ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠳᠥᠷᠪᠡᠳᠦᠭᠡᠷ ᠪᠥᠭᠦᠳᠡ ᠬᠤᠷᠠᠯ᠎ᠤᠨ ᠬᠡᠷᠡᠭ᠌ᠯᠡᠭᠡᠨ᠎ᠦ ᠪᠠᠢ᠌ᠳᠠᠯ᠎ᠤᠨ ᠪᠥᠲᠦᠭᠡᠨ ᠪᠠᠢ᠌ᠭᠤᠯᠤᠯᠲᠠ ᠪᠠ ᠨᠡᠭᠡᠭᠡᠯᠲᠡ᠎ᠶᠢᠨ ᠬᠦᠴᠦᠯᠡᠴᠡ᠎ᠶᠢ ᠶᠡᠬᠡᠳᠭᠡᠬᠦ᠌ ᠲᠣᠬᠠᠢ ᠪᠠᠢ᠌ᠷᠢᠯᠠᠭᠤᠯᠤᠨ ᠭᠦᠨᠵᠡᠭᠡᠢ᠌ᠷᠡᠭᠦᠯᠦᠨ ᠲᠤᠭᠤᠱᠢᠯᠠᠭᠤᠯᠬᠤ᠎ᠶᠢᠨ ᠲᠥᠯᠥᠭᠡ᠂ 《 ᠪᠠᠢ᠌ᠳᠠᠯ᠎ᠤᠨ ᠬᠦᠮᠦᠵᠢᠯ ᠪᠠ ᠨᠡᠭᠡᠭᠡᠯᠲᠡ᠎ᠶᠢ ᠲᠦᠷᠭᠡᠳᠭᠡᠵᠦ᠍ ᠰᠢᠨ᠎ᠡ ᠪᠠᠢ᠌ᠳᠠᠯ᠎ᠤᠨ ᠶᠡᠬᠡ ᠬᠡᠪᠴᠢᠶᠡᠨ᠎ᠦ ᠬᠡᠷᠡᠭ᠌ᠯᠡᠯᠲᠡ᠎ᠶᠢ ᠬᠡᠷᠡᠭ᠌ᠵᠢᠭᠦᠯᠬᠦ᠌ ᠲᠤᠬᠠᠢ ᠤᠯᠤᠰ᠎ᠤᠨ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠰᠠᠨᠠᠯ 》᠎ᠤᠨ ᠱᠠᠭ᠋ᠠᠷᠳᠠᠯᠭ᠎ᠠ᠎ᠶᠢ ᠨᠠᠢ᠌ᠲᠠᠪᠤᠷᠢᠵᠢᠭᠤᠯᠵᠤ᠂ ᠡᠮᠴᠢᠯᠡᠭᠡᠨ᠎ᠦ ᠪᠠᠲᠤᠯᠠᠭ᠎ᠠ᠎ᠶᠢᠨ ᠬᠦᠷᠢᠶ᠎ᠡ ᠴᠠᠷᠠᠭ᠋ᠠᠨ᠎ᠤ ᠪᠠᠢ᠌ᠳᠠᠯ᠎ᠤᠨ ᠬᠦᠮᠦᠵᠢᠯ ᠪᠠ ᠨᠡᠭᠡᠭᠡᠯᠲᠡ᠎ᠶᠢ ᠲᠦᠷᠭᠡᠳᠭᠡᠨ ᠠᠬᠢᠭᠤᠯᠵᠤ᠂ 2025 ᠣᠨ᠎ᠤ 12 ᠳ᠋ᠤᠭ᠋ᠠᠷ ᠰᠠᠷ᠎ᠠ᠎ᠶᠢᠨ 3 ᠤ ᠡᠳᠦᠷ᠂ 4 ᠤ ᠡᠳᠦᠷ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠲᠤᠰ ᠪᠦᠷᠢ 13 ᠡᠮᠴᠢᠯᠡᠭᠡᠨ᠎ᠦ ᠪᠠᠲᠤᠯᠠᠭ᠎ᠠ᠎ᠶᠢᠨ ᠮᠡᠳᠡᠭᠡ ᠵᠠᠩᠭᠢ᠎ᠶᠢᠨ ᠲᠠᠪᠴᠠᠩ᠎ᠤᠨ ᠪᠥᠲᠦᠭᠡᠨ ᠪᠠᠢ᠌ᠭᠤᠯᠤᠯᠲᠠ᠎ᠶᠢᠨ ᠠᠵᠢᠯᠯᠠᠭ᠋ᠠᠨ ᠪᠠ ᠰᠡᠯᠪᠢᠨ ᠵᠠᠰᠠᠯᠲᠠ᠎ᠶᠢᠨ ᠦᠢ᠍ᠯᠡᠳᠪᠦᠷᠢ ᠬᠤᠳᠠᠯᠳᠤᠭ᠎ᠠ ᠵᠢᠴᠢ ᠡᠮᠦᠰᠴᠦ᠍ ᠵᠡᠭᠦᠵᠦ᠍ ᠪᠣᠯᠬᠤ ᠲᠥᠬᠥᠭᠡᠷᠦᠮᠵᠢ᠂ ᠲᠠᠷᠢᠬᠢᠨ ᠮᠠᠱᠢᠨ᠎ᠤ ᠵᠠᠯᠭ᠋ᠠᠭ᠋ᠠᠳᠠᠰᠤ᠂ ᠳᠣᠣᠷ᠎ᠠ ᠨᠡᠭᠦᠷᠡᠰᠦᠳᠦ᠋ᠷᠦᠭ᠌ᠴᠢ᠎ᠲᠦ ᠠᠵᠤ ᠠᠬᠤᠢ ᠵᠡᠷᠭᠡ ᠬᠣᠯᠪᠣᠭ᠍ᠳᠠᠯ ᠪᠦᠬᠦᠢ ᠠᠵᠢᠯ ᠲᠥᠷᠥᠯ᠎ᠦᠨ 12 ᠱᠢᠨ᠎ᠡ᠎ᠶᠢ ᠡᠭᠦᠳᠬᠦ᠌ ᠠᠵᠤ ᠠᠬᠤᠢ᠌ᠯᠠᠯ᠎ᠳᠦ ᠦᠷᠭᠦᠯᠵᠢᠯᠡᠨ ᠬᠣᠶᠠᠷ ᠲᠠᠯᠠᠪᠤᠷ ᠲᠤᠰᠭᠠᠢ ᠰᠡᠳᠦᠪᠲᠦ ᠶᠠᠷᠢᠯᠴᠠᠭ᠎ᠠ ᠥᠷᠨᠢᠭᠦᠯᠪᠡ᠃ ᠠᠵᠤ ᠠᠬᠤᠢ᠌ᠯᠠᠯ᠎ᠤᠨ ᠲᠥᠯᠥᠭᠡᠯᠡᠭ᠌ᠴᠢ ᠲᠤᠰ ᠪᠡᠶ᠎ᠡ᠎ᠶᠢᠨ ᠲᠤᠬᠠᠢ᠌ᠯᠠᠭᠰᠠᠨ ᠠᠵᠢᠯ᠎ᠤᠨ ᠲᠤᠷᠱᠢᠯᠭ᠎ᠠ ᠲᠠᠢ᠎ᠪᠠᠨ ᠤᠶᠠᠯᠳᠤᠭᠤᠯᠤᠨ᠂ ᠢᠳᠡᠪᠬᠢᠲᠡᠢ ᠱᠢᠨ᠎ᠡ ᠠᠷᠭ᠎ᠠ ᠤᠬᠠᠭ᠋ᠠᠨ ᠳᠤᠷᠠᠳᠴᠤ᠌᠂ ᠨᠢᠭᠡ ᠪᠦᠯᠦᠭ ᠱᠢᠨ᠎ᠡ ᠰᠡᠪᠡᠭᠦᠨ ᠦᠵᠡᠯᠲᠡ᠂ ᠥᠷᠭᠡᠨ ᠳᠡᠯᠭᠡᠷ ᠰᠡᠳᠭᠢᠴᠡ ᠲᠠᠢ ᠡᠮᠴᠢᠯᠡᠭᠡᠨ᠎ᠦ ᠪᠠᠲᠤᠯᠠᠭ᠎ᠠ᠎ᠶᠢᠨ ᠬᠦᠷᠢᠶ᠎ᠡ ᠴᠠᠷᠠᠭ᠋ᠠᠨ᠎ᠤ ᠪᠠᠢ᠌ᠳᠠᠯ᠎ᠢ ᠪᠤᠢ ᠪᠣᠯᠭ᠋ᠠᠵᠤ᠂ ᠪᠠᠢ᠌ᠳᠠᠯ᠎ᠢ ᠨᠠᠢ᠌ᠲᠠᠪᠤᠷᠢᠵᠢᠭᠤᠯᠤᠨ ᠬᠡᠷᠡᠭ᠌ᠯᠡᠬᠦ᠎ᠳᠦ ᠬᠣᠪᠣᠷ ᠨᠠᠨᠳᠢᠨ ᠡᠬᠢ ᠪᠠᠶᠠᠯᠢᠭ ᠬᠤᠷᠠᠮᠳᠤᠭᠤᠯᠪᠠ᠃

ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠭᠤ ᠳᠤᠭᠤᠢ᠌ᠯᠠᠩ᠎ᠤᠨ ᠭᠡᠱᠢᠭᠦᠨ᠂ ᠳᠡᠳ᠋ ᠲᠣᠪᠴᠢᠶ᠎ᠠ᠎ᠶᠢᠨ ᠳᠠᠷᠤᠭ᠎ᠠ ᠸᠠᠩ ᠸᠸᠨ ᠵᠢᠶᠦ᠋ᠨ ᠶᠠᠷᠢᠯᠴᠠᠭ᠎ᠠ᠎ᠳᠤ ᠣᠷᠣᠯᠴᠠᠵᠤ᠂ ᠡᠯ᠎ᠡ ᠨᠢᠭᠡᠴᠢ᠎ᠶᠢᠨ ᠬᠠᠷᠢᠭᠤᠴᠠᠯᠭ᠋ᠠᠲᠠᠨ ᠨᠥᠬᠥᠳ ᠶᠠᠷᠢᠯᠴᠠᠭ᠎ᠠ᠎ᠳᠤ ᠣᠷᠣᠯᠴᠠᠪᠠ᠃

ᠳᠠᠷᠠᠭ᠋ᠠᠴᠢ᠎ᠶᠢᠨ ᠠᠯᠬᠤᠮ᠎ᠳᠦ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠢᠳᠡᠪᠬᠢᠲᠡᠢ᠎ᠪᠡᠷ ᠪᠠᠢ᠌ᠳᠠᠯ᠎ᠤᠨ ᠨᠠᠷᠢᠨ ᠳᠠᠩᠰᠠ᠎ᠶᠢ ᠨᠡᠢ᠌ᠲᠡᠯᠡᠬᠦ ᠵᠡᠷᠭᠡ ᠬᠣᠯᠪᠣᠭ᠍ᠳᠠᠯ ᠪᠦᠬᠦᠢ ᠠᠵᠢᠯ᠎ᠢ ᠠᠬᠢᠭᠤᠯᠵᠤ᠂ ᠶᠡᠬᠡ ᠬᠦᠴᠦᠨ᠎ᠢᠶᠡᠷ ᠡᠮᠴᠢᠯᠡᠭᠡᠨ᠎ᠦ ᠪᠠᠲᠤᠯᠠᠭ᠎ᠠ᠎ᠶᠢᠨ ᠬᠦᠷᠢᠶ᠎ᠡ ᠴᠠᠷᠠᠭ᠋ᠠᠨ᠎ᠤ ᠪᠠᠢ᠌ᠳᠠᠯ᠎ᠤᠨ ᠬᠦᠮᠦᠵᠢᠯ᠂ ᠨᠡᠭᠡᠭᠡᠯᠲᠡ ᠪᠠ ᠬᠡᠷᠡᠭ᠌ᠯᠡᠯᠲᠡ᠎ᠶᠢᠨ ᠰᠠᠢ᠌ᠨ ᠣᠷᠴᠢᠨ ᠲᠣᠭᠣᠷᠢᠨ᠎ᠢ ᠪᠦᠷᠢᠯᠳᠦᠭᠦᠯᠦᠨ᠎ᠡ᠃