ᠡᠮᠴᠢᠯᠡᠭᠡᠨ᠎ᠤ ᠳᠠᠭᠠᠳᠭᠠᠯ᠎ᠤᠨ ᠲᠠᠷᠬᠠᠭᠠᠭ᠍ᠰᠠᠨ 《ᠦᠷᠡᠵᠢᠯ᠎ᠤᠨ ᠤᠯᠠᠭᠠᠨ ᠪᠠᠭ᠍ᠯᠠᠭ᠎ᠠ》 ∣ ᠦᠷᠡᠵᠢᠯ᠎ᠤᠨ ᠨᠥᠬᠦᠪᠥᠷᠢ ᠮᠥᠩᠭᠦ᠎ᠶ᠋ᠢ ᠬᠡᠷᠬᠢᠨ ᠬᠦᠷᠲᠡᠬᠦ᠌᠂ ᠬᠡᠳᠦᠢ ᠬᠦᠷᠲᠡᠵᠦ᠍ ᠪᠣᠯᠬᠤ ᠪᠤᠢ ? ᠡᠨᠡ ᠬᠦ᠌ ᠠᠰᠠᠷᠠᠭ᠍ᠴᠢ᠎ᠶ᠋ᠢᠨ ᠳᠡᠰ᠎ᠦᠨ ᠠᠷᠭ᠎ᠠ ᠪᠣᠳᠣᠯᠭ᠎ᠠ᠎ᠶ᠋ᠢ ᠦᠵᠡᠵᠦ᠍ ᠪᠠᠷᠠᠭᠠᠳ ᠲᠠᠨ᠎ᠤ ᠲᠣᠳᠣᠷᠬᠠᠢ ᠣᠢᠯᠠᠭᠠᠯᠲᠠ ᠲᠠᠢ ᠪᠣᠯᠬᠤ ᠶ᠋ᠢ ᠪᠠᠲᠤᠯᠠᠶ᠎ᠠ !
ᠨᠢᠬᠡ ᠂ ᠦᠷᠡᠵᠢᠯ᠎ᠤᠨ ᠨᠥᠬᠦᠪᠦᠷᠢ ᠮᠦᠩᠬᠦ ᠭᠡᠵᠦ᠍ ᠴᠤᠬᠤᠮ ᠶᠠᠭᠤ ᠪᠤᠢ ?
ᠣᠢᠯᠠᠭᠠᠮᠵᠢᠲᠠᠢ ᠶᠠᠷᠢᠪᠠᠯ᠂ ᠦᠷᠡᠵᠢᠯ᠎ᠦ᠋ᠨ ᠨᠥᠬᠥᠪᠥᠷᠢ ᠮᠥᠩᠭᠥ᠌ ᠪᠣᠯ ᠳᠠᠷᠤᠢ ᠳᠠᠭᠠᠳᠭᠠᠯ᠎ᠳ᠋ᠤ ᠣᠷᠣᠯᠴᠠᠭ᠍ᠰᠠᠨ ᠡᠮᠡᠭ᠌ᠲᠡᠢ ᠠᠵᠢᠯᠲᠠᠨ ᠠᠵᠢᠯᠴᠢᠨ᠎ᠤ᠋ ᠬᠥᠩᠭᠡᠵᠢᠬᠦ᠌ ᠴᠢᠯᠦᠭᠡᠨ᠎ᠦ ᠴᠠᠯᠢᠩ ᠵᠢᠴᠢ ᠲᠥᠯᠥᠪᠯᠡᠭᠡᠲᠦ ᠦᠷᠡᠵᠢᠯ᠎ᠦ᠋ᠨ ᠮᠡᠰᠡ ᠵᠠᠰᠠᠯ ᠬᠢᠬᠦ᠌ ᠴᠢᠯᠦᠭᠡᠨ ᠬᠤᠭᠤᠴᠠᠭᠠᠨᠳ᠋ᠠᠬᠢ ᠴᠠᠯᠢᠩ᠎ᠤ᠋ᠨ ᠴᠢᠨᠠᠷᠲᠠᠢ ᠨᠥᠬᠥᠪᠥᠷᠢ ᠪᠣᠯᠤᠨ᠎ᠠ᠂ ᠡᠨᠡ ᠵᠣᠭᠣᠰ ᠨᠢ ᠡᠷᠡᠭ᠌ᠲᠡᠢ ᠲᠠᠯ᠎ᠠ᠎ᠶᠢᠨ ᠨᠢᠭᠡᠴᠢ ᠡᠴᠡ ᠥᠭ᠌ᠬᠦ ᠪᠢᠰᠢ᠂ ᠪᠠᠰᠠ ᠡᠮᠡᠭ᠌ᠲᠡᠢ ᠲᠠᠯ᠎ᠠ᠎ᠶᠢᠨ ᠨᠢᠭᠡᠴᠢ ᠡᠴᠡ ᠴᠤ᠌ ᠥᠭ᠌ᠬᠦ ᠪᠢᠰᠢ᠂ ᠬᠠᠷᠢᠨ ᠦᠷᠡᠵᠢᠯ᠎ᠦ᠋ᠨ ᠳᠠᠭᠠᠳᠭᠠᠯ᠎ᠡᠴᠡ ᠥᠭ᠌ᠭᠦᠨ᠎ᠡ᠂ ᠳᠠᠭᠠᠳᠭᠠᠯ᠎ᠳ᠋ᠤ ᠣᠷᠣᠯᠴᠠᠭ᠍ᠰᠠᠨ ᠡᠮᠡᠭ᠌ᠲᠡᠢ ᠠᠵᠢᠯᠲᠠᠨ ᠠᠵᠢᠯᠴᠢᠨ᠎ᠤ᠋ ᠬᠥᠩᠭᠡᠵᠢᠬᠦ᠌ ᠠᠮᠠᠷᠠᠯᠲᠠ᠎ᠶᠢᠨ ᠬᠤᠭᠤᠴᠠᠭᠠᠨᠳ᠋ᠠᠬᠢ ᠠᠮᠢᠳᠤᠷᠠᠯ᠎ᠤ᠋ᠨ ᠵᠠᠷᠤᠳᠠᠯ᠎ᠢ᠋ ᠪᠠᠲᠤᠯᠠᠬᠤ ᠪᠥᠭᠡᠳ ᠨᠢᠯᠬ᠎ᠠ ᠬᠡᠦᠬᠡᠳ᠎ᠲᠦ᠍ ᠴᠢᠬᠤᠯᠠ ᠪᠦᠬᠦᠢ ᠬᠠᠷᠠᠭᠠᠯᠵᠠᠯ ᠦᠵᠡᠭᠦᠯᠬᠦ᠌ ᠪᠠ ᠪᠣᠢᠵᠢᠭᠤᠯᠵᠤ᠂ ᠲᠠᠨ᠎ᠦ ᠦᠷᠡᠵᠢᠯᠢ᠋ ᠪᠠᠲᠤᠯᠠᠬᠤ ᠶᠠᠪᠤᠳᠠᠯ ᠪᠣᠯᠤᠨ᠎ᠠ !
ᠬᠤᠶᠠᠷ᠂ ᠭᠤᠣᠯᠳᠠᠯᠭ᠎ᠠ᠎ᠶ᠋ᠢ ᠵᠢᠷᠤᠶ᠎ᠠ! ᠵᠢᠷᠭᠤᠭᠠᠨ ᠶᠡᠬᠡ ᠭᠣᠣᠯ ᠠᠰᠠᠭᠤᠳᠠᠯ᠎ᠢ ᠨᠢᠭᠡ ᠤᠳᠠᠭ᠎ᠠ᠎ᠳᠤ ᠨᠡᠪᠲᠡ ᠶᠠᠷᠢᠨ᠎ᠠ
Q1 ᠶᠠᠮᠠᠷ ᠨᠦᠭᠦᠴᠡᠯ ᠳᠣᠣᠷ᠎ᠠ ᠰᠠᠶᠢ ᠨᠥᠬᠦᠪᠦᠷᠢ ᠬᠦᠷᠲᠡᠬᠦ᠌ ᠪᠤᠢ? ∣ ᠡᠮᠴᠢᠯᠡᠭᠡᠨ᠎ᠦ ᠳᠠᠭᠠᠳᠭᠠᠯ ᠲᠠᠰᠤᠷᠠᠬᠤ ᠦᠭᠡᠢ ᠪᠠᠢᠬᠤ ᠪᠣᠯ ᠵᠠᠩᠭᠢᠯᠠᠭ᠎ᠠ ᠪᠣᠯᠣᠨ᠎ᠠ !
ᠦᠷᠡᠵᠢᠯ᠎ᠤᠨ ᠨᠥᠬᠦᠪᠥᠷᠢ ᠪᠣᠯ ᠳᠠᠭᠠᠳᠭᠠᠯ᠎ᠳᠤ ᠣᠷᠣᠯᠴᠠᠭ᠍ᠰᠠᠨ ᠡᠮᠡᠭ᠌ᠲᠡᠶ ᠠᠵᠢᠯᠲᠠᠨ ᠠᠵᠢᠯᠴᠢᠨ᠎ᠤ ᠲᠤᠰᠭᠠᠶ 《ᠦᠷᠡᠵᠢᠯ᠎ᠤᠨ ᠠᠰᠠᠷᠠᠮᠵᠢ》 ᠮᠥᠨ! ᠵᠢᠶᠠᠩᠰᠢ ᠮᠣᠵᠢ᠎ᠶ᠋ᠢᠨ ᠳᠣᠲᠣᠷ᠎ᠠ ᠵᠥᠪᠬᠡᠨ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭᠠᠳᠭᠠᠯ᠎ᠢ ᠦᠷᠭᠦᠯᠵᠢᠯᠡᠨ 12 ᠰᠠᠷ᠎ᠠ ᠲᠤᠱᠢᠶᠠᠵᠤ( ᠬᠥᠩᠭᠡᠵᠢᠬᠦ᠌ ᠰᠠᠷ᠎ᠠ᠎ᠳ᠋ᠤ ᠪᠠᠨ ᠴᠤ᠌ ᠲᠤᠱᠢᠶᠠᠨ᠎ᠠ ! )᠂ ᠬᠥᠩᠭᠡᠵᠢᠭ᠌ᠰᠡᠨ᠎ᠤ ᠳᠠᠷᠠᠭ᠎ᠠ ᠡᠮᠴᠢᠯᠡᠭᠡᠨ᠎ᠤ ᠳᠠᠭᠠᠳᠭᠠᠯ᠎ᠢᠶᠡᠨ ᠪᠠᠰᠠ ᠬᠡᠪ᠎ᠤᠨ ᠶᠣᠰᠣᠭᠠᠷ ᠰᠦᠢᠳᠭᠡᠯ ᠲᠤᠱᠢᠶᠠᠪᠠᠯ ᠪᠣᠯᠴᠢᠬᠠᠨ᠎ᠠ᠃
ᠵᠢᠱ᠌ᠢᠶᠡᠯᠡᠪᠡᠯ᠂ ᠵᠠᠩ ᠠᠪᠠᠬᠠᠢ 2024 ᠣᠨ᠎ᠤ 1 ᠳ᠋ᠤᠭᠡᠷ ᠰᠠᠷ᠎ᠠ᠎ᠠᠴᠠ 12 ᠳ᠋ᠤᠭᠠᠷ ᠰᠠᠷ᠎ᠠ ᠪᠣᠯᠲᠠᠯ᠎ᠠ ᠴᠥᠮ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭᠠᠳᠭᠠᠯ ᠲᠤᠱᠢᠶᠠᠪᠠ᠂ ᠲᠡᠭᠡᠪᠡᠯ ᠲᠡᠷᠡ 12 ᠳ᠋ᠤᠭᠠᠷ ᠰᠠᠷ᠎ᠠ᠎ᠳᠤ ᠬᠡᠦᠬᠡᠳ ᠲᠥᠷᠦᠬᠦ᠌ ᠦᠶ᠎ᠡ᠎ᠳᠤ ᠳᠠᠷᠤᠢ ᠦᠷᠡᠵᠢᠯ᠎ᠤᠨ ᠨᠥᠬᠦᠪᠥᠷᠢ ᠮᠥᠩᠭᠦ᠌ ᠠᠪᠴᠤ᠌ ᠪᠣᠯᠤᠨ᠎ᠠ᠃ ᠪᠠᠰᠠ ᠵᠢᠱ᠌ᠢᠶᠡᠯᠡᠪᠡᠯ᠂ ᠯᠢ ᠠᠪᠠᠭ᠍ᠠᠶ 2025 ᠣᠨ᠎ᠠᠴᠠ ᠡᠮᠦᠨ᠎ᠡ ᠡᠮᠴᠢᠯᠡᠭᠡᠨ᠎ᠤ ᠳᠠᠭᠠᠳᠭᠠᠯ᠎ᠢᠶᠠᠨ ᠲᠤᠱᠢᠶᠠᠬ᠍ᠰᠠᠭᠠᠷ ᠢᠷᠡᠵᠡᠶ᠂ ᠭᠡᠲᠡᠯ᠎ᠡ ᠵᠦᠢᠯ ᠵᠦᠢᠯ᠎ᠤᠨ ᠱᠢᠯᠲᠠᠭᠠᠨ᠎ᠠᠴᠠ ᠪᠣᠯᠵᠣ᠂ ᠥᠨᠦ᠍ ᠵᠢᠯ ᠡᠮᠴᠢᠯᠡᠭᠡᠨ᠎ᠤ ᠳᠠᠭᠠᠳᠭᠠᠯ᠎ᠨᠢ ᠬᠡᠳᠦᠨ ᠰᠠᠷ᠎ᠠ ᠳᠤᠲᠠᠭᠤ ᠲᠤᠱᠢᠶᠠᠭ᠍ᠰᠠᠨ ᠪᠣᠯᠬᠤᠷ ᠲᠡᠷᠡ ᠳᠠᠬᠢᠨ ᠳᠠᠭᠠᠳᠭᠠᠯ᠎ᠳᠤ ᠣᠷᠣᠯᠴᠠᠬᠤ᠎ᠳᠤ ᠬᠦᠷᠪᠡᠯ ᠡᠷᠬᠡᠪᠰᠢ 12 ᠰᠠᠷ᠎ᠠ ᠲᠤᠱᠢᠶᠠᠵᠤ ᠳᠦᠭᠦᠷᠦᠭ᠌ᠰᠡᠨ᠎ᠤ ᠳᠠᠷᠠᠭ᠎ᠠ ᠰᠠᠶᠢ ᠦᠷᠡᠵᠢᠯ᠎ᠤᠨ ᠨᠥᠬᠦᠪᠥᠷᠢ ᠮᠥᠩᠭᠦ᠌ ᠬᠦᠷᠲᠡᠵᠦ᠍ ᠪᠣᠯᠤᠨ᠎ᠠ᠃ ᠬᠡᠦᠬᠡᠳ ᠲᠥᠷᠥᠬᠦ᠌ ᠭᠡᠷ᠎ᠦ᠋ᠨ ᠠᠬᠠᠮᠠᠳ᠂ ᠡᠷᠬᠡᠪᠰᠢ ᠦᠷᠭᠦᠯᠵᠢᠯᠡᠨ ᠳᠠᠭᠠᠳᠭᠠᠯ᠎ᠳ᠋ᠤ ᠣᠷᠣᠬᠤ᠎ᠶᠢ ᠴᠡᠭᠡᠵᠢᠯᠡᠵᠦ᠍᠂ ᠡᠨᠡ ᠬᠦ᠌ 《ᠦᠷᠡᠵᠢᠯ᠎ᠦ᠋ᠨ ᠤᠯᠠᠭᠠᠨ ᠪᠠᠭ᠍ᠯᠠᠭ᠎ᠠ》᠎ᠶ᠋ᠢ ᠠᠯᠳᠠᠬᠤ ᠡᠴᠡ ᠵᠠᠢᠯᠠᠰᠭᠢᠬᠦ᠌ ᠬᠡᠷᠡᠭ᠌ᠲᠡᠢ !
