ᠬᠥᠬᠡᠬᠣᠲᠠ᠎ᠳᠤ ᠠᠵᠢᠯᠲᠠᠨ ᠠᠵᠢᠯᠴᠢᠨ᠎ᠤ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠭᠰᠠᠨ ᠼᠤᠤ ᠠᠪᠤᠭᠠᠢ ᠂ ᠲᠡᠭᠦᠨ᠎ᠤ ᠠᠪᠤ ᠡᠵᠢ᠎ᠨᠢ ᠰᠢᠨᠵᠢᠶᠠᠩ᠎ᠤᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠵᠠᠢ ᠂ ᠼᠤᠤ ᠠᠪᠤᠭᠠᠢ ᠄ 《ᠮᠢᠨᠦ ᠪᠡᠶᠡᠴᠢᠭᠢᠷᠠᠭ ᠂ ᠡᠪᠡᠳᠴᠢᠨ ᠣᠯᠬᠤ ᠴᠥᠬᠡᠨ ᠂ ᠵᠢᠯ ᠪᠦᠷᠢ᠎ᠶᠢᠨ ᠺᠠᠷᠲ ᠳᠣᠲᠣᠷᠠᠬᠢ ᠵᠣᠭᠣᠰ᠎ᠢᠶᠠᠨ ᠬᠡᠷᠡᠭᠯᠡᠵᠦ ᠳᠠᠭᠤᠰᠬᠤ ᠦᠭᠡᠢ ᠂ ᠠᠪᠤ ᠡᠵᠢ᠎ᠳᠤ᠎ᠪᠠᠨ ᠬᠡᠷᠡᠭᠯᠡᠭᠦᠯᠬᠦ᠎ᠶᠢ ᠪᠣᠳᠣᠳᠠᠭ ᠴᠤ᠌ ᠬᠡᠷᠡᠭᠯᠡᠭᠦᠯᠵᠦ ᠳᠡᠢᠯᠬᠦ ᠦᠭᠡᠢ》 ᠭᠡᠵᠡᠢ ᠃ 2025 ᠣᠨ᠎ᠤ 6 ᠳ᠋ᠤᠭᠠᠷ ᠰᠠᠷ᠎ᠠ᠎ᠳᠤ ᠂ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌ ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠦ ᠴᠠᠷᠠᠭᠠᠨ᠎ᠳᠤ ᠰᠦᠯᠵᠢᠶᠡᠨ᠎ᠳᠤ ᠭᠠᠷᠤᠭᠰᠠᠨ᠎ᠤ ᠳᠠᠷᠠᠭ᠎ᠠ ᠂ ᠼᠤᠤ ᠠᠪᠤᠭᠠᠢ ᠮᠤᠵᠢ ᠠᠯᠤᠰᠯᠠᠭᠰᠠᠨ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠪᠡᠷ ᠳᠠᠩᠰᠠ ᠰᠢᠯᠵᠢᠭᠦᠯᠬᠦ ᠠᠩᠬᠠᠳᠠᠭ᠍ᠴᠢ ᠪᠦᠯᠦᠭ ᠳᠠᠭᠠᠳᠬᠠᠯ᠎ᠳᠤ ᠣᠷᠣᠯᠴᠠᠭ᠍ᠴᠢ ᠪᠣᠯᠪᠠ ᠂ ᠲᠡᠷᠡ ᠄ 《ᠰᠣᠨᠢᠨ ᠮᠡᠳᠡᠭᠡᠨ᠎ᠡᠴᠡ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠶᠢ ᠮᠤᠵᠢ ᠠᠯᠤᠰᠯᠠᠨ ᠰᠢᠯᠵᠢᠭᠦᠯᠵᠦ ᠪᠣᠯᠬᠤ᠎ᠶᠢ ᠣᠢᠯᠠᠭᠠᠭᠠᠠᠳ ᠂ ᠤᠯᠤᠰ᠎ᠤᠨ ᠡᠮᠴᠢᠯᠡᠭᠡᠨ᠎ᠦ ᠳᠠᠭᠠᠳᠬᠠᠯ᠎ᠤᠨ ᠦᠢᠯᠡᠴᠢᠯᠡᠭᠡᠨ᠎ᠤ ᠲᠠᠪᠴᠠᠩ᠎ᠤᠨ APP᠎ᠳᠤ ᠨᠡᠪᠲᠡᠷᠡᠵᠦ ᠲᠤᠷᠰᠢᠵᠤ ᠦᠵᠡᠪᠡ ᠂ ᠠᠵᠢᠯᠯᠠᠭᠤᠯᠬᠤ᠎ᠳᠤ ᠮᠠᠰᠢ ᠳᠥᠭᠦᠮ ᠪᠠᠢᠯ᠎ᠠ ᠂ 5 ᠮᠢᠨᠦ᠋ᠲ ᠪᠣᠯᠣᠯ ᠦᠭᠡᠢ᠎ᠪᠠᠷ ᠭᠦᠢᠴᠡᠳᠬᠡᠴᠢᠬᠡᠵᠡᠢ ᠂ ᠪᠢ ᠨᠢᠭᠡ ᠯᠡ ᠤᠳᠠᠭ᠎ᠠ᠎ᠳᠤ 2000 ᠲᠥᠭᠦᠷᠢᠭ ᠰᠢᠯᠵᠢᠭᠦᠯᠦᠨ ᠥᠭᠴᠡᠢ ᠂ ᠠᠪᠤ ᠡᠵᠢ᠎ᠶᠢᠨ ᠡᠨᠡ ᠵᠢᠯ᠎ᠤᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠬᠤ ᠪᠠ ᠡᠩ᠎ᠦᠨ ᠦᠶ᠎ᠡ᠎ᠶᠢᠨ ᠲᠠᠭᠰᠢᠭᠤᠷ᠎ᠤᠨ ᠡᠮ ᠬᠤᠳᠠᠯᠳᠤᠨ ᠠᠪᠬᠤ ᠵᠤᠭᠤᠰᠤᠨ᠎ᠳᠤ ᠨᠢ ᠬᠦᠷᠴᠢᠬᠡᠨ᠎ᠡ ᠂ ᠮᠠᠰᠢ ᠲᠥᠬᠦᠮ ᠪᠠᠶ᠋ᠢᠨ᠎ᠠ》 ᠭᠡᠵᠡᠶ ᠃
ᠡᠮᠴᠢᠯᠡᠭᠡᠨ᠎ᠦ ᠳᠠᠭᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠎ᠶᠢᠨ ᠪᠠᠯᠠ ᠮᠥᠩᠭᠦ᠎ᠶᠢ ᠮᠤᠵᠢ ᠠᠯᠤᠰᠯᠠᠨ ᠬᠠᠷᠢᠯᠴᠠᠨ ᠲᠤᠰᠠᠯᠠᠯᠴᠠᠵᠤ ᠪᠣᠯᠬᠤ ᠥᠬᠡᠶ ᠭᠡᠰᠡᠨ ᠡᠪᠡᠷᠰᠢᠶᠡᠯ᠎ᠢ ᠰᠢᠢᠳᠪᠦᠷᠢᠯᠡᠬᠦ᠎ᠶᠢᠨ ᠲᠥᠯᠥᠭᠡ ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠬᠠᠪᠰᠤᠷᠤᠯᠭ᠎ᠠ ᠪᠠ ᠵᠢᠯᠣᠭᠤᠳᠣᠯᠭ᠎ᠠ᠎ᠪᠠᠷ ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠳᠠᠭᠠᠳᠬᠠᠯ᠎ᠳᠤ ᠣᠷᠣᠯᠴᠠᠭᠰᠠᠳ᠎ᠢᠶᠠᠷ ᠭᠣᠣᠯ ᠪᠣᠯᠭᠠᠬᠤ ᠬᠥᠭᠵᠢᠯᠲᠡ᠎ᠶᠢᠨ ᠣᠨᠣᠯᠵᠢᠬᠤᠨ᠎ᠢ ᠪᠠᠷᠢᠮᠲᠠᠯᠠᠵᠤ ᠂ ᠲᠤᠬᠠᠶ᠋ᠢᠯᠠᠭᠰᠠᠨ ᠠᠵᠢᠯ᠎ᠤᠨ ᠶᠠᠪᠤᠴᠠ᠎ᠶᠢ ᠰᠢᠯᠢᠳᠡᠭᠵᠢᠭᠦᠯᠬᠦ ᠂ ᠡᠮᠴᠢᠯᠡᠭᠡᠨ᠎ᠦ ᠳᠠᠭᠠᠳᠬᠠᠯ᠎ᠤᠨ ᠰᠢᠰᠲᠧᠮ᠎ᠢ ᠲᠠᠰ ᠳᠡᠪᠰᠢᠭᠦᠯᠬᠦ᠎ᠪᠠᠷ ᠳᠠᠮᠵᠢᠭᠤᠯᠤᠨ ᠂ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠶᠢ ᠮᠠᠨ᠎ᠤ ᠣᠷᠣᠨ᠎ᠳᠤ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ᠎ᠶᠢ ᠢᠳᠡᠪᠬᠢᠲᠡᠶ ᠠᠬᠢᠭᠤᠯᠪᠠ ᠃ ᠳᠠᠭᠠᠳᠬᠠᠯ᠎ᠳᠤ ᠣᠷᠣᠯᠴᠠᠭᠰᠠᠳ ᠡᠮᠴᠢᠯᠡᠭᠡᠨ᠎ᠦ ᠳᠠᠭᠠᠳᠬᠠᠯ᠎ᠤᠨ ᠵᠣᠭᠣᠰᠣᠨ ᠪᠣᠭᠴᠣ᠌᠎ᠪᠠᠷ ᠳᠠᠮᠵᠢᠭᠤᠯᠤᠨ ᠣᠶ᠋ᠢᠷ᠎ᠠ ᠲᠥᠷᠥᠯ ᠰᠠᠳᠤᠨ᠎ᠤ ᠬᠤᠭᠤᠷᠣᠨᠳᠣᠬᠢ ᠡᠮᠴᠢᠯᠡᠭᠡᠨ᠎ᠤ ᠳᠠᠭᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠎ᠶᠢᠨ ᠪᠠᠯᠠ ᠮᠥᠩᠭᠦ᠎ᠶᠢ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ᠎ᠳᠤ ᠬᠡᠷᠡᠭᠯᠡᠬᠦ᠎ᠶᠢ ᠪᠡᠶᠡᠯᠡᠭᠦᠯᠵᠦ ᠪᠣᠯᠤᠨ᠎ᠠ ᠂ ᠥᠭᠡᠷ᠎ᠡ᠎ᠪᠠᠷ ᠬᠡᠯᠡᠪᠡᠯ ᠥᠪᠡᠷ᠎ᠤᠨ ᠡᠮᠴᠢᠯᠡᠭᠡᠨ᠎ᠤ ᠳᠠᠭᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ᠎ᠶᠢᠨ ᠵᠣᠭᠤᠰ᠎ᠢ ᠬᠠᠨᠢ ᠨᠥᠬᠦᠷ ᠂ ᠡᠴᠢᠭᠡ ᠡᠬᠡ ᠦᠷ᠎ᠡ ᠬᠡᠤᠬᠡᠳ ᠂ ᠠᠬ᠎ᠠ ᠳᠡᠭᠦᠦ ᠡᠭᠡᠴᠢ ᠥᠬᠢᠨ ᠳᠡᠭᠦᠦ ᠵᠡᠷᠭᠡ ᠣᠶ᠋ᠢᠷ᠎ᠠ ᠲᠥᠷᠥᠯ ᠰᠠᠳᠤᠨ᠎ᠳᠤ᠎ᠪᠡᠨ ᠰᠢᠯᠵᠢᠭᠦᠯᠦᠨ ᠥᠭᠴᠦ ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠪᠠ ᠰᠠᠭᠤᠭᠠᠯᠢ ᠠᠷᠠᠳ᠎ᠤᠨ ᠡᠮᠴᠢᠯᠡᠭᠡᠨ᠎ᠤ ᠳᠠᠭᠠᠳᠬᠠᠯ᠎ᠤᠨ ᠬᠤᠪᠢ ᠬᠥᠮᠦᠨ᠎ᠤ ᠰᠦᠢᠳᠭᠡᠯ ᠲᠤᠰᠢᠶᠠᠬᠤ᠎ᠳᠤ ᠬᠡᠷᠡᠭᠯᠡᠭᠦᠯᠵᠦ ᠪᠣᠯᠤᠨ᠎ᠠ ᠃
ᠨᠢᠭᠡᠳᠦᠯᠲᠡᠶ ᠲᠥᠯᠥᠪᠯᠡᠬᠦ ᠣᠷᠣᠨ ᠪᠦᠬᠦᠨ᠎ᠳᠤ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠤ᠎ᠪᠠᠷ ᠳᠠᠩᠰᠠ ᠰᠢᠯᠵᠢᠭᠦᠯᠬᠦ᠎ᠶᠢ ᠨᠡᠪᠲᠡᠷᠡᠭᠦᠯᠦᠭᠰᠡᠨ᠎ᠦ ᠳᠠᠷᠠᠭ᠎ᠠ ᠂ ᠥᠪᠥᠷ ᠮᠣᠩᠭᠤᠯ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠮᠡᠳᠡᠭᠡ ᠵᠠᠩᠭᠢ᠎ᠶᠢᠨ ᠲᠠᠪᠴᠠᠩ ᠨᠢ 8 ᠳ᠋ᠤᠭᠠᠷ ᠰᠠᠷ᠎ᠠ᠎ᠶᠢᠨ 4᠎ᠤ ᠡᠳᠦᠷ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠪᠠᠷ ᠬᠡᠷᠡᠭᠯᠡᠭᠡᠨ᠎ᠤ ᠳ᠋ᠦᠩᠨᠡᠨ ᠪᠤᠳᠤᠬᠤ ᠴᠢᠳᠠᠮᠵᠢ᠎ᠶᠢ ᠵᠢᠩᠬᠢᠨᠢ᠎ᠪᠠᠷ ᠰᠦᠯᠵᠢᠶᠡᠨ᠎ᠳᠤ ᠭᠠᠷᠭᠠᠵᠤ ᠂ ᠳᠠᠭᠠᠳᠬᠠᠯ᠎ᠳᠤ ᠣᠷᠣᠯᠴᠠᠭᠰᠠᠳ᠎ᠤᠨ ᠨᠢᠭᠡᠳᠦᠯᠲᠡᠶ ᠲᠥᠯᠥᠪᠯᠡᠬᠦ ᠲᠤᠬᠠᠢ᠎ᠶᠢᠨ ᠣᠷᠣᠨ᠎ᠳᠤ᠎ᠪᠠᠨ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠪᠠᠷ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠵᠠᠷᠤᠳᠠᠯ᠎ᠢ ᠳ᠋ᠦᠩᠨᠡᠨ ᠪᠤᠳᠤᠬᠤ᠎ᠶᠢ ᠪᠡᠶᠡᠯᠡᠭᠦᠯᠪᠡ ᠃
