᠢᠭᠡᠨ ᠡᠮᠴᠢᠯᠡᠭᠡᠨ᠎ᠦ ᠳᠠᠭᠠᠳᠭᠠᠯ᠎ᠤᠨ ᠲᠣᠭ᠍ᠲᠠᠭ᠍ᠰᠠᠨ ᠴᠡᠭ᠎ᠤᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷᠲᠤ᠌᠂ ᠬᠤᠳᠠ᠎ᠶ᠋ᠢᠨ ᠠᠷᠠᠳ ᠶᠠᠩ ᠠᠪᠠᠭ᠍ᠠᠢ ᠰᠠᠶᠢᠬᠠᠨ ᠬᠤᠳᠠᠯᠳᠤᠨ ᠠᠪᠤᠭ᠍ᠰᠠᠨ ᠡᠮ᠎ᠤᠨ ᠵᠦᠢᠯᠡᠰ᠎ᠢᠶᠠᠨ ᠠᠪᠴᠤ᠌ ᠪᠠᠢᠪᠠ᠃ ᠶᠠᠩ ᠠᠪᠠᠬᠠᠢ᠎ᠶᠢᠨ ᠠᠮᠠᠨ᠎ᠳᠡᠬᠢ ᠡᠮ᠎ᠦᠨ ᠵᠦᠢᠯ᠎ᠢ ᠮᠥᠷᠳᠡᠬᠦ᠌ ᠺᠣᠳ᠋ ᠨᠢ ᠢᠳᠡᠭ ᠢᠳᠡᠭ᠎ᠢᠶᠡᠷ ᠬᠣᠲᠠ᠎ᠶᠢᠨ ᠠᠷᠠᠳ᠎ᠤᠨ ᠡᠮ ᠬᠡᠷᠡᠭᠯᠡᠬᠦ ᠠᠮᠤᠷ ᠲᠦᠪᠰᠢᠨ᠎ᠢ ᠪᠠᠲᠤᠯᠠᠬᠤ 《 ᠬᠤᠷᠴᠠ ᠵᠡᠪᠰᠡᠭ 》 ᠪᠣᠯᠵᠤ ᠪᠠᠢᠨ᠎ᠠ ᠃
ᠭᠤᠣᠯ ᠬᠤᠲᠠ᠎ᠶ᠋ᠢᠨ ᠲᠣᠭᠤᠷᠢᠭ᠎ᠤᠨ ᠣᠯᠠᠨ ᠡᠮᠴᠢᠯᠡᠭᠡᠨ᠎ᠤ ᠳᠠᠭᠠᠳᠭᠠᠯ᠎ᠤᠨ ᠲᠣᠭ᠍ᠲᠠᠭ᠍ᠰᠠᠨ ᠴᠡᠭ᠎ᠤᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠣᠷᠣᠬᠤ᠎ᠳᠤ᠂ ᠡᠮ᠎ᠤᠨ ᠳᠡᠯᠭᠡᠭᠦᠷ᠎ᠤᠨ ᠳᠣᠲᠣᠷ᠎ᠠ ᠪᠣᠷᠣᠯᠠᠭᠤᠯᠤᠭ᠍ᠰᠠᠨ ᠡᠮ᠎ᠤᠨ ᠵᠦᠢᠯ᠎ᠤᠨ ᠭᠠᠳᠠᠷ ᠪᠣᠭᠤᠳᠠᠯ ᠪᠠᠭ᠍ᠯᠠᠭ᠎ᠠ᠎ᠨᠢ ᠴᠥᠮ ᠮᠦᠷᠳᠡᠬᠦ ᠨᠣᠮᠧᠷ᠎ᠢᠶᠠᠨ ᠲᠣᠳᠣᠷᠬᠠᠶ ᠪᠢᠴᠢᠪᠡ᠃ ᠡᠮ᠎ᠤᠨ ᠵᠦᠢᠯ᠎ᠢ ᠪᠣᠷᠣᠯᠠᠭᠤᠯᠬᠤ᠎ᠳᠤ ᠳᠡᠯᠭᠡᠭᠦᠷ᠎ᠤᠨ ᠠᠵᠢᠯᠲᠠᠨ ᠡᠷᠬᠡᠪᠰᠢ ᠲᠣᠭ᠍ᠲᠠᠭᠠᠯ ᠶᠣᠰᠣᠭᠠᠷ ᠮᠦᠷᠳᠡᠬᠦ ᠨᠣᠮᠧᠷ᠎ᠢ ᠱᠢᠷᠪᠢᠵᠦ᠍ ᠣᠷᠣᠭᠤᠯᠪᠠᠯ ᠰᠠᠶᠢ ᠡᠮᠴᠢᠯᠡᠭᠡᠨ᠎ᠤ ᠳᠠᠭᠠᠳᠭᠠᠯ᠎ᠤᠨ ᠲᠣᠭᠠᠴᠠᠭ᠎ᠠ ᠬᠢᠬᠦ᠌᠎ᠶ᠋ᠢ ᠪᠡᠶᠡᠯᠡᠭᠦᠯᠵᠦ᠍ ᠴᠢᠳᠠᠨ᠎ᠠ᠃ ᠡᠮ᠎ᠤᠨ ᠳᠡᠯᠭᠡᠭᠦᠷ᠎ᠤᠨ ᠠᠵᠢᠯᠲᠠᠨ᠎ᠤ ᠲᠠᠨᠢᠯᠴᠠᠭᠤᠯᠤᠭ᠍ᠰᠠᠨ᠎ᠢᠶᠠᠷ᠂ 《ᠡᠮ᠎ᠤᠨ ᠵᠦᠢᠯ᠎ᠢ ᠮᠦᠷᠳᠡᠬᠦ ᠨᠣᠮᠧᠷ᠎ᠢ ᠬᠡᠷᠡᠭ᠌ᠵᠢᠭᠦᠯᠦᠭ᠌ᠰᠡᠨ᠎ᠤ ᠳᠠᠷᠠᠭ᠎ᠠ᠂ ᠡᠮ᠎ᠦᠨ ᠵᠦᠢᠯ᠎ᠢ ᠬᠣᠶᠠᠳᠠᠭᠢ ᠤᠳᠠᠭ᠎ᠠ ᠪᠣᠷᠣᠯᠠᠭᠤᠯᠬᠤ᠎ᠳᠤ ᠭᠦᠷᠪᠡᠯ᠂ ᠱᠢᠰᠲ᠋ᠧᠮ᠎ᠨᠢ ᠳᠠᠷᠤᠢ ᠣᠨᠣᠪᠴᠢᠲᠠᠶ᠎ᠪᠠᠷ ᠢᠯᠭᠠᠨ ᠲᠠᠨᠢᠵᠤ ᠴᠢᠳᠠᠨ᠎ᠠ᠂ ᠡᠢᠮᠦ᠍᠎ᠠᠴᠠ ᠮᠠᠨ᠎ᠤ ᠡᠮ᠎ᠤᠨ ᠵᠦᠢᠯ᠎ᠤᠨ ᠬᠠᠮᠢᠶᠠᠷᠤᠯᠲᠠ ᠨᠠᠩ ᠵᠢᠷᠤᠮᠵᠢᠵᠤ᠂ ᠬᠤᠳᠠᠯᠳᠤᠨ ᠠᠪᠤᠭ᠍ᠴᠢ ᠡᠮ ᠬᠤᠳᠠᠯᠳᠤᠨ ᠠᠪᠬᠤ ᠦᠶ᠎ᠡ᠎ᠳᠤ ᠪᠠᠰᠠ ᠨᠠᠩ ᠰᠠᠨᠠᠭ᠎ᠠ ᠠᠮᠤᠷ ᠪᠣᠯᠤᠨ᠎ᠠ》 ᠭᠡᠵᠡᠶ᠃
ᠡᠮ᠎ᠦᠨ ᠵᠦᠢᠯᠡᠰ᠎ᠦᠨ ᠮᠥᠷᠳᠡᠬᠦ᠌ ᠺᠣᠳ᠋᠎ᠢ ᠴᠤᠭᠯᠠᠭᠤᠯᠵᠤ ᠬᠡᠷᠡᠭᠯᠡᠬᠦ ᠠᠵᠢᠯ᠎ᠢ ᠡᠬᠢᠯᠡᠭᠦᠯᠦᠭᠰᠡᠨ᠎ᠡᠴᠡ ᠨᠠᠭ᠋ᠠᠰᠢ᠂ ᡂᠢ ᠵᠧᠦ ᠬᠤᠳᠠ᠎ᠶ᠋ᠢᠨ ᠡᠮᠴᠢᠯᠡᠭᠡᠨ ᠦ ᠳᠠᠭᠠᠳᠭᠠᠯ᠎ᠤᠨ ᠰᠠᠯᠠᠭ᠎ᠠ ᠮᠥᠴᠢᠷ᠂ ᠲᠣᠭ᠍ᠲᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ ᠢᠳᠡᠪᠬᠢᠲᠡᠢ ᠴᠤᠤᠷᠢᠶᠠᠲᠤᠨ ᠳᠠᠭᠠᠵᠤ᠂ ᠯᠠᠪᠳᠠᠭᠤᠨ ᠪᠠᠲᠤᠲᠠᠢ ᠠᠬᠢᠭᠤᠯᠵᠤ᠂ 《ᠺᠣᠳ᠋ ᠦᠭᠡᠢ ᠪᠣᠯ ᠵᠤᠭᠤᠰ ᠲᠣᠰᠢᠶᠠᠬᠤ ᠦᠭᠡᠢ》 ᠲᠣᠭ᠍ᠲᠠᠴᠠ᠎ᠶ᠋ᠢ ᠴᠢᠩᠭ᠎ᠠ ᠬᠡᠷᠡᠭ᠌ᠵᠢᠭᠦᠯᠵᠦ᠍᠂ ᠡᠮ᠎ᠤᠨ ᠵᠦᠢᠯ᠎ᠤᠨ 《ᠢᠷᠡᠯᠲᠡ᠎ᠶ᠋ᠢ ᠮᠥᠷᠳᠡᠵᠦ᠍ ᠪᠣᠯᠬᠤ᠂ ᠬᠠᠨᠳᠤᠰᠢ᠎ᠶ᠋ᠢ ᠮᠥᠷᠳᠡᠵᠦ᠍ ᠪᠣᠯᠬᠤ᠂ ᠲᠦᠭ᠌ᠰᠢᠭᠦᠷᠢ᠎ᠶ᠋ᠢ ᠡᠵᠡᠮᠳᠡᠵᠦ᠍ ᠪᠣᠯᠬᠤ᠂ ᠬᠠᠷᠢᠭᠤᠴᠠᠯᠭ᠎ᠠ᠎ᠶ᠋ᠢ ᠨᠡᠬᠡᠮᠵᠢᠯᠡᠵᠦ᠍ ᠪᠣᠯᠬᠤ》 ᠪᠦᠬᠦ᠌ ᠶᠠᠪᠤᠴᠠ᠎ᠶ᠋ᠢᠨ ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠪᠠ᠃ ᠣᠳᠣᠬᠠᠨ᠎ᠳᠤ᠂ ᠪᠥᠬᠦ᠌ ᠬᠤᠲᠠ᠎ᠶ᠋ᠢᠨ 1290 ᠭᠠᠷᠤᠶ ᠡᠮᠴᠢᠯᠡᠭᠡᠨ᠎ᠦ ᠳᠠᠭᠠᠳᠭᠠᠯ᠎ᠤᠨ ᠲᠣᠭ᠍ᠲᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢ ᠨᠢᠭᠡᠨᠲᠡ ᠪᠦᠬᠦᠨ᠎ᠢ ᠡᠮ᠎ᠤᠨ ᠵᠦᠢᠯ᠎ᠤᠨ ᠮᠥᠷᠳᠡᠯᠲᠡ᠎ᠶ᠋ᠢᠨ ᠱᠢᠰᠲ᠋ᠧᠮ᠎ᠳᠤ ᠣᠷᠣᠭᠤᠯᠵᠤ᠂ ᠵᠠᠯᠭᠠᠵᠤ ᠣᠷᠣᠭᠤᠯᠤᠭ᠍ᠰᠠᠨ ᠨᠣᠷᠮ᠎ᠠ᠎ᠨᠢ 100 % ᠳᠤ ᠬᠦᠷᠴᠡᠶ᠃
