ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠵᠢᠷᠭᠤᠳᠤᠭᠠᠷ ᠪᠦᠯᠦᠭ ᠤᠯᠤᠰ᠎ᠠᠴᠠ ᠵᠣᠬᠢᠶᠠᠨ ᠪᠠᠢ᠌ᠭᠤᠯᠤᠭᠰᠠᠨ ᠡᠮᠴᠢᠯᠡᠭᠡᠨ᠎ᠤ ᠥᠨᠳᠥᠷ ᠥᠷᠲᠡᠭ᠌ᠲᠦ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠳᠠᠭᠠᠭᠠᠴᠢᠯᠠᠯᠲᠠ ᠵᠠᠷᠯᠠᠬᠤ᠎ᠶᠢ ᠵᠣᠬᠢᠶᠠᠨ ᠪᠠᠢ᠌ᠭᠤᠯᠵᠤ ᠲᠥᠪᠯᠡᠷᠡᠭᠦᠯᠦᠨ ᠬᠤᠳᠠᠯᠳᠤᠨ ᠠᠪᠬᠤ ᠲᠦᠷᠢᠮ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠡᠮᠴᠢᠯᠡᠭᠡᠨ᠎ᠤ ᠭᠤᠣᠯ ᠪᠣᠯᠬᠤ ᠦᠢᠯᠡᠳᠬᠦᠨ ᠨᠡᠢᠳᠡᠮ ᠰᠣᠩᠭᠣᠭᠳᠠᠪᠠ
ᠨᠡᠶ᠋ᠢᠲᠡᠯᠡᠭᠰᠡᠨ ᠴᠠᠭ᠄ 2026-01-14

  1 ᠳ᠋ᠤᠭᠡᠷ ᠰᠠᠷ᠎ᠠ᠎ᠶ᠋ᠢᠨ 13 ᠎ᠤ ᠡᠳᠦᠷ᠂ ᠵᠢᠷᠭᠤᠳᠤᠭᠠᠷ ᠪᠦᠯᠦᠭ᠎ᠤᠨ ᠤᠯᠤᠰ᠎ᠠᠴᠠ ᠥᠨᠳᠥᠷ ᠥᠷᠲᠡᠭ᠌ᠲᠦ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠬᠡᠮᠵᠢᠶ᠎ᠡ᠎ᠲᠠᠢ᠎ᠪᠠᠷ ᠲᠥᠪᠯᠡᠷᠡᠭᠦᠯᠦᠨ ᠬᠤᠳᠠᠯᠳᠤᠨ ᠠᠪᠤᠭᠰᠠᠨ ( ᠳᠣᠷᠣᠭ᠍ᠰᠢ 《 ᠲᠥᠪᠯᠡᠷᠡᠭᠦᠯᠦᠨ ᠬᠤᠳᠠᠯᠳᠤᠨ ᠠᠪᠬᠤ 》 ᠭᠡᠵᠦ᠍ ᠲᠣᠪᠴᠢᠯᠠᠨ᠎ᠠ )᠎ᠨᠢ ᠲᠢᠶᠠᠨᠵᠢᠨ᠎ᠳᠤ ᠳᠠᠭᠠᠭᠠᠴᠢᠯᠠᠯᠲᠠ ᠵᠠᠷᠯᠠᠵᠤ ᠰᠣᠩᠭᠤᠭ᠍ᠳᠠᠭ᠍ᠰᠠᠨ ᠦᠷ᠎ᠡ ᠳ᠋ᠦᠩ᠎ᠢ ᠪᠣᠶ ᠪᠣᠯᠭᠠᠪᠠ᠃ ᠲᠣᠰ ᠤᠳᠠᠭᠠᠨ᠎ᠤ ᠲᠥᠪᠯᠡᠷᠡᠭᠦᠯᠦᠨ ᠬᠤᠳᠠᠯᠳᠤᠨ ᠠᠪᠬᠤ ᠡᠮ᠎ᠤᠨ ᠲᠦᠷᠬᠢᠯ ᠳᠠᠪᠬᠤᠷᠭ᠎ᠠ ᠪᠥᠮᠪᠥᠭᠡᠨ ᠤᠭᠤᠲᠠ᠂ ᠱᠢᠭᠡᠰᠦ ᠱᠢᠭᠦᠷᠡᠭᠦᠯᠬᠦ᠌᠎ᠳᠤ ᠣᠷᠣᠯᠴᠠᠭᠤᠯᠬᠤ ᠬᠤᠶᠠᠷ ᠶᠡᠭᠡ ᠲᠥᠷᠥᠯ᠎ᠤᠨ 12 ᠵᠦᠢᠯ᠎ᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠳᠤ ᠣᠷᠤᠭᠤᠯᠵᠤ᠂ ᠨᠡᠢᠲᠡ 227 ᠠᠵᠤ ᠠᠬᠤᠢᠯᠠᠯ᠎ᠤᠨ 496 ᠵᠦᠢᠯ᠎ᠤᠨ ᠦᠢᠯᠡᠳᠬᠦᠨ ᠳᠠᠭᠠᠭᠠᠴᠢᠯᠠᠯᠲᠠ ᠬᠦᠯᠢᠶᠡᠵᠦ᠂ 202 ᠠᠵᠤ ᠠᠬᠤᠢᠯᠠᠯ᠎ᠤᠨ 440 ᠦᠢᠯᠡᠳᠬᠦᠨ ᠰᠣᠩᠭᠣᠭᠳᠠᠪᠠ᠃ ᠡᠮᠴᠢᠯᠡᠭᠡᠨ᠎ᠤ ᠪᠠᠢᠭᠤᠯᠤᠮᠵᠢ᠎ᠶ᠋ᠢᠨ ᠬᠡᠷᠡᠭ᠌ᠴᠡᠭᠡ ᠶᠡᠭᠡ ᠭᠤᠣᠯ ᠪᠣᠯᠬᠤ ᠠᠵᠤ ᠠᠬᠤᠢᠯᠠᠯ ᠢᠳᠡᠪᠬᠢᠲᠡᠶ ᠰᠣᠩᠭᠣᠭᠳᠠᠵᠤ᠂ ᠦᠢᠯᠡᠳᠬᠦᠨ᠎ᠤ ᠬᠠᠩᠭᠠᠯᠭ᠎ᠠ᠎ᠨᠢ ᠡᠯᠪᠡᠭ ᠪᠠᠶᠠᠯᠢᠭ ᠪᠥᠭᠡᠳ ᠣᠯᠠᠨ ᠡᠱᠢᠲᠦ ᠪᠠᠢᠨ᠎ᠠ᠃ 

  ᠡᠮ᠎ᠤᠨ ᠲᠦᠷᠬᠢᠯ ᠳᠠᠪᠬᠤᠷᠭ᠎ᠠ ᠪᠥᠮᠪᠥᠭᠡᠨ ᠤᠭᠤᠲᠠ ᠨᠢ ᠴᠢᠰᠤᠨ ᠰᠤᠳᠠᠯ᠎ᠢ᠋ ᠥᠷᠭᠡᠳᠬᠡᠬᠦ᠎ᠶᠢᠨ ᠬᠠᠮᠲᠤ ᠡᠮ ᠲᠠᠯᠪᠢᠵᠤ ᠴᠢᠰᠤᠨ ᠰᠤᠳᠠᠯ᠎ᠤ᠋ᠨ ᠢᠪᠴᠤᠤ ᠠᠰᠠᠭᠤᠳᠠᠯ᠎ᠢ᠋ ᠰᠠᠢᠵᠢᠷᠠᠭᠤᠯᠵᠤ᠂ ᠴᠢᠰᠤᠨ ᠰᠤᠳᠠᠯ᠎ᠤ᠋ᠨ ᠬᠡᠰᠡᠭ᠎ᠢ᠋ ᠦᠨᠳᠦᠰᠦᠯᠡᠨ ᠲᠢᠲᠢᠮ ᠰᠤᠳᠠᠯ᠎ᠤ᠋ᠨ ᠪᠥᠮᠪᠥᠭᠡᠨ ᠤᠭᠤᠲᠠ ᠪᠠ ᠭᠠᠳᠠᠷ ᠲᠣᠭᠣᠷᠢᠨ᠎ᠤ᠋ ᠴᠢᠰᠤᠨ ᠰᠤᠳᠠᠯ᠎ᠤ᠋ᠨ ᠪᠥᠮᠪᠥᠭᠡᠨ ᠤᠭᠤᠲᠠ ᠭᠡᠵᠦ ᠬᠤᠪᠢᠶᠠᠵᠤ ᠪᠣᠯᠤᠨ᠎ᠠ᠂ ᠲᠤᠰ ᠤᠳᠠᠭ᠎ᠠ ᠲᠡᠭᠦᠨ᠎ᠢ᠋ ᠲᠥᠪᠯᠡᠷᠡᠭᠦᠯᠦᠨ ᠠᠪᠬᠤ᠎ᠳ᠋ᠤ ᠣᠷᠣᠭᠤᠯᠵᠤ᠂ ᠡᠮᠦᠨᠡᠬᠢ ᠬᠤᠭᠤᠴᠠᠭᠠᠨ᠎ᠳ᠋ᠤ ᠨᠢᠭᠡᠨᠲᠡ ᠲᠥᠪᠯᠡᠷᠡᠭᠦᠯᠦᠨ ᠬᠤᠳᠠᠯᠳᠤᠨ ᠠᠪᠤᠭᠰᠠᠨ ᠵᠢᠷᠦᠬᠡᠨ᠎ᠦ᠌ ᠲᠤᠯᠬᠤ ᠵᠢᠶᠠᠰᠠ ᠪᠠ ᠭᠠᠳᠠᠷ ᠲᠣᠭᠣᠷᠢᠨ᠎ᠤ᠋ ᠴᠢᠰᠤᠨ ᠰᠤᠳᠠᠯ᠎ᠤ᠋ᠨ ᠲᠤᠯᠭᠠᠭᠤᠷᠢ᠎ᠲᠠᠢ ᠪᠦᠲᠦᠮᠵᠢᠲᠡᠢ ᠬᠠᠮᠵᠢᠯᠴᠠᠨ᠎ᠠ᠃ 32 ᠠᠵᠤ ᠠᠬᠤᠢᠯᠠᠯ᠎ᠤᠨ 42 ᠦᠢᠯᠡᠳᠬᠦᠨ ᠳᠠᠭᠠᠭᠠᠴᠢᠯᠠᠯᠲᠠ ᠬᠦᠯᠢᠶᠡᠬᠦ᠌᠎ᠶ᠋ᠢᠨ ᠬᠠᠮᠲᠤ ᠪᠦᠭᠦᠳᠡ ᠰᠣᠩᠭᠣᠭᠳᠠᠵᠤ᠂ ᠣᠯᠠᠨ ᠲᠦᠮᠡᠨ᠎ᠤ ᠵᠠᠷᠤᠳᠠᠯ᠎ᠤᠨ ᠳᠠᠷᠤᠭᠠᠰᠤ᠎ᠶ᠋ᠢ ᠬᠥᠩᠭᠡᠷᠡᠭᠦᠯᠦᠭ᠌ᠰᠡᠨ ᠰᠠᠭᠤᠷᠢᠨ ᠳᠡᠭᠡᠷ᠎ᠡ᠂ ᠡᠮᠴᠢᠯᠡᠭᠡᠨ᠎ᠳᠤ ᠬᠡᠷᠡᠭ᠌ᠯᠡᠬᠦ᠌ ᠨᠡᠯᠢᠶᠡᠳ ᠥᠨᠳᠥᠷ ᠬᠠᠷᠢᠴᠠᠯ᠎ᠢ ᠪᠡᠶᠡᠯᠡᠭᠦᠯᠵᠡᠶ᠃ ᠱᠢᠭᠡᠰᠦ ᠱᠢᠭᠦᠷᠡᠭᠦᠯᠬᠦ᠌᠎ᠳᠤ ᠣᠷᠣᠯᠴᠠᠭᠤᠯᠬᠤ ᠲᠥᠷᠥᠯ᠎ᠦᠨ ᠬᠣᠷᠣᠭ᠍ᠳᠠᠯ ᠮᠠᠲ᠋ᠧᠷᠢᠶᠠᠯ᠎ᠢ ᠪᠥᠭᠡᠷ᠎ᠡ ᠴᠢᠯᠠᠭᠤᠵᠢᠬᠤ᠂ ᠱᠢᠭᠡᠰᠦ ᠳᠠᠮᠵᠢᠭᠤᠯᠬᠤ ᠴᠣᠷᠭᠣᠨ᠎ᠤ ᠴᠢᠯᠠᠭᠤᠵᠢᠯ᠎ᠤᠨ ᠡᠪᠡᠳᠴᠢᠲᠡᠨ᠎ᠦ ᠴᠢᠯᠠᠭᠤ ᠠᠪᠬᠤ ᠮᠡᠰᠡ ᠵᠠᠰᠠᠯ ᠬᠢᠬᠦ᠌᠎ᠳᠦ ᠬᠡᠷᠡᠭ᠌ᠯᠡᠵᠦ᠍᠂ ᠠᠳᠠᠯᠢ ᠪᠤᠰᠤ ᠮᠡᠰᠡ ᠵᠠᠰᠠᠯ᠎ᠤᠨ ᠲᠥᠰᠦᠯ᠎ᠳᠦ ᠠᠳᠠᠯᠢ ᠪᠤᠰᠤ ᠲᠥᠷᠥᠯ ᠬᠡᠯᠪᠡᠷᠢ᠎ᠶ᠋ᠢᠨ ᠬᠣᠷᠣᠭ᠍ᠳᠠᠯ ᠮᠠᠲ᠋ᠧᠷᠢᠶᠠᠯ ᠎ᠢ ᠬᠡᠷᠡᠭ᠌ᠯᠡᠵᠦ᠍᠂ ᠦᠢᠯᠡᠳᠬᠦᠨ ᠨᠢ ᠪᠤᠳᠤᠯᠢᠶᠠᠨᠲᠠᠶ᠂ ᠡᠭᠦᠨ᠎ᠡᠴᠡ ᠡᠮᠦᠨ᠎ᠡ ᠪᠣᠯ ᠲᠥᠪᠯᠡᠷᠡᠭᠦᠯᠦᠨ ᠬᠤᠳᠠᠯᠳᠤᠨ ᠠᠪᠬᠤ 《 ᠬᠣᠭᠣᠰᠣᠨ ᠣᠷᠣᠨ 》 ᠪᠣᠯᠤᠨ᠎ᠠ᠃ ᠱᠢᠭᠡᠰᠦ ᠱᠢᠭᠦᠷᠡᠭᠦᠯᠬᠦ᠌᠎ᠳᠤ ᠣᠷᠣᠯᠴᠠᠭᠤᠯᠬᠤ ᠲᠥᠷᠥᠯ᠎ᠦ᠋ᠨ ᠬᠣᠷᠣᠭ᠍ᠳᠠᠯ ᠮᠠᠲᠸᠷᠢᠶᠠᠯ 195 ᠠᠵᠤ ᠠᠬᠤᠢᠯᠠᠯ᠎ᠤ᠋ᠨ 454 ᠦᠢ᠍ᠯᠡᠳᠬᠦᠨ ᠳᠠᠭᠠᠭᠠᠴᠢᠯᠠᠯᠲᠠ ᠬᠦᠯᠢᠶᠡᠵᠦ᠂ 170 ᠠᠵᠤ ᠠᠬᠤᠢᠯᠠᠯ᠎ᠤ᠋ᠨ 398 ᠦᠢᠯᠡᠳᠬᠦᠨ ᠰᠣᠩᠭᠣᠭ᠍ᠳᠠᠪᠠ᠃ ᠡᠭᠦᠨ᠎ᠠᠴᠠ ᠭᠠᠳᠠᠨ᠎ᠠ᠂ ᠣᠨᠴᠠᠭᠠᠶ ᠴᠢᠳᠠᠮᠵᠢ᠎ᠲᠠᠢ ᠡᠮ᠎ᠤᠨ ᠣᠷᠣᠮᠲᠤ ᠪᠥᠮᠪᠦᠭᠡᠨ ᠤᠭᠤᠲᠠ᠂ ᠳᠠᠷᠤᠯᠲᠠ ᠬᠡᠮᠵᠢᠬᠦ᠌ ᠵᠥᠭᠡᠯᠡᠨ ᠲᠣᠯᠢ ᠳᠠᠮᠵᠢᠭᠤᠯᠬᠤ ᠴᠣᠷᠭᠣ ᠵᠡᠷᠭᠡ ᠦᠶ᠋ᠯᠡᠳᠪᠦᠷᠢᠯᠡᠬᠦ᠌ ᠠᠵᠤ ᠠᠬᠤᠢᠯᠠᠯ᠎ᠤᠳ ᠴᠥᠮ ᠰᠣᠩᠭᠤᠭ᠍ᠳᠠᠭ᠍ᠰᠠᠨ ᠪᠣᠯᠬᠤᠷ ᠡᠮᠴᠢᠯᠡᠭᠡᠨ᠎ᠤ ᠣᠨᠴᠠᠭᠠᠶ ᠪᠠᠢᠳᠠᠯ᠎ᠳᠤ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠪᠦᠲᠦᠮᠵᠢᠲᠡᠶ ᠬᠠᠩᠭᠠᠵᠤ ᠴᠢᠳᠠᠬᠤ ᠶᠤᠮ᠃

  ᠲᠣᠰ ᠤᠳᠠᠭ᠎ᠠ ᠲᠥᠪᠯᠡᠷᠡᠭᠦᠯᠦᠨ ᠬᠤᠳᠠᠯᠳᠤᠨ ᠠᠪᠬᠤ ᠲᠥᠷᠥ᠎ᠶ᠋ᠢᠨ ᠪᠣᠳᠣᠯᠭ᠎ᠠ᠎ᠶ᠋ᠢ ᠱᠢᠯᠢᠳᠡᠭ᠌ᠵᠢᠭᠦᠯᠬᠦ᠌ ᠲᠤᠬᠠᠶ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《 ᠡᠮᠴᠢᠯᠡᠭᠡ᠎ᠶ᠋ᠢ ᠲᠣᠭ᠍ᠲᠠᠪᠤᠷᠢᠵᠢᠭᠤᠯᠬᠤ᠂ ᠴᠢᠨᠠᠷ ᠴᠢᠨᠰᠠᠭ᠎ᠠ᠎ᠶᠢ ᠪᠠᠲᠤᠯᠠᠬᠤ᠂ ᠳᠣᠲᠣᠭᠰᠢ ᠬᠤᠮᠢᠷᠠᠬᠤ᠎ᠶᠢ ᠡᠰᠡᠷᠭᠦᠴᠡᠬᠦ᠂ ᠬᠦᠷᠢᠶ᠎ᠡ ᠬᠡᠪᠴᠢᠶ᠎ᠡ᠎ᠶ᠋ᠢ ᠰᠡᠷᠭᠡᠢᠯᠡᠬᠦ᠌ 》 ᠵᠠᠷᠴᠢᠮ᠎ᠢ ᠢᠯᠡᠷᠡᠭᠦᠯᠪᠡ᠃ ᠨᠢᠭᠡ᠎ᠳᠤ᠂ ᠳᠤᠭᠤᠢᠯᠠᠩ ᠬᠤᠪᠢᠶᠠᠨ ᠥᠷᠢᠰᠥᠯᠳᠦᠵᠦ᠍ ᠡᠮᠴᠢᠯᠡᠭᠡᠨ᠎ᠤ ᠬᠡᠷᠡᠭ᠌ᠯᠡᠯᠲᠡ᠎ᠶ᠋ᠢᠨ ᠦᠷᠭᠦᠯᠵᠢᠯᠡᠬᠦᠢ᠌ᠴᠡ ᠴᠢᠨᠠᠷ᠎ᠢ ᠪᠠᠲᠤᠯᠠᠪᠠ᠃ ᠲᠥᠷᠥᠯ ᠪᠦᠷᠢ᠎ᠶ᠋ᠢᠨ ᠦᠢᠯᠡᠳᠬᠦᠨ᠎ᠢ ᠡᠮᠴᠢᠯᠡᠭᠡᠨ᠎ᠤ ᠪᠠᠢᠭᠤᠯᠤᠮᠵᠢ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠬᠡᠮᠵᠢᠶ᠎ᠡ᠎ᠶ᠋ᠢ ᠦᠨᠳᠦᠰᠦᠯᠡᠨ᠂ ᠪᠥᠬᠦ᠌ ᠤᠯᠤᠰ᠎ᠤᠨ ᠳᠤᠭᠤᠢᠯᠠᠩ ᠬᠤᠪᠢᠶᠠᠨ ᠦᠨ᠎ᠡ ᠬᠠᠶᠠᠯᠴᠠᠬᠤ᠎ᠶ᠋ᠢ ᠬᠠᠩᠭᠠᠵᠤ ᠳᠡᠢᠯᠬᠦ᠌ ᠡᠰᠡᠬᠦ᠌᠎ᠶ᠋ᠢ ᠲᠣᠳᠣᠷᠬᠠᠢᠯᠠᠵᠤ᠂ ᠡᠮᠴᠢᠯᠡᠭᠡᠨ᠎ᠤ ᠵᠥᠪᠱᠢᠶᠡᠷᠡᠯ᠎ᠤᠨ ᠬᠡᠮᠵᠢᠶ᠎ᠡ᠎ᠪᠠᠷ ᠥᠨᠳᠥᠷ᠂ ᠬᠠᠩᠭᠠᠯᠭ᠎ᠠ᠎ᠶ᠋ᠢᠨ ᠴᠢᠳᠠᠪᠤᠷᠢ᠎ᠪᠠᠷ ᠴᠢᠩᠭ᠎ᠠ ᠦᠢᠯᠡᠳᠬᠦᠨ᠎ᠤ ᠳᠣᠲᠣᠷ᠎ᠠ᠎ᠠᠴᠠ ᠰᠣᠩᠭᠤᠬᠤ᠎ᠶ᠋ᠢ ᠦᠨᠡᠨ ᠬᠦ᠌ ᠪᠠᠲᠤᠯᠠᠵᠤ᠂ ᠡᠮᠴᠢᠯᠡᠭᠡᠨ᠎ᠤ ᠬᠡᠷᠡᠭ᠌ᠯᠡᠯᠲᠡ᠎ᠶ᠋ᠢ ᠲᠣᠭᠲᠠᠪᠤᠷᠢᠵᠢᠭᠤᠯᠪᠠ᠃ ᠬᠤᠶᠠᠷ᠎ᠲᠤ᠂ ᠣᠨᠴᠠᠭ᠋ᠠᠢ ᠦᠢ᠍ᠯᠡᠳᠬᠦᠨ᠎ᠤ ᠴᠢᠳᠠᠮᠵᠢ᠎ᠶ᠋ᠢᠨ ᠵᠥᠷᠢᠶ᠎ᠡ᠎ᠶᠢ ᠭᠦᠢ᠍ᠴᠡᠳ ᠪᠣᠳᠣᠯᠬᠢᠯᠠᠪᠠ᠃ ᠬᠤᠷᠣᠭ᠍ᠳᠠᠯ ᠮᠠᠲ᠋ᠧᠷᠢᠶᠠᠯ᠎ᠤᠨ ᠬᠦᠷᠢᠶᠡᠨ᠎ᠳᠠᠬᠢ 《 ᠪᠢᠴᠢᠯ ᠱᠢᠨ᠎ᠡ᠎ᠶ᠋ᠢ ᠡᠭᠦᠳᠬᠦ᠌ 》 ᠨᠡᠯᠢᠶᠡᠳ ᠣᠯᠠᠨ ᠣᠨᠴᠠᠯᠢᠭ᠎ᠲᠤ ᠵᠣᠬᠢᠴᠠᠭᠤᠯᠤᠨ᠂ ᠵᠣᠬᠢᠬᠤ ᠴᠢᠳᠠᠮᠵᠢ᠎ᠶ᠋ᠢᠨ ᠱᠢᠨ᠎ᠡ᠎ᠶ᠋ᠢ ᠡᠭᠦᠳᠬᠦ᠌ ᠵᠦᠷᠢᠶᠡᠴᠢᠯᠡᠭ᠌ᠰᠡᠨ ᠦᠢᠯᠡᠳᠬᠦᠨ᠎ᠳᠤ ᠴᠢᠭ᠌ᠯᠡᠭᠦᠯᠦᠨ᠂ ᠡᠮᠴᠢᠯᠡᠭᠡᠨ᠎ᠤ ᠥᠷᠲᠡᠭ᠎ᠤᠨ ᠪᠦᠷᠢᠯᠳᠦᠯ᠎ᠳᠤ ᠰᠠᠭᠤᠷᠢᠯᠠᠵᠤ ᠬᠠᠷᠢᠴᠠᠭᠤᠯᠤᠯ ᠦᠨ᠎ᠡ᠎ᠶ᠋ᠢᠨ ᠢᠯᠡᠳᠭᠡᠮᠵᠢ᠎ᠳᠦ ᠰᠠᠭᠤᠷᠢᠯᠠᠨ᠂ ᠦᠨ᠎ᠡ ᠬᠠᠩᠰᠢ᠎ᠶ᠋ᠢᠨ ᠵᠥᠷᠢᠶ᠎ᠡ᠎ᠶ᠋ᠢ ᠵᠦᠶ ᠵᠣᠬᠢᠰᠲᠠᠶ ᠢᠯᠡᠷᠡᠭᠦᠯᠦᠨ᠂ ᠡᠮᠴᠢᠯᠡᠭᠡᠨ᠎ᠳᠤ ᠬᠡᠷᠡᠭ᠌ᠯᠡᠬᠦ᠌᠎ᠶ᠋ᠢ ᠪᠠᠶᠠᠯᠢᠭᠵᠢᠭᠤᠯᠪᠠ᠃ ᠭᠤᠷᠪᠠ᠎ᠳᠤ᠂ ᠰᠣᠩᠭᠤᠯᠲᠠ᠎ᠶ᠋ᠢᠨ ᠲᠦᠷᠢᠮ᠎ᠢ ᠱᠢᠯᠢᠳᠡᠭ᠌ᠵᠢᠭᠦᠯᠵᠦ᠍᠂ ᠲᠤᠭ ᠲᠡᠮᠳᠡᠭ ᠲᠣᠳᠣᠷᠬᠠᠶ᠎ᠪᠠᠷ 《 ᠳᠣᠲᠣᠭᠰᠢ ᠬᠤᠮᠢᠷᠠᠬᠤ᠎ᠶᠢ ᠡᠰᠡᠷᠭᠦᠴᠡᠪᠡ 》᠃ ᠬᠠᠮᠤᠭ᠎ᠤᠨ ᠳᠣᠣᠷ᠎ᠠ ᠦᠨ᠎ᠡ᠎ᠶ᠋ᠢᠨ ᠵᠦᠷᠢᠶ᠎ᠡ᠎ᠶ᠋ᠢ ᠰᠤᠩᠭᠤᠨ ᠠᠪᠬᠤ ᠦᠭᠡᠢ᠂ ᠬᠠᠮᠤᠭ᠎ᠤᠨ ᠳᠣᠣᠷ᠎ᠠ ᠦᠨ᠎ᠡ ᠬᠡᠲᠦ ᠳᠣᠣᠷ᠎ᠠ ᠦᠶ᠎ᠡ᠎ᠳᠦ᠂ ᠳᠤᠮᠳᠠᠴᠢ ᠦᠨ᠎ᠡ᠎ᠶ᠋ᠢᠨ 65%᠎ᠪᠠᠷ ᠦᠨ᠎ᠡ᠎ᠶ᠋ᠢᠨ ᠵᠦᠷᠢᠶ᠎ᠡ᠎ᠶ᠋ᠢ ᠬᠢᠵᠠᠭᠠᠷᠯᠠᠬᠤ ᠪᠠᠷᠢᠮᠵᠢᠶ᠎ᠠ ᠪᠣᠯᠭ᠋ᠠᠪᠠ᠃ ᠲᠣᠰ ᠤᠳᠠᠭᠠᠨ᠎ᠤ ᠲᠥᠪᠯᠡᠷᠡᠭᠦᠯᠦᠨ ᠬᠤᠳᠠᠯᠳᠤᠨ ᠠᠪᠬᠤ 20 ᠥᠷᠢᠰᠦᠯᠳᠦᠬᠦ ᠳᠤᠭᠤᠢᠯᠠᠩ᠎ᠤᠨ ᠳᠣᠲᠣᠷ᠎ᠠ᠂ 8 ᠳᠤᠭᠤᠢᠯᠠᠩ᠎ᠨᠢ ᠲᠣᠰ ᠲᠦᠷᠢᠮ᠎ᠢ ᠬᠦᠨᠳᠡᠵᠦ᠍᠂ ᠣᠨᠴᠠ ᠵᠠᠷᠢᠮ ᠠᠵᠤ ᠠᠬᠤᠢᠯᠠᠯ᠎ᠤᠨ ᠮᠡᠳᠡᠭᠦᠯᠦᠭ᠌ᠰᠡᠨ ᠦᠨ᠎ᠡ᠎ᠨᠢ ᠨᠡᠯᠢᠶᠡᠳ ᠳᠣᠤᠷ᠎ᠠ ᠪᠠᠢᠵᠤ ᠠᠳᠠᠯᠢ ᠳᠤᠭᠤᠢᠯᠠᠩ᠎ᠤᠨ ᠦᠶ᠋ᠯᠡᠳᠬᠦᠨ᠎ᠤ ᠦᠨ᠎ᠡ ᠬᠠᠩᠰᠢ᠎ᠶ᠋ᠢ ᠶᠡᠷᠦᠩᠬᠡᠶ᠎ᠳᠤ᠎ᠨᠢ ᠪᠠᠭᠤᠷᠠᠭᠤᠯᠬᠤ᠎ᠶ᠋ᠢ ᠰᠡᠷᠭᠡᠢᠯᠡᠬᠦ᠌᠎ᠳᠤ ᠴᠢᠬᠤᠯᠠ ᠦᠢᠯᠡᠳᠦᠯ ᠦᠵᠡᠭᠦᠯᠪᠡ᠃

  2020 ᠣᠨ᠎ᠠᠴᠠ ᠨᠠᠭ᠋ᠠᠰᠢ᠂ ᠡᠮᠴᠢᠯᠡᠭᠡᠨ᠎ᠤ ᠪᠠᠲᠤᠯᠠᠭ᠎ᠠ᠎ᠶᠢᠨ ᠰᠠᠯᠠᠭ᠎ᠠ ᠮᠥᠴᠢᠷ ᠨᠡᠢᠲᠡ ᠵᠢᠷᠭᠤᠭᠠᠨ ᠪᠦᠯᠦᠭ ᠤᠯᠤᠰ᠎ᠠᠴᠠ ᠡᠮᠴᠢᠯᠡᠭᠡᠨ᠎ᠤ ᠥᠨᠳᠥᠷ ᠥᠷᠲᠡᠭ᠌ᠲᠦ ᠬᠤᠷᠣᠭ᠍ᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠶ᠋ᠢ ᠵᠣᠬᠢᠶᠠᠨ ᠪᠠᠢᠭᠤᠯᠵᠤ᠂ 9 ᠶᠡᠭᠡ ᠲᠥᠷᠥᠯ᠎ᠤᠨ 142 ᠵᠦᠢᠯ᠎ᠤᠨ ᠡᠮᠴᠢᠯᠡᠭᠡᠨ᠎ᠳᠤ ᠬᠡᠷᠡᠭ᠌ᠯᠡᠬᠦ᠌ ᠬᠤᠷᠣᠭ᠍ᠳᠠᠯ ᠮᠠᠲ᠋ᠧᠷᠢᠶᠠᠯ᠎ᠢ ᠠᠮᠵᠢᠯᠲᠠ᠎ᠲᠠᠢ᠎ᠪᠠᠷ ᠬᠤᠳᠠᠯᠳᠤᠨ ᠠᠪᠴᠤ᠌᠂ ᠵᠢᠷᠦᠬᠡᠨ ᠳᠣᠲᠣᠷ ᠡᠮᠨᠡᠯᠭᠡ᠂ ᠶᠠᠰᠤᠨ ᠡᠮᠨᠡᠯᠭᠡ᠂ ᠨᠢᠳᠦᠨ ᠡᠮᠨᠡᠯᠭᠡ᠂ ᠴᠢᠰᠤᠨ ᠰᠤᠳᠠᠯ᠎ᠤᠨ ᠭᠠᠳᠠᠷ ᠡᠮᠨᠡᠯᠭᠡ᠂ ᠴᠢᠬᠢ ᠬᠠᠮᠠᠷ ᠬᠤᠭᠤᠯᠠᠶ᠎ᠶ᠋ᠢᠨ ᠡᠮᠨᠡᠯᠭᠡ᠂ ᠱᠢᠭᠡᠰᠦ ᠱᠢᠭᠦᠷᠡᠭᠦᠯᠬᠦ᠌ ᠭᠠᠳᠠᠷ ᠡᠮᠨᠡᠯᠭᠡ ᠵᠡᠷᠭᠡ ᠭᠤᠤᠯ ᠡᠮᠴᠢᠯᠡᠭᠡᠨ᠎ᠤ ᠬᠦᠷᠢᠶᠡᠨ᠎ᠳᠤ ᠬᠤᠯᠪᠣᠭ᠍ᠳᠠᠵᠠᠶ᠃ ᠲᠣᠰ ᠤᠳᠠᠭᠠᠨ᠎ᠤ ᠰᠤᠩᠭᠤᠭᠳᠠᠭᠰᠠᠨ ᠦᠷ᠎ᠡ ᠳ᠋ᠦᠩ᠎ᠢ ᠵᠠᠷᠯᠠᠨ ᠨᠡᠢᠲᠡᠯᠡᠭ᠌ᠰᠡᠨ᠎ᠤ ᠳᠠᠷᠠᠭ᠎ᠠ ᠣᠢᠷ᠎ᠠ᠎ᠶ᠋ᠢᠨ ᠬᠤᠭᠤᠴᠠᠭᠠᠨ᠎ᠳᠤ ᠵᠢᠩᠬᠢᠨᠢ᠎ᠪᠠᠷ ᠨᠡᠢᠲᠡᠯᠡᠵᠦ᠍᠂ ᠵᠢᠱ᠌ᠢᠯᠲᠡ᠎ᠪᠠᠷ 2026 ᠣᠨ᠎ᠤ 5 ᠳ᠋ᠤᠭ᠋ᠠᠷ ᠰᠠᠷ᠎ᠠ᠎ᠶ᠋ᠢᠨ ᠤᠷᠢᠳ ᠬᠣᠵᠢᠳ ᠰᠣᠩᠭᠤᠭ᠍ᠳᠠᠭ᠍ᠰᠠᠨ ᠦᠷ᠎ᠡ ᠳ᠋ᠦᠩ᠎ᠨᠢ ᠲᠤᠬᠠᠶ᠎ᠶ᠋ᠢᠨ ᠦᠶ᠎ᠡ᠎ᠳᠤ ᠥᠷᠭᠡᠨ ᠣᠯᠠᠨ ᠡᠪᠡᠳᠴᠢᠲᠡᠨ ᠴᠢᠨᠠᠷ ᠰᠠᠢᠲᠠᠶ ᠪᠥᠭᠡᠳ ᠦᠨ᠎ᠡ᠎ᠨᠢ ᠲᠣᠬᠢᠷᠠᠮᠵᠢᠲᠠᠢ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠣᠭᠳᠠᠭᠰᠠᠨ ᠦᠶ᠋ᠯᠡᠳᠬᠦᠨ᠎ᠢ ᠬᠡᠷᠡᠭᠯᠡᠵᠦ ᠪᠣᠯᠤᠨ᠎ᠠ᠃

ᠢᠷᠡᠯᠲᠡ᠄ ᠤᠯᠤᠰ᠎ᠠᠴᠠ ᠡᠮᠴᠢᠯᠡᠭᠡᠨ᠎ᠤ ᠥᠨᠳᠥᠷ ᠥᠷᠲᠡᠭ᠌ᠲᠦ ᠬᠤᠷᠣᠭ᠍ᠳᠠᠯ ᠮᠠᠲ᠋ᠧᠷᠢᠶᠠᠯ᠎ᠢ ᠬᠣᠯᠪᠣᠭ᠋ᠠᠯᠠᠨ ᠬᠤᠳᠠᠯᠳᠤᠨ ᠠᠪᠬᠤ ᠠᠯᠪᠠᠨ ᠬᠡᠷ
          
ᠬᠠᠮᠢᠶ᠎ᠡ ᠪᠦᠬᠦᠢ ᠰᠣᠨᠢᠨ
 
            