ᠣᠳᠣᠬᠠᠨ᠎ᠳᠤ ᠂ ᠥᠪᠥᠷ ᠮᠣᠩᠭᠤᠯ᠎ᠤᠨ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠶᠢᠨ ᠲᠠᠩᠰᠠ ᠰᠢᠯᠵᠢᠭᠦᠯᠬᠦ ᠴᠢᠳᠠᠮᠵᠢ᠎ᠪᠡᠷ ᠨᠡᠶ᠋ᠢᠲᠡ 13056 ᠤᠳᠠᠭ᠎ᠠ ᠳᠠᠩᠰᠠ ᠰᠢᠯᠵᠢᠭᠦᠯᠵᠦ ᠂ ᠨᠡᠶ᠋ᠢᠲᠡ 224 ᠤᠳᠠᠭ᠎ᠠ ᠳ᠋ᠦᠩᠨᠡᠨ ᠪᠣᠳᠣᠵᠣ᠌ ᠂ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠠᠷᠤᠭᠠᠰᠤ᠎ᠶᠢ ᠪᠦᠲᠦᠮᠵᠢᠲᠡᠶ ᠬᠥᠩᠭᠡᠷᠡᠭᠦᠯᠵᠦ ᠂ ᠳᠠᠭᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠳᠤ ᠡᠮᠴᠢᠯᠡᠭᠡᠨ᠎ᠦ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠎ᠶᠢᠨ ᠠᠰᠢᠭ᠋᠎ᠢ ᠦᠨᠡᠨ ᠬᠦ᠌ ᠬᠦᠷᠲᠡᠭᠡᠪᠡ ᠃ ᠵᠠᠯᠭᠠᠭᠠᠳ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶᠢᠨ ᠲᠣᠪᠴᠢᠶᠠᠨ᠎ᠤ ᠱᠠᠭᠠᠷᠳᠠᠯᠭ᠎ᠠ ᠶᠣᠰᠣᠭᠠᠷ ᠂ ᠡᠮᠴᠢᠯᠡᠭᠡᠨ᠎ᠦ ᠪᠠᠳᠤᠯᠠᠭ᠎ᠠ᠎ᠶᠢᠨ ᠵᠣᠭᠤᠰᠣᠨ ᠪᠣᠭᠴᠣ᠌᠎ᠶᠢᠨ ᠬᠡᠷᠡᠭᠯᠡᠬᠦ ᠬᠡᠪᠴᠢᠶ᠎ᠡ᠎ᠶᠢ ᠣᠨᠳᠣᠤ ᠭᠠᠵᠠᠷ᠎ᠲᠤ ᠬᠦᠷᠲᠡᠯ᠎ᠡ ᠠᠯᠬᠤᠮ ᠠᠯᠬᠤᠮ᠎ᠢᠶᠠᠷ ᠥᠷᠭᠡᠳᠭᠡᠬᠦ ᠪᠣᠯᠣᠨ᠎ᠠ ᠃
ᠨᠢᠭᠡ ᠂ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠶᠢ ᠨᠡᠪᠲᠡᠷᠡᠭᠦᠯᠬᠦ ᠶᠠᠪᠤᠴᠠ
1. ᠤᠯᠤᠰ᠎ᠤᠨ ᠡᠮᠴᠢᠯᠡᠭᠡᠨ᠎ᠦ ᠳᠠᠭᠠᠳᠬᠠᠯ᠎ᠤᠨ ᠦᠢᠯᠡᠴᠢᠯᠡᠭᠡᠨ᠎ᠤ ᠲᠠᠪᠴᠠᠩ᠎ᠢ ᠨᠡᠭᠡᠭᠡᠵᠦ ᠂ ᠨᠡᠪᠲᠡᠷᠡᠵᠦ ᠥᠩᠭᠡᠷᠡᠭᠰᠡᠨ ᠦᠭᠡᠢ ᠭᠡᠵᠦ ᠢᠯᠡᠷᠡᠵᠦ ᠪᠠᠢᠪᠠᠯ ᠂ ᠨᠡᠪᠲᠡᠷᠡᠵᠦ ᠥᠩᠭᠡᠷᠡᠭᠰᠡᠨ ᠦᠭᠡᠢ ᠳᠠᠷᠤᠪᠴᠢ᠎ᠶᠢ ᠳᠠᠷᠤᠵᠤ ᠨᠡᠪᠲᠡᠷᠡᠵᠦ ᠪᠣᠯᠣᠨ᠎ᠠ (ᠬᠡᠷᠪᠡ ᠠᠩᠬ᠎ᠠ ᠤᠳᠠᠭ᠎ᠠ ᠨᠡᠪᠲᠡᠷᠡᠵᠦ ᠪᠠᠢᠪᠠᠯ ᠳᠠᠷᠤᠢᠬᠠᠨ ᠳᠠᠩᠰᠠᠯᠠᠭᠤᠯᠬᠤ ᠳᠠᠷᠤᠪᠴᠢ᠎ᠶᠢ ᠳᠠᠷᠤᠨ᠎ᠠ) ᠂ ᠬᠡᠷᠪᠡ ᠨᠡᠪᠲᠡᠷᠡᠭᠰᠡᠨ ᠪᠠᠢᠪᠠᠯ ᠂ ᠲᠤᠰ ᠠᠯᠬᠤᠮ᠎ᠢ ᠤᠮᠳᠤᠭᠠᠢᠯᠠᠨᠠ ᠄
2. ᠤᠯᠤᠰ᠎ᠤᠨ ᠡᠮᠴᠢᠯᠡᠭᠡᠨ᠎ᠦ ᠳᠠᠭᠠᠳᠬᠠᠯ᠎ᠤᠨ ᠦᠢᠯᠡᠴᠢᠯᠡᠭᠡᠨ᠎ᠤ ᠲᠠᠪᠴᠠᠩ᠎ᠤᠨ ᠲᠦᠷᠦᠭᠦᠦ ᠨᠢᠭᠤᠷ᠎ᠲᠤ ᠂ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠶᠢ ᠳᠠᠷᠤᠵᠤ ᠣᠷᠣᠪᠠᠯ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠶᠢ ᠨᠡᠪᠲᠡᠷᠡᠭᠦᠯᠬᠦ ᠮᠡᠳᠡᠭᠡ ᠵᠠᠩᠭᠢᠢᠯᠡᠷᠡᠨᠡ ᠂ ᠵᠣᠭᠤᠰᠣᠨ ᠪᠣᠭᠴᠤ ᠬᠡᠷᠡᠭᠯᠡᠬᠦ᠎ᠶᠢ ᠨᠤᠲᠠᠯᠠᠬᠤ ᠨᠢᠭᠤᠷ᠎ᠲᠤ ᠄
3. ᠵᠤᠭᠤᠰ᠎ᠤᠨ ᠪᠤᠭᠴᠤ ᠬᠡᠷᠡᠭᠯᠡᠬᠦ᠎ᠶᠢ ᠨᠤᠲᠠᠯᠠᠬᠤ᠎ᠶᠢ ᠳᠠᠷᠤᠪᠠᠯ ᠂ ᠬᠡᠷᠡᠭᠯᠡᠬᠦ ᠭᠠᠵᠠᠷ ᠪᠠ ᠭᠠᠷ ᠤᠲᠠᠰᠤᠨ ᠨᠣᠮᠧᠷ᠎ᠤᠨ ᠮᠡᠳᠡᠭᠡ ᠵᠠᠩᠭᠢ ᠢᠯᠡᠷᠡᠨ᠎ᠡ ᠂ ᠨᠤᠲᠠᠯᠠᠭᠰᠠᠨ᠎ᠤ ᠳᠠᠷᠠᠭ᠎ᠠ ᠂ ᠳᠠᠷᠤᠢᠬᠠᠨ ᠬᠡᠷᠡᠭᠯᠡᠬᠦ᠎ᠶᠢ ᠳᠠᠷᠤᠪᠠᠯ ᠳᠠᠷᠤᠢ ᠵᠣᠭᠤᠰ᠎ᠤᠨ ᠪᠣᠭᠴᠤ᠎ᠶᠢᠨ ᠬᠡᠷᠡᠭᠯᠡᠬᠦ᠎ᠶᠢ ᠨᠡᠪᠲᠡᠷᠡᠭᠦᠯᠴᠢᠬᠡᠨᠡ ᠃
4. ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠶᠢ ᠬᠡᠷᠡᠭᠯᠡᠬᠦ ᠨᠢᠭᠤᠷ᠎ᠠᠴᠠ ᠠᠮᠵᠢᠯᠲᠠ᠎ᠲᠠᠢ ᠪᠤᠴᠠᠭᠰᠠᠨ᠎ᠤ ᠳᠠᠷᠠᠭ᠎ᠠ ᠂ ᠭᠦᠢᠴᠡᠳᠬᠡᠬᠦ᠎ᠶᠢ ᠳᠠᠷᠤᠪᠠᠯ ᠳᠣᠤᠷᠠᠬᠢ ᠮᠡᠲᠦ ᠢᠯᠡᠷᠡᠨ᠎ᠡ ᠄
ᠬᠤᠶᠠᠷ ᠂ ᠡᠮᠴᠢᠯᠡᠭᠡᠨ᠎ᠦ ᠳᠠᠭᠠᠳᠬᠠᠯ᠎ᠤᠨ ᠵᠣᠭᠣᠰᠣᠨ ᠪᠣᠭᠴᠣ᠌᠎ᠪᠠᠷ ᠳᠠᠩᠰᠠ ᠰᠢᠯᠵᠢᠭᠦᠯᠬᠦ
1. ᠵᠣᠭᠤᠰᠣᠨ ᠪᠣᠭᠴᠣ᠌᠎ᠶᠢᠨ ᠡᠮᠦᠨ᠎ᠡ ᠨᠢᠭᠤᠷ᠎ᠲᠤ ᠂ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠪᠠᠷ ᠳᠠᠩᠰᠠ ᠰᠢᠯᠵᠢᠭᠦᠯᠬᠦ ᠳᠠᠩᠰᠠᠯᠠᠯ᠎ᠢ ᠭᠤᠶᠤᠴᠢᠯᠠᠵᠤ ᠂ ᠲᠠᠩᠰᠠ ᠬᠦᠯᠢᠶᠡᠨ ᠠᠪᠤᠭ᠍ᠴᠢ᠎ᠶᠢᠨ ᠦᠨᠳᠦᠰᠦᠨ ᠮᠡᠳᠡᠭᠡ ᠵᠠᠩᠭᠢ᠎ᠶᠢ ᠲᠠᠭᠯᠠᠵᠤ ᠂ ᠲᠠᠭᠯᠠᠭᠰᠠᠨ᠎ᠤ ᠳᠠᠷᠠᠭ᠎ᠠ ᠂ ᠲᠤᠰᠢᠶᠠᠬᠤ ᠳᠠᠷᠤᠪᠴᠢ᠎ᠶ᠋ᠢ ᠳᠠᠷᠤᠭᠠᠳ ᠪᠤᠴᠠᠬᠤ ᠴᠢᠮᠡᠭᠡ᠎ᠶ᠋ᠢ ᠬᠦᠯᠢᠶᠡᠨ᠎ᠡ ᠄
2. ᠡᠷᠬᠡ ᠣᠯᠭᠤᠭᠰᠠᠨ ᠡᠷᠬᠡᠲᠦ ᠬᠥᠮᠦᠨ᠎ᠡᠴᠡ ᠲᠠᠩᠰᠠ ᠰᠢᠯᠵᠢᠭᠦᠯᠦᠭᠡᠳ ᠠᠮᠵᠢᠯᠲᠠ ᠣᠯᠤᠭᠰᠠᠨ᠎ᠤ ᠳᠠᠷᠠᠭ᠎ᠠ ᠂ ᠲᠠᠩᠰᠠ ᠬᠦᠯᠢᠶᠡᠨ ᠠᠪᠤᠭ᠍ᠴᠢ ᠨᠢ ᠥᠪᠡᠷ᠎ᠤᠨ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠶᠢᠨ ᠨᠢᠭᠤᠷ᠎ᠠᠴᠠ ᠵᠣᠭᠤᠰᠣᠨ ᠪᠣᠭᠴᠣ᠌᠎ᠶᠢᠨ ᠦᠯᠡᠳᠡᠪᠦᠷᠢ ᠮᠥᠩᠭᠥ ᠵᠢᠴᠢ ᠲᠠᠩᠰᠠ ᠰᠢᠯᠵᠢᠭᠦᠯᠦᠭᠰᠡᠨ ᠲᠡᠮᠳᠡᠭᠯᠡᠯ᠎ᠢᠶᠡᠨ ᠪᠠᠢᠴᠠᠭᠠᠨ ᠯᠠᠪᠯᠠᠵᠤ ᠪᠣᠯᠣᠨ᠎ᠠ ᠃
