ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ ᠬᠠᠮᠲᠤ᠎ᠶ᠋ᠢᠨ ᠰᠤᠷᠤᠯᠴᠠᠯᠭ᠎ᠠ ᠬᠢᠪᠡ   ᠪᠦᠦ ᠭᠠᠩ ᠬᠠᠮᠲᠤ᠎ᠶᠢᠨ ᠰᠤᠷᠤᠯᠴᠠᠯᠭ᠎ᠠ᠎ᠶᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠡᠢ
ᠨᠡᠶ᠋ᠢᠲᠡᠯᠡᠭᠰᠡᠨ ᠴᠠᠭ᠄ 2026-01-20

  1 ᠰᠠᠷ᠎ᠠ᠎ᠶᠢᠨ 17᠎ᠦ ᠡᠳᠦᠷ᠂ ᠥᠪᠡᠷᠲᠡᠭᠡᠨ ᠵᠠᠰᠠᠬᠤ ᠣᠷᠣᠨ᠎ᠦ ᠠᠷᠠᠳ᠎ᠤᠨ ᠵᠠᠰᠠᠭ᠎ᠦᠨ ᠣᠷᠳᠣᠨ᠎ᠦ ᠨᠠᠮ᠎ᠦᠨ ᠤᠳᠤᠷᠢᠳᠭᠤ ᠳᠤᠭᠤᠢᠯᠠᠩ᠎ᠦᠨ ᠤᠨᠤᠯ ᠰᠤᠷᠤᠯᠴᠠᠬᠤ ᠭᠣᠣᠯ ᠳᠤᠭᠤᠢᠯᠠᠩ 2026 ᠣᠨ᠎ᠦ ᠠᠩᠬᠠᠳᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠬᠢᠵᠦ᠍᠂ ᠶᠡᠷᠦᠩᠬᠡᠢ ᠱᠦᠵᠢ ᠰᠢ᠎ᠵᠢᠨ᠎ᠫᠢᠩ᠎ᠦᠨ ᠨᠠᠮ᠎ᠦᠨ ᠲᠦᠪ ᠬᠤᠷᠢᠶ᠎ᠠ᠎ᠶᠢᠨ ᠤᠯᠤᠰ ᠲᠦᠷᠦ᠍᠎ᠶᠢᠨ ᠲᠣᠪᠴᠢᠶᠠᠨ᠎ᠦ ᠠᠷᠠᠳᠴᠢᠯᠠᠯ᠎ᠦᠨ ᠠᠮᠢᠳᠤᠷᠠᠯ᠎ᠦᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠦ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 2025 ᠣᠨ᠎ᠦ ᠠᠷᠠᠳᠴᠢᠯᠠᠯ᠎ᠦᠨ ᠠᠮᠢᠳᠤᠷᠠᠯ᠎ᠦᠨ ᠬᠤᠷᠠᠯ ᠵᠢᠴᠢ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠲᠤᠰᠭᠠᠢ ᠰᠡᠳᠦᠪᠲᠦ ᠠᠷᠠᠳᠴᠢᠯᠠᠯ᠎ᠦᠨ ᠠᠮᠢᠳᠤᠷᠠᠯ᠎ᠦᠨ ᠬᠤᠷᠠᠯ᠎ᠦᠨ ᠭᠣᠣᠯ ᠰᠡᠳᠦᠪ᠎ᠦᠨ ᠲᠣᠭᠣᠷᠢᠨ᠎ᠳᠦ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠦ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠦ ᠲᠡᠷᠢᠭᠦᠯᠡᠭ᠌ᠴᠢ ᠪᠦᠦ ᠭᠠᠩ ᠬᠠᠮᠲᠤ᠎ᠶ᠋ᠢᠨ ᠰᠤᠷᠤᠯᠴᠠᠯᠭ᠎ᠠ᠎ᠶ᠋ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

  ᠬᠤᠷᠠᠯ ᠳᠡᠭᠡᠷ᠎ᠡ᠂ ᠣᠨᠣᠯ ᠰᠤᠷᠤᠯᠴᠠᠬᠤ ᠭᠤᠤᠯ ᠳᠤᠭᠤᠢᠯᠠᠩ᠎ᠦᠨ ᠪᠦᠷᠢᠯᠳᠦᠬᠦᠨ᠎ᠨᠡᠷ ᠦᠵᠡᠯ ᠰᠠᠨᠠᠭ᠎ᠠ ᠪᠠ ᠠᠵᠢᠯ᠎ᠤᠨ ᠪᠣᠳᠠᠲᠤ ᠪᠠᠢᠳᠠᠯ ᠲᠠᠢ᠎ᠪᠠᠨ ᠤᠶᠠᠯᠳᠤᠭᠤᠯᠤᠨ᠂ ᠰᠤᠷᠤᠯᠴᠠᠭ᠍ᠰᠠᠨ ᠲᠥᠷᠥᠭ᠌ᠳᠡᠯ ᠪᠠ ᠨᠠᠢᠳᠠᠪᠤᠷᠢᠵᠢᠭᠤᠯᠤᠭ᠍ᠰᠠᠨ ᠠᠷᠭ᠎ᠠ ᠬᠡᠮᠵᠢᠶ᠎ᠡ᠎ᠪᠡᠨ ᠰᠣᠯᠢᠯᠴᠠᠪᠠ᠃

  ᠪᠦᠦ ᠭᠠᠩ᠂ ᠶᠡᠷᠦᠩᠬᠡᠢ ᠱᠦᠵᠢ ᠰᠢ᠎ᠵᠢᠨ᠎ᠫᠢᠩ᠎ᠦᠨ ᠨᠠᠮ᠎ᠤᠨ ᠪᠠᠢᠭᠤᠯᠤᠯᠲᠠ᠂ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ᠎ᠤᠨ ᠲᠤᠬᠠᠢ ᠴᠢᠬᠤᠯᠠ ᠦᠵᠡᠯ ᠰᠠᠨᠠᠭ᠎ᠠ ᠵᠢᠴᠢ ᠨᠠᠮ᠎ᠦᠨ ᠰᠠᠬᠢᠯᠭ᠎ᠠ ᠪᠠᠲᠤ᠎ᠶᠢᠨ ᠪᠠᠢᠭᠤᠯᠤᠯᠲᠠ᠂ ᠰᠤᠷᠲᠠᠯ᠎ᠦᠨ ᠪᠠᠢᠭᠤᠯᠤᠯᠲᠠ᠎ᠶᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠪᠠᠲᠤ ᠢᠲᠡᠭᠡᠬᠦ᠌᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠥᠪᠡᠷ᠎ᠢ᠎ᠪᠡᠨ ᠱᠠᠭᠠᠷᠳᠠᠬᠤ》 ᠴᠢᠬᠤᠯᠠ ᠱᠠᠭᠠᠷᠳᠠᠯᠭ᠎ᠠ᠎ᠶ᠋ᠢ ᠤᠬᠠᠮᠰᠠᠷ᠎ᠡᠴᠡ᠎ᠪᠡᠨ ᠦᠢᠯᠡᠳᠦᠯᠭᠡᠵᠢᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》᠎ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

  ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠦᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ ᠪᠠᠢᠴᠠᠭᠠᠨ ᠰᠤᠳᠤᠯᠤᠯᠲᠠ᠎ᠪᠡᠨ ᠴᠢᠩᠭᠠᠳᠭᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠵᠦ᠍᠂ ᠱᠢᠯᠢᠳᠡᠭ ᠰᠤᠷᠲᠠᠯ᠎ᠢᠶᠡᠷ ᠰᠡᠳᠭᠢᠯ᠎ᠢᠶᠡᠨ ᠨᠢᠭᠡᠳᠭᠡᠨ ᠬᠦᠴᠦ᠍᠎ᠪᠠᠨ ᠬᠠᠮᠲᠤᠳᠭᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠪᠣᠳᠠᠲᠤ ᠠᠮᠵᠢᠯᠲᠠ ᠪᠦᠲᠦᠮᠵᠢ᠎ᠪᠠᠷ 《ᠰᠢᠯᠭᠠᠯᠳᠠ᠎ᠶᠢᠨ ᠬᠠᠭᠤᠳᠠᠰᠤ》 ᠲᠤᠱᠢᠶᠠᠬᠤ ᠬᠡᠷᠡᠭ᠌ᠲᠡᠢ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠰᠠᠨᠠᠭᠠᠴᠢᠯᠠᠭ᠎ᠠ᠎ᠡᠴᠡ᠎ᠪᠡᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠲᠥᠪ᠎ᠦᠨ ᠲᠣᠭᠣᠷᠢᠨ ᠪᠠᠢᠴᠠᠭᠠᠯᠲᠠ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠵᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠪᠦᠬᠦ᠌ ᠬᠦᠴᠦ᠍᠎ᠪᠡᠷ᠎ᠢᠶᠡᠨ ᠰᠠᠢᠲᠤᠷ ᠠᠳᠭᠤᠬᠤ ᠬᠡᠷᠡᠭ᠌ᠲᠡᠢ᠃ ᠨᠠᠮ᠎ᠤᠨ ᠡᠯ᠎ᠡ ᠵᠦᠢᠯ᠎ᠦᠨ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠵᠤ᠂ 《ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠌》᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠰᠤᠷᠲᠠᠯ ᠢᠯᠵᠢᠷᠡᠯ᠎ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ ᠠᠵᠢᠯ᠎ᠢ ᠭᠦᠨᠵᠡᠭᠡᠢ ᠠᠬᠢᠭᠤᠯᠵᠤ᠂ ᠵᠠᠰᠠᠭ᠎ᠤᠨ ᠣᠷᠳᠣᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠴᠢᠨᠠᠷ ᠰᠠᠢᠲᠠᠢ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠱᠠᠭᠠᠷᠳᠠᠪᠠ᠃

  ᠪᠦᠦ ᠭᠠᠩ᠂ ᠨᠠᠮ᠎ᠤᠨ ᠲᠦᠪ ᠬᠤᠷᠢᠶ᠎ᠠ᠎ᠶᠢᠨ ᠤᠯᠤᠰ ᠲᠦᠷᠦ᠍᠎ᠶᠢᠨ ᠲᠣᠪᠴᠢᠶᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢᠶᠠᠷ ᠬᠡᠪ ᠲᠠᠭᠤᠷᠢᠶᠠᠯ ᠪᠣᠯᠭᠠᠵᠤ᠂ ᠥᠷᠭᠡᠨ᠎ᠢᠶᠡᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠭᠢᠯ᠎ᠦᠨ ᠦᠭᠡ᠎ᠪᠠᠨ ᠶᠠᠷᠢᠯᠴᠠᠬᠤ᠎ᠶᠢ ᠭᠦᠨᠵᠡᠭᠡᠢ ᠥᠷᠨᠢᠭᠦᠯᠵᠦ᠍᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠎ᠢ ᠲᠥᠪ ᠴᠢᠩᠭ᠎ᠠ᠎ᠪᠡᠷ ᠥᠷᠨᠢᠭᠦᠯᠵᠦ᠍᠂ ᠵᠠᠰᠠᠭ᠎ᠤᠨ ᠣᠷᠳᠣᠨ᠎ᠦ ᠨᠠᠮ᠎ᠦᠨ ᠤᠳᠤᠷᠢᠳᠭᠤ ᠳᠤᠭᠤᠢᠯᠠᠩ᠎ᠦᠨ ᠠᠷᠠᠳᠴᠢᠯᠠᠯ᠎ᠤᠨ ᠠᠮᠢᠳᠤᠷᠠᠯ᠎ᠦᠨ ᠬᠤᠷᠠᠯ᠎ᠢ ᠴᠢᠨᠠᠷ ᠰᠠᠢᠲᠠᠢ᠂ ᠰᠠᠢ᠌ᠨ ᠦᠷ᠎ᠡ ᠪᠦᠲᠦᠮᠵᠢ᠎ᠲᠡᠶ ᠬᠤᠷᠠᠯᠳᠤᠭᠤᠯᠬᠤ᠎ᠶ᠋ᠢ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            