《 ᠬᠤᠶᠠᠷ ᠬᠦᠷᠢᠶᠡᠯᠡᠩ ᠲᠣᠭᠤᠷᠢᠭ᠎ᠤᠨ ᠬᠤᠶᠠᠷ ᠲᠠᠯ᠎ᠠ᠎ᠶ᠋ᠢᠨ ᠠᠵᠢᠯᠯᠠᠭᠠᠨ᠎ᠤ ᠪᠡᠯᠡ ᠮᠥᠩᠭᠦ᠎ᠶ᠋ᠢᠨ ᠳᠠᠷᠤᠯᠲᠠ ᠢᠯᠡᠷᠬᠡᠢ ᠨᠡᠮᠡᠭ᠌ᠳᠡᠵᠦ᠍᠂ ᠡᠨᠡ ᠬᠦ᠌ ᠤᠷᠢᠳᠴᠢᠯᠠᠨ ᠰᠠᠯᠭᠠᠨ ᠥᠭ᠌ᠭᠦᠭ᠌ᠰᠡᠨ ᠪᠡᠯᠡ ᠮᠥᠩᠭᠦ᠎ᠨᠢ ᠡᠮᠨᠡᠯᠭᠡ᠎ᠶ᠋ᠢᠨ ᠬᠤᠷᠢᠶᠠᠨ᠎ᠤ ᠪᠡᠯᠡᠨ ᠮᠥᠩᠭᠦ᠎ᠶ᠋ᠢᠨ ᠭᠦᠢᠯᠭᠡᠭᠡ᠎ᠶ᠋ᠢ ᠨᠡᠮᠡᠭ᠌ᠳᠡᠭᠦᠯᠵᠦ᠍᠂ ᠪᠡᠯᠡ ᠮᠥᠩᠭᠦ᠎ᠶ᠋ᠢᠨ ᠳᠠᠷᠤᠯᠲᠠ᠎ᠶ᠋ᠢ ᠨᠠᠮᠳᠠᠭᠤᠯᠬᠤ᠎ᠳᠤ ᠢᠯᠡᠳᠲᠡ ᠦᠢᠯᠡᠳᠦᠯ ᠦᠵᠡᠭᠦᠯᠵᠡᠢ 》 ᠭᠡᠬᠦ ᠨᠠᠨᠲ᠋ᠦ᠋ᠩ ᠶᠡᠭᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠤᠷᠢᠶᠠᠨ᠎ᠤ ᠡᠳ᠋᠎ᠤᠨ ᠶᠠᠪᠤᠳᠠᠯ ᠬᠢᠭᠡᠳ ᠡᠵᠡᠩᠨᠡᠯᠲᠡ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ ᠵᠦ᠍ ᠠᠶ ᠬᠤᠩ᠎ᠤᠨ ᠬᠡᠯᠡᠭᠰᠡᠨ ᠦᠭᠡ ᠨᠢ᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠲᠡᠷᠡ ᠳᠠᠷᠤᠶ᠎ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭ᠋ᠠᠰᠢ᠂ ᠨᠠᠨᠲ᠋ᠦ᠋ᠩ ᠬᠤᠲᠠ᠎ᠶ᠋ᠢᠨ ᠡᠮᠴᠢᠯᠡᠭᠡᠨ᠎ᠤ ᠪᠠᠢᠭᠤᠯᠤᠮᠵᠢ᠎ᠶ᠋ᠢᠨ ᠬᠠᠮᠲᠤ᠎ᠶ᠋ᠢᠨ ᠰᠡᠳᠭᠢᠯ᠎ᠤᠨ ᠲᠠᠭᠤᠨ᠎ᠢ ᠢᠯᠡᠷᠡᠭᠦᠯᠪᠡ᠃ ᠡᠮᠴᠢᠯᠡᠭᠡᠨ᠎ᠤ ᠦᠢᠯᠡᠴᠢᠯᠡᠭᠡᠨ᠎ᠤ ᠭᠤᠣᠯ ᠬᠦᠴᠦᠨ ᠪᠣᠯᠤᠭ᠍ᠰᠠᠨ᠎ᠤ ᠬᠤᠪᠢ᠎ᠳᠤ᠂ ᠨᠠᠨᠲ᠋ᠦ᠋ᠩ ᠬᠤᠳᠠ᠎ᠶ᠋ᠢᠨ ᠬᠡᠰᠡᠭ ᠬᠤᠶᠠᠳᠤᠭᠠᠷ ᠳᠡᠰ ᠵᠢᠴᠢ ᠲᠡᠭᠦᠨ᠎ᠠᠴᠠ ᠳᠡᠭᠡᠭ᠌ᠰᠢᠬᠢ ᠡᠮᠴᠢᠯᠡᠭᠡᠨ᠎ᠤ ᠪᠠᠢᠭᠤᠯᠤᠮᠵᠢ ᠥᠭᠡᠷᠡᠴᠢᠯᠡᠯᠲᠡ᠎ᠶ᠋ᠢᠨ ᠠᠱᠢᠭ ᠲᠤᠰᠠ᠎ᠳᠦ ᠭᠦᠨᠵᠡᠭᠡᠢ ᠣᠷᠣᠯᠴᠠᠬᠤ᠎ᠶ᠋ᠢᠨ ᠬᠠᠮᠲᠤ ᠦᠨᠡᠨ ᠬᠦ᠌ ᠬᠦᠷᠲᠡᠵᠦ᠍᠂ ᠪᠡᠯᠡ ᠮᠥᠩᠭᠦ᠎ᠶ᠋ᠢᠨ ᠡᠷᠭᠢᠯᠲᠡ᠎ᠶ᠋ᠢᠨ ᠳᠠᠷᠤᠯᠲᠠ᠎ᠶ᠋ᠢ ᠨᠠᠮᠳᠠᠭᠤᠯᠬᠤ᠂ ᠦᠢᠯᠡᠴᠢᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠡᠪᠡᠳᠴᠢᠲᠡᠨ᠎ᠢ ᠪᠡᠶᠡᠴᠢᠯᠡᠨ ᠣᠢ᠌ᠯᠠᠭ᠋ᠠᠬᠤ᠎ᠶᠢ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠪᠠᠷ ᠤᠯᠠᠨ ᠳᠠᠪᠬᠤᠷ ᠱᠢᠪᠲᠤᠯᠤᠯᠲᠠ ᠭᠠᠷᠭᠠᠵᠤ᠂ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ᠃
ᠳ᠋ᠦᠩᠨᠡᠨ ᠪᠤᠳᠤᠬᠤ ᠭᠤᠷᠪᠠᠨ ᠪᠠᠲᠤᠯᠠᠭ᠎ᠠ᠎ᠶ᠋ᠢ ᠬᠦᠴᠦᠯᠡᠨ ᠠᠬᠢᠭᠤᠯᠵᠤ᠂ ᠪᠡᠯᠡ ᠮᠥᠩᠭᠦ᠎ᠶ᠋ᠢᠨ ᠡᠷᠭᠢᠯᠲᠡ᠎ᠶ᠋ᠢ 《 ᠠᠮᠢᠳᠤᠯᠢᠭ ᠪᠣᠯᠭ᠋ᠠᠪᠠ 》
ᠨᠠᠨᠲ᠋ᠦ᠋ᠩ ᠬᠤᠲᠠ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ 《 ᠵᠢᠯ᠎ᠤᠨ ᠡᠬᠢᠨ᠎ᠳᠤ ᠤᠷᠢᠳᠴᠢᠯᠠᠨ ᠥᠭᠬᠦ + ᠡᠮᠴᠢᠯᠡᠭᠡᠨ᠎ᠤ ᠵᠠᠷᠤᠳᠠᠯ᠎ᠢ ᠳ᠋ᠦᠩᠨᠡᠨ ᠪᠤᠳᠤᠵᠤ ᠤᠷᠢᠳᠴᠢᠯᠠᠨ ᠥᠭᠬᠦ + ᠴᠠᠭ ᠲᠤᠬᠠᠶ᠎ᠳᠤ ᠨᠢ ᠳ᠋ᠦᠩᠨᠡᠨ ᠪᠤᠳᠤᠬᠤ 》 ᠭᠤᠷᠪᠠᠨ ᠳᠠᠪᠬᠤᠷ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠬᠦᠴᠦᠯᠡᠨ ᠠᠬᠢᠭᠤᠯᠪᠠ᠃ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠤᠷᠢᠳᠴᠢᠯᠠᠨ ᠥᠭ᠌ᠬᠦ ᠠᠵᠢᠯ᠎ᠢ ᠢᠳᠡᠪᠬᠢᠲᠡᠶ ᠰᠠᠢᠲᠤᠷ ᠬᠢᠵᠦ᠍᠂ ᠵᠢᠯ ᠪᠦᠷᠢ᠎ᠶ᠋ᠢᠨ ᠵᠢᠯ᠎ᠤᠨ ᠡᠬᠢᠨ᠎ᠳᠤ ᠦᠨᠡᠨᠴᠢ ᠢᠲᠡᠭᠡᠮᠵᠢ᠎ᠶ᠋ᠢᠨ ᠵᠡᠷᠭᠡ ᠳᠡᠰ᠎ᠨᠢ ᠪᠠᠷᠢᠮᠵᠢᠶ᠎ᠠ᠎ᠳᠤ ᠬᠦᠷᠦᠭ᠌ᠰᠡᠨ᠂ ᠪᠠᠲᠤᠯᠠᠬᠤ ᠨᠥᠬᠦᠴᠡᠯ᠎ᠢ ᠪᠦᠷᠢᠯᠳᠦᠭᠦᠯᠦᠭ᠌ᠰᠡᠨ ᠡᠮᠴᠢᠯᠡᠭᠡᠨ᠎ᠤ ᠪᠠᠢᠭᠤᠯᠤᠮᠵᠢ᠎ᠳᠤ ᠤᠷᠢᠳᠴᠢᠯᠠᠨ ᠥᠭ᠌ᠬᠦ ᠡᠷᠭᠢᠯᠲᠡ᠎ᠶ᠋ᠢᠨ ᠮᠥᠩᠭᠦ᠎ᠶ᠋ᠢ ᠲᠤᠭ᠎ᠠ ᠶᠣᠰᠣᠭᠠᠷ ᠭᠦᠢᠴᠡᠳ ᠣᠯᠭᠤᠵᠤ᠂ ᠰᠠᠯᠭᠠᠨ ᠥᠭ᠌ᠭᠦᠭ᠌ᠰᠡᠨ ᠵᠣᠭᠤᠰ᠎ᠤᠨ ᠲᠤᠭ᠎ᠠ᠎ᠨᠢ ᠨᠢᠭᠡᠨᠲᠡ 50 ᠳ᠋ᠦᠩᠱᠢᠭᠤᠷ ᠲᠥᠭᠦᠷᠢᠭ᠎ᠢ ᠳᠠᠪᠠᠵᠤ᠂ ᠡᠮᠨᠡᠯᠭᠡ᠎ᠶ᠋ᠢᠨ ᠬᠤᠷᠢᠶᠠᠨ᠎ᠤ ᠡᠳᠦᠷ ᠲᠤᠲᠤᠮ᠎ᠤᠨ ᠡᠵᠡᠩᠨᠡᠯᠲᠡ᠎ᠳᠤ ᠰᠠᠭᠤᠷᠢ ᠪᠠᠲᠤᠯᠠᠭ᠎ᠠ᠎ᠶ᠋ᠢ ᠪᠠᠬᠢᠵᠢᠭᠦᠯᠪᠡ᠃ ᠡᠨᠡ ᠵᠢᠯ᠎ᠤᠨ 5 ᠳ᠋ᠤᠭ᠋ᠠᠷ ᠰᠠᠷ᠎ᠠ᠎ᠳᠤ ᠴᠠᠭ ᠲᠤᠬᠠᠶ᠎ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ᠎ᠶ᠋ᠢ ᠡᠬᠢᠯᠡᠭᠦᠯᠵᠦ᠍᠂ ᠪᠠᠲᠤᠯᠠᠭ᠎ᠠ᠎ᠶ᠋ᠢᠨ ᠡᠷᠴᠢᠮ᠎ᠢ ᠤᠯᠠᠮ ᠨᠢᠭᠡ ᠠᠯᠬᠤᠮ ᠲᠠᠰ ᠳᠡᠪᠱᠢᠭᠦᠯᠪᠡ ᠰᠠᠷ᠎ᠠ ᠪᠦᠷᠢ᠎ᠶ᠋ᠢᠨ 10 ᠤ ᠡᠳᠦᠷ᠎ᠤᠨ ᠤᠷᠢᠳ ᠬᠣᠵᠢᠳ᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠡᠮᠨᠡᠯᠭᠡ᠎ᠶ᠋ᠢᠨ ᠬᠤᠷᠢᠶᠠᠨ᠎ᠤ ᠳᠡᠭᠡᠷ᠎ᠡ ᠵᠢᠯ᠎ᠤᠨ ᠰᠠᠷ᠎ᠠ᠎ᠶ᠋ᠢᠨ ᠳᠤᠮᠳᠠᠴᠢ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢ ᠬᠡᠷᠡᠭ᠌ᠯᠡᠭ᠌ᠰᠡᠨ ᠪᠠᠢᠳᠠᠯ᠎ᠢ ᠦᠨᠳᠦᠰᠦᠯᠡᠨ᠂ ᠬᠠᠷᠢᠴᠠᠯ᠎ᠢᠶᠠᠷ ᠬᠤᠪᠢᠶᠠᠷᠢᠯᠠᠨ ᠥᠭ᠌ᠴᠦ᠂ ᠲᠣᠰ ᠰᠠᠷ᠎ᠠ᠎ᠶ᠋ᠢᠨ ᠤᠷᠢᠳᠴᠢᠯᠠᠨ ᠥᠭ᠌ᠭᠦᠭ᠌ᠰᠡᠨ ᠵᠣᠭᠤᠰ᠎ᠢ ᠬᠠᠷᠢᠴᠠᠯ᠎ᠢᠶᠠᠷ ᠱᠢᠯᠵᠢᠭᠦᠯᠦᠨ ᠥᠭ᠌ᠴᠦ᠂ ᠪᠠᠯᠠ ᠮᠥᠩᠭᠦ᠎ᠶ᠋ᠢᠨ ᠡᠷᠭᠢᠯᠲᠡ᠎ᠶ᠋ᠢᠨ ᠳᠤᠲᠠᠭᠤᠳᠠᠯ᠎ᠢ ᠪᠦᠲᠦᠮᠵᠢᠲᠡᠶ ᠨᠥᠬᠦᠪᠦᠷᠢᠯᠡᠪᠡ᠃ ᠣᠳᠣᠬᠠᠨ᠎ᠳᠤ᠂ ᠲᠡᠷᠡ ᠳᠠᠷᠤᠶ᠎ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠨᠢ ᠶᠠᠭ ᠬᠠᠮᠤᠷᠬᠤ ᠬᠡᠪᠴᠢᠶ᠎ᠡ᠎ᠪᠠᠨ ᠲᠠᠰᠤᠷᠠᠯᠲᠠ ᠥᠬᠡᠶ ᠥᠷᠭᠡᠳᠭᠡᠵᠦ᠍ ᠪᠠᠢᠨ᠎ᠠ᠂ ᠤᠷᠢᠳ᠎ᠢᠶᠠᠷ ᠨᠠᠨᠲ᠋ᠦ᠋ᠩ ᠬᠤᠲᠠ᠎ᠶ᠋ᠢᠨ ᠲᠣᠰ ᠱᠠᠲᠤᠨ᠎ᠤ ᠬᠤᠶᠠᠳᠤᠭᠠᠷ ᠳᠡᠰ ᠵᠢᠴᠢ ᠲᠡᠭᠦᠨ᠎ᠠᠴᠠ ᠳᠡᠭᠡᠭ᠌ᠰᠢᠬᠢ 38 ᠡᠮᠴᠢᠯᠡᠭᠡᠨ᠎ᠤ ᠪᠠᠢᠭᠤᠯᠤᠮᠵᠢ᠎ᠳᠤ ᠬᠡᠷᠡᠭ᠌ᠵᠢᠭᠦᠯᠵᠦ᠍᠂ ᠣᠲᠣ ᠨᠢᠭᠡᠨᠲᠡ ᠠᠯᠬᠤᠮ ᠠᠯᠬᠤᠮ᠎ᠢᠶᠠᠷ ᠱᠢᠶᠠᠨ᠂ ᠲᠣᠭᠤᠷᠢᠭ ᠲᠡᠢ᠌ᠰᠢ ᠥᠷᠭᠡᠳᠭᠡᠭ᠌ᠰᠡᠨ ᠪᠥᠭᠡᠳ ᠬᠠᠢ᠌ᠮᠸᠨᠳᠤ ᠠᠮᠵᠢᠯᠲᠠ᠎ᠲᠠᠢ᠎ᠪᠠᠷ ᠨᠠᠢᠳᠠᠪᠤᠷᠢᠵᠢᠭᠤᠯᠤᠨ ᠬᠡᠷᠡᠭ᠌ᠵᠢᠭᠦᠯᠵᠦ᠍᠂ ᠨᠡᠢᠲᠡ 15.53 ᠳ᠋ᠦᠩᠱᠢᠭᠤᠷ ᠲᠥᠭᠦᠷᠢᠭ᠎ᠤᠨ ᠪᠠᠯᠠ ᠮᠥᠩᠭᠦ᠌ ᠵᠠᠷᠤᠴᠠᠭᠤᠯᠪᠠ᠃ ᠵᠣᠭᠣᠰ ᠮᠥᠩᠭᠦ᠎ᠶ᠋ᠢ ᠲᠦᠷᠭᠡᠨ ᠲᠠᠩᠰᠠᠨ᠎ᠳᠤ ᠬᠦᠷᠭᠡᠵᠦ᠍᠂ ᠲᠣᠭ᠍ᠲᠠᠭ᠍ᠰᠠᠨ ᠡᠮᠴᠢᠯᠡᠭᠡᠨ᠎ᠤ ᠪᠠᠢᠭᠤᠯᠤᠮᠵᠢ᠎ᠶ᠋ᠢᠨ ᠭᠦᠢᠯᠭᠡᠭᠡᠨ᠎ᠤ ᠪᠡᠯᠡ ᠮᠥᠩᠭᠦ᠎ᠶ᠋ᠢ ᠦᠨᠡᠨ ᠬᠦ᠌ 《 ᠠᠮᠢᠳᠤ 》 ᠪᠣᠯᠭᠠᠵᠤ᠂ ᠡᠳᠦᠷ ᠲᠤᠲᠤᠮ᠎ᠤᠨ ᠡᠵᠡᠩᠨᠡᠯᠲᠡ᠎ᠶ᠋ᠢᠨ ᠳᠠᠷᠤᠯᠲᠠ᠎ᠶ᠋ᠢ ᠱᠢᠭᠤᠳ 《 ᠪᠠᠭᠤᠷᠠᠭᠤᠯᠬᠤ 》 ᠪᠤᠯᠭᠠᠪᠠ᠃