ᠰᠠᠮᠪᠠᠷ᠎ᠠ ᠲᠣᠭ᠍ᠰᠢᠨ ᠰᠠᠨᠠᠭᠤᠯᠵᠤ ᠪᠠᠢᠨ᠎ᠠ᠄ ᠡᠷᠡᠭ᠌ᠲᠡᠶ ᠠᠵᠢᠯᠲᠠᠨ ᠠᠵᠢᠯᠴᠢᠨ ᠦᠷᠡᠵᠢᠯ᠎ᠤᠨ ᠲᠠᠭᠠᠳᠭᠠᠯᠶ᠋ᠢᠡᠨ ᠲᠤᠱᠢᠶᠠᠴᠢᠬᠠᠵᠠᠶ ᠂ ᠪᠦᠰᠡᠭᠦᠶ ᠨᠢ ᠠᠵᠢᠯᠦᠭᠡᠶ ᠪᠤᠯ ᠬᠡᠦᠭᠡᠳ ᠲᠦᠷᠦᠭ᠌ᠰᠡᠨ ᠡᠮᠴᠢᠯᠡᠭᠡᠨ᠎ᠤ ᠳᠠᠭᠠᠳᠭᠠᠯ᠎ᠢ ᠲᠠᠢᠯᠵᠤ ᠪᠣᠯᠣᠨ᠎ᠠ᠂ ᠭᠡᠲᠡᠯ᠎ᠡ ᠦᠷᠡᠵᠢᠯ᠎ᠤᠨ ᠨᠥᠬᠦᠪᠦᠷᠢ ᠬᠦᠷᠲᠡᠵᠦ᠍ ᠳᠡᠢᠯᠬᠦ᠌ ᠦᠭᠡᠢ᠂ ᠪᠢᠲᠡᠬᠡᠶ ᠬᠤᠳᠭᠤᠯᠲᠤᠭᠤᠯᠴᠢᠬᠠ !
Q2 ᠭᠡᠲᠦᠶ ᠵᠤᠭᠤᠰ ᠬᠦᠷᠲᠡᠵᠦ᠍ ᠪᠣᠯᠬᠤ ᠪᠤᠢ? ᠨᠢᠭᠡ ᠲᠣᠮᠢᠶ᠎ᠠ ᠪᠠᠷ ᠪᠥᠭᠥᠳᠡ᠎ᠶ᠋ᠢ ᠱᠢᠢᠳᠪᠦᠷᠢᠯᠡᠵᠦ᠍ ᠴᠢᠳᠠᠨ᠎ᠠ !
ᠲᠣᠩ ᠬᠢᠯᠪᠠᠷᠬᠠᠨ᠂ ᠲᠣᠮᠢᠶ᠎ᠠ ᠭᠠᠷᠭᠠᠶ᠎ᠠ ! ᠦᠷᠡᠵᠢᠯ᠎ᠦ᠋ᠨ ᠨᠥᠬᠥᠪᠥᠷᠢ ᠮᠥᠩᠭᠥ᠌ = ᠰᠠᠭᠤᠷᠢ ᠲᠣᠭ᠎ᠠ ÷ 30 × ᠡᠳᠦᠷ᠎ᠦ᠋ᠨ ᠲᠣᠭ᠎ᠠ
ᠰᠠᠭᠤᠷᠢ ᠲᠤᠭ᠎ᠠ᠄ ᠠᠵᠢᠯ᠎ᠳᠤ ᠭᠠᠷᠤᠭ᠍ᠰᠠᠳᠢᠨᠢ ᠨᠢᠭᠡᠴᠢ᠎ᠶ᠋ᠢᠨ ᠳᠡᠭᠡᠷ᠎ᠡ ᠵᠢᠯ᠎ᠤᠨ ᠬᠢ ᠰᠠᠷ᠎ᠠ᠎ᠶ᠋ᠢᠨ ᠳᠤᠮᠳᠠᠴᠢ ᠴᠠᠯᠢᠩ᠎ᠢᠶᠠᠷ ᠪᠤᠳᠤᠨ᠎ᠠ; ᠠᠮᠢᠳᠤᠯᠢᠭ᠎ᠢᠶᠠᠷ ᠠᠵᠢᠯ ᠣᠯᠤᠭ᠍ᠰᠠᠨ᠎ᠢ᠎ᠨᠢ ᠳᠡᠭᠡᠷ᠎ᠡ ᠵᠢᠯ᠎ᠤᠨ ᠬᠢ ᠥᠪᠡᠷ᠎ᠤᠨ ᠡᠮᠴᠢᠯᠡᠭᠡᠨ᠎ᠤ ᠳᠠᠭᠠᠳᠭᠠᠯ᠎ᠤᠨ ᠰᠠᠷ᠎ᠠ᠎ᠶ᠋ᠢᠨ ᠳᠤᠮᠳᠠᠴᠢ ᠰᠦᠢᠳᠭᠡᠯ ᠲᠤᠱᠢᠶᠠᠬᠤ ᠰᠠᠭᠤᠷᠢ ᠲᠤᠭ᠎ᠠ᠎ᠪᠠᠷ ᠪᠤᠳᠤᠨ᠎ᠠ᠃
ᠡᠳᠦᠷ᠎ᠦᠨ ᠲᠣᠭ᠎ᠠ ᠄
ᠬᠡᠪ᠎ᠦᠨ ᠬᠥᠩᠭᠡᠵᠢᠯᠲᠡ ᠨᠢ 98 ᠡᠳᠦᠷ
《 ᠵᠢᠶᠠᠩᠰᠢ ᠮᠤᠵᠢ᠎ᠶ᠋ᠢᠨ ᠬᠥᠮᠦᠨ ᠠᠮᠠ ᠪᠣᠯᠣᠨ ᠲᠥᠯᠥᠪᠯᠡᠭᠡᠲᠦ ᠦᠷᠡᠵᠢᠯ᠎ᠦᠨ ᠳᠦᠷᠢᠮ 》᠎ᠳ᠋ᠤ ᠨᠡᠢᠴᠡᠨ᠎ᠡ ᠂ + 60 ᠡᠳᠦᠷ;
ᠬᠥᠩᠭᠡᠵᠢᠬᠦ᠌ ᠳ᠋ᠤ ᠬᠦᠴᠢᠷᠳᠡᠬᠦ᠌ ᠪᠤᠶᠤ ᠬᠡᠪᠡᠯᠢ ᠬᠠᠭᠠᠯᠵᠤ ᠬᠥᠩᠭᠡᠵᠢᠭᠦᠯᠬᠦ᠌ + 15 ᠡᠳᠦᠷ;
ᠣᠯᠠᠨ ᠬᠡᠦᠬᠡᠳ ᠲᠥᠷᠥᠬᠦ᠌ ᠪᠤᠶᠤ ᠢᠯᠡᠭᠦᠦ ᠨᠢᠭᠡ ᠲᠥᠷᠥᠪᠡᠯ + 15 ᠡᠳᠦᠷ᠃
ᠵᠢᠱ᠌ᠢᠶᠡᠯᠡᠪᠡᠯ᠂ ᠯᠢᠦ ᠠᠪᠠᠭ᠍ᠠᠶ ᠡᠨᠡ ᠰᠠᠷ᠎ᠠ ᠬᠡᠪᠡᠯᠢ ᠬᠠᠭᠠᠯᠵᠤ ᠲᠠᠷᠭᠤᠨ ᠬᠦᠦ ᠲᠥᠷᠥᠵᠡᠢ᠂ ᠲᠡᠭᠦᠨ᠎ᠤ ᠨᠢᠭᠡᠴᠢ ᠶ᠋ᠢᠨ ᠳᠡᠭᠡᠷ᠎ᠡ ᠵᠢᠯ᠎ᠤᠨ ᠠᠵᠢᠯᠲᠠᠨ ᠠᠵᠢᠯᠴᠢᠨ᠎ᠤ ᠰᠠᠷ᠎ᠠ᠎ᠶ᠋ᠢᠨ ᠳᠤᠮᠳᠠᠴᠢ ᠴᠠᠯᠢᠩ᠎ᠨᠢ 6000 ᠲᠥᠭᠦᠷᠢᠭ ᠪᠣᠯᠤᠨ᠎ᠠ᠂ ᠲᠡᠷᠡ ᠪᠠᠰᠠ ᠲᠥᠯᠥᠪᠯᠡᠭᠡᠲᠦ ᠦᠷᠡᠵᠢᠯ᠎ᠤᠨ ᠲᠥᠷᠥ᠎ᠶ᠋ᠢᠨ ᠪᠣᠳᠣᠯᠭ᠎ᠠ᠎ᠳᠤ ᠨᠡᠢᠴᠡᠵᠦ᠍ ᠪᠠᠢᠨ᠎ᠠ᠂ ᠲᠡᠭᠡᠪᠡᠯ ᠲᠡᠭᠦᠨ᠎ᠳᠦ ᠣᠯᠭᠣᠬᠤ ᠦᠷᠡᠵᠢᠯ᠎ᠤᠨ ᠨᠥᠬᠦᠪᠥᠷᠢ ᠮᠥᠩᠭᠦ ᠨᠢ ᠳᠠᠷᠤᠶ 173 ᠡᠳᠦᠷ (98 + 60 + 15)᠂ ᠠᠪᠴᠤ᠌ ᠳᠡᠢᠯᠬᠦ᠌ ᠦᠷᠡᠵᠢᠯ᠎ᠤᠨ ᠨᠥᠬᠦᠪᠥᠷᠢ ᠵᠣᠭᠤᠰ᠎ᠤᠨ ᠲᠤᠭ᠎ᠠ᠎ᠨᠢ 6000/30*173 = 34600 ᠲᠥᠭᠦᠷᠢᠭ ᠪᠣᠯᠤᠨ᠎ᠠ !
