ᠪᠤᠭᠤᠲᠤ᠎ᠶᠢᠨ ᠪᠣᠯᠣᠳ ᠲᠡᠮᠦᠷ᠎ᠦᠨ ᠬᠤᠪᠢ ᠣᠷᠣᠭᠤᠯᠤᠭᠰᠠᠨ ᠺᠣᠮᠫᠠᠨᠢ᠎ᠶᠢᠨ ᠪᠣᠯᠣᠳ ᠬᠠᠪᠲᠠᠰᠤᠨ ᠮᠠᠲᠧᠷᠢᠶᠠᠯ᠎ᠤᠨ ᠦᠢᠯᠡᠳᠪᠦᠷᠢ᠎ᠳᠦ ᠳᠡᠯᠪᠡᠷᠡᠯᠲᠡ᠎ᠶᠢᠨ ᠡᠨᠳᠡᠯ ᠭᠠᠷᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠪᠠᠢᠴᠠᠭᠠᠬᠤ ᠳᠤᠭᠤᠢᠯᠠᠩ᠎ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ᠎ᠢ ᠳᠤᠭᠤᠢᠯᠠᠩ᠎ᠤᠨ ᠳᠠᠷᠤᠭ᠎ᠠ᠎ᠪᠡᠷ ᠲᠣᠮᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠎ᠢ ᠳᠤᠭᠤᠢᠯᠠᠩ᠎ᠤᠨ ᠳᠡᠳ᠋ ᠳᠠᠷᠤᠭ᠎ᠠ᠎ᠪᠠᠷ ᠲᠣᠮᠢᠯᠠᠵᠠᠢ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠪᠤᠭᠤᠲᠤ ᠬᠣᠲᠠ᠎ᠶᠢᠨ ᠪᠠ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠎ᠢᠶᠡᠷ ᠪᠦᠷᠢᠯᠳᠦᠭᠦᠨ ᠪᠣᠯᠭᠠᠭᠰᠠᠨ ᠪᠠᠢᠴᠠᠭᠠᠯᠲᠠ᠎ᠶᠢᠨ ᠳᠤᠭᠤᠢᠯᠠᠩ ᠨᠢ ᠣᠳᠣᠬᠠᠨ᠎ᠳᠤ ᠨᠢᠭᠡᠨᠲᠡ ᠠᠬᠤᠢ ᠲᠠᠯᠠᠪᠠᠢ᠎ᠳᠤ ᠬᠦᠷᠴᠦ ᠠᠵᠢᠯ᠎ᠢᠶᠠᠨ ᠥᠷᠨᠢᠭᠦᠯᠵᠦ ᠪᠣᠢ᠃