ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠳᠤᠮᠳᠠᠳᠤ ᠤᠯᠤᠰ᠎ᠤᠨ ᠡᠮᠴᠢᠯᠡᠭᠡᠨ᠎ᠦ ᠪᠠᠲᠤᠯᠠᠭ᠎ᠠ ᠠᠷᠠᠳ᠎ᠲᠤ ᠠᠱᠢᠭ ᠬᠦᠷᠲᠡᠭᠡᠵᠦ ᠬᠠᠭᠠᠰ ᠠᠯᠬᠤᠮ᠎ᠢ ᠬᠤᠷᠠᠮᠳᠤᠭᠤᠯᠵᠤ᠂ ᠠᠯᠤᠰ ᠢᠷᠡᠭᠡᠳᠦᠢ᠎ᠳᠤ ᠬᠦᠷᠬᠦ ( ᠠᠷᠪᠠ )᠄ ᠡᠮᠴᠢᠯᠡᠭᠡᠨ᠎ᠦ ᠳᠠᠭ᠋ᠠᠳᠬᠠᠯ᠎ᠤᠨ ᠲᠦᠷᠡᠢ᠌ᠪᠴᠢ
ᠨᠡᠶ᠋ᠢᠲᠡᠯᠡᠭᠰᠡᠨ ᠴᠠᠭ᠄ 2026-01-13

  ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠠᠴᠠ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠠᠤᠭ᠎ᠠ ᠵᠢᠷᠤᠭ ᠲᠥᠯᠥᠪᠯᠡᠭᠡ᠎ᠶ᠋ᠢ ᠵᠢᠷᠤᠭ᠍ᠯᠠᠵᠤ᠂ ᠨᠡᠢᠭᠡᠮ᠎ᠤᠨ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢ ᠲᠡᠭᠦᠯᠳᠡᠷᠵᠢᠭᠦᠯᠬᠦ᠂ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠡᠩᠴᠡᠭᠦᠷᠢᠲᠦ ᠴᠢᠨᠠᠷ ᠪᠠ ᠪᠣᠯᠤᠮᠵᠢᠲᠤ ᠴᠢᠨᠠᠷ᠎ᠢ ᠴᠢᠩᠭᠠᠳᠭᠠᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢ ᠲᠥᠯᠥᠪᠵᠢᠭᠦᠯᠵᠦ᠍ ᠪᠠᠢᠷᠢᠱᠢᠭᠤᠯᠬᠤ ᠲᠡᠦᠬᠡᠨ ᠵᠠᠩᠭᠢᠯᠠᠭ᠎ᠠ᠎ᠶ᠋ᠢᠨ ᠴᠡᠭ᠎ᠲᠤ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠎ᠲᠠᠢ ᠬᠠᠮᠲᠤᠷᠠᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠦ ᠳᠠᠭᠠᠳᠭᠠᠯ᠎ᠤᠨ ᠬᠤᠪᠢ ᠬᠥᠮᠦᠨ᠎ᠤ ᠳᠠᠩᠰᠠᠨ ᠡᠷᠦᠬᠡ᠎ᠶ᠋ᠢ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠬᠠᠮᠢᠶ᠎ᠠ ᠪᠦᠬᠦᠢ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠨ ᠨᠡᠢᠲᠡᠯᠡᠵᠦ᠍᠂ ᠡᠮᠴᠢᠯᠡᠭᠡᠨ᠎ᠦ ᠳᠠᠭᠠᠳᠭᠠᠯ᠎ᠤᠨ ᠲᠦᠷᠡᠢ᠌ᠪᠴᠢ᠎ᠪᠠᠷ ᠠᠴᠢᠶᠠᠯᠠᠪᠤᠷᠢ ᠪᠣᠯᠭᠠᠵᠤ᠂ ᠳᠦᠷᠢᠮ᠎ᠤᠨ ᠳᠠᠪᠠᠭᠤᠯᠢᠭ᠎ᠢ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠠᠷᠠᠳ᠎ᠤᠨ ᠠᠮᠢᠳᠤᠷᠠᠯ᠎ᠤᠨ ᠠᠩᠬᠠᠷᠤᠯ᠎ᠳᠤ ᠦᠨᠡᠨ ᠬᠦ᠌ ᠬᠠᠷᠢᠭᠤᠯᠲᠠ ᠥᠭ᠌ᠪᠡ᠃

  ᠴᠠᠭ ᠦᠶ᠎ᠡ᠎ᠶ᠋ᠢᠨ ᠬᠡᠷᠡᠭ᠌ᠴᠡᠭᠡ᠂ 《 ᠬᠤᠪᠢ ᠬᠥᠮᠥᠨ᠎ᠤ ᠲᠠᠩᠰᠠᠨ ᠡᠷᠦᠬᠡ 》᠎ᠠᠴᠠ 《 ᠭᠡᠷ ᠪᠦᠯᠢ᠎ᠶ᠋ᠢᠨ ᠬᠠᠷᠢᠯᠴᠠᠨ ᠲᠤᠰᠠᠯᠠᠯᠴᠠᠬᠤ 》 ᠬᠦᠷᠲᠡᠯᠡᠬᠢ ᠳᠦᠷᠢᠮ᠎ᠤᠨ ᠱᠢᠨ᠎ᠡ ᠡᠭᠦᠳᠦᠯᠲᠡ

  ᠮᠠᠨ᠎ᠤ ᠤᠯᠤᠰ᠎ᠤᠨ ᠠᠵᠢᠯᠲᠠᠨ ᠠᠵᠢᠯᠴᠢᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠳᠦᠷᠢᠮ ᠪᠠᠢᠭᠤᠯᠤᠭ᠍ᠳᠠᠭ᠍ᠰᠠᠨ ᠬᠣᠷᠢ ᠭᠠᠷᠤᠶ ᠵᠢᠯ᠎ᠤᠨ ᠲᠤᠷᠰᠢ᠂ ᠬᠤᠪᠢ ᠬᠥᠮᠦᠨ᠎ᠤ ᠲᠠᠩᠰᠠᠨ ᠡᠷᠦᠬᠡ᠎ᠨᠢ ᠳᠠᠭᠠᠳᠭᠠᠯ᠎ᠳᠤ ᠣᠷᠣᠯᠴᠠᠭ᠍ᠰᠠᠳ᠎ᠤᠨ ᠡᠳᠦᠷ ᠲᠤᠲᠤᠮ᠎ᠤᠨ ᠡᠮᠴᠢᠯᠡᠭᠡᠨ᠎ᠦ ᠬᠡᠷᠡᠭ᠌ᠴᠡᠭᠡ᠎ᠶ᠋ᠢ ᠪᠠᠲᠤᠯᠠᠬᠤ ᠲᠠᠯ᠎ᠠ᠎ᠪᠠᠷ ᠲᠡᠦᠬᠡᠲᠦ ᠴᠢᠨᠠᠷᠲᠠᠶ ᠦᠢᠯᠡᠳᠦᠯ ᠦᠵᠡᠭᠦᠯᠪᠡ᠃ ᠭᠡᠲᠡᠯ᠎ᠡ᠂ ᠨᠡᠢᠭᠡᠮ᠎ᠤᠨ ᠬᠥᠭ᠌ᠵᠢᠯᠲᠡ ᠪᠣᠯᠤᠨ ᠬᠥᠮᠦᠨ ᠠᠮᠠ ᠶᠡᠭᠡ ᠬᠡᠪᠴᠢᠶ᠎ᠡ᠎ᠪᠠᠷ ᠱᠢᠯᠵᠢᠬᠦ᠌᠎ᠶ᠋ᠢ ᠳᠠᠭᠠᠯᠳᠤᠨ᠂ 《 ᠨᠢᠭᠡ ᠬᠥᠮᠦᠨ ᠳᠠᠭᠠᠳᠭᠠᠯ᠎ᠳᠤ ᠣᠷᠣᠯᠴᠠᠵᠤ᠂ ᠪᠦᠬᠦ᠌ ᠭᠡᠷ᠎ᠢᠶᠠᠷ᠎ᠢᠶᠠᠨ ᠬᠠᠷᠢᠯᠴᠠᠨ ᠲᠤᠰᠠᠯᠠᠯᠴᠠᠬᠤ 》 ᠠᠷᠠᠳ᠎ᠤᠨ ᠠᠮᠢᠳᠤᠷᠠᠯ᠎ᠤᠨ ᠬᠦᠰᠡᠯ ᠱᠠᠭᠠᠷᠳᠠᠯᠭ᠎ᠠ ᠡᠳᠦᠷ ᠢᠷᠡᠬᠦᠶ᠎ᠡ ᠴᠢᠩᠭᠠᠷᠠᠪᠠ᠃ ᠡᠮᠦᠨᠡᠬᠢ ᠬᠤᠭᠤᠴᠠᠭᠠᠨ᠎ᠳᠤ ᠬᠡᠷᠡᠭ᠌ᠵᠢᠭᠦᠯᠦᠭ᠌ᠰᠡᠨ ᠮᠤᠵᠢ᠎ᠶ᠋ᠢᠨ ᠳᠣᠲᠣᠭᠠᠳᠤ᠎ᠶ᠋ᠢᠨ ᠬᠠᠷᠢᠯᠴᠠᠨ ᠲᠤᠰᠠᠯᠠᠯᠴᠠᠬᠤ ᠦᠢᠯᠡᠳᠦᠯᠭᠡ ᠨᠢᠭᠡᠨᠲᠡ ᠦᠷ᠎ᠡ ᠪᠦᠲᠦᠮᠵᠢ ᠢᠯᠡᠷᠡᠵᠡᠢ᠂ 5 ᠵᠢᠯ᠎ᠤᠨ ᠲᠤᠷᠰᠢ ᠨᠡᠢᠲᠡ 7.8 ᠳ᠋ᠦᠩᠱᠢᠭᠤᠷ ᠬᠥᠮᠦᠨ ᠤᠳᠠᠭ᠎ᠠ᠎ᠶ᠋ᠢ ᠳᠠᠪᠠᠵᠤ᠂ ᠵᠣᠭᠤᠰ᠎ᠤᠨ ᠲᠤᠭ᠎ᠠ᠎ᠨᠢ 1000 ᠳ᠋ᠦᠩᠱᠢᠭᠤᠷ ᠲᠥᠭᠦᠷᠢᠭ᠎ᠢ ᠳᠠᠪᠠᠪᠠ᠃ ᠲᠣᠰ ᠤᠳᠠᠭᠠᠨ᠎ᠤ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠭ᠌ᠰᠡᠨ᠎ᠨᠢ ᠶᠠᠭ ᠠᠮᠵᠢᠯᠲᠠ᠎ᠲᠠᠢ ᠲᠤᠷᠱᠢᠯᠭ᠎ᠠ᠎ᠶ᠋ᠢ ᠲᠠᠰ ᠳᠡᠪᠱᠢᠭᠦᠯᠦᠨ ᠥᠷᠭᠡᠳᠭᠡᠵᠦ᠍᠂ ᠴᠠᠭ ᠦᠶ᠎ᠡ᠎ᠶ᠋ᠢᠨ ᠬᠡᠷᠡᠭ᠌ᠴᠡᠭᠡ᠎ᠳᠤ ᠬᠠᠷᠢᠭᠤ ᠥᠭ᠌ᠬᠦ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠠᠢᠵᠤ᠂ ᠭᠠᠵᠠᠷ ᠣᠷᠣᠨ᠎ᠤ ᠪᠠᠬᠢᠯᠡᠯᠲᠡ᠎ᠶ᠋ᠢ ᠱᠢᠪᠲᠤᠯᠵᠤ᠂ ᠬᠠᠷᠢᠯᠴᠠᠨ ᠲᠤᠰᠠᠯᠠᠯᠴᠠᠬᠤ ᠬᠡᠪᠴᠢᠶ᠎ᠡ᠎ᠶ᠋ᠢ ᠮᠤᠵᠢ᠎ᠶ᠋ᠢᠨ ᠳᠣᠲᠣᠷ᠎ᠠ᠎ᠠᠴᠠ ᠪᠥᠬᠦ᠌ ᠤᠯᠤᠰ᠎ᠲᠤ ᠬᠦᠷᠲᠡᠯ᠎ᠡ ᠥᠷᠭᠡᠳᠭᠡᠬᠦ᠌᠎ᠶ᠋ᠢᠨ ᠬᠠᠮᠲᠤ᠌᠂ ᠠᠱᠢᠭ ᠭᠥᠷᠳᠡᠭ᠌ᠰᠡᠨ ᠬᠥᠮᠦᠰ᠎ᠢ ᠣᠢᠷ᠎ᠠ ᠲᠥᠷᠥᠯ ᠰᠠᠳᠤᠨ ᠪᠣᠯᠲᠠᠯ᠎ᠠ ᠥᠷᠭᠡᠳᠭᠡᠵᠦ᠍᠂ ᠨᠢᠭᠡ ᠬᠠᠷᠢᠯᠴᠠᠨ ᠲᠤᠰᠠᠯᠠᠭᠴᠢ ᠣᠯᠠᠨ ᠣᠢᠷ᠎ᠠ ᠲᠥᠷᠥᠯ ᠰᠠᠳᠤᠨ᠎ᠲᠠᠢ ᠬᠠᠷᠢᠯᠴᠠᠨ ᠲᠤᠰᠠᠯᠠᠯᠴᠠᠬᠤ ᠬᠠᠷᠢᠴᠠᠭ᠎ᠠ ᠪᠠᠢᠭᠤᠯᠤᠨ᠂ ᠨᠢᠭᠡ ᠬᠠᠷᠢᠯᠴᠠᠨ ᠲᠤᠰᠠᠯᠠᠭᠳᠠᠭᠴᠢ ᠴᠦ᠍ ᠣᠯᠠᠨ ᠣᠢᠷ᠎ᠠ ᠲᠥᠷᠥᠯ ᠰᠠᠳᠤᠨ᠎ᠲᠠᠢ ᠬᠠᠷᠢᠯᠴᠠᠨ ᠲᠤᠰᠠᠯᠠᠯᠴᠠᠬᠤ ᠬᠠᠷᠢᠴᠠᠭ᠎ᠠ᠎ᠶ᠋ᠢ ᠪᠠᠢᠭᠤᠯᠵᠤ᠂ ᠨᠢᠭᠡ ᠬᠠᠷᠢᠯᠴᠠᠨ ᠲᠤᠰᠠᠯᠠᠭ᠍ᠳᠠᠭ᠍ᠴᠢ ᠴᠦ᠍ ᠣᠯᠠᠨ ᠣᠢᠷ᠎ᠠ ᠲᠥᠷᠥᠯ ᠰᠠᠳᠤᠨ᠎ᠲᠠᠢ ᠬᠠᠷᠢᠯᠴᠠᠨ ᠲᠤᠰᠠᠯᠠᠯᠴᠠᠬᠤ ᠶᠠᠪᠤᠳᠠᠯ᠎ᠢ ᠭᠥᠯᠢᠶᠡᠨ ᠠᠪᠴᠤ᠌ ᠪᠣᠯᠣᠨ᠎ᠠ᠃

 

 

ᠲᠥᠪ ᠲᠧᠯᠸᠢᠰ᠎ᠤᠨ ᠰᠣᠨᠢᠨ ᠮᠡᠳᠡᠭᠡ 2024 ᠣᠨ᠎ᠤ 12 ᠳ᠋ᠤᠭ᠋ᠠᠷ ᠰᠠᠷ᠎ᠠ᠎ᠶ᠋ᠢᠨ 3᠎ᠤ ᠡᠳᠦᠷ᠎ᠤᠨ ᠮᠡᠳᠡᠭᠡᠯᠡᠯ᠄ 9 ᠮᠤᠵᠢ ᠬᠤᠲᠠ 《 ᠡᠮᠴᠢᠯᠡᠭᠡᠨ᠎ᠦ ᠳᠠᠭᠠᠳᠭᠠᠯ᠎ᠤᠨ ᠲᠦᠷᠡᠢ᠌ᠪᠴᠢ 》᠎ᠶ᠋ᠢᠨ ᠲᠤᠷᠱᠢᠯᠲᠠ ᠥᠷᠨᠢᠭᠦᠯᠵᠦ᠍᠂ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ᠎ᠶᠢ ᠶᠠᠪᠤᠭᠳᠠᠭᠤᠯᠪᠠ

  ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠦᠴᠦᠨ ᠨᠡᠮᠡᠷᠢᠯᠡᠵᠦ᠂ ᠬᠤᠪᠢ ᠬᠥᠮᠦᠨ᠎ᠦ᠌ ᠡᠮᠴᠢᠯᠡᠭᠡᠨ᠎ᠦ ᠳᠠᠭᠠᠳᠭᠠᠯ᠎ᠤ᠋ᠨ ᠲᠦᠷᠡᠢ᠌ᠪᠴᠢ ᠨᠢ ᠣᠶᠤᠨᠴᠢ ᠡᠮᠴᠢᠯᠡᠭᠡᠨ᠎ᠦ ᠳᠠᠭᠠᠳᠭᠠᠯ᠎ᠤ᠋ᠨ ᠰᠢᠨ᠎ᠡ ᠦᠶ᠎ᠡ᠎ᠶᠢ ᠨᠡᠭᠡᠭᠡᠪᠡ