ᠠᠩᠬᠠᠷᠬᠤ ᠨᠢ ᠄
1.ᠡᠮᠴᠢᠯᠡᠭᠡᠨ᠎ᠦ ᠳᠠᠭᠠᠳᠬᠠᠯ᠎ᠤᠨ ᠵᠣᠭᠤᠰ ᠪᠣᠭᠴᠣ᠌᠎ᠶᠢᠨ ᠳᠠᠩᠰᠠᠨ ᠡᠷᠦᠬᠡ ᠨᠢᠭᠡᠪᠦᠷᠢ᠎ᠶᠢᠨ ᠨᠢᠭᠡ ᠡᠳᠦᠷ᠎ᠲᠤ ᠰᠢᠯᠵᠢᠭᠦᠯᠬᠦ ᠤᠳᠠᠭ᠎ᠠ᠎ᠶᠢ 3 ᠤᠳᠠᠭ᠎ᠠ᠎ᠪᠠᠷ ᠬᠢᠵᠠᠭᠠᠷᠯᠠᠵᠤ ᠂ ᠤᠳᠠᠭ᠎ᠠ ᠪᠦᠷᠢ᠎ᠶᠢᠨ ᠲᠠᠩᠰᠠ ᠰᠢᠯᠵᠢᠭᠦᠯᠬᠦ ᠵᠣᠭᠤᠰ᠎ᠤᠨ ᠲᠤᠭ᠎ᠠ᠎ᠶᠢ 2000 ᠲᠥᠭᠦᠷᠢᠭ᠎ᠠᠴᠠ ᠬᠡᠲᠦᠷᠡᠭᠦᠯᠵᠦ ᠪᠣᠯᠬᠤ ᠥᠬᠡᠶ ᠂ ᠡᠳᠦᠷ ᠪᠦᠷᠢ᠎ᠶᠢᠨ 22 ᠄ 00᠎ᠡᠴᠡ ᠳᠠᠷᠠᠭ᠎ᠠ ᠡᠳᠦᠷ᠎ᠤᠨ ᠬᠢᠨ 6 ᠄ 00 ᠴᠠᠭ ᠪᠣᠯᠲᠠᠯ᠎ᠠ ᠲᠠᠩᠰᠠ ᠰᠢᠯᠵᠢᠭᠦᠯᠵᠦ ᠪᠣᠯᠬᠤ ᠥᠬᠡᠶ ᠃
2. ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠪᠠᠷ ᠳᠠᠩᠰᠠ ᠰᠢᠯᠵᠢᠭᠦᠯᠬᠦ ᠦᠶ᠎ᠡ᠎ᠳᠤ ᠂ ᠬᠡᠷᠪᠡ ᠲᠠᠩᠰᠠ ᠬᠦᠯᠢᠶᠡᠨ ᠠᠪᠤᠭ᠍ᠴᠢ᠎ᠠᠴᠠ ᠡᠮᠴᠢᠯᠡᠭᠡᠨ᠎ᠦ ᠳᠠᠭᠠᠳᠬᠠᠯ᠎ᠤᠨ ᠵᠣᠭᠤᠰᠣᠨ ᠪᠣᠭᠴᠣ᠌᠎ᠪᠠᠷ ᠳᠠᠩᠰᠠ ᠰᠢᠯᠵᠢᠭᠦᠯᠬᠦ᠎ᠪᠡᠨ ᠨᠡᠪᠲᠡᠷᠡᠭᠦᠯᠦᠭᠰᠡᠨ ᠦᠭᠡᠢ ᠪᠠᠢᠪᠠᠯ ᠳᠣᠤᠷᠠᠬᠢ ᠵᠢᠷᠤᠭ ᠮᠡᠲᠦ ᠢᠯᠡᠷᠡᠨ᠎ᠡ ᠄
3. ᠬᠡᠷᠪᠡ ᠲᠠᠩᠰᠠ ᠬᠦᠯᠢᠶᠡᠨ ᠠᠪᠤᠭ᠍ᠴᠢ ᠨᠢ ᠴᠠᠭ ᠲᠤᠬᠠᠶ᠎ᠳᠦ ᠨᠢ ᠰᠢᠯᠵᠢᠭᠦᠯᠦᠭᠰᠡᠨ ᠵᠣᠭᠤᠰ᠎ᠢᠶᠡᠨ ᠬᠦᠯᠢᠶᠡᠨ ᠠᠪᠤᠭᠰᠠᠨ ᠦᠭᠡᠢ ᠪᠠᠶ᠋ᠢᠪᠠᠯ ᠂ ᠰᠢᠯᠵᠢᠭᠦᠯᠦᠭᠰᠡᠨ ᠵᠣᠭᠤᠰ᠎ᠤᠨ ᠲᠤᠭ᠎ᠠ᠎ᠨᠢ ᠳᠠᠷᠠᠭ᠎ᠠ ᠡᠳᠦᠷ᠎ᠤᠨ ᠬᠢᠨ 6 ᠄ 00 ᠴᠠᠭ᠎ᠲᠤ ᠳᠠᠩᠰᠠ ᠰᠢᠯᠵᠢᠭᠦᠯᠦᠭᠴᠢ᠎ᠶᠢᠨ ᠲᠠᠩᠰᠠᠨ ᠡᠷᠦᠬᠡ᠎ᠳᠤ ᠪᠤᠴᠠᠭᠠᠭᠳᠠᠨᠠ ᠄