ᠡᠭᠦᠨ᠎ᠠᠴᠠ ᠭᠠᠳᠠᠨ᠎ᠠ᠂ ᠵᠢᠷᠮᠦᠰᠦᠯᠡᠭ᠌ᠰᠡᠨᠤ ᠳᠠᠷᠠᠭ᠎ᠠ ᠤᠷᠤᠭ ᠤᠨᠠᠭᠠᠬᠤ᠂ ᠵᠢᠷᠮᠦᠰᠦᠯᠡᠬᠦ᠌ᠶ᠋ᠢ ᠵᠣᠭ᠍ᠰᠣᠭᠠᠬᠤ᠂ ᠲᠥᠯᠥᠪᠯᠡᠭᠡᠲᠦ ᠦᠷᠡᠵᠢᠯ᠎ᠤᠨ ᠮᠡᠰᠡ ᠵᠠᠰᠠᠯ ᠬᠢᠬᠦ᠌ ᠵᠡᠷᠭᠡ ᠣᠨᠴᠠᠭᠠᠢ ᠪᠠᠢᠳᠠᠯ᠎ᠳᠤ ᠴᠤ᠌ 1 ᠡᠳᠦᠷ᠎ᠠᠴᠠ 98 ᠡᠳᠦᠷ ᠪᠣᠯᠲᠠᠯ᠎ᠠ ᠠᠳᠠᠯᠢ ᠪᠤᠰᠤ ᠦᠷᠡᠵᠢᠯ᠎ᠤᠨ ᠨᠥᠬᠦᠪᠦᠷᠢ᠎ᠶ᠋ᠢ ᠬᠦᠷᠲᠡᠵᠦ᠍ ᠪᠣᠯᠤᠨ᠎ᠠ᠃
Q3 ᠨᠥᠬᠥᠪᠦᠷᠢ ᠮᠥᠩᠭᠥ᠌ ᠪᠠ ᠴᠠᠯᠢᠩ᠎ᠢ ᠵᠡᠷᠭᠡ᠎ᠪᠡᠷ ᠠᠪᠴᠤ᠌ ᠳᠡᠢᠯᠦᠨ᠎ᠡ ᠦᠦ ? ∣ ᠶᠠᠷᠢᠶᠠᠨ ᠦᠭᠡᠢ 《ᠥᠨᠳᠥᠷ ᠪᠣᠯᠬᠤ᠎ᠠᠴᠠ ᠳᠣᠣᠷ᠎ᠠ ᠪᠢᠰᠢ》 !
ᠨᠥᠬᠥᠪᠥᠷᠢ ᠮᠦᠩᠬᠦ > ᠴᠠᠯᠢᠩ᠄ ᠵᠦᠪᠬᠡᠨ ᠨᠥᠬᠦᠪᠦᠷᠢ ᠮᠦᠩᠬᠦ᠌ ᠣᠯᠭᠤᠨ᠎ᠠ᠂ ᠨᠢᠭᠡᠴᠢ᠎ᠠᠴᠠ ᠴᠠᠯᠢᠩ ᠦᠭ᠌ᠬᠦ ᠦᠭᠡᠢ
ᠴᠠᠯᠢᠩ > ᠨᠥᠬᠦᠪᠦᠷᠢ ᠮᠦᠩᠬᠦ᠌᠄ ᠨᠢᠭᠡᠴᠢ ᠡᠴᠡ ᠵᠥᠷᠢᠶ᠎ᠡ ᠶ᠋ᠢ ᠨᠥᠬᠦᠪᠦᠷᠢᠯᠡᠨ᠎ᠡ
ᠡᠩ᠎ᠤᠨ ᠪᠠᠢᠲᠠᠯ᠎ᠳᠤ ᠠᠪᠴᠤ᠌ ᠬᠡᠯᠠᠪᠡᠯ ᠂ ᠨᠠᠰᠤ ᠵᠠᠯᠠᠭᠤ ᠡᠬᠡ ᠪᠣᠯᠣᠭ᠍ᠰᠠᠳᠤᠨ ᠠᠵᠢᠯ ᠳᠦ ᠣᠷᠣᠭ᠍ᠰᠠᠨ ᠴᠠᠭ ᠨᠢ ᠣᠬᠣᠷ ᠂ ᠨᠦᠭᠦᠪᠤᠷᠢ ᠮᠦᠩᠭᠦ᠌ ᠨᠢ ᠭᠡᠵᠢᠶᠡᠳᠡ ᠦᠪᠡᠷ᠎ᠤᠨ ᠬᠢᠨ ᠴᠠᠯᠢᠩ᠎ᠡᠴᠡ ᠦᠨᠲᠦᠷ ᠪᠠᠢᠵᠤ ᠂ ᠤᠷᠢᠳ᠎ᠢᠶᠠᠷ ᠪᠤᠲᠤᠵᠤ ᠪᠠᠢ᠌ᠭᠠᠣᠠ ᠲᠠᠭᠢᠨ ᠭᠤᠶᠤᠴᠢᠯᠠᠨ ᠠᠪᠬᠤ ᠶ᠋ᠢ ᠪᠤᠲᠤᠵᠦ᠍ ᠪᠤᠯᠤᠨ᠎ᠠ ~
Q4 ᠶᠠᠭᠠᠭᠢᠵᠦ᠍ ᠠᠪᠬᠤ ᠪᠤᠶ ? ∣ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠴᠥᠮ ᠳᠥᠭᠥᠮᠬᠡᠨ᠂ ᠵᠠᠯᠬᠠᠭᠤ ᠬᠥᠮᠦᠨ᠎ᠤ ᠲᠡᠷᠢᠭᠦᠨ ᠰᠣᠩᠭᠤᠯᠲᠠ ᠨᠢ ᠰᠦᠯᠵᠢᠶᠡᠨ ᠳᠡᠭᠡᠷ᠎ᠡ!
ᠰᠠᠢᠨ ᠴᠢᠮᠡᠭᠡ! ᠣᠳᠣᠬᠠᠨ᠎ᠳᠤ ᠵᠢᠶᠠᠩᠰᠢ ᠮᠤᠵᠢ᠎ᠶ᠋ᠢᠨ ᠨᠠᠨᠴᠠᠩ ᠂ ᠵᠢᠦᠵᠢᠶᠠᠩ ᠂ ᠵᠶ᠋ᠢ ᠠᠨ ᠣᠷᠢᠳ ᠬᠣᠵᠢᠳ ᠦᠷᠡᠵᠢᠯ᠎ᠤᠨ ᠨᠦᠭᠦᠪᠤᠷᠢ ᠮᠥᠩᠭᠥ᠌᠎ᠶ᠋ᠢ ᠱᠢᠭᠤᠳ ᠬᠣᠪᠢ ᠬᠦᠮᠦᠨ᠎ᠳᠤ ᠨᠢ ᠣᠯᠭᠣᠵᠤ ᠪᠠᠢ᠌ᠨ᠎ᠠ᠃ ᠪᠤᠰᠤᠳ ᠭᠠᠵᠠᠷ ᠣᠷᠣᠨ᠎ᠤ ᠦᠷᠡᠵᠢᠯ᠎ᠦᠨ ᠨᠥᠬᠥᠪᠥᠷᠢ᠎ᠶ᠋ᠢ ᠨᠢᠭᠡᠴᠢ᠎ᠳᠤ ᠣᠯᠭᠣᠵᠤ᠂ ᠣᠳᠣ ᠶᠠᠭ ᠬᠤᠪᠢ ᠬᠥᠮᠦᠨ᠎ᠳᠦ ᠬᠦᠷᠲᠡᠯ᠎ᠡ ᠣᠯᠭᠣᠬᠤ᠎ᠶ᠋ᠢ ᠲᠦᠷᠭᠡᠳᠭᠡᠨ ᠠᠬᠢᠭᠤᠯᠵᠤ ᠪᠠᠢᠨ᠎ᠠ᠃ ᠭᠤᠶᠤᠴᠢᠯᠠᠨ ᠠᠪᠬᠤ ᠠᠷᠭ᠎ᠠ ᠮᠠᠶᠢᠭ᠎ᠨᠢ ᠴᠦ᠍ᠲᠤᠢᠯᠤᠨ ᠳᠥᠭᠦᠮᠬᠡᠨ ᠪᠣᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠴᠥᠮ ᠭᠦᠢᠴᠡᠳᠭᠡᠵᠦ᠍ ᠪᠣᠯᠤᠨ᠎ᠠ →
ᠰᠦᠯᠵᠢᠶᠡᠨ ᠳᠡᠭᠡᠷ᠎ᠡ ᠭᠦᠢᠴᠡᠳᠭᠡᠬᠦ᠌ ( ᠬᠤᠪᠢᠶᠠᠯᠴᠠᠶ᠎ᠠ! ᠨᠠᠭᠠᠰᠢ ᠴᠠᠭᠠᠰᠢ ᠭᠦᠶᠦᠬᠦ᠌ ᠴᠢᠬᠤᠯᠠ ᠦᠭᠡᠢ)
ᠤᠯᠤᠰ᠎ᠤᠨ ᠡᠮᠴᠢᠯᠡᠭᠡᠨ᠎ᠤ ᠳᠠᠭᠠᠳᠬᠠᠯ᠎ᠤᠨ ᠦᠢᠯᠡᠴᠢᠯᠡᠭᠡᠨ᠎ᠤ ᠲᠠᠪᠴᠠᠩ᠎ᠤᠨ APP ᠂ ᠵᠢᠶᠠᠩᠰᠢ᠎ᠶᠢᠨ ᠡᠮᠴᠢᠯᠡᠭᠡᠨ᠎ᠤ ᠳᠠᠭᠠᠳᠬᠠᠯ᠎ᠤᠨ ᠰᠦᠯᠵᠢᠶᠡᠨ ᠳᠡᠭᠡᠷᠡᠬᠢ ᠦᠢᠯᠡᠴᠢᠯᠡᠭᠡᠨ᠎ᠤ ᠲᠢᠩᠬᠢᠮ ᠂ ᠵᠢᠶᠠᠩᠰᠢ᠎ᠶᠢᠨ ᠣᠶᠤᠨᠴᠢ ᠡᠮᠴᠢᠯᠡᠭᠡᠨ᠎ᠤ ᠳᠠᠭᠠᠳᠬᠠᠯ᠎ᠤᠨ APP ᠂ ᠵᠢᠶᠠᠩᠰᠢ᠎ᠶ᠋ᠢᠨ ᠦᠢᠯᠡᠴᠢᠯᠡᠭᠡ ᠨᠡᠪᠲᠡᠷᠡᠬᠦ᠌ ᠡᠮᠴᠢᠯᠡᠭᠡᠨ᠎ᠤ ᠳᠠᠭᠠᠳᠬᠠᠯ᠎ᠤᠨ ᠲᠤᠰᠬᠠᠶ ᠲᠣᠭᠤᠷᠢᠭ᠋᠎ᠠᠴᠠ 《ᠦᠷᠡᠵᠢᠯ᠎ᠤᠨ ᠨᠥᠬᠦᠪᠦᠷᠢ᠎ᠶᠢ ᠭᠤᠶᠤᠴᠢᠯᠠᠨ ᠮᠡᠳᠡᠭᠦᠯᠬᠦ 》᠎ᠶᠢ ᠡᠷᠢᠵᠦ ᠂ ᠰᠠᠨᠠᠭᠤᠯᠭ᠎ᠠ ᠶᠤᠰᠤᠭᠠᠷ ᠮᠡᠳᠡᠭᠡ ᠵᠠᠩᠭᠢ᠎ᠪᠠᠨ ᠲᠠᠭᠯᠠᠵᠤ ᠂ ᠮᠠᠲᠧᠷᠢᠶᠠᠯ᠎ᠢᠶᠠᠨ ᠳᠠᠮᠵᠢᠭᠤᠯᠪᠠᠯ ᠪᠣᠯᠴᠢᠬᠠᠨ᠎ᠠ ᠃
《ᠤᠯᠤᠰ᠎ᠤᠨ ᠡᠮᠴᠢᠯᠡᠭᠡᠨ᠎ᠤ ᠳᠠᠭᠠᠳᠭᠠᠯ᠎ᠤᠨ ᠦᠢᠯᠡᠴᠢᠯᠡᠭᠡᠨ᠎ᠤ ᠲᠠᠪᠴᠠᠩ᠎ᠤᠨ APP》 ᠪᠠᠷ ᠵᠢᠱ᠌ᠢᠶᠡᠯᠡᠪᠡᠯ᠄ ᠲᠡᠷᠢᠭᠦᠨ ᠨᠢᠭᠤᠷ᠎ᠤᠨ 《ᠣᠷᠣᠨ ᠨᠤᠲᠤᠭ᠎ᠤᠨ ᠲᠤᠰᠭᠠᠶ ᠣᠷᠣᠨ》᠎ᠳᠤ ᠣᠷᠣᠵᠤ᠂ 《ᠵᠢᠶᠠᠩᠰᠢ ᠮᠤᠵᠢ》᠎ᠳᠤ ᠣᠷᠣᠵᠤ᠂ 《ᠪᠠᠢᠩᠭᠤ ᠬᠡᠷᠡᠭ᠌ᠯᠡᠬᠦ᠌ ᠴᠢᠳᠠᠮᠵᠢ》᠎ᠠᠴᠠ 《ᠦᠷᠡᠵᠢᠯ᠎ᠤᠨ ᠨᠥᠬᠥᠪᠦᠷᠢ ᠮᠥᠩᠭᠥ᠌᠎ᠶ᠋ᠢ ᠭᠤᠶᠤᠴᠢᠯᠠᠨ ᠮᠡᠳᠡᠭᠦᠯᠬᠦ᠌》᠎ᠶ᠋ᠢ ᠣᠯᠵᠤ᠂ ᠣᠷᠣᠭ᠍ᠰᠠᠨ᠎ᠤ ᠳᠠᠷᠠᠭ᠎ᠠ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠮᠡᠳᠡᠭᠡ ᠵᠠᠩᠭᠢ᠎ᠶ᠋ᠢ ᠲᠠᠭ᠍ᠯᠠᠪᠠᠯ ᠪᠣᠯᠴᠢᠬᠠᠨ᠎ᠠ᠃


ᠰᠦᠯᠵᠢᠶᠡᠨ ᠭᠠᠳᠠᠨ᠎ᠠ ᠭᠦᠢᠴᠡᠳᠭᠡᠬᠦ᠌ (ᠮᠠᠲ᠋ᠧᠷᠢᠶᠠᠯ ᠢᠶᠠᠨ ᠪᠦᠷᠢᠨ ᠠᠪᠴᠤ᠌ ᠪᠢᠲᠡᠭᠡᠢ ᠲᠠᠯᠠᠭᠠᠷ ᠭᠦᠶᠦ)
ᠡᠮᠡᠭ᠌ᠲᠡᠢ ᠠᠵᠢᠯᠲᠠᠨ ᠠᠵᠢᠯᠴᠢᠨ᠎ᠤ ᠳᠠᠭᠠᠳᠭᠠᠯ᠎ᠳᠤ ᠣᠷᠣᠯᠴᠠᠭ᠍ᠰᠠᠨ ᠭᠠᠵᠠᠷ᠎ᠤᠨ ᠡᠮᠴᠢᠯᠡᠭᠡᠨ᠎ᠤ ᠳᠠᠭᠠᠳᠭᠠᠯ᠎ᠢ ᠭᠠᠷᠳᠠᠨ ᠭᠦᠢᠴᠡᠳᠭᠡᠬᠦ᠌ ᠴᠣᠩᠬᠣᠪᠴᠢ᠎ᠳᠤ ᠬᠦᠷᠴᠦ᠍ ᠭᠤᠶᠤᠴᠢᠯᠠᠯ ᠭᠠᠷᠭᠠᠨ᠎ᠠ᠂ ᠵᠠᠪᠠᠯ ᠣᠨᠣᠱᠢᠯᠠᠭ᠍ᠰᠠᠨ ᠭᠡᠷᠡᠴᠢ (ᠡᠭᠦᠳᠡᠨ ᠡᠮᠨᠡᠯᠭᠡ) / ᠡᠮᠨᠡᠯᠭᠡ᠎ᠠᠴᠠ ᠭᠠᠷᠤᠭ᠍ᠰᠠᠨ ᠲᠡᠮᠳᠡᠭ᠌ᠯᠡᠯ (ᠡᠮᠨᠡᠯᠭᠡ᠎ᠳᠤ ᠰᠠᠭᠤᠬᠤ)᠂ ᠤᠷᠤᠭ᠎ᠤᠨ ᠦᠨᠡᠮᠯᠡᠯ᠂ ᠲᠥᠷᠥᠭ᠌ᠰᠡᠨ ᠦᠨᠡᠮᠯᠡᠯ᠂ ᠦᠷᠡᠵᠢᠯ᠎ᠤᠨ ᠦᠢᠯᠡᠴᠢᠯᠡᠭᠡᠨ᠎ᠤ ᠺᠠᠷᠲ ᠵᠡᠷᠭᠡ ᠮᠠᠲ᠋ᠧᠷᠢᠶᠠᠯ ᠢᠶᠡᠨ ᠰᠠᠢᠲᠤᠷ ᠠᠪᠴᠤ᠌ ᠶᠠᠪᠤᠬᠤ ᠬᠡᠷᠡᠭ᠌ᠲᠡᠢ! ᠲᠣᠳᠣᠷᠬᠠᠢ ᠣᠢᠯᠠᠭᠠᠬᠤ ᠦᠭᠡᠢ ᠪᠣᠯ ᠪᠠᠰᠠ ᠤᠷᠢᠳᠴᠢᠯᠠᠨ ᠤᠲᠠᠰᠤ᠎ᠪᠠᠷ ᠬᠠᠷᠢᠯᠴᠠᠵᠤ ᠪᠣᠯᠣᠨ᠎ᠠ᠄
ᠡᠨᠳᠡ ᠲᠣᠪᠴᠢᠳᠠᠵᠤ ᠪᠦᠬᠦ᠌ ᠮᠤᠵᠢ᠎ᠶ᠋ᠢᠨ ᠡᠯ᠎ᠡ ᠭᠠᠵᠠᠷ᠎ᠤᠨ ᠡᠮᠴᠢᠯᠡᠭᠡᠨ ᠦ ᠪᠠᠲᠤᠯᠠᠭᠠᠨ ᠤ ᠠᠰᠠᠭᠤᠨ ᠯᠠᠪᠯᠠᠬᠤ ᠦᠢᠯᠡᠴᠢᠯᠡᠭᠡᠨ᠎ᠦ ᠤᠲᠠᠰᠤ᠎ᠶ᠋ᠢ ᠪᠠᠢᠴᠠᠭᠠᠨ ᠦᠵᠡᠵᠦ᠍ ᠪᠣᠯᠣᠨ᠎ᠠ
https://mp.weixin.qq.com/s/-z7bBTFcQ8Yr4aFTkavFgQ
ᠰᠡᠮᠡᠭᠡᠷ ᠴᠢᠮ᠎ᠠ ᠳᠤ ᠬᠡᠯᠡᠵᠦ᠍ ᠥᠭ᠌ᠭᠥᠶᠡ ! ᠡᠯ᠎ᠡ ᠭᠠᠵᠠᠷ᠎ᠤᠨ᠎ᠬᠢᠨ ᠡᠮᠴᠢᠯᠡᠭᠡᠨ᠎ᠤ ᠳᠠᠭᠠᠳᠭᠠᠯ᠎ᠤᠨ ᠬᠦᠷᠢᠶᠡᠨ᠎ᠳᠠᠬᠢ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢᠴᠡᠳᠭᠡᠬᠦ᠌》᠎ᠶ᠋ᠢ ᠢᠳᠡᠪᠬᠢᠲᠡᠶ ᠬᠠᠢᠨ ᠰᠦᠪᠡᠭ᠌ᠴᠢᠯᠡᠵᠦ᠍᠂ ᠬᠡᠰᠡᠭ ᠡᠮᠴᠢᠯᠡᠭᠡᠨ᠎ᠤ ᠪᠠᠢᠭᠤᠯᠤᠮᠵᠢ᠎ᠳᠤ ᠡᠮᠴᠢᠯᠡᠭᠡᠨ᠎ᠤ ᠳᠠᠭᠠᠳᠭᠠᠯ᠎ᠢ ᠨᠢᠭᠡ ᠴᠤᠭ᠍ᠴᠠᠵᠢᠭᠤᠯᠤᠭ᠍ᠰᠠᠨ ᠦᠢᠯᠡᠴᠢᠯᠡᠭᠡᠨ᠎ᠤ ᠴᠣᠩᠬᠣᠪᠴᠢ ᠭᠠᠷᠭᠠᠵᠤ᠂ ᠠᠪᠤ ᠡᠵᠢ ᠳᠦ ᠪᠡᠨ ᠦᠷᠡᠵᠢᠯ᠎ᠤᠨ ᠡᠭᠦᠳᠡᠨ ᠡᠮᠨᠡᠯᠭᠡ᠎ᠶ᠋ᠢᠨ ᠳᠡᠩᠰᠡᠯᠡᠯᠲᠡ᠂ ᠵᠠᠷᠤᠯᠭ᠎ᠠ ᠪᠠᠨ ᠮᠡᠳᠡᠭᠦᠯᠬᠦ᠌ ᠬᠠᠭᠤᠳᠠᠰᠤ᠂ ᠦᠷᠡᠵᠢᠯ᠎ᠤᠨ ᠨᠥᠬᠦᠪᠦᠷᠢ᠎ᠶ᠋ᠢ ᠭᠤᠶᠤᠴᠢᠯᠠᠨ ᠠᠪᠴᠤ᠌ ᠣᠷᠣᠯᠠᠨ ᠭᠦᠢᠴᠡᠳᠭᠡᠬᠦ᠌ ᠵᠡᠷᠭᠡ ᠡᠮᠴᠢᠯᠡᠭᠡᠨ᠎ᠤ ᠳᠠᠭᠠᠳᠭᠠᠯ᠎ᠤᠨ ᠲᠤᠬᠠᠢᠯᠠᠭ᠍ᠰᠠᠨ ᠠᠵᠢᠯ᠎ᠢ ᠭᠦᠢᠴᠡᠳᠭᠡᠵᠦ᠍ ᠪᠣᠯᠬᠤ᠎ᠪᠠᠷ ᠪᠠᠷᠠᠬᠤ ᠥᠬᠡᠶ᠂ ᠪᠠᠰᠠ ᠨᠢᠷᠠᠢ ᠬᠡᠦᠬᠡᠳ᠎ᠢ ᠡᠷᠦᠬᠡ ᠠᠮᠠ ᠣᠷᠣᠭᠤᠯᠬᠤ᠂ ᠳᠠᠭᠠᠳᠭᠠᠯ᠎ᠳᠤ ᠣᠷᠣᠯᠴᠠᠭᠤᠯᠬᠤ ᠵᠡᠷᠭᠡ᠎ᠶ᠋ᠢ ᠭᠦᠢᠴᠡᠳᠭᠡᠬᠦ᠌ ᠬᠡᠪᠴᠢᠶᠡᠨ᠎ᠳᠤ ᠣᠷᠣᠭᠤᠯᠵᠤ᠂ ᠣᠯᠠᠨ ᠵᠦᠢᠯᠡᠰ᠎ᠢ 《ᠨᠢᠭᠡ ᠴᠣᠩᠬᠣᠪᠴᠢ᠎ᠪᠠᠷ ᠭᠥᠯᠢᠶᠡᠨ ᠠᠪᠴᠤ᠌ ᠱᠢᠢᠳᠪᠦᠷᠢᠯᠡᠨ᠂ ᠨᠢᠭᠡ ᠯᠡ ᠤᠳᠠᠭ᠎ᠠ᠎ᠳᠤ ᠭᠦᠢᠴᠡᠳᠭᠡᠬᠦ᠌》᠎ᠶ᠋ᠢ ᠪᠡᠶᠡᠯᠡᠭᠦᠯᠦᠨ᠎ᠡ! ᠬᠥᠩᠭᠡᠵᠢᠬᠦ᠌ ᠡᠮᠨᠡᠯᠭᠡ᠎ᠳᠤ ᠣᠴᠢᠵᠤ ᠠᠰᠠᠭᠤᠵᠤ ᠪᠣᠯᠤᠨ᠎ᠠ ~
Q5᠄ ᠬᠡᠳᠦᠢ ᠤᠳᠠᠭᠠᠳ ᠳᠠᠩᠰᠠ ᠳᠤ ᠣᠷᠤᠵᠤ ᠢᠷᠡᠳᠡᠭ ᠪᠤᠢ ? ∣ 10 ᠠᠵᠢᠯᠯᠠᠬᠤ ᠡᠳᠦᠷ᠎ᠤᠨ ᠳᠣᠲᠤᠷ᠎ᠠ ᠳᠠᠭᠤᠰᠭᠠᠨ᠎ᠠ !
ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ 10 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠬᠠᠷᠭᠤᠭᠤᠯᠵᠤ ᠱᠢᠯᠵᠢᠭᠦᠯᠦᠨ ᠥᠭ᠌ᠬᠦ᠎ᠶ᠋ᠢ ᠳᠠᠭᠤᠰᠭᠠᠵᠤ᠂ ᠥᠩᠭᠡᠷᠡᠭ᠌ᠰᠡᠨ᠎ᠤ᠎ᠬᠢ᠎ᠠᠴᠠ ᠬᠠᠭᠠᠰ ᠴᠠᠭ ᠪᠣᠭᠤᠨᠢᠰᠭᠠᠪᠠ ! ᠠᠬᠢᠴᠠ᠎ᠶ᠋ᠢ ᠪᠠᠢᠴᠠᠭᠠᠨ ᠦᠵᠡᠶ᠎ᠡ ᠭᠡᠵᠦ᠍ ᠪᠣᠳᠣᠵᠤ ᠪᠠᠢᠨ᠎ᠠ ᠤᠤ ? ᠤᠯᠤᠰ᠎ᠤᠨ ᠡᠮᠴᠢᠯᠡᠭᠡᠨ᠎ᠤ ᠳᠠᠭᠠᠳᠭᠠᠯ᠎ᠤᠨ ᠦᠢᠯᠡᠴᠢᠯᠡᠭᠡᠨ᠎ᠤ ᠲᠠᠪᠴᠠᠩ᠎ᠤᠨ APP᠂ ᠵᠢᠶᠠᠩᠰᠢ᠎ᠶ᠋ᠢᠨ ᠡᠮᠴᠢᠯᠡᠭᠡᠨ᠎ᠤ ᠳᠠᠭᠠᠳᠭᠠᠯ᠎ᠤᠨ ᠰᠦᠯᠵᠢᠶᠡᠨ ᠳᠡᠭᠡᠷᠡᠬᠢ ᠦᠢᠯᠡᠴᠢᠯᠡᠭᠡᠨ᠎ᠤ ᠲᠢᠩᠬᠢᠮ᠂ ᠵᠢᠶᠠᠩᠰᠢ᠎ᠶ᠋ᠢᠨ ᠣᠶᠤᠨᠴᠢ ᠡᠮᠴᠢᠯᠡᠭᠡᠨ᠎ᠤ ᠳᠠᠭᠠᠳᠭᠠᠯ᠎ᠤᠨ APP᠂ ᠵᠢᠶᠠᠩᠰᠢ᠎ᠶ᠋ᠢᠨ ᠦᠢᠯᠡᠴᠢᠯᠡᠭᠡ ᠨᠡᠪᠲᠡᠷᠡᠬᠦ᠌ ᠡᠮᠴᠢᠯᠡᠭᠡᠨ᠎ᠤ ᠳᠠᠭᠠᠳᠭᠠᠯ᠎ᠤᠨ ᠲᠤᠰᠭᠠᠶ ᠲᠣᠭᠤᠷᠢᠭ ᠵᠡᠷᠭᠡ ᠲᠠᠪᠴᠠᠩ᠎ᠢᠶᠠᠷ ᠳᠠᠮᠵᠢᠭᠤᠯᠤᠨ᠂ 《ᠦᠷᠡᠵᠢᠯ᠎ᠤᠨ ᠨᠦᠬᠦᠪᠦᠷᠢ᠎ᠶ᠋ᠢ ᠬᠢᠨᠠᠨ ᠬᠠᠷᠭᠤᠭᠤᠯᠤᠭ᠍ᠰᠠᠨ ᠪᠠᠢᠳᠠᠯ᠎ᠢ ᠬᠢᠨᠠᠨ ᠬᠠᠷᠭᠤᠭᠤᠯᠵᠤ ᠯᠠᠪᠯᠠᠨ ᠠᠰᠠᠭᠤᠬᠤ》 ᠪᠠᠢᠳᠠᠯ᠎ᠢ ᠡᠷᠢᠨ ᠣᠯᠵᠤ᠂ ᠠᠯᠢ ᠠᠯᠬᠤᠮ᠎ᠳᠤ ᠬᠦᠷᠴᠦ᠍ ᠪᠠᠢᠬᠤ ᠶ᠋ᠢ ᠴᠠᠭ ᠲᠤᠬᠠᠶ᠎ᠳᠤ ᠨᠢ ᠪᠠᠢᠴᠠᠭᠠᠨ ᠦᠵᠡᠵᠦ᠍ ᠪᠣᠯᠤᠨ᠎ᠠ᠃
Q6 ᠥᠭᠡᠷ᠎ᠡ ᠭᠠᠵᠠᠷ ᠬᠡᠦᠬᠡᠳ ᠲᠦᠷᠦᠪᠡᠯ ᠨᠥᠬᠦᠪᠦᠷᠢ ᠬᠦᠷᠲᠡᠵᠦ᠍ ᠪᠣᠯᠣᠨ᠎ᠠ ᠤᠤ ?
ᠠᠯᠢᠪᠠ ᠭᠠᠵᠠᠷ ᠲᠤ ᠪᠦᠷ ᠠᠳᠠᠯᠢᠬᠠᠨ ᠭᠤᠶᠤᠴᠢᠯᠠᠨ ᠮᠡᠳᠡᠭᠦᠯᠵᠦ᠍ ᠪᠣᠯᠣᠨ᠎ᠠ᠂ ᠢᠯᠭᠠᠭ᠎ᠠ ᠪᠠᠢᠬᠤ ᠦᠭᠡᠢ᠂ ᠰᠠᠨᠠᠭ᠎ᠠ ᠠᠮᠤᠷ ᠪᠠᠢᠭᠠᠷᠠᠢ ~
ᠭᠤᠷᠪᠠ ᠂ ᠨᠠᠭᠠᠰᠢ᠎ᠪᠠᠨ ᠦᠵᠡᠭᠡᠷᠡᠢ! ᠪᠠᠰᠠ ᠲᠤᠢᠯ᠎ᠤᠨ ᠠᠷᠪᠢᠨ 《ᠦᠷᠡᠵᠢᠯ᠎ᠦ᠋ᠨ ᠲᠣᠮᠣ ᠪᠡᠯᠡᠭ》 ᠪᠠᠢᠨ᠎ᠠ!
ᠪᠢᠲᠡᠭᠡᠢ ᠦᠷᠡᠵᠢᠯ᠎ᠤᠨ ᠨᠥᠬᠦᠪᠥᠷᠢ ᠮᠥᠩᠭᠦ᠌ ᠣᠯᠬᠤ ᠭᠠᠭ᠍ᠴᠠ ᠰᠠᠢᠨ ᠶᠠᠪᠤᠳᠠᠯ ᠪᠣᠢ ᠭᠡᠵᠦ᠍ ᠪᠣᠳᠣᠭᠠᠷᠠᠢ ᠂ ᠤᠯᠤᠰ᠎ᠠᠴᠠ ᠠᠯᠢ ᠡᠷᠲᠡ 《ᠬᠡᠤᠬᠡᠳ ᠲᠦᠷᠦᠬᠦ᠌ ᠲᠣᠮᠣ ᠪᠡᠯᠡᠭ 》᠎ᠢ ᠣᠯᠠᠨ ᠪᠡᠯᠡᠳᠭᠡᠪᠡ! ᠬᠥᠩᠭᠡᠵᠢᠬᠦ᠌ ᠡᠮᠨᠡᠯᠭᠡ᠎ᠶ᠋ᠢᠨ ᠵᠠᠷᠤᠳᠠᠯ ᠨᠢ 《10 ᠰᠠᠷ᠎ᠠ ᠵᠢᠷᠮᠦᠰᠦᠯᠡᠬᠦ᠌ 》 ᠪᠠᠢᠭ᠍ᠰᠠᠨ᠎ᠠᠴᠠ 《 ᠨᠢᠭᠡ ᠡᠳᠦᠷ ᠲᠦ ᠬᠥᠩᠭᠡᠵᠢᠬᠦ᠌ 》 ᠬᠦᠷᠲᠡᠯᠡᠬᠢ ᠪᠦᠬᠦ᠌ ᠦᠶᠡᠯᠡᠯ᠎ᠤᠨ ᠪᠠᠲᠤᠯᠠᠭ᠎ᠠ ᠶ᠋ᠢ ᠪᠡᠶᠡᠯᠡᠭᠦᠯᠪᠡ᠃ ᠣᠳᠣᠬᠠᠨ᠎ᠳᠤ ᠂ ᠮᠠᠨ᠎ᠤ ᠮᠤᠵᠢ ᠨᠢᠭᠡᠨᠲᠡ ᠲᠣᠭ᠍ᠲᠠᠭᠠᠯ᠎ᠳᠤ ᠨᠡᠢᠴᠡᠭ᠌ᠰᠡᠨ ᠲᠤᠰᠠᠯᠠᠬᠤ ᠦᠷᠡᠵᠢᠯ᠂ ᠬᠥᠩᠭᠡᠵᠢᠬᠦ᠌᠎ᠶ᠋ᠢᠨ ᠡᠪᠡᠳᠬᠦ᠌᠎ᠶ᠋ᠢ ᠵᠣᠭ᠍ᠰᠣᠭᠠᠬᠤ ᠮᠡᠷᠭᠡᠵᠢᠯ᠎ᠢ ᠡᠮᠴᠢᠯᠡᠭᠡᠨ᠎ᠦ ᠳᠠᠭᠠᠳᠭᠠᠯ᠎ᠤᠨ ᠵᠠᠷᠤᠯᠭ᠎ᠠ ᠪᠠᠨ ᠮᠡᠳᠡᠭᠦᠯᠬᠦ᠌ ᠬᠡᠪᠴᠢᠶᠡᠨ᠎ᠳᠦ ᠣᠷᠣᠭᠤᠯᠵᠤ᠂ ᠵᠢᠷᠮᠦᠰᠦᠨ ᠡᠮᠡᠭ᠌ᠲᠡᠶ᠎ᠶ᠋ᠢᠨ ᠳᠠᠷᠤᠭᠠᠰᠤ᠎ᠶ᠋ᠢ ᠬᠥᠩᠭᠡᠯᠡᠵᠦ᠍ ᠡᠪᠡᠳᠬᠦ᠌᠎ᠶ᠋ᠢ ᠪᠠᠰᠠ ᠪᠠᠭᠠᠰᠭᠠᠪᠠ᠃ ᠡᠭᠦᠨ᠎ᠤ ᠬᠠᠮᠲᠤ᠌᠂ ᠦᠷᠡᠵᠢᠯ᠎ᠤᠨ ᠡᠮᠴᠢᠯᠡᠭᠡᠨ᠎ᠤ ᠣᠯᠭᠤᠮᠵᠢ ᠴᠦ᠍ ᠲᠠᠰᠤᠷᠠᠯᠲᠠ ᠥᠬᠡᠶ ᠳᠡᠭᠡᠭ᠌ᠰᠢᠯᠡᠵᠦ᠍᠂ ᠡᠮᠨᠡᠯᠭᠡ᠎ᠳᠤ ᠰᠠᠭᠤᠵᠤ ᠬᠥᠩᠭᠡᠵᠢᠬᠦ᠌ ᠡᠮᠴᠢᠯᠡᠭᠡᠨ᠎ᠤ ᠵᠠᠷᠤᠳᠠᠯ᠎ᠨᠢ ᠴᠦ᠍ ᠲᠤᠱᠢᠶᠠᠬᠤ ᠱᠤᠭᠤᠮ ᠭᠠᠷᠭᠠᠬᠤ ᠥᠬᠡᠶ᠂ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ ᠳᠣᠲᠣᠷ᠎ᠠ ᠵᠠᠷᠤᠳᠠᠯ᠎ᠤᠨ ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠤᠷᠢᠶ᠎ᠠ ᠳᠦ 90%᠎ᠶ᠋ᠢ ᠳᠠᠩᠰᠠ ᠲᠠᠢᠯᠵᠤ ᠪᠣᠯᠤᠨ᠎ᠠ᠂ ᠬᠤᠶᠠᠳᠤᠭᠠᠷ ᠳᠡᠰ᠎ᠠᠴᠠ ᠳᠣᠷᠣᠭ᠍ᠰᠢᠬᠢ ᠡᠮᠨᠡᠯᠭᠡ᠎ᠶ᠋ᠢᠨ ᠬᠤᠷᠢᠶ᠎ᠠ᠎ᠳᠤ 100% ᠪᠠᠷ ᠪᠦᠷᠢᠮᠦᠰᠦᠨ ᠳᠠᠩᠰᠠ ᠲᠠᠢᠯᠵᠤ ᠪᠣᠯᠤᠨ᠎ᠠ᠃ ᠦᠷᠡᠵᠢᠯ᠎ᠤᠨ ᠨᠥᠬᠦᠪᠦᠷᠢ᠎ᠶ᠋ᠢ ᠴᠦ᠍ 《ᠨᠢᠭᠡᠴᠢ ᠡᠴᠡ ᠬᠤᠪᠢ ᠬᠥᠮᠦᠨ᠎ᠳᠤ ᠱᠢᠯᠵᠢᠭᠦᠯᠬᠦ᠌》᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠵᠦ᠍᠂ 《ᠶᠠᠷᠱᠢᠭ ᠲᠦᠪᠡᠭ᠌ᠲᠡᠶ ᠬᠢᠨᠠᠨ ᠵᠥᠪᠱᠢᠶᠡᠷᠡᠬᠦ᠌》᠎ᠠᠴᠠ 《ᠥᠨᠳᠥᠷ ᠪᠦᠲᠦᠮᠵᠢᠲᠡᠶ᠎ᠪᠠᠷ ᠭᠦᠢᠴᠡᠳᠭᠡᠬᠦ᠌》᠎ᠶ᠋ᠢ ᠪᠡᠶᠡᠯᠡᠭᠦᠯᠪᠡ᠃
ᠱᠢᠨ᠎ᠠ ᠠᠪᠤ ᠡᠵᠢ ᠪᠣᠯᠣᠭ᠍ᠰᠠᠳ ᠡ᠂ ᠡᠨᠡ ᠤᠳᠠᠭᠠᠨ ᠤ ᠲᠦᠷᠦ᠍ ᠶ᠋ᠢᠨ ᠪᠤᠳᠤᠯᠭ᠎ᠠ ᠶ᠋ᠢᠨ ᠠᠱᠢᠭ ᠦᠨᠡᠬᠡᠷ ᠰᠠᠢ᠌ᠨ ᠪᠠᠢᠨ᠎ᠠ! ᠣᠢᠷ᠎ᠠ ᠬᠠᠪᠢ ᠶ᠋ᠢᠨ ᠬᠡᠦᠬᠡᠳ ᠠᠪᠬᠤ ᠭᠡᠵᠦ᠍ ᠪᠠᠢᠭ᠎ᠠ ᠨᠠᠢᠵᠠ᠎ᠳᠦ ᠪᠡᠨ ᠬᠤᠷᠳᠤᠨ ᠳᠠᠮᠵᠢᠭᠤᠯᠵᠤ ᠥᠭ᠌ᠭᠦᠭᠡᠷᠡᠢ᠂ ᠬᠤᠷᠳᠤᠨ ᠢᠷᠡᠵᠦ᠍ 《ᠬᠡᠦᠬᠡᠳ ᠲᠥᠷᠥᠬᠦ᠌ ᠲᠣᠮᠣ ᠪᠠᠭ᠍ᠯᠠᠭ᠎ᠠ》᠎ᠶ᠋ᠢ ᠠᠪᠤᠭᠠᠷᠠᠢ!