ᠮᠡᠷᠭᠡᠵᠢᠯ᠎ᠨᠢ ᠬᠦᠴᠦᠨ ᠨᠡᠮᠡᠷᠢᠯᠡᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠡᠵᠡᠩᠨᠡᠯᠲᠡ᠎ᠶ᠋ᠢᠨ ᠥᠪᠡᠷ᠎ᠤᠨ ᠥᠷᠲᠡᠭ᠎ᠢ 《 ᠳᠣᠷᠣᠭᠰᠢᠯᠠᠭᠤᠯᠪᠠ 》
ᠲᠡᠷᠡ ᠳᠠᠷᠤᠶ᠎ᠳᠤ ᠨᠢ ᠳ᠋ᠦᠩᠨᠡᠨ ᠪᠤᠳᠤᠬᠤ ᠥᠭᠡᠷᠡᠴᠢᠯᠡᠯᠲᠡ᠎ᠨᠢ 《 ᠲᠥᠷᠥ᠎ᠶ᠋ᠢᠨ ᠪᠣᠳᠣᠯᠭ᠎ᠠ + ᠮᠡᠷᠭᠡᠵᠢᠯ 》᠎ᠤᠨ ᠬᠤᠤᠰ ᠬᠦᠷᠳᠦ᠍᠎ᠪᠠᠷ ᠬᠥᠳᠡᠯᠭᠡᠭᠦᠷ ᠪᠣᠯᠭᠠᠵᠤ᠂ ᠠᠵᠢᠯ ᠦᠢᠯᠡᠰ᠎ᠤᠨ ᠡᠳ᠋᠎ᠤᠨ ᠶᠠᠪᠤᠳᠠᠯ᠎ᠢ ᠨᠢᠭᠡ ᠴᠤᠭ᠍ᠴᠠᠵᠢᠭᠤᠯᠬᠤ ᠲᠣᠭᠲᠠᠯᠴᠠᠭ᠎ᠠ ᠪᠠ ᠡᠮᠴᠢᠯᠡᠭᠡᠨ᠎ᠤ ᠪᠠᠲᠤᠯᠠᠭ᠎ᠠ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ᠎ᠤᠨ ᠴᠠᠭ ᠲᠤᠬᠠᠶ᠎ᠳᠤ ᠨᠢ ᠳ᠋ᠦᠩᠨᠡᠨ ᠪᠤᠳᠤᠬᠤ ᠵᠠᠭ᠍ᠪᠤᠷ᠎ᠲᠤ ᠲᠦᠱᠢᠭ᠌ᠯᠡᠨ᠂ ᠳ᠋ᠠᠢ᠌ᠲ᠋ᠠ᠎ᠶ᠋ᠢᠨ ᠬᠠᠷᠢᠯᠴᠠᠨ ᠨᠡᠪᠲᠡᠷᠡᠯᠴᠡᠬᠦ᠌ ᠪᠠᠬᠢᠯᠡᠯᠲᠡ᠎ᠶ᠋ᠢ ᠨᠡᠪᠲᠡᠷᠡᠭᠦᠯᠵᠦ᠍᠂ ᠳ᠋ᠦᠩᠨᠡᠨ ᠪᠤᠳᠤᠬᠤ ᠵᠣᠭᠤᠰ᠎ᠤᠨ ᠲᠤᠭ᠎ᠠ᠎ᠶ᠋ᠢ ᠴᠠᠭ ᠲᠤᠬᠠᠶ᠎ᠳᠤ ᠨᠢ ᠳᠠᠮᠵᠢᠭᠤᠯᠬᠤ᠂ ᠠᠦ᠋ᠲ᠋ᠣ᠋ ᠳᠣᠭᠢᠷᠠᠭᠤᠯᠬᠤ᠂ ᠲᠣᠭ᠍ᠲᠠᠭ᠍ᠰᠠᠨ ᠴᠠᠭ᠎ᠲᠤ ᠰᠠᠯᠭᠠᠨ ᠥᠭ᠌ᠬᠦ᠎ᠶ᠋ᠢ ᠪᠡᠶᠡᠯᠡᠭᠦᠯᠵᠦ᠍᠂ ᠶᠠᠪᠤᠴᠠ ᠨᠢᠭᠡᠪᠦᠷᠢ᠎ᠶ᠋ᠢᠨ ᠵᠠᠩᠭᠢᠯᠠᠭ᠎ᠠ᠎ᠶ᠋ᠢᠨ ᠴᠡᠭ᠎ᠢ ᠴᠥᠮ ᠴᠠᠭ ᠲᠤᠬᠠᠶ᠎ᠳᠤ ᠨᠢ ᠮᠥᠷᠳᠡᠵᠦ᠍ ᠪᠣᠯᠤᠨ᠎ᠠ᠃ ᠡᠨᠡ ᠬᠦ᠌ ᠪᠥᠬᠦ᠌ ᠬᠡᠯᠬᠢᠶ᠎ᠡ᠎ᠶ᠋ᠢᠨ ᠠᠦ᠋ᠲ᠋ᠣᠴᠢᠯᠠᠯᠤᠨ ᠵᠠᠭ᠍ᠪᠤᠷ᠎ᠨᠢ ᠤᠤᠯ᠎ᠤᠨ ᠳ᠋ᠦᠩᠨᠡᠨ ᠪᠤᠳᠤᠬᠤ ᠦᠶᠡᠯᠡᠯ᠎ᠤᠨ ᠬᠤᠭᠤᠴᠠᠭ᠎ᠠ᠎ᠶ᠋ᠢ ᠶᠡᠭᠡ᠎ᠪᠠᠷ ᠪᠣᠭᠤᠨᠢᠰᠭᠠᠭ᠍ᠰᠠᠨᠢᠶᠠᠷ ᠪᠠᠷᠠᠬᠤ ᠥᠬᠡᠶ᠂ ᠬᠥᠮᠦᠨ᠎ᠤ ᠬᠦᠴᠦ᠍᠎ᠪᠠᠷ ᠥᠭᠬᠦ ᠲᠦᠭ᠌ᠰᠢᠭᠦᠷᠢ᠎ᠶ᠋ᠢ ᠨᠠᠩ ᠪᠠᠭᠠᠰᠭᠠᠵᠤ᠂ ᠪᠠᠯᠠ ᠮᠥᠩᠭᠦ᠌ ᠥᠭ᠌ᠬᠦ᠎ᠶ᠋ᠢ ᠥᠨᠳᠥᠷ ᠪᠦᠲᠦᠮᠵᠢᠲᠡᠶ ᠪᠥᠭᠡᠳ ᠨᠠᠷᠢᠯᠢᠭ ᠣᠨᠣᠪᠴᠢᠲᠠᠢ ᠪᠣᠯᠭᠠᠪᠠ᠃ ᠡᠭᠦᠨ᠎ᠤ ᠬᠠᠮᠲᠤ᠌᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠤᠳ ᠬᠡᠷᠡᠭ᠎ᠤᠨ ᠡᠮᠦᠨ᠎ᠡ ᠰᠠᠨᠠᠭᠤᠯᠬᠤ᠂ ᠬᠡᠷᠡᠭ᠎ᠤᠨ ᠳᠤᠮᠳᠠ ᠬᠢᠨᠠᠨ ᠡᠵᠡᠮᠳᠡᠬᠦ᠂ ᠬᠡᠷᠡᠭ᠎ᠤᠨ ᠳᠠᠷᠠᠭ᠎ᠠ ᠬᠢᠨᠠᠨ ᠬᠠᠷᠭᠤᠭᠤᠯᠬᠤ ᠲᠣᠭ᠍ᠲᠠᠴᠠ ᠵᠢᠴᠢ ᠴᠠᠭ ᠲᠤᠬᠠᠶ᠎ᠳᠤ ᠨᠢ ᠳ᠋ᠦᠩᠨᠡᠨ ᠪᠤᠳᠤᠬᠤ ᠲᠦᠷᠭᠡᠨ ᠳᠠᠭᠠᠬᠤ ᠲᠣᠭ᠍ᠲᠠᠴᠠ᠎ᠶ᠋ᠢ ᠪᠠᠢᠭᠤᠯᠵᠤ᠂ ᠡᠮᠨᠡᠯᠭᠡ᠎ᠶ᠋ᠢᠨ ᠬᠤᠷᠢᠶ᠎ᠠ᠎ᠶ᠋ᠢ ᠬᠠᠪᠰᠤᠷᠤᠨ ᠡᠳ᠋᠎ᠤᠨ ᠶᠠᠪᠤᠳᠠᠯ᠎ᠤᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠵᠦ᠍᠂ ᠡᠮᠴᠢᠯᠡᠭᠡᠨ᠎ᠤ ᠦᠢᠯᠡ ᠠᠵᠢᠯᠯᠠᠭ᠎ᠠ᠎ᠶ᠋ᠢ ᠵᠢᠷᠤᠮᠵᠢᠭᠤᠯᠤᠨ᠂ ᠡᠵᠡᠩᠨᠡᠯᠲᠡ ᠬᠠᠮᠢᠶᠠᠷᠤᠯᠲᠠ᠎ᠶ᠋ᠢᠨ ᠥᠪᠡᠷ᠎ᠤᠨ ᠥᠷᠲᠡᠭ᠎ᠢ ᠤᠯᠠᠮ ᠨᠢᠭᠡ ᠠᠯᠬᠤᠮ ᠪᠠᠭᠤᠷᠠᠭᠤᠯᠪᠠ᠃
ᠪᠡᠯᠡ ᠮᠦᠩᠬᠦ᠌᠎ᠪᠠᠷ ᠬᠠᠷᠠᠭ᠋ᠠᠯᠵᠠᠵᠤ ᠦᠢᠯᠡᠴᠢᠯᠡᠭᠡ᠎ᠪᠠᠨ ᠴᠢᠩᠭᠠᠳᠭᠠᠨ᠂ ᠣᠨᠣᠱᠢᠯᠠᠨ ᠡᠮᠨᠡᠬᠦ᠌ ᠬᠢᠷᠢ ᠲᠦᠪᠱᠢᠨ᠎ᠢ 《 ᠳᠡᠭᠡᠭᠰᠢᠯᠡᠭᠦᠯᠪᠡ 》
