ᠬᠦᠮᠦᠨ ᠠᠮᠠ᠎ᠶ᠋ᠢᠨ ᠠᠰᠠᠭᠤᠳᠠᠯ᠂ ᠦᠨᠳᠦᠰᠦᠲᠡᠨ᠎ᠦ ᠢᠷᠡᠭᠡᠳᠦᠢᠲᠡᠢ ᠬᠣᠯᠪᠣᠭ᠍ᠳᠠᠨ᠎ᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ᠂ 《 ᠦᠷᠡᠵᠢᠯ᠎ᠢ ᠳᠡᠮᠵᠢᠬᠦ᠌ ᠲᠦᠷᠦ᠍᠎ᠶᠢᠨ ᠪᠤᠳᠤᠯᠭ᠎ᠠ᠎ᠶᠢᠨ ᠲᠣᠭᠲᠠᠯᠴᠠᠭ᠎ᠠ᠎ᠶᠢ ᠪᠠᠢᠭᠤᠯᠵᠤ᠂ ᠦᠷᠡᠵᠢᠯ᠂ ᠬᠥᠮᠦᠵᠢᠭᠦᠯᠬᠦ᠌᠂ ᠰᠤᠷᠭᠠᠨ ᠬᠥᠮᠦᠵᠢᠯ᠎ᠦᠨ ᠥᠪᠡᠷ᠎ᠦᠨ ᠥᠷᠲᠡᠭ᠎ᠢ ᠪᠠᠭᠤᠷᠠᠭᠤᠯᠤᠨ᠎ᠠ 》 ᠭᠡᠵᠦ᠍ ᠲᠣᠳᠣᠷᠬᠠᠢ ᠵᠢᠭᠠᠵᠤ ᠭᠠᠷᠭᠠᠪᠠ᠃
ᠲᠥᠷᠦᠶᠡ ᠭᠡᠵᠦ ᠪᠣᠳᠤᠭ᠍ᠰᠠᠨ ᠬᠥᠮᠦᠨ᠎ᠢ ᠵᠣᠷᠢᠭ᠍ᠲᠠᠶ ᠲᠥᠷᠦᠭᠦᠯᠬᠦ᠂ ᠲᠥᠷᠦᠬᠦ ᠳᠤᠷᠠᠲᠠᠢ᠂ ᠲᠥᠷᠦᠵᠦ ᠳᠡᠢ᠌ᠯᠬᠦ ᠪᠣᠯ ᠨᠡᠢᠭᠡᠮ᠎ᠤᠨ ᠬᠠᠮᠲᠤ᠎ᠶ᠋ᠢᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ ᠪᠠᠢ᠌ᠵᠤ ᠮᠥᠨ ᠴᠤ᠌ ᠤᠯᠤᠰ᠎ᠤᠨ ᠵᠠᠰᠠᠯᠲᠠ᠎ᠶ᠋ᠢᠨ ᠴᠢᠬᠤᠯᠠ ᠰᠡᠳᠦᠪ ᠪᠣᠯᠣᠨ᠎ᠠ᠃
2024 ᠣᠨ᠎ᠤ 2 ᠳ᠋ᠤᠭ᠋ᠠᠷ ᠰᠠᠷ᠎ᠠ᠎ᠶ᠋ᠢᠨ 29 ᠤ ᠡᠳᠦᠷ᠂ ᠲᠤᠰᠢᠶᠠᠯ ᠡᠭᠦᠷᠭᠡᠯᠡᠭᠡᠳ ᠳᠥᠩᠭᠡᠵᠦ ᠪᠦᠬᠦᠯᠢ ᠨᠢᠭᠡ ᠰᠠᠷ᠎ᠠ ᠪᠣᠯᠤᠭ᠍ᠰᠠᠨ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ ᠳᠠᠷᠤᠭ᠎ᠠ ᠵᠠᠩ ᠺᠧ ᠪᠡᠭᠡᠵᠢᠩ᠎ᠤᠨ ᠬᠥᠩᠭᠡᠵᠢᠭᠦᠯᠬᠦ᠌ ᠡᠮᠨᠡᠯᠭᠡ᠎ᠶ᠋ᠢᠨ ᠬᠤᠷᠢᠶᠠᠨ᠎ᠳᠤ ᠬᠦᠷᠴᠦ᠍ ᠪᠠᠢᠴᠠᠭᠠᠨ ᠰᠤᠳᠤᠯᠤᠯᠲᠠ ᠬᠢᠪᠠ᠃ ᠲᠡᠷᠡ᠂ ᠲᠤᠰᠠᠯᠠᠬᠤ ᠦᠷᠡᠵᠢᠯ ᠪᠣᠯ ᠦᠷᠡᠵᠢᠯ᠎ᠤᠨ ᠳᠡᠮᠵᠢᠯᠭᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠲᠦᠢᠯ᠎ᠤᠨ ᠴᠢᠬᠤᠯᠠ ᠲᠠᠯ᠎ᠠ ᠪᠣᠯᠤᠨ᠎ᠠ᠃ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠬᠡᠰᠡᠭ ᠮᠤᠵᠢ᠎ᠶ᠋ᠢᠨ ᠲᠤᠷᠱᠢᠯᠭ᠎ᠠ᠎ᠶ᠋ᠢ ᠳ᠋ᠦᠩᠨᠡᠵᠦ᠍᠂ ᠲᠤᠰᠠᠯᠠᠬᠤ ᠦᠷᠡᠵᠢᠯ᠎ᠤᠨ ᠲᠥᠷᠥᠯ᠎ᠤᠨ ᠡᠮᠴᠢᠯᠡᠭᠡᠨ᠎ᠦ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠰᠡᠳᠦᠪ ᠲᠣᠭ᠍ᠲᠠᠭᠠᠬᠤ ᠪᠠ ᠡᠮᠴᠢᠯᠡᠭᠡᠨ᠎ᠦ ᠳᠠᠭᠠᠳᠭᠠᠯ᠎ᠤᠨ ᠥᠭᠬᠦ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠲᠤᠰᠠᠯᠠᠬᠤ ᠦᠷᠡᠵᠢᠯ᠎ᠤᠨ ᠡᠮᠴᠢᠯᠡᠭᠡᠨ᠎ᠦ ᠳᠠᠭᠠᠳᠭᠠᠯ᠎ᠢ ᠠᠬᠢᠭᠤᠯᠵᠤ᠂ ᠬᠥᠮᠦᠨ ᠠᠮᠠ᠎ᠶ᠋ᠢᠨ ᠣᠷᠳᠣ ᠬᠤᠭᠤᠴᠠᠭᠠᠨ᠎ᠤ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠴᠥᠷᠬᠡᠯᠡᠭᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶ᠋ᠢᠨ ᠳᠠᠷᠤᠭ᠎ᠠ ᠵᠠᠩ ᠺᠧ ᠪᠡᠭᠡᠵᠢᠩ᠎ᠤᠨ ᠬᠥᠩᠭᠡᠵᠢᠭᠦᠯᠬᠦ᠌ ᠡᠮᠨᠡᠯᠭᠡ᠎ᠶ᠋ᠢᠨ ᠬᠤᠷᠢᠶ᠎ᠠ᠂ ᠪᠡᠭᠡᠵᠢᠩ ᠶᠡᠭᠡ ᠰᠤᠷᠭᠠᠭᠤᠯᠢ᠎ᠶ᠋ᠢᠨ ᠠᠷᠠᠳ᠎ᠤᠨ ᠡᠮᠨᠡᠯᠭᠡ᠎ᠶ᠋ᠢᠨ ᠬᠤᠷᠢᠶ᠎ᠠ᠂ ᠪᠡᠭᠡᠵᠢᠩ᠎ᠤᠨ ᠬᠡᠦᠬᠡᠳ᠎ᠤᠨ ᠡᠮᠨᠡᠯᠭᠡ᠎ᠶ᠋ᠢᠨ ᠬᠤᠷᠢᠶ᠎ᠠ᠎ᠳᠤ ᠬᠦᠷᠴᠦ᠍ ᠪᠠᠢᠴᠠᠭᠠᠨ ᠰᠤᠳᠤᠯᠤᠯᠲᠠ ᠬᠢᠪᠠ
ᠬᠡᠯᠡᠪᠡᠯ ᠦᠭᠡ ᠬᠢᠰᠭᠢᠪᠡᠯ ᠭᠠᠵᠠᠷ᠃ ᠢᠩᠭᠢᠭᠡᠳ᠂ ᠨᠢᠭᠡ ᠤᠳᠠᠭᠠᠨ᠎ᠤ 《 ᠲᠤᠰᠠᠯᠠᠬᠤ ᠦᠷᠡᠵᠢᠯ᠎ᠢ ᠡᠮᠴᠢᠯᠡᠭᠡᠨ᠎ᠦ ᠪᠠᠲᠤᠯᠠᠭ᠎ᠠ᠎ᠳᠤ ᠣᠷᠣᠭᠣᠯᠬᠤ 》 ᠲᠣᠭᠤᠷᠢᠨ᠎ᠳᠤ ᠠᠵᠢᠯᠯᠠᠭ᠎ᠠ ᠦᠳᠲᠡᠷ ᠲᠦᠷᠭᠡᠨ ᠶᠠᠪᠤᠭ᠍ᠳᠠᠪᠠ᠃
3 ᠳ᠋ᠤᠭ᠋ᠠᠷ ᠰᠠᠷ᠎ᠠ᠎ᠳᠤ᠂ ᠱᠢᠨᠵᠢᠶᠠᠩ ᠵᠢᠴᠢ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ ᠬᠠᠮᠤᠭ ᠲᠡᠷᠢᠭᠦᠨ᠎ᠳᠦ ᠡᠭᠦᠨ᠎ᠡᠴᠡ ᠡᠮᠦᠨ᠎ᠡ ᠨᠢᠭᠡᠨᠲᠡ ᠲᠤᠷᠱᠢᠯᠲᠠ ᠬᠢᠭ᠌ᠰᠡᠨ ᠪᠡᠭᠡᠵᠢᠩ᠂ ᠭᠤᠸᠠᠩᠰᠢ᠂ ᠥᠪᠥᠷ ᠮᠣᠩᠭᠣᠯ ᠪᠣᠯᠣᠨ ᠭᠠᠨᠰᠦ ᠮᠤᠵᠢ᠎ᠶᠢ ᠳᠠᠭ᠋ᠠᠵᠤ᠂ ᠬᠡᠰᠡᠭ ᠡᠮᠴᠢᠯᠡᠭᠡᠨ᠎ᠦ ᠴᠢᠨᠠᠷᠲᠠᠶ ᠲᠤᠰᠠᠯᠠᠬᠤ ᠦᠷᠡᠵᠢᠯ᠎ᠦᠨ ᠲᠥᠷᠥᠯ ᠵᠦᠢᠯ᠎ᠢ ᠡᠮᠴᠢᠯᠡᠭᠡᠨ᠎ᠦ ᠪᠠᠲᠤᠯᠠᠭ᠎ᠠ᠎ᠳᠤ ᠣᠷᠤᠭᠤᠯᠪᠠ᠃
4 ᠳ᠋ᠤᠭᠡᠷ ᠰᠠᠷ᠎ᠠ᠎ᠳᠤ᠂ ᠱᠠᠨᠳᠦ᠋ᠩ ᠣᠷᠣᠯᠴᠠᠪᠠ᠃ 6 ᠳ᠋ᠤᠭ᠋ᠠᠷ ᠰᠠᠷ᠎ᠠ᠎ᠳᠤ᠂ ᠱᠠᠩᠬᠠᠢ᠂ ᠵᠧᠵᠢᠶᠠᠩ᠂ ᠵᠢᠶᠠᠩᠰᠢ᠂ ᠬᠥᠬᠡᠨᠠᠭᠤᠷ ᠵᠡᠷᠭᠡ ᠭᠠᠵᠠᠷ᠎ᠲᠤ ᠵᠡᠷᠭᠡ ᠪᠡᠷ ᠨᠤᠲᠤᠭᠰᠢᠪᠠ᠃
ᠳᠡᠭᠡᠷ᠎ᠡ ᠬᠠᠭᠠᠰ ᠵᠢᠯ᠂ ᠪᠥᠬᠥ᠌ ᠤᠯᠤᠰ᠎ᠤᠨ 1/3 ᠮᠤᠵᠢ ᠲᠥᠷᠥ᠎ᠶ᠋ᠢᠨ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠡᠶᠡᠯᠡᠭᠦᠯᠵᠡᠶ᠃
ᠴᠥᠷᠬᠡᠯᠡᠭᠡ᠄ 10 ᠮᠤᠵᠢ ᠵᠢᠴᠢ ᠱᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ ᠨᠢᠭᠡᠨᠲᠡ ᠲᠤᠰᠠᠯᠠᠬᠤ ᠦᠷᠡᠵᠢᠯ᠎ᠢ ᠡᠮᠴᠢᠯᠡᠭᠡᠨ᠎ᠦ ᠪᠠᠲᠤᠯᠠᠭ᠎ᠠ᠎ᠳᠤ ᠣᠷᠣᠭᠤᠯᠪᠠ
ᠳᠣᠣᠷ᠎ᠠ ᠬᠠᠭᠠᠰ ᠵᠢᠯ᠎ᠤᠨ ᠠᠬᠢᠴᠠ ᠨᠡᠩ ᠲᠦᠷᠭᠡᠨ᠃
7 ᠳ᠋ᠤᠭ᠋ᠠᠷ ᠰᠠᠷ᠎ᠠ᠎ᠡᠴᠡ 9 ᠳ᠋ᠤᠭᠡᠷ ᠰᠠᠷ᠎ᠠ ᠪᠤᠯᠲᠠᠯ᠎ᠠ᠂ ᠭᠢᠷᠢᠨ᠂ ᠵᠢᠶᠠᠩᠰᠦ᠂ ᠡᠾᠸᠪᠸᠢ᠂ ᠠᠨᠾᠦᠢ᠂ ᠬᠠᠢᠨᠠᠨ᠂ ᠹᠦᠵᠢᠶᠠᠨ᠂ ᠡᠾᠸᠨᠠᠨ᠂ ᠱᠠᠨᠰᠢ᠂ ᠳᠦᠪᠡᠳ᠂ ᠬᠤᠪᠸᠢ ᠵᠡᠷᠬᠡ ᠠᠷᠪᠠ ᠭᠠᠷᠤᠢ ᠮᠤᠵᠢ ᠵᠠᠯᠭ᠋ᠠᠭ᠎ᠠ᠎ᠪᠠᠷ ᠲᠦᠷᠦ᠍᠎ᠶ᠋ᠢᠨ ᠪᠤᠲᠤᠯᠭ᠎ᠠ ᠲᠤᠭ᠍ᠲᠠᠭᠠᠪᠠ᠃
10 ᠳ᠋ᠤᠭ᠋ᠠᠷ ᠰᠠᠷ᠎ᠠ᠎ᠳᠤ ᠱᠠᠨ ᠰᠢ᠂ ᠬᠤᠨᠠᠨ᠂ ᠭᠤᠸᠠᠩᠳᠦ᠋ᠩ᠂ ᠶᠦᠨᠨᠠᠨ᠂ ᠨᠢᠩᠱᠢᠶᠠ᠎ᠳᠤ ᠨᠤᠲᠤᠭ᠍ᠰᠢᠪᠠ᠃ 11 ᠳ᠋ᠤᠭᠡᠷ ᠰᠠᠷ᠎ᠠ᠎ᠳᠤ᠂ ᠰᠧᠴᠤᠸᠠᠨ᠂ ᠲᠢᠶᠠᠨᠵᠢᠨ ᠬᠣᠢ᠌ᠨ᠎ᠠ᠎ᠠᠴᠠ ᠳᠠᠭ᠋ᠠᠪᠠ᠃ 12 ᠳ᠋ᠤᠭ᠋ᠠᠷ ᠰᠠᠷ᠎ᠠ᠎ᠳᠤ᠂ ᠭᠦᠢᠵᠧᠦ᠍ ᠵᠢᠩᠬᠢᠨᠢ᠎ᠪᠠᠷ ᠬᠡᠷᠡᠭ᠌ᠵᠢᠭᠦᠯᠵᠦ᠍᠂ ᠯᠢᠶᠣᠤᠨᠢᠩ᠂ ᠬᠠᠷᠠᠮᠥ᠋ᠷᠡᠨ᠂ ᠴᠦᠩᠴᠢᠩ ᠴᠤ᠌ 2025 ᠣᠨ᠎ᠤ 1 ᠳ᠋ᠤᠭᠡᠷ ᠰᠠᠷ᠎ᠠ᠎ᠶ᠋ᠢᠨ 1᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠬᠦ᠌᠎ᠪᠠᠷ ᠲᠣᠳᠣᠷᠬᠠᠶ ᠲᠣᠭ᠍ᠲᠠᠭᠠᠪᠠ᠃ ᠡᠨᠡ ᠦᠶ᠎ᠡ᠎ᠳᠦ᠂ ᠪᠦᠬᠦ ᠤᠯᠤᠰ᠎ᠤᠨ 31 ᠮᠣᠵᠢ ( ᠣᠷᠣᠠ᠂ ᠬᠣᠲᠠ ) ᠵᠢᠴᠢ ᠱᠢᠠᠵᠢᠶᠠᠩᠤᠨ ᠣᠢ᠌ᠯᠠᠣᠠᠪᠤᠷᠢᠯᠠᠯ ᠪᠦᠲᠦᠭᠡᠨ ᠪᠠᠢ᠌ᠭᠣᠯᠣᠯᠲᠠ᠎ᠶ᠋ᠢᠨ ᠪᠢᠩᠲ᠋ᠤᠸᠠᠨ ᠪᠦᠬᠦᠨ ᠲᠤᠰᠠᠯᠠᠬᠤ ᠦᠷᠡᠵᠢᠯ᠎ᠢ ᠡᠮᠴᠢᠯᠡᠭᠡᠨ᠎ᠦ ᠪᠠᠲᠤᠯᠠᠭ᠎ᠠ᠎ᠶᠢᠨ ᠬᠡᠪᠴᠢᠶᠠᠨ᠎ᠳᠤ ᠣᠷᠤᠭᠤᠯᠪᠠ᠃
ᠲᠥᠪ ᠲᠧᠯᠸᠢᠰ᠎ᠤᠨ ᠰᠣᠨᠢᠨ ᠮᠡᠳᠡᠭᠡᠨ᠎ᠤ 2024 ᠣᠨ᠎ᠤ 10 ᠳ᠋ᠤᠭ᠋ᠠᠷ ᠰᠠᠷ᠎ᠠ᠎ᠶ᠋ᠢᠨ 30 ᠤ ᠡᠳᠦᠷ᠎ᠤᠨ ᠮᠡᠳᠡᠭᠡᠯᠡᠯ᠄ 20 ᠮᠤᠵᠢ᠎ᠠᠴᠠ ᠳᠠᠪᠠᠭ᠍ᠰᠠᠨ ᠲᠤᠰᠠᠯᠠᠬᠤ ᠦᠷᠡᠵᠢᠯ᠎ᠤᠨ ᠲᠥᠷᠥᠯ᠎ᠤᠨ ᠡᠮᠴᠢᠯᠡᠭᠡᠨ᠎ᠤ ᠲᠥᠷᠥᠯ ᠵᠦᠢᠯ᠎ᠢ ᠡᠮᠴᠢᠯᠡᠭᠡᠨ᠎ᠦ ᠪᠠᠲᠤᠯᠠᠭ᠎ᠠ᠎ᠳᠤ ᠣᠷᠣᠭᠤᠯᠪᠠ
ᠠᠩᠬ᠎ᠠ ᠣᠲᠠᠭ᠎ᠠ ᠨᠡᠢ᠌ᠲᠡ᠎ᠳᠦ ᠢᠯᠡᠷᠬᠡᠢ᠌ᠯᠡᠭᠰᠡᠨ᠎ᠡᠴᠡ᠂ ᠲᠥᠷᠥ᠎ᠶ᠋ᠢᠨ ᠪᠤᠲᠣᠯᠭ᠎ᠠ ᠪᠦᠬᠦ ᠲᠠᠯ᠎ᠠ ᠪᠡᠷ ᠬᠥᠭᠵᠢᠬᠦ ᠬᠦᠷᠲᠡᠯ᠎ᠡ᠂ ᠬᠡᠷᠡᠭᠯᠡᠬᠦ ᠴᠠᠭ ᠨᠢ ᠶᠠᠭ ᠠᠷᠪᠠᠨ ᠰᠠᠷ᠎ᠠ ᠪᠣᠯᠣᠨ᠎ᠠ᠃ ᠡᠨᠡ ᠠᠷᠪᠠᠨ ᠰᠠᠷ᠎ᠠ ᠪᠣᠯ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠠᠴᠠ ᠲᠥᠪ᠎ᠦᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠶᠠᠪᠤᠳᠠᠯ ᠪᠣᠯᠣᠨ᠎ᠠ᠃
ᠶᠠᠭ ᠨᠢᠭᠡ ᠡᠵᠢ ᠠᠷᠪᠠᠨ ᠰᠠᠷ᠎ᠠ ᠬᠡᠷᠡᠭᠰᠡᠨ ᠵᠢᠷᠮᠦᠰᠦᠯᠡᠵᠦ ᠰᠢᠨ᠎ᠡ ᠠᠮᠢ ᠨᠠᠰᠤ᠎ᠪᠠᠨ ᠤᠭ᠍ᠲᠤᠨ ᠠᠪᠬᠤ ᠴᠢᠬᠤᠯᠠᠲᠠᠢ᠂ ᠳᠤᠮᠳᠠᠳᠤ ᠤᠯᠤᠰ᠎ᠤ᠋ᠨ ᠡᠮᠴᠢᠯᠡᠭᠡᠨ᠎ᠦ ᠪᠠᠲᠤᠯᠠᠭ᠎ᠠ ᠴᠤ᠌ ᠠᠷᠪᠠᠨ ᠰᠠᠷ᠎ᠠ᠎ᠶᠢᠨ ᠴᠠᠭ ᠬᠡᠷᠡᠭᠰᠡᠵᠦ᠂ ᠡᠨᠡ ᠲᠥᠷᠥᠯ᠎ᠦᠨ ᠦᠷᠡᠵᠢᠯ᠎ᠦ᠋ᠨ ᠬᠦᠰᠡᠯᠲᠡᠢ ᠬᠣᠯᠪᠣᠭ᠍ᠳᠠᠬᠤ ᠲᠥᠷᠥ᠎ᠶᠢᠨ ᠪᠣᠳᠣᠯᠭ᠎ᠠ᠎ᠶᠢ ᠴᠠᠭᠠᠰᠤᠨ ᠬᠠᠭᠤᠳᠠᠰᠤ᠎ᠡᠴᠡ ᠮᠢᠩᠭ᠎ᠠ ᠲᠦᠮᠡᠨ ᠠᠢᠯ ᠡᠷᠦᠬᠡ ᠬᠦᠷᠲᠡᠯ᠎ᠡ ᠨᠠᠢᠳᠠᠪᠤᠷᠢᠵᠢᠭᠤᠯᠵᠤ᠂ ᠬᠡᠳᠦᠨ ᠠᠷᠪᠠᠨ ᠲᠦᠮᠡᠨ ᠭᠡᠷ ᠪᠦᠯᠢᠳ᠋ᠦ᠍ ᠠᠰᠢᠭ ᠬᠦᠷᠲᠡᠭᠡᠨ᠎ᠡ᠃
ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠣᠯᠠᠨ ᠨᠡᠢ᠌ᠲᠡ᠎ᠶᠢᠨ ᠸᠢᠴᠠᠲ ᠲᠠᠪᠴᠠᠩ᠎ᠤᠨ ᠦᠨᠡᠯᠡᠯᠲᠡ᠎ᠶ᠋ᠢᠨ ᠣᠷᠣᠨ᠎ᠳᠤ᠂ ᠮᠠᠰᠢ ᠣᠯᠠᠨ ᠰᠦᠯᠵᠢᠶᠡᠨ᠎ᠤ ᠠᠨᠳᠠ ᠨᠠᠷ ᠪᠣᠷᠣᠭ᠍ᠵᠢᠭᠤᠨ ᠰᠡᠳᠭᠢᠯ᠎ᠤᠨ ᠦᠭᠡ᠎ᠪᠡᠨ ᠪᠢᠴᠢᠵᠦ᠍᠂ ᠵᠠᠷᠢᠮ ᠬᠥᠮᠦᠨ ᠣᠯᠠᠨ ᠵᠢᠯ ᠦᠷ᠎ᠡ ᠬᠡᠤᠬᠡᠳ ᠭᠤᠶᠤᠴᠢᠯᠠᠬᠤ᠎ᠶ᠋ᠢᠨ ᠵᠣᠪᠠᠭᠤᠷᠢ ᠵᠦᠳᠡᠭᠦᠷᠢ᠎ᠶ᠋ᠢ ᠲᠣᠭ᠋ᠠᠴᠢᠭᠰᠠᠨ ᠪᠥᠭᠡᠳ ᠪᠠᠰᠠ ᠵᠠᠷᠢᠮ ᠬᠥᠮᠦᠨ ᠲᠥᠷᠥ᠎ᠶ᠋ᠢᠨ ᠪᠣᠳᠣᠯᠭ᠎ᠠ᠎ᠶ᠋ᠢ ᠡᠷᠲᠡᠬᠡᠨ ᠥᠪᠡᠷ᠎ᠤᠨ ᠨᠤᠲᠤᠭ ᠤᠰᠤᠨ᠎ᠳᠦ᠎ᠪᠡᠨ ᠨᠠᠢᠳᠠᠪᠤᠷᠢᠵᠢᠭᠤᠯᠬᠤ᠎ᠶ᠋ᠢ ᠬᠦᠰᠡᠵᠦ᠍ ᠪᠠᠢᠨ᠎ᠠ᠃ ᠵᠤᠷᠪᠤᠰ ᠵᠤᠷᠪᠤᠰ ᠦᠯᠡᠳᠡᠭᠡᠭᠰᠡᠨ ᠦᠭᠡ᠎ᠶ᠋ᠢᠨ ᠠᠷᠤ᠎ᠳᠤ᠂ ᠨᠢᠭᠡ ᠭᠡᠷ ᠪᠦᠯᠢ ᠪᠦᠷᠢᠨ ᠪᠦᠲᠦᠨ ᠪᠠᠢᠬᠤ᠎ᠶ᠋ᠢ ᠬᠦᠰᠡᠭᠰᠡᠨ ᠡᠩ᠎ᠦᠨ ᠠᠷᠠᠳ ᠪᠣᠯᠣᠨ᠎ᠠ᠃
ᠵᠢᠷᠤᠭ᠎ᠤᠨ ᠡᠬᠢ᠄ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠤᠪᠴᠢᠶ᠎ᠠ᠎ᠶ᠋ᠢᠨ ᠣᠯᠠᠨ ᠨᠡᠢ᠌ᠲᠡ᠎ᠶᠢᠨ ᠸᠢᠴᠠᠲ ᠲᠠᠪᠴᠠᠩ᠎ᠤᠨ ᠦᠨᠡᠯᠡᠯᠲᠡ᠎ᠶᠢᠨ ᠬᠡᠰᠡᠭ᠎ᠦᠨ ᠰᠦᠯᠵᠢᠶᠡᠨ ᠢᠷᠭᠡᠳ᠎ᠤᠨ ᠦᠯᠡᠳᠡᠭᠡᠭ᠌ᠰᠡᠨ ᠦᠭᠡ
ᠥᠩᠭᠡᠷᠡᠭ᠌ᠰᠡᠨ᠎ᠳᠦ᠂ ᠲᠤᠰᠯᠠᠬᠤ ᠦᠷᠡᠵᠢᠯ᠎ᠦᠨ ᠵᠠᠷᠤᠳᠠᠯ ᠥᠨᠳᠥᠷ᠂ ᠦᠶᠡᠯᠡᠯ᠎ᠦᠨ ᠬᠤᠭᠤᠴᠠᠭ᠎ᠠ ᠤᠷᠲᠤ ᠪᠠᠢᠵᠤ᠂ ᠴᠥᠭᠡᠨ ᠪᠤᠰᠤ ᠭᠡᠷ ᠪᠦᠯᠢ ᠪᠠᠷ᠎ᠠ᠎ᠶᠢ ᠨᠢ ᠦᠵᠡᠭᠡᠳ ᠤᠬᠤᠷᠢᠪᠠ᠃ ᠡᠳᠦᠭᠡ᠂ ᠡᠮᠴᠢᠯᠡᠭᠡᠨ᠎ᠦ ᠪᠠᠲᠤᠯᠠᠭ᠎ᠠ᠎ᠶᠢᠨ ᠬᠤᠪᠢᠶᠠᠨ ᠡᠭᠦᠷᠭᠡᠯᠡᠬᠦ᠌ ᠶᠠᠪᠤᠳᠠᠯ᠎ᠨᠢ ᠠᠵᠤ ᠠᠬᠤᠶ᠎ᠶ᠋ᠢᠨ ᠳᠠᠷᠤᠯᠲᠠ᠎ᠶ᠋ᠢ ᠬᠥᠩᠭᠡᠷᠡᠭᠦᠯᠦᠭ᠌ᠰᠡᠨ ᠪᠥᠭᠡᠳ ᠪᠠᠰᠠ ᠰᠡᠳᠭᠢᠴᠡ᠎ᠶ᠋ᠢᠨ ᠳᠠᠷᠤᠭᠠᠰᠤ᠎ᠶ᠋ᠢ ᠪᠠᠭ᠋ᠠᠰᠬᠠᠪᠠ᠃ ᠲᠡᠳᠡᠨ᠎ᠳᠤ ᠠᠪᠴᠤ᠌ ᠬᠡᠯᠡᠪᠡᠯ᠂ ᠡᠨᠡ ᠪᠣᠯ ᠴᠠᠭᠠᠰᠤᠨ ᠳᠡᠭᠡᠷ᠎ᠡ ᠳᠠᠷᠤᠮᠠᠯᠯᠠᠭ᠍ᠰᠠᠨ ᠲᠥᠷᠥ᠎ᠶ᠋ᠢᠨ ᠪᠣᠳᠣᠯᠭ᠎ᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠬᠦᠷᠦᠯᠴᠡᠵᠦ ᠴᠢᠳᠠᠬᠤ ᠬᠦᠰᠡᠯ ᠪᠣᠯᠣᠨ᠎ᠠ᠃
ᠲᠥᠪ ᠲᠧᠯᠸᠢᠰ᠎ᠤᠨ ᠰᠣᠨᠢᠨ ᠮᠡᠳᠡᠭᠡ 2025 ᠣᠨ᠎ᠤ 11 ᠳ᠋ᠦ᠍ᠭᠡᠷ ᠰᠠᠷ᠎ᠠ᠎ᠶ᠋ᠢᠨ 11᠎ᠤ ᠡᠳᠦᠷ ᠤᠨ ᠮᠡᠳᠡᠭᠡᠯᠡᠯ᠄ ᠲᠤᠰᠠᠯᠠᠬᠤ ᠦᠷᠡᠵᠢᠯ᠎ᠢ ᠡᠮᠴᠢᠯᠡᠭᠡᠨ᠎ᠦ ᠪᠠᠲᠤᠯᠠᠭ᠎ᠠ᠎ᠳᠤ ᠣᠷᠣᠭᠤᠯᠵᠤ ᠵᠠᠭᠤᠨ ᠲᠦᠮᠡᠨ ᠬᠥᠮᠦᠨ ᠤᠳᠠᠭ᠎ᠠ᠎ᠶ᠋ᠢ ᠳᠠᠪᠠᠨ ᠠᠰᠢᠭ ᠬᠦᠷᠲᠡᠭᠡᠪᠡ
ᠶᠠᠮᠠᠷᠪᠠ ᠲᠦᠷᠦ᠍᠎ᠶ᠋ᠢᠨ ᠪᠤᠳᠤᠯᠭ᠎ᠠ᠎ᠶ᠋ᠢᠨ ᠨᠠᠢᠳᠠᠪᠤᠷᠢᠵᠢᠭᠤᠯᠤᠯᠳᠠ᠎ᠨᠢ ᠨᠢᠭᠡ ᠯᠠ ᠳᠣᠣᠷ᠎ᠠ ᠪᠦᠲᠦᠬᠦ ᠪᠢᠰᠢ᠂ ᠬᠠᠷᠢᠨ ᠲᠣᠳᠣᠷᠬᠠᠢ ᠴᠢᠭ᠌ᠯᠡᠯ ᠲᠠᠢ᠂ ᠡᠷᠡᠰ ᠪᠠᠲᠤ ᠬᠡᠷᠡᠭ᠌ᠵᠢᠭᠦᠯᠦᠯᠳᠠ ᠪᠠ ᠥᠨᠳᠥᠷ ᠪᠦᠲᠦᠮᠵᠢᠲᠡᠢ ᠬᠠᠮᠵᠢᠯᠴᠠᠭ᠎ᠠ᠎ᠶᠢ ᠲᠦᠰᠢᠭᠯᠡᠬᠦ ᠶᠤᠮ᠃ ᠮᠤᠵᠢ ᠨᠢᠭᠡ ᠪᠦᠷᠢ ᠲᠦᠷᠭᠡᠨ ᠴᠤᠤᠷᠢᠶᠠᠲᠤᠨ ᠳᠠᠭᠠᠵᠤ᠂ ᠨᠠᠷᠢᠨ ᠲᠦᠷᠢᠮ ᠨᠢᠭᠡᠪᠦᠷᠢ᠎ᠶ᠋ᠢ ᠯᠠᠪᠳᠠᠭᠤᠨ᠎ᠢᠶᠠᠷ ᠨᠠᠢᠳᠠᠪᠤᠷᠢᠵᠢᠭᠤᠯᠬᠤ ᠪᠣᠯ ᠴᠥᠮ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠨ 《 ᠠᠷᠠᠳ ᠲᠦᠮᠡᠨ᠎ᠢ ᠳᠡᠭᠡᠳᠦᠯᠡᠬᠦ᠌ 》 ᠣᠢᠯᠠᠭᠠᠭ᠍ᠳᠠᠬᠤᠨ᠎ᠤ ᠦᠨᠡᠨ ᠬᠦ᠌ ᠢᠯᠡᠷᠡᠯ ᠪᠣᠯᠤᠨ᠎ᠠ᠃
ᠠᠷᠠᠳ᠎ᠤ᠋ᠨ ᠠᠮᠢᠳᠤᠷᠠᠯ᠎ᠳ᠋ᠤ ᠠᠰᠢᠭ ᠬᠦᠷᠲᠡᠭᠡᠬᠦ᠌ᠳ᠋ᠦ᠍᠂ ᠠᠪᠤᠨ ᠳᠣᠣᠷ᠎ᠠ᠎ᠪᠠᠨ ᠠᠮᠵᠢᠯᠲᠠ ᠣᠯᠬᠤ᠎ᠶᠢ ᠬᠦᠰᠡᠬᠦ ᠦᠭᠡᠢ ᠪᠣᠯᠪᠠᠴᠤ᠌᠂ ᠠᠯᠬᠤᠮ᠎ᠢᠶᠠᠨ ᠯᠠᠪᠳᠠᠭᠤᠨ ᠪᠠᠢ᠌ᠯᠭ᠋ᠠᠬᠤ᠎ᠶᠢ ᠬᠦᠰᠡᠵᠦ; ᠠᠯᠤᠰᠢ᠋ ᠪᠣᠳᠣᠯᠬᠢᠯᠠᠵᠤ᠂ ᠨᠢᠭᠡ ᠴᠠᠭ᠎ᠤ᠋ᠨ ᠦᠷ᠎ᠡ ᠠᠰᠢᠭ᠎ᠲᠤ ᠰᠢᠨᠤᠬᠤ ᠦᠭᠡᠢ᠂ ᠤᠳᠠᠭᠠᠨ ᠳᠠᠭᠠᠭᠠᠮᠠᠭᠠᠢ ᠴᠢᠷᠮᠠᠢᠬᠤ ᠬᠡᠷᠡᠭ᠌ᠲᠡᠢ᠃ ᠲᠤᠰᠠᠯᠠᠬᠤ ᠦᠷᠡᠵᠢᠯ᠎ᠦᠨ ᠡᠮᠴᠢᠯᠡᠭᠡᠨ᠎ᠦ ᠪᠠᠲᠤᠯᠠᠭ᠎ᠠ᠎ᠳᠤ ᠣᠷᠤᠭᠤᠯᠬᠤ ᠪᠣᠯ ᠳᠤᠮᠳᠠᠳᠤ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠥᠭᠡᠷᠡᠴᠢᠯᠡᠯᠲᠡ᠎ᠶ᠋ᠢᠨ ᠶᠠᠪᠤᠴᠠ᠎ᠳᠠᠬᠢ 《 ᠨᠢᠭᠡ ᠪᠠᠭ᠎ᠠ ᠠᠯᠬᠤᠮ 》 ᠪᠣᠯᠣᠨ᠎ᠠ᠃ ᠣᠳᠣᠬᠠᠨ᠎ᠳᠤ᠂ ᠳᠤᠮᠳᠠᠳᠤ ᠤᠯᠤᠰ᠎ᠤᠨ ᠡᠮᠴᠢᠯᠡᠭᠡᠨ᠎ᠦ ᠪᠠᠲᠤᠯᠠᠭ᠎ᠠ ᠶᠠᠭ 《 ᠵᠢᠵᠢᠭ ᠠᠯᠬᠤᠮ ᠨᠢᠭᠡᠪᠦᠷᠢ 》᠎ᠶ᠋ᠢ ᠲᠠᠰᠤᠷᠠᠯᠲᠠ ᠥᠬᠡᠶ ᠰᠠᠢᠲᠤᠷ ᠵᠠᠮᠨᠠᠵᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠎ᠪᠠᠷ ᠴᠢᠷᠮᠠᠢ᠌ᠵᠤ᠂ ᠬᠥᠭᠵᠢᠯᠲᠡ᠎ᠶᠢ ᠠᠬᠢᠭᠤᠯᠬᠤ ᠵᠠᠮ᠎ᠳᠤ᠂ ᠬᠠᠭᠠᠰ ᠠᠯᠬᠤᠮ᠎ᠢ ᠬᠤᠷᠠᠮᠳᠤᠭᠤᠯᠵᠤ᠂ ᠠᠯᠤᠰ ᠢᠷᠡᠭᠡᠳᠦᠢ᠎ᠳᠤ ᠬᠦᠷᠭᠦ ᠪᠠᠷ ᠴᠢᠷᠮᠠᠢᠵᠤ ᠪᠠᠢᠨ᠎ᠠ᠃