《ᠪᠢᠳᠡ ᠮᠦᠷᠳᠡᠬᠦ ᠨᠣᠮᠧᠷ᠎ᠢ ᠬᠠᠷᠭᠤᠭᠤᠯᠤᠨ ᠱᠢᠯᠭᠠᠬᠤ᠎ᠪᠠᠷ ᠡᠮᠴᠢᠯᠡᠭᠡᠨ᠎ᠦ ᠳᠠᠭᠠᠳᠭᠠᠯ᠎ᠤᠨ ᠲᠣᠭᠠᠴᠠᠭ᠎ᠠ ᠬᠢᠬᠦ᠌ ᠱᠢᠰᠲ᠋ᠧᠮ᠎ᠳᠤ ᠱᠢᠭᠢᠳᠭᠡᠵᠦ᠍᠂ 〈ᠺᠣᠳ᠋ ᠶᠣᠰᠣᠭᠠᠷ ᠳ᠋ᠦᠩᠨᠡᠨ ᠪᠤᠳᠤᠬᠤ᠂ ᠺᠣᠳ᠋ ᠶᠣᠰᠣᠭᠠᠷ ᠲᠣᠭᠠᠴᠠᠭ᠎ᠠ ᠬᠢᠬᠦ᠌〉 ᠶ᠋ᠢ ᠴᠢᠩᠭ᠎ᠠ ᠨᠠᠢᠳᠠᠪᠤᠷᠢᠵᠢᠭᠤᠯᠬᠤ᠎ᠶ᠋ᠢᠨ ᠬᠠᠮᠲᠤ ᠣᠶᠤᠨᠴᠢ ᠬᠢᠨᠠᠨ ᠬᠠᠮᠢᠶᠠᠷᠤᠯᠲᠠ᠎ᠶ᠋ᠢᠨ ᠲᠠᠪᠴᠠᠩ᠎ᠢ ᠵᠡᠷᠭᠡ᠎ᠪᠠᠷ ᠨᠡᠭᠡᠭᠡᠨ ᠬᠥᠭ᠌ᠵᠢᠭᠦᠯᠵᠦ᠍᠂ ᠡᠮ᠎ᠤᠨ ᠵᠦᠶ᠋ᠯ᠎ᠤᠨ ᠮᠥᠷᠳᠡᠨ ᠨᠡᠬᠡᠮᠵᠢᠯᠡᠬᠦ᠌ ᠺᠣᠳ᠋ ᠪᠣᠯᠤᠨ 〈 ᠤᠷᠤᠭᠤᠯᠬᠤ ᠪᠣᠷᠣᠯᠠᠭᠤᠯᠬᠤ ᠬᠠᠳᠠᠭᠠᠯᠠᠬᠤ〉 ᠲᠤᠭ᠎ᠠ ᠪᠠᠷᠢᠮᠲᠠ᠎ᠶ᠋ᠢ ᠬᠠᠷᠢᠴᠠᠭᠤᠯᠬᠤ᠎ᠪᠠᠷ ᠳᠠᠮᠵᠢᠭᠤᠯᠤᠨ᠂ 〈 ᠪᠣᠴᠠᠭ᠋ᠠᠯᠲᠠ ᠡᠮ〉 ᠢ ᠨᠠᠷᠢᠨ ᠣᠨᠣᠪᠴᠢᠲᠠᠶ ᠢᠯᠭᠠᠨ ᠲᠠᠨᠢᠵᠤ᠂ ᠡᠮ᠎ᠤᠨ ᠵᠦᠶ᠋ᠯ᠎ᠢ ᠪᠤᠴᠠᠭ᠋ᠠᠨ ᠪᠣᠷᠣᠯᠠᠭᠤᠯᠬᠤ᠎ᠶ᠋ᠢ ᠪᠦᠲᠦᠮᠵᠢᠲᠡᠶ ᠰᠡᠷᠭᠡᠢᠯᠡᠪᠡ》 ᠭᠡᠵᠦ᠍ ᡂᠢ ᠵᠧᠦ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠥᠪ᠎ᠤᠨ ᠠᠵᠢᠯᠲᠠᠨ ᠬᠡᠯᠡᠪᠡ᠃
ᠡᠮᠴᠢᠯᠡᠭᠡᠨ᠎ᠦ ᠳᠠᠭᠠᠳᠭᠠᠯ᠎ᠤᠨ ᠲᠣᠭ᠍ᠲᠠᠭ᠍ᠰᠠᠨ ᠴᠡᠭ᠎ᠤᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠭᠠᠳᠠᠨ᠎ᠠ᠂ ᡂᠢ ᠵᠧᠦ ᠬᠤᠳᠠ᠎ᠶ᠋ᠢᠨ ᠡᠯ᠎ᠡ ᠡᠮᠴᠢᠯᠡᠭᠡᠨ᠎ᠦ ᠳᠠᠭᠠᠳᠭᠠᠯ᠎ᠤᠨ ᠲᠣᠭ᠍ᠲᠠᠭ᠍ᠰᠠᠨ ᠴᠡᠭ᠎ᠤᠨ ᠡᠮ ᠡᠮᠨᠡᠯᠭᠡ᠎ᠶ᠋ᠢᠨ ᠪᠠᠢᠭᠤᠯᠤᠮᠵᠢ ᠴᠤ᠌ ᠡᠮ᠎ᠤᠨ ᠵᠦᠢᠯ᠎ᠤᠨ ᠮᠦᠷᠳᠡᠬᠦ ᠨᠣᠮᠧᠷ᠎ᠢ ᠬᠡᠷᠡᠭ᠌ᠯᠡᠬᠦ᠌᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠡᠢ᠃ ᠬᠤᠲᠠ᠎ᠶ᠋ᠢᠨ ᠡᠮᠡᠭ᠌ᠲᠡᠢᠴᠦᠳ ᠬᠡᠤᠬᠡᠳ᠎ᠤᠨ ᠡᠮᠨᠡᠯᠭᠡ᠎ᠶ᠋ᠢᠨ ᠬᠤᠷᠢᠶᠠᠨ᠎ᠳᠤ᠂ ᠡᠮ᠎ᠤᠨ ᠵᠦᠢᠯᠡᠰ᠎ᠢ ᠬᠥᠮᠥᠷᠭᠡ᠎ᠳᠤ ᠣᠷᠣᠭᠤᠯᠬᠤ᠂ ᠱᠢᠯᠵᠢᠭᠦᠯᠦᠨ ᠲᠣᠬᠢᠷᠠᠭᠤᠯᠬᠤ᠎ᠠᠴᠠ ᠣᠯᠭᠤᠬᠤ ᠪᠥᠬᠦ᠌ ᠶᠠᠪᠤᠴᠠ᠎ᠳᠤ ᠴᠥᠮ ᠮᠦᠷᠳᠡᠬᠦ ᠬᠠᠮᠢᠶᠠᠷᠤᠯᠲᠠ᠎ᠶ᠋ᠢ ᠪᠡᠶᠡᠯᠡᠭᠦᠯᠪᠡ᠃ 《ᠡᠨᠡ ᠪᠣᠯ ᠮᠠᠨ᠎ᠤ ᠠᠵᠢᠯ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠪᠠᠷ ᠪᠠᠷᠠᠬᠤ ᠥᠬᠡᠶ᠂ ᠪᠠᠰᠠ ᠡᠪᠡᠳᠴᠢᠲᠡᠨ᠎ᠢ ᠡᠮ ᠬᠡᠷᠡᠭᠯᠡᠬᠦ᠎ᠳᠦ ᠨᠡᠩ ᠰᠠᠨᠠᠭ᠎ᠠ ᠠᠮᠤᠷ ᠪᠣᠯᠭᠠᠨ᠎ᠠ》᠃ ᠲᠤᠰ ᠡᠮᠨᠡᠯᠭᠡ᠎ᠶ᠋ᠢᠨ ᠬᠣᠷᠢᠶᠠᠨ᠎ᠤ ᠡᠮ᠎ᠦᠨ ᠰᠠᠯᠠᠭᠠᠨ᠎ᠤ ᠠᠵᠢᠯᠲᠠᠨ ᠬᠡᠯᠡᠪᠡ᠃
ᠡᠭᠦᠨ᠎ᠤ ᠬᠠᠮᠲᠤ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠳᠤ᠂ ᠡᠳᠦᠷ ᠲᠤᠲᠤᠮ᠎ᠤᠨ ᠡᠮ᠎ᠤᠨ ᠵᠦᠢᠯ ᠬᠤᠳᠠᠯᠳᠤᠨ ᠠᠪᠬᠤ᠎ᠳᠦ᠎ᠪᠡᠨ᠂ ᠭᠠᠷ ᠤᠲᠠᠰᠤ᠎ᠪᠠᠷ 《ᠤᠯᠤᠰ᠎ᠤᠨ ᠡᠮᠴᠢᠯᠡᠭᠡᠨ᠎ᠦ ᠳᠠᠭᠠᠳᠭᠠᠯ᠎ᠤᠨ ᠦᠢᠯᠡᠴᠢᠯᠡᠭᠡᠨ᠎ᠤ ᠲᠠᠪᠴᠠᠩ》 App᠎ᠶᠢ ᠨᠡᠭᠡᠭᠡᠵᠦ᠍᠂ ᠡᠮ᠎ᠦᠨ ᠵᠦᠢᠯ᠎ᠦᠨ ᠭᠠᠳᠠᠷ ᠪᠣᠭᠣᠳᠠᠯ ᠳᠡᠭᠡᠷᠡᠬᠢ ᠨᠡᠬᠡᠮᠵᠢᠯᠡᠬᠦ ᠺᠣᠳ᠋᠎ᠢ ᠰᠢᠷᠪᠢᠵᠦ᠂ ᠡᠮ᠎ᠤᠨ ᠵᠦᠢᠯ᠎ᠤᠨ ᠨᠠᠷᠢᠨ ᠮᠡᠳᠡᠭᠡ ᠵᠠᠩᠭᠢ᠎ᠶ᠋ᠢ ᠣᠢ᠌ᠯᠠᠭ᠋ᠠᠨ᠎ᠠ᠂ ᠬᠡᠷᠪᠡ ᠣᠯᠠᠨ ᠤᠳᠠᠭᠠᠨ᠎ᠤ ᠪᠣᠷᠤᠯᠠᠭᠤᠯᠭ᠎ᠠ᠎ᠶᠢᠨ ᠮᠡᠳᠡᠭᠡ ᠵᠠᠩᠭᠢ᠎ᠶᠢ ᠪᠠᠢᠴᠠᠭᠠᠨ ᠯᠠᠪᠯᠠᠭᠰᠠᠨ ᠪᠤᠶᠤ ᠺᠣᠳ᠋ ᠰᠢᠷᠪᠢᠵᠦ ᠰᠢᠯᠭᠠᠨ ᠪᠠᠲᠤᠯᠠᠭᠰᠠᠨ᠎ᠤ ᠳᠠᠷᠠᠭ᠎ᠠ ᠠᠰᠠᠭᠤᠳᠠᠯ᠎ᠲᠠᠢ ᠡᠮ᠎ᠦᠨ ᠵᠦᠢᠯ ᠪᠣᠯᠬᠤ᠎ᠶᠢ ᠨᠤᠲᠠᠯᠠᠭᠰᠠᠨ᠎ᠤ ᠳᠠᠷᠠᠭ᠎ᠠ᠂ ᠡᠮ᠎ᠦᠨ ᠵᠦᠢᠯ᠂ ᠵᠢᠵᠢᠭ ᠪᠠᠷᠢᠮᠲᠠ ᠵᠡᠷᠭᠡ ᠭᠡᠷᠡᠴᠢ ᠪᠠᠷᠢᠮᠲᠠ᠎ᠶᠢ ᠰᠠᠢᠲᠤᠷ ᠦᠯᠡᠳᠡᠭᠡᠵᠦ᠂ ᠳᠠᠷᠤᠢᠬᠠᠨ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠲᠤᠰᠬᠠᠬᠤ᠎ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠲᠥᠯᠥᠪᠦᠷᠢ ᠨᠡᠬᠡᠵᠦ᠂ ᠲᠣᠰ ᠪᠡᠶ᠎ᠡ᠎ᠶᠢᠨ ᠬᠠᠤᠯᠢ ᠶᠣᠰᠣᠨ᠎ᠤ ᠡᠷᠬᠡ ᠠᠰᠢᠭ᠋᠎ᠢᠶᠠᠨ ᠡᠷᠡᠰ ᠬᠠᠮᠠᠭᠠᠯᠠᠨ᠎ᠠ ᠃