  ᠬᠤᠪᠢ ᠬᠥᠮᠦᠨ᠎ᠦ᠌ ᠡᠮᠴᠢᠯᠡᠭᠡᠨ᠎ᠦ ᠳᠠᠭᠠᠳᠭᠠᠯ᠎ᠤ᠋ᠨ ᠲᠦᠷᠡᠢ᠌ᠪᠴᠢ ᠪᠣᠯ ᠥᠭᠡᠷᠡᠴᠢᠯᠡᠯᠲᠡ᠎ᠶᠢᠨ ᠬᠠᠲᠠᠭᠤ ᠲᠤᠯᠭᠠᠭᠤᠷᠢ ᠮᠥᠨ᠃ ᠪᠦᠬᠦ᠌ ᠤᠯᠤᠰ᠎ᠤᠨ ᠨᠢᠭᠡᠳᠦᠯᠲᠡᠶ ᠡᠮᠴᠢᠯᠡᠭᠡᠨ᠎ᠦ ᠪᠠᠲᠤᠯᠠᠭ᠎ᠠ᠎ᠶᠢᠨ ᠮᠡᠳᠡᠭᠡ ᠵᠠᠩᠭᠢ᠎ᠶ᠋ᠢᠨ ᠲᠠᠪᠴᠠᠩ᠎ᠳᠤ ᠲᠦᠱᠢᠭ᠌ᠯᠡᠨ᠂ ᠬᠤᠪᠢ ᠬᠥᠮᠦᠨ᠎ᠦ ᠡᠮᠴᠢᠯᠡᠭᠡᠨ᠎ᠦ ᠳᠠᠭᠠᠳᠭᠠᠯ᠎ᠤᠨ ᠵᠣᠭᠣᠰ᠎ᠤᠨ ᠲᠣᠭ᠎ᠠ᠎ᠳᠤ ᠬᠡᠢᠰᠪᠦᠷᠢ ᠲᠣᠭ᠎ᠠ ᠬᠡᠮᠵᠢᠶᠡᠨ᠎ᠦ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠪᠡᠯᠡ ᠮᠥᠩᠭᠥ᠎ᠶ᠋ᠢ ᠪᠣᠳᠠᠲᠠᠶ ᠱᠢᠯᠵᠢᠭᠦᠯᠦᠨ ᠥᠭ᠌ᠬᠦ ᠦᠭᠡᠶ ᠪᠠᠢᠵᠤ᠂ ᠨᠥᠯᠥᠭᠡᠯᠡᠯ ᠦᠭᠡᠶ᠎ᠪᠡᠷ ᠠᠵᠢᠯᠯᠠᠭᠤᠯᠤᠨ ᠰᠡᠷᠡᠭ᠌ᠳᠡᠯ᠎ᠲᠡᠶ ᠦᠢᠯᠡᠴᠢᠯᠡᠭᠡ᠎ᠶᠢ ᠪᠡᠶᠡᠯᠡᠭᠦᠯᠪᠡ᠃ ᠬᠠᠷᠢᠯᠴᠠᠨ ᠲᠤᠰᠠᠯᠠᠭᠴᠢ᠎ᠨᠢ ᠵᠥᠪᠬᠡᠨ ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠦᠢᠯᠡᠴᠢᠯᠡᠭᠡᠨ᠎ᠤ ᠲᠠᠪᠴᠠᠩ᠎ᠤᠨ APP᠂ ᠭᠠᠷᠲᠠᠨ ᠭᠦᠢᠴᠡᠳᠭᠡᠬᠦ᠌ ᠪᠠᠢᠭᠤᠯᠤᠮᠵᠢ᠎ᠶ᠋ᠢᠨ ᠴᠣᠩᠬᠤ ᠵᠡᠷᠭᠡ ᠣᠯᠠᠨ ᠵᠦᠢᠯ᠎ᠤᠨ ᠠᠷᠭ᠎ᠠ ᠵᠠᠮ᠎ᠢᠶᠠᠷ ᠳᠠᠮᠵᠢᠭᠤᠯᠤᠨ ᠬᠠᠷᠢᠯᠴᠠᠨ ᠲᠤᠰᠠᠯᠠᠯᠴᠠᠬᠤ ᠲᠤᠭ᠎ᠠ ᠬᠡᠮᠵᠢᠶ᠎ᠡ᠎ᠶ᠋ᠢ ᠠᠮᠠᠷᠬᠠᠨ ᠲᠣᠭ᠍ᠲᠠᠭᠠᠵᠤ ᠪᠣᠯᠤᠨ᠎ᠠ; ᠬᠠᠷᠢᠯᠴᠠᠨ ᠲᠤᠰᠠᠯᠠᠭᠳᠠᠭᠴᠢ ᠲᠤᠬᠠᠶ᠎ᠶ᠋ᠢᠨ ᠭᠠᠵᠠᠷ᠎ᠤᠨ ᠴᠡᠭ ᠲᠣᠭᠲᠠᠭ᠋ᠠᠭᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠲᠠᠩᠰᠠ ᠪᠣᠳᠣᠬᠣ ᠦᠶᠡᠰ᠂ ᠱᠢᠰᠲ᠋ᠧᠮ᠎ᠢᠶᠠᠷ ᠠᠦ᠋ᠲ᠋ᠤ᠋ ᠢᠯᠭᠠᠨ ᠲᠠᠨᠢᠵᠤ᠂ ᠴᠠᠭ ᠲᠤᠬᠠᠶ᠎ᠳᠤ ᠨᠢ ᠳ᠋ᠦᠩᠨᠡᠨ ᠪᠤᠳᠤᠵᠤ᠂ ᠬᠤᠪᠢ ᠬᠥᠮᠦᠨ᠎ᠤ ᠲᠤᠱᠢᠶᠠᠬᠤ ᠬᠡᠰᠡᠭ᠎ᠢ ᠲᠡᠷᠡ ᠳᠠᠷᠤᠶ᠎ᠳᠤ ᠨᠢ ᠬᠠᠷᠭᠤᠭᠤᠯᠵᠤ ᠬᠠᠰᠤᠨ᠎ᠠ᠃

  ᠠᠷᠠᠳ᠎ᠤᠨ ᠠᠮᠢᠳᠤᠷᠠᠯ᠎ᠳᠤ ᠲᠦᠭᠡᠮᠡᠯ ᠠᠱᠢᠭ ᠬᠦᠷᠲᠡᠭᠡᠵᠦ᠍᠂ ᠮᠥᠩᠭᠦ᠌ ᠨᠢᠭᠡᠪᠦᠷᠢ᠎ᠶ᠋ᠢ ᠴᠥᠮ ᠵᠠᠩᠭᠢᠯᠠᠭ᠎ᠠ᠎ᠶ᠋ᠢᠨ ᠭᠠᠵᠠᠷ᠎ᠲᠤ ᠨᠢ ᠬᠡᠷᠡᠭ᠌ᠯᠡᠪᠡ

  ᠨᠢᠭᠡ᠎ᠳᠤ᠂ ᠳᠠᠷᠤᠭᠠᠰᠤ᠎ᠶ᠋ᠢ ᠬᠥᠩᠭᠡᠷᠡᠭᠦᠯᠬᠦ᠌ ᠦᠢᠯᠡᠳᠦᠯ ᠠᠪᠤᠨ ᠳᠣᠣᠷ᠎ᠠ᠎ᠪᠠᠨ ᠠᠮᠵᠢᠯᠲᠠ ᠣᠯᠪᠠ᠃ ᠬᠥᠳᠡᠭᠡ ᠲᠣᠰᠭᠣᠨ᠎ᠤ ᠭᠡᠷ ᠪᠦᠯᠢ᠎ᠶ᠋ᠢᠨ ᠭᠠᠳᠠᠭ᠍ᠰᠢ ᠠᠵᠢᠯ ᠬᠢᠵᠦ᠍ ᠪᠠᠢᠭ᠎ᠠ ᠦᠷ᠎ᠡ ᠬᠡᠦᠬᠡᠳ ᠨᠢ ᠬᠤᠪᠢ ᠬᠥᠮᠦᠨ᠎ᠦ ᠳᠠᠩᠰᠠᠨ ᠡᠷᠦᠬᠡ᠎ᠶ᠋ᠢᠨ ᠪᠡᠯᠡ ᠮᠥᠩᠭᠥ᠎ᠶ᠋ᠢ ᠠᠪᠤ ᠡᠵᠢ᠎ᠳᠤ᠎ᠪᠠᠨ ᠲᠤᠰᠠᠯᠠᠵᠤ᠂ ᠰᠢᠭᠤᠳ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠰᠦᠢᠳᠭᠡᠯ ᠲᠤᠱᠢᠶᠠᠬᠤ᠎ᠳᠤ ᠬᠡᠷᠡᠭ᠌ᠯᠡᠵᠦ᠍ ᠪᠣᠯᠬᠣᠷ ᠪᠣᠯᠪᠠ᠃ ᠬᠣᠲᠠ᠎ᠶ᠋ᠢᠨ ᠠᠵᠢᠯᠲᠠᠨ ᠠᠵᠢᠯᠴᠢᠨ᠎ᠤ ᠭᠡᠷ ᠪᠦᠯᠢ᠎ᠳᠦ ᠨᠠᠰᠤᠲᠠᠨ᠎ᠢᠶᠠᠨ ᠠᠰᠠᠷᠠᠨ ᠲᠡᠵᠢᠭᠡᠬᠦ᠌ ᠪᠠ ᠦᠷ᠎ᠡ ᠬᠡᠦᠬᠡᠳ᠎ᠢᠶᠡᠨ ᠠᠰᠠᠷᠠᠨ ᠲᠡᠵᠢᠭᠡᠬᠦ᠌᠎ᠡᠴᠡ ᠪᠣᠯᠤᠭ᠍ᠰᠠᠨ ᠳᠠᠪᠬᠤᠷ ᠡᠮᠴᠢᠯᠡᠭᠡᠨ᠎ᠦ ᠵᠠᠷᠤᠳᠠᠯ᠎ᠤᠨ ᠳᠠᠷᠤᠯᠲᠠ᠎ᠶ᠋ᠢ ᠪᠦᠲᠦᠮᠵᠢᠲᠡᠶ᠎ᠪᠡᠷ ᠨᠠᠮᠳᠠᠭᠤᠯᠵᠤ ᠴᠢᠳᠠᠪᠠ᠃ ᠲᠥᠷᠥ᠎ᠶ᠋ᠢᠨ ᠪᠣᠳᠣᠯᠭ᠎ᠠ᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠦᠭ᠌ᠰᠡᠨ᠎ᠤ ᠳᠠᠷᠠᠭ᠎ᠠ᠂ ᠵᠢᠱ᠌ᠢᠯᠲᠡ᠎ᠪᠠᠷ ᠵᠢᠯ ᠪᠦᠷᠢ ᠮᠢᠩᠭᠠᠨ ᠲᠦᠮᠡ᠎ᠶ᠋ᠢ ᠳᠠᠪᠠᠭ᠍ᠰᠠᠨ ᠬᠡᠷ ᠪᠦᠯᠢ᠎ᠳᠤ ᠱᠢᠭᠤᠳ ᠠᠱᠢᠭ ᠬᠦᠷᠲᠡᠭᠡᠬᠦ᠌ ᠪᠣᠯᠪᠠ᠃ ᠬᠤᠶᠠᠷ᠎ᠲᠤ᠌᠂ ᠬᠠᠷᠢᠯᠴᠠᠨ ᠲᠤᠰᠠᠯᠠᠯᠴᠠᠬᠤ ᠴᠢᠳᠠᠮᠵᠢ᠎ᠶ᠋ᠢ ᠭᠦᠨᠵᠡᠭᠡᠢ ᠬᠥᠭᠵᠢᠭᠡᠪᠡ᠃ ᠬᠠᠷᠢᠯᠴᠠᠨ ᠲᠤᠰᠠᠯᠠᠯᠴᠠᠬᠤ ᠪᠠᠯᠠ ᠮᠥᠩᠭᠦ᠎ᠨᠢ ᠣᠢᠷ᠎ᠠ ᠲᠥᠷᠥᠯ ᠰᠠᠳᠤᠨ᠎ᠤ᠎ᠬᠢᠨ᠎ᠤ ᠰᠠᠭᠤᠭᠠᠯᠢ ᠠᠷᠠᠳ᠎ᠤᠨ ᠡᠮᠴᠢᠯᠡᠭᠡᠨ ᠳᠠᠭᠠᠳᠭᠠᠯ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠳᠤ ᠣᠷᠣᠯᠴᠠᠬᠤ ᠬᠤᠪᠢ ᠬᠥᠮᠦᠨ᠎ᠤ ᠰᠦᠢᠳᠭᠡᠯ ᠲᠤᠱᠢᠶᠠᠬᠤ ᠬᠡᠰᠡᠭ᠎ᠢ ᠥᠭᠴᠦ᠂ ᠣᠯᠠᠨ ᠲᠠᠰ ᠳᠠᠪᠬᠤᠷᠭ᠎ᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢᠨ ᠵᠣᠯᠭᠠᠯᠴᠠᠭ᠎ᠠ ᠪᠠ ᠬᠠᠮᠵᠢᠯᠴᠠᠭ᠎ᠠ᠎ᠶ᠋ᠢ ᠠᠬᠢᠭᠤᠯᠵᠤ᠂ ᠡᠮᠴᠢᠯᠡᠭᠡᠨ᠎ᠦ ᠳᠠᠭᠠᠳᠭᠠᠯ᠎ᠤᠨ ᠰᠠᠭᠤᠷᠢ ᠮᠥᠩᠭᠦ᠎ᠶ᠋ᠢᠨ ᠬᠠᠷᠢᠯᠴᠠᠨ ᠬᠠᠷᠠᠭᠠᠯᠵᠠᠬᠤ ᠦᠷ᠎ᠡ ᠪᠦᠲᠦᠮᠵᠢ ᠪᠠ ᠲᠦᠷᠢᠮ᠎ᠤᠨ ᠲᠥᠪ ᠭᠤᠤᠯᠴᠢ ᠴᠢᠨᠠᠷ᠂ ᠦᠷᠭᠦᠯᠵᠢᠯᠡᠬᠦᠢ᠌ᠴᠡ ᠴᠢᠨᠠᠷ᠎ᠢ ᠳᠡᠭᠡᠭ᠌ᠰᠢᠯᠡᠭᠦᠯᠪᠡ᠃ ᠭᠤᠷᠪᠠ᠎ᠳᠤ᠂ ᠪᠠᠴᠢᠮ ᠪᠠᠢᠳᠠᠯ᠎ᠢ ᠠᠷᠭ᠋ᠠᠴᠠᠭ᠋ᠠᠬᠤ ᠴᠢᠳᠠᠪᠤᠷᠢ᠎ᠶ᠋ᠢ ᠢᠯᠡᠳᠲᠡ ᠳᠡᠭᠡᠭᠰᠢᠯᠡᠭᠦᠯᠪᠡ᠃ ᠭᠡᠨᠡᠳᠲᠡ᠎ᠶ᠋ᠢᠨ ᠡᠪᠡᠳᠴᠢᠨ ᠡᠮᠭᠡᠭ᠎ᠤᠨ ᠡᠮᠦᠨ᠎ᠡ᠂ ᠬᠠᠷᠢᠯᠴᠠᠨ ᠲᠤᠰᠠᠯᠠᠭᠳᠠᠭᠴᠢ ᠪᠠᠯᠠ ᠮᠥᠩᠭᠦ᠎ᠪᠠᠨ ᠱᠢᠯᠵᠢᠭᠦᠯᠬᠦ᠌᠎ᠶ᠋ᠢ ᠬᠦᠯᠢᠶᠡᠬᠦ᠌ ᠴᠢᠬᠤᠯᠠ ᠥᠬᠡᠶ᠂ ᠬᠠᠷᠢᠯᠴᠠᠨ ᠲᠤᠰᠠᠯᠠᠯᠴᠠᠬᠤ ᠲᠤᠭ᠎ᠠ ᠬᠡᠮᠵᠢᠶ᠎ᠡ᠎ᠪᠠᠷ ᠳ᠋ᠦᠩᠨᠡᠨ ᠪᠤᠳᠤᠬᠤ᠎ᠶ᠋ᠢ ᠱᠢᠭᠤᠳ ᠬᠡᠷᠡᠭ᠌ᠯᠡᠵᠦ᠍ ᠪᠣᠯᠬᠤ ᠪᠣᠯᠪᠠ᠃ ᠢᠯᠠᠩᠭᠤᠶ᠎ᠠ ᠮᠤᠵᠢ ᠠᠯᠤᠰᠯᠠᠨ ᠡᠪᠡᠳᠴᠢᠨ ᠦᠵᠡᠭᠦᠯᠬᠦ᠌ ᠪᠠᠢᠳᠠᠯ ᠳᠣᠣᠷ᠎ᠠ᠂ ᠬᠠᠮᠲᠤ᠎ᠪᠠᠷ ᠠᠱᠢᠭ ᠬᠦᠷᠲᠡᠭ᠌ᠰᠡᠨ ᠪᠡᠯᠡ ᠮᠥᠩᠭᠦ᠎ᠶ᠋ᠢ ᠣᠨᠳᠣᠣ ᠭᠠᠵᠠᠷ᠎ᠲᠤ ᠡᠮᠨᠡᠭᠦᠯᠦᠭ᠌ᠰᠡᠨ ᠵᠠᠷᠤᠳᠠᠯ᠎ᠢ ᠱᠢᠭᠤᠳ ᠳ᠋ᠦᠩᠨᠡᠨ ᠪᠤᠳᠤᠬᠤ᠎ᠲᠠᠢ ᠵᠠᠪᠰᠠᠷ ᠦᠭᠡᠢ ᠵᠣᠯᠭᠠᠭᠤᠯᠵᠤ᠂ ᠤᠯᠠᠨ ᠲᠦᠮᠡᠨ᠎ᠤ ᠡᠪᠡᠳᠴᠢᠨ ᠦᠵᠡᠭᠦᠯᠬᠦ᠌ ᠣᠢᠯᠠᠭᠠᠯᠲᠠ ᠪᠣᠯᠤᠨ ᠠᠮᠤᠷ ᠲᠦᠪᠱᠢᠨ᠎ᠤ ᠲᠦᠷᠦᠭ᠌ᠳᠡᠯ᠎ᠢ ᠲᠦᠢᠯ᠎ᠤᠨ ᠶᠡᠭᠡ᠎ᠪᠠᠷ ᠰᠠᠢᠵᠢᠷᠠᠭᠤᠯᠬᠤ ᠪᠣᠯᠪᠠ᠃

 

 

ᠲᠥᠪ ᠲᠧᠯᠸᠢᠰ᠎ᠤᠨ ᠰᠣᠨᠢᠨ ᠮᠡᠳᠡᠭᠡ 2025 ᠣᠨ᠎ᠤ 9 ᠳ᠋ᠦ᠍ᠭᠡᠷ ᠰᠠᠷ᠎ᠠ᠎ᠶ᠋ᠢᠨ 24᠎ᠤ ᠡᠳᠦᠷ᠎ᠤᠨ ᠮᠡᠳᠡᠭᠡᠯᠡᠯ᠄ ᠡᠮᠴᠢᠯᠡᠭᠡᠨ᠎ᠤ ᠳᠠᠭᠠᠳᠭᠠᠯ᠎ᠤᠨ ᠲᠦᠷᠡᠢ᠌ᠪᠴᠢ ᠮᠤᠵᠢ ᠠᠯᠤᠰᠯᠠᠨ ᠲᠠᠩᠰᠠ ᠱᠢᠯᠵᠢᠭᠦᠯᠬᠦ᠌᠎ᠶ᠋ᠢ ᠪᠡᠶᠡᠯᠡᠭᠦᠯᠵᠦ   ᠬᠡᠷᠬᠢᠨ ᠨᠡᠪᠲᠡᠷᠡᠭᠦᠯᠵᠦ ᠶᠠᠭ᠋ᠠᠬᠢᠵᠦ ᠬᠡᠷᠡᠭᠯᠡᠬᠦ ᠪᠣᠢ

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            