ᠭᠦᠢᠴᠡᠳ ᠪᠥᠭᠡᠳ ᠲᠣᠭ᠍ᠲᠠᠭᠤᠨ ᠪᠡᠯᠡ ᠮᠥᠩᠭᠦ᠎ᠶ᠋ᠢᠨ ᠪᠠᠲᠤᠯᠠᠭ᠎ᠠ᠎ᠨᠢ ᠡᠮᠨᠡᠯᠭᠡ᠎ᠶ᠋ᠢᠨ ᠬᠤᠷᠢᠶᠠᠨ᠎ᠤ ᠡᠮᠴᠢᠯᠡᠭᠡᠨ᠎ᠤ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠷᠣᠭᠤᠯᠤᠯᠲᠠ᠎ᠶ᠋ᠢ ᠨᠡᠮᠡᠭ᠌ᠳᠡᠭᠦᠯᠬᠦ᠌᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠭ᠍ᠰᠠᠨ ᠪᠠᠢᠨ᠎ᠠ᠃ ᠪᠠᠯᠠ ᠮᠥᠩᠭᠦ᠎ᠨᠢ ᠠᠮᠢᠳᠤ ᠪᠣᠯ ᠦᠶ᠋ᠯᠡᠴᠢᠯᠡᠭᠡ᠎ᠨᠢ ᠬᠥᠭ᠌ᠵᠢᠭᠦᠯᠵᠦ᠍᠂ ᠡᠮᠨᠡᠯᠭᠡ᠎ᠶ᠋ᠢᠨ ᠬᠤᠷᠢᠶ᠎ᠠ ᠨᠢ ᠰᠠᠭᠤᠷᠢ ᠮᠥᠩᠭᠦᠨ᠎ᠤ ᠳᠠᠷᠤᠯᠲᠠ᠎ᠶ᠋ᠢᠨ ᠬᠦᠴᠢᠷᠳᠡᠯ᠎ᠠᠴᠠ ᠠᠩᠭᠢᠵᠢᠷᠠᠵᠤ᠂ ᠭᠤᠤᠯ ᠣᠨᠣᠱᠢᠯᠠᠨ ᠡᠮᠨᠡᠬᠦ᠌ ᠲᠤᠬᠠᠢᠯᠠᠭ᠍ᠰᠠᠨ ᠠᠵᠢᠯ᠎ᠳᠤ ᠨᠠᠩ ᠢᠯᠡᠭᠦᠦ ᠠᠩᠬᠠᠷᠤᠯ᠎ᠢᠶᠠᠨ ᠲᠥᠪᠯᠡᠷᠡᠭᠦᠯᠵᠦ᠍᠂ ᠲᠡᠷᠢᠭᠦᠨ᠎ᠤ ᠲᠣᠨᠤᠭ ᠲᠥᠬᠦᠭᠡᠷᠦᠮᠵᠢ᠎ᠶ᠋ᠢ ᠣᠷᠣᠭᠤᠯᠤᠨ ᠠᠪᠴᠢᠷᠠᠵᠤ ᠲᠤᠰᠭᠠᠶ ᠮᠡᠷᠭᠡᠵᠢᠯ᠎ᠤᠨ ᠴᠢᠳᠠᠪᠤᠷᠢᠲᠠᠨ᠎ᠢ ᠬᠦᠮᠦᠵᠢᠭᠦᠯᠵᠦ᠂ ᠦᠶ᠋ᠯᠡᠴᠢᠯᠡᠭᠡᠨ᠎ᠤ ᠶᠠᠪᠤᠴᠠ᠎ᠶ᠋ᠢ ᠱᠢᠯᠢᠳᠡᠭ᠌ᠵᠢᠭᠦᠯᠬᠦ᠌᠎ᠠᠴᠠ ᠣᠨᠣᠱᠢᠯᠠᠨ ᠡᠮᠨᠡᠬᠦ᠌ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠦᠷᠲᠡᠯ᠎ᠡ᠂ ᠡᠪᠡᠳᠴᠢᠲᠡᠨ᠎ᠤ ᠠᠮᠢ ᠨᠠᠰᠤ ᠡᠷᠡᠭᠦᠯ ᠮᠡᠨᠳᠦ᠍᠎ᠶ᠋ᠢᠨ ᠪᠠᠲᠤᠯᠠᠭ᠎ᠠ᠎ᠶ᠋ᠢᠨ ᠲᠣᠤᠷ ᠰᠦᠯᠵᠢᠶ᠎ᠡ᠎ᠶ᠋ᠢ ᠪᠥᠬᠦ᠌ ᠲᠠᠯ᠎ᠠ᠎ᠪᠠᠷ ᠨᠢᠭ᠍ᠲᠠ ᠰᠦᠯᠵᠢᠪᠡ᠃ ᠨᠠᠨᠲ᠋ᠦ᠋ᠩ ᠶᠡᠭᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠤᠷᠢᠶ᠎ᠠ ᠪᠠᠯᠠ ᠮᠥᠩᠭᠦ᠎ᠶ᠋ᠢ ᠵᠢᠭᠠᠨ ᠰᠤᠷᠭᠠᠯᠲᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠤᠮᠲᠠ ᠱᠢᠪᠲᠤᠯᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠤ ᠬᠡᠷᠡᠭ᠌ᠯᠡᠵᠦ᠍᠂ ᠡᠮᠴᠢᠯᠡᠭᠡᠨ᠎ᠤ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠳᠤ ᠪᠠᠲᠤ ᠪᠠᠬᠢ ᠦᠨᠳᠦᠰᠦ ᠰᠠᠭᠤᠷᠢ᠎ᠶ᠋ᠢ ᠲᠠᠯᠪᠢᠵᠤ ᠥᠭ᠌ᠪᠡ᠃ ᠨᠠᠨᠲ᠋ᠦ᠋ᠩ ᠬᠤᠲᠠ᠎ᠶ᠋ᠢᠨ ᠬᠢᠲᠠᠳ ᠡᠮᠨᠡᠯᠭᠡ᠎ᠶ᠋ᠢᠨ ᠬᠤᠷᠢᠶ᠎ᠠ ᠬᠡᠳᠦ᠋ᠢᠪᠡᠷ ᠬᠤᠤᠰ ᠬᠦᠷᠢᠶᠡᠯᠡᠩ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢᠨ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠱᠢᠵᠤ ᠪᠠᠢᠭ᠎ᠠ ᠪᠣᠯᠬᠤᠷ ᠮᠥᠨ ᠬᠦ᠌ ᠤᠨᠴᠠᠯᠢᠬ᠍ᠳᠤ ᠲᠤᠰᠭᠠᠶ ᠮᠡᠷᠭᠡᠵᠢᠯ᠎ᠤᠨ ᠬᠥᠭ᠌ᠵᠢᠯᠲᠡ ᠪᠠ ᠭᠤᠤᠯᠯᠠᠭ᠍ᠴᠢ ᠴᠢᠳᠠᠪᠤᠷᠢᠲᠠᠨ᠎ᠢ ᠬᠥᠮᠦᠵᠢᠭᠦᠯᠬᠦ᠌ ᠠᠵᠢᠯ᠎ᠢ ᠪᠠᠭ᠍ᠲᠠᠭᠠᠵᠤ᠂ ᠡᠮᠴᠢ ᠰᠤᠪᠢᠯᠠᠭ᠍ᠴᠢ᠎ᠶ᠋ᠢᠨ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠠᠷ ᠳᠠᠮᠵᠢᠭᠤᠯᠤᠨ ᠡᠪᠡᠳᠴᠢᠲᠡᠨ᠎ᠤ ᠡᠪᠡᠳᠴᠢᠨ ᠦᠵᠡᠭᠦᠯᠬᠦ᠌ ᠥᠩᠭᠡᠷᠡᠯᠲᠡ᠎ᠶ᠋ᠢ ᠦᠷᠭᠦᠯᠵᠢᠯᠡᠨ ᠰᠠᠢᠵᠢᠷᠠᠭᠤᠯᠵᠤ ᠴᠢᠳᠠᠨ᠎ᠠ᠃