ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠤᠪᠴᠢᠶ᠎ᠠ ᠡᠮᠴᠢᠯᠡᠭᠡᠨ᠎ᠦ ᠳᠠᠭᠠᠳᠬᠠᠯ᠎ᠤᠨ ᠰᠢᠨ᠎ᠡ᠎ ᠡᠭᠦᠳᠦᠯᠲᠡ᠎ᠶᠢᠨ ᠡᠮ ᠪᠠ ᠪᠠᠭᠠᠵᠢ ᠬᠡᠷᠡᠭᠰᠡᠯ᠎ᠢ ᠳᠡᠮᠵᠢᠬᠦ ᠰᠢᠷᠢᠰ ᠶᠠᠷᠢᠯᠴᠠᠬᠤ ᠬᠤᠷᠠᠯ᠎ᠤᠨ ᠭᠤᠷᠪᠠᠳᠤᠭᠠᠷ ᠲᠠᠯᠠᠪᠤᠷ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-07-28

  《ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠳᠡᠮᠵᠢᠬᠦ ᠠᠷᠭ᠎ᠠ ᠬᠡᠮᠵᠢᠶ᠎ᠡ᠎ᠨᠦᠭᠦᠳ》᠎ᠢ ᠨᠠᠶ᠋ᠢᠳᠠᠪᠤᠷᠢᠵᠢᠭᠤᠯᠵᠤ ᠂ ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠵᠤ ᠂ ᠠᠷᠠᠳ ᠣᠯᠠᠨ᠎ᠤ ᠣᠯᠠᠨ ᠡᠰᠢᠵᠢᠭᠰᠡᠨ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠨᠠᠩ ᠰᠠᠶ᠋ᠢᠲᠤᠷ ᠬᠠᠩᠭᠠᠬᠤ᠎ᠶᠢᠨ ᠲᠥᠯᠥᠭᠡ ᠂ ᠣᠶ᠋ᠢᠷ᠎ᠠ᠎ᠳᠤ ᠂ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶ᠎ᠠ ᠡᠮᠴᠢᠯᠡᠭᠡᠨ᠎ᠤ ᠳᠠᠭᠠᠳᠬᠠᠯ᠎ᠤᠨ ᠰᠢᠨ᠎ᠡ ᠡᠭᠦᠳᠦᠯᠲᠡ᠎ᠶᠢᠨ ᠡᠮ ᠪᠠ ᠪᠠᠭᠠᠵᠢ ᠬᠡᠷᠡᠭᠰᠡᠯ᠎ᠢ ᠳᠡᠮᠵᠢᠬᠦ ᠰᠢᠷᠢᠰ ᠶᠠᠷᠢᠯᠴᠠᠬᠤ ᠬᠤᠷᠠᠯ᠎ᠤᠨ ᠭᠤᠷᠪᠠᠳᠤᠭᠠᠷ ᠲᠠᠯᠠᠪᠤᠷ ᠬᠤᠷᠠᠯ᠎ᠢ ᠬᠤᠷᠠᠯᠳᠤᠭᠤᠯᠪᠠ ᠃ ᠤᠯᠤᠰ᠎ᠤᠨ ᠲᠤᠷᠰᠢᠯᠲᠠ᠎ᠶᠢᠨ ᠲᠠᠰᠤᠭ ᠂ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠶ᠋ᠢᠭᠤᠯᠤᠮᠵᠢ ᠂ ᠡᠮ ᠡᠮᠨᠡᠯᠭᠡ᠎ᠶᠢᠨ ᠠᠵᠤ ᠠᠬᠤᠶ᠋ᠢᠯᠠᠯ ᠂ ᠳᠠᠭᠠᠳᠬᠠᠯ᠎ᠤᠨ ᠺᠣᠮᠫᠠᠨᠢ ᠂ ᠮᠥᠩᠭᠦᠨ ᠭᠦᠢᠯᠭᠡᠭᠡᠨ᠎ᠤ ᠪᠠᠶ᠋ᠢᠭᠤᠯᠤᠮᠵᠢ ᠪᠣᠯᠤᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ 24 ᠲᠥᠯᠥᠭᠡᠯᠡᠭᠴᠢ 《ᠡᠮᠴᠢᠯᠡᠭᠡᠨ᠎ᠤ ᠳᠠᠭᠠᠳᠬᠠᠯ᠎ᠤᠨ ᠲᠤᠭ᠎ᠠ ᠪᠠᠷᠢᠮᠲᠠ᠎ᠶᠢᠨ ᠦᠢᠯᠡᠴᠢᠯᠡᠭᠡᠨ᠎ᠤ ᠰᠢᠨ᠎ᠡ ᠡᠭᠦᠳᠦᠯᠲᠡ᠎ᠶᠢᠨ ᠡᠮ᠎ᠢ ᠰᠤᠳᠤᠯᠤᠨ ᠨᠡᠭᠡᠭᠡᠬᠦ ᠪᠠ ᠵᠠᠬ᠎ᠠ ᠳᠡᠯᠭᠡᠭᠦᠷ᠎ᠲᠤ ᠭᠠᠷᠭᠠᠭᠰᠠᠨ᠎ᠤ ᠳᠠᠷᠠᠭᠠᠬᠢ ᠦᠨᠡᠨ ᠪᠣᠳᠠᠲᠠᠶ ᠳᠡᠯᠡᠬᠡᠢ᠎ᠶᠢᠨ ᠰᠤᠳᠤᠯᠭᠠᠨ》᠎ᠤ ᠲᠣᠭᠤᠷᠢᠨ᠎ᠳᠤ ᠰᠠᠨᠠᠯ᠎ᠢᠶᠠᠨ ᠭᠦᠨᠵᠡᠭᠡᠶ ᠰᠣᠯᠢᠯᠴᠠᠬᠤ᠎ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ ᠃

  ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠰᠠᠨᠠᠯ ᠨᠢᠭᠡᠲᠡᠶ᠎ᠪᠠᠷ ᠂ ᠲᠤᠰ ᠤᠳᠠᠭᠠᠨ᠎ᠤ ᠬᠤᠷᠠᠯ᠎ᠢ ᠬᠤᠷᠠᠯᠳᠤᠭᠤᠯᠤᠭᠰᠠᠨ ᠨᠢ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠰᠢᠨ᠎ᠡ ᠡᠭᠦᠳᠦᠯᠲᠡ᠎ᠶᠢᠨ ᠡᠮ᠎ᠤᠨ ᠬᠥᠭᠵᠢᠯᠲᠡ᠎ᠶᠢ ᠡᠷᠡᠰ ᠳᠡᠮᠵᠢᠬᠦ ᠵᠣᠷᠢᠭ᠋ ᠪᠠ ᠢᠯᠡ ᠲᠣᠳᠣ᠌ ᠣᠪᠣᠷ᠎ᠢ ᠭᠦᠢᠴᠡᠳ ᠢᠯᠡᠷᠡᠭᠦᠯᠵᠦ ᠂ ᠡᠮᠴᠢᠯᠡᠭᠡᠨ᠎ᠦ ᠳᠠᠭᠠᠳᠬᠠᠯ᠎ᠤᠨ ᠲᠤᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ ᠪᠠ ᠡᠬᠢ ᠪᠠᠶᠠᠯᠢᠭ᠋᠎ᠢ ᠨᠡᠶ᠋ᠢᠳᠬᠡᠬᠦ ᠠᠷᠭ᠎ᠠ ᠵᠠᠮ᠎ᠢᠶᠠᠷ ᠳᠠᠮᠵᠢᠭᠤᠯᠤᠨ ᠂ ᠰᠢᠨ᠎ᠡ ᠡᠭᠦᠳᠦᠯᠲᠡ᠎ᠶᠢᠨ ᠡᠮ᠎ᠢ ᠰᠤᠳᠤᠯᠤᠨ ᠨᠡᠭᠡᠭᠡᠬᠦ ᠪᠠ ᠵᠠᠬ᠎ᠠ ᠳᠡᠯᠭᠡᠭᠦᠷ᠎ᠲᠤ ᠭᠠᠷᠭᠠᠭᠰᠠᠨ᠎ᠤ ᠳᠠᠷᠠᠭᠠᠬᠢ ᠦᠨᠡᠨ ᠪᠣᠳᠠᠲᠠᠶ ᠳᠡᠯᠡᠬᠡᠶ᠎ᠶᠢᠨ ᠰᠤᠳᠤᠯᠭᠠᠨ ᠳᠤᠮᠳᠠ ᠵᠠᠩᠭᠢᠯᠠᠭ᠎ᠠ᠎ᠶᠢᠨ ᠦᠢᠯᠡᠴᠢᠯᠡᠭᠡᠨ᠎ᠤ ᠦᠢᠯᠡᠳᠦᠯ᠎ᠢᠶᠠᠨ ᠪᠠᠳᠠᠷᠠᠭᠤᠯᠵᠤ ᠂ ᠡᠮ ᠡᠮᠨᠡᠯᠭᠡ᠎ᠶᠢᠨ ᠰᠢᠨ᠎ᠡ᠎ᠶᠢ ᠡᠭᠦᠳᠦᠭᠰᠡᠨ ᠦᠷ᠎ᠡ ᠪᠦᠲᠦᠮᠵᠢ᠎ᠶᠢ ᠬᠦᠴᠦᠲᠡᠶ ᠳᠡᠭᠡᠭᠰᠢᠯᠡᠭᠦᠯᠵᠦ ᠂ ᠮᠠᠨ᠎ᠤ ᠤᠯᠤᠰ᠎ᠤᠨ ᠡᠮ ᠡᠮᠨᠡᠯᠭᠡ᠎ᠶᠢᠨ ᠡᠷᠡᠭᠦᠯ ᠮᠡᠨᠳᠦ᠎ᠶᠢᠨ ᠠᠵᠤ ᠦᠢᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠵᠤ ᠴᠢᠳᠠᠨ᠎ᠠ ᠃ ᠡᠮᠴᠢᠯᠡᠭᠡᠨ᠎ᠤ ᠳᠠᠭᠠᠳᠬᠠᠯ᠎ᠤᠨ ᠲᠤᠭ᠎ᠠ ᠪᠠᠷᠢᠮᠲᠠ ᠬᠢᠭᠡᠳ ᠰᠢᠨ᠎ᠡ ᠡᠭᠦᠳᠦᠯᠲᠡ᠎ᠶᠢᠨ ᠡᠮ᠎ᠢ ᠰᠤᠳᠤᠯᠤᠨ ᠨᠡᠭᠡᠭᠡᠬᠦ᠎ᠶᠢᠨ ᠬᠠᠮᠵᠢᠯᠴᠠᠬᠤ ᠵᠠᠮ᠎ᠢ ᠨᠡᠪᠲᠡᠷᠡᠭᠦᠯᠵᠦ ᠂ ᠡᠮᠴᠢᠯᠡᠭᠡᠨ᠎ᠤ ᠳᠠᠭᠠᠳᠬᠠᠯ᠎ᠤᠨ ᠲᠤᠭ᠎ᠠ ᠪᠠᠷᠢᠮᠲᠠ᠎ᠶᠢᠨ ᠡᠮ᠎ᠤᠨ ᠤᠷᠤᠯᠳᠤᠭᠠᠨ᠎ᠤ ᠵᠠᠮ ᠰᠣᠩᠭᠤᠬᠤ ᠂ ᠦᠷ᠎ᠡ ᠪᠦᠲᠦᠮᠵᠢ᠎ᠶᠢ ᠦᠨᠡᠯᠡᠨ       ᠵᠢᠱ᠌ᠢᠬᠦ ᠂ ᠪᠠᠯᠠ ᠲᠣᠬᠢᠷᠠᠭᠤᠯᠭ᠎ᠠ᠎ᠶᠢᠨ ᠵᠢᠭᠡᠯᠡᠯᠭᠡ ᠂ ᠵᠠᠬ᠎ᠠ ᠳᠡᠯᠭᠡᠭᠦᠷ᠎ᠲᠤ ᠲᠠᠯᠪᠢᠬᠤ ᠪᠠ ᠶᠠᠰᠤ ᠴᠢᠨᠠᠷ᠎ᠤᠨ ᠬᠠᠮᠢᠶᠠᠷᠤᠯᠲᠠ ᠵᠡᠷᠭᠡ ᠲᠠᠯ᠎ᠠ᠎ᠪᠠᠷ᠎ᠬᠢ ᠬᠦᠴᠦᠨ ᠨᠡᠮᠡᠷᠢᠯᠡᠬᠦ ᠳᠠᠯᠳᠠ ᠬᠦᠴᠦᠨ᠎ᠢ ᠭᠦᠢᠴᠡᠳ ᠪᠠᠳᠠᠷᠠᠭᠤᠯᠵᠤ ᠂ ᠵᠢᠷᠤᠮᠵᠢᠭ᠍ᠰᠠᠨ ᠬᠠᠮᠲᠤ᠎ᠪᠠᠷ ᠡᠳ᠋ᠯᠡᠬᠦ ᠲᠣᠭᠲᠠᠴᠠ ᠬᠢᠭᠡᠳ ᠥᠨᠳᠥᠷ ᠪᠦᠲᠦᠮᠵᠢᠲᠡᠶ ᠪᠥᠭᠡᠳ ᠤᠷᠤᠭᠰᠢᠲᠠᠶ ᠠᠵᠢᠯ ᠲᠥᠷᠥᠯ ᠠᠯᠤᠰᠯᠠᠭᠰᠠᠨ ᠬᠠᠮᠵᠢᠯᠴᠠᠬᠤ ᠲᠣᠭᠲᠠᠴᠠ᠎ᠶᠢ ᠪᠠᠶ᠋ᠢᠭᠤᠯᠵᠤ ᠂ ᠰᠢᠨ᠎ᠡ ᠡᠭᠦᠳᠦᠯᠲᠡ᠎ᠶᠢᠨ ᠡᠮ᠎ᠤᠨ ᠠᠵᠢᠯ ᠲᠥᠷᠥᠯ᠎ᠤᠨ ᠲᠦᠷᠭᠡᠨ ᠬᠥᠭᠵᠢᠯᠲᠡ᠎ᠶᠢ ᠬᠥᠲᠥᠯᠦᠨ ᠳᠠᠭᠠᠭᠤᠯᠬᠤ᠎ᠶᠢ ᠬᠦᠰᠡᠵᠦ ᠪᠠᠶ᠋ᠢᠨ᠎ᠠ ᠭᠡᠵᠡᠶ ᠃ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠢᠯᠡᠷᠬᠡᠶ᠋ᠢᠯᠡᠬᠦ᠎ᠳᠦ᠎ᠪᠡᠨ ᠂ ᠲᠣᠰ ᠪᠡᠶ᠎ᠡ᠎ᠶᠢᠨ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠡᠮᠴᠢᠯᠡᠭᠡᠨ᠎ᠦ ᠳᠠᠭᠠᠳᠬᠠᠯ᠎ᠤᠨ ᠲᠤᠭ᠎ᠠ ᠪᠠᠷᠢᠮᠲᠠ᠎ᠶᠢᠨ ᠰᠢᠨ᠎ᠡ ᠡᠭᠦᠳᠦᠯᠲᠡ᠎ᠶᠢᠨ ᠡᠮ᠎ᠤᠨ ᠬᠦᠷᠢᠶᠡᠨ᠎ᠳᠠᠬᠢ ᠭᠦᠨᠵᠡᠭᠡᠶ ᠬᠡᠷᠡᠭᠯᠡᠯᠲᠡ ᠪᠠ ᠬᠥᠭᠵᠢᠯᠲᠡ᠎ᠶᠢ ᠠᠬᠢᠭᠤᠯᠬᠤ᠎ᠶᠢ ᠪᠥᠬᠦ ᠬᠦᠴᠦᠨ᠎ᠢᠶᠠᠷ᠎ᠢᠶᠠᠨ ᠳᠡᠮᠵᠢᠨ ᠬᠠᠮᠵᠢᠯᠴᠠᠵᠤ ᠂ ᠰᠢᠨ᠎ᠡ ᠡᠭᠦᠳᠦᠯᠲᠡ᠎ᠶᠢᠨ ᠡᠮ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠬᠠᠮᠲᠤ᠎ᠪᠠᠷ ᠠᠬᠢᠭᠤᠯᠤᠨ᠎ᠠ ᠭᠡᠵᠡᠶ ᠃

  ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠲᠤᠮᠤ ᠲᠣᠭ᠎ᠠ ᠪᠠᠷᠢᠮᠲᠠ᠎ᠶᠢᠨ ᠲᠥᠪ ᠂ ᠡᠮ ᠡᠮᠨᠡᠯᠭᠡ᠎ᠶᠢᠨ ᠦᠨ᠎ᠡ ᠬᠠᠩᠰᠢ ᠪᠣᠯᠤᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠎ᠶᠢ ᠵᠢᠯᠣᠭᠤᠳᠬᠤ ᠲᠥᠪ ᠵᠡᠷᠭᠡ ᠨᠢᠭᠡᠴᠢ᠎ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠶᠠᠷᠢᠯᠴᠠᠬᠤ ᠬᠤᠷᠠᠯ᠎ᠳᠤ ᠣᠷᠣᠯᠴᠠᠪᠠ ᠃

  ᠳᠤᠮᠳᠠᠳᠤ ᠤᠯᠤᠰ᠎ᠤᠨ ᠡᠮᠴᠢᠯᠡᠭᠡᠨ᠎ᠦ ᠳᠠᠭᠠᠳᠬᠠᠯ ᠂ ᠨᠠᠰᠤᠨ ᠲᠤᠷᠰᠢᠲᠠ᠎ᠶᠢᠨ ᠰᠠᠬᠢᠨ ᠬᠠᠮᠠᠭᠠᠯᠠᠭ᠍ᠴᠢ ! ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠦ᠎ᠶᠢᠨ ᠠᠮᠤᠷ ᠲᠦᠪᠰᠢᠨ᠎ᠢ ᠬᠠᠮᠠᠭᠠᠯᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ ! ᠳᠠᠭᠠᠳᠬᠠᠯ ᠮᠡᠬᠡᠯᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠢᠯᠡᠴᠢᠯᠡᠨ ᠮᠡᠳᠡᠭᠦᠯᠬᠦ ᠤᠲᠠᠰᠤ ᠄ 010 - 89061396 ᠂ 010 - 89061397 ; ᠢᠮᠸᠯ᠄ jubao@nhsa.gov.cn ᠃

ᠢᠷᠡᠯᠲᠡ